ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ︾ ᠶᠢ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/11/3
      10 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ︾ ᠶᠢ ᠪᠠᠲᠤᠯᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠨ ᠨᠡᠶᠢᠲᠡᠯᠡᠵᠦ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠤ ᠲᠤᠬᠠᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠬᠤᠯᠪᠣᠭᠳᠠᠯ ᠪᠦᠭᠦᠢ ᠠᠰᠠᠭᠤᠯᠲᠠ ᠶᠢ ᠬᠠᠷᠢᠭᠤᠯᠵᠠᠢ᠃      ᠰᠤᠷᠪᠤᠯᠵᠢᠯᠠᠭᠴᠢ᠄ ᠶᠠᠭᠤᠨ ᠳᠤ ᠡᠬᠡ ᠣᠷᠣᠨᠴᠢ ᠦᠵᠡᠯ ᠪᠣᠯ ᠮᠠᠨ ᠤ ᠦᠨᠳᠦᠰᠦᠲᠡᠨ ᠤ ᠵᠣᠷᠢᠭ ᠰᠠᠨᠠᠭᠠᠨ ᠤ ᠭᠤᠣᠯᠳᠠᠯᠭ᠎ᠠ ᠭᠡᠬᠦ ᠪᠣᠢ᠂ ᠰᠢᠨ᠎ᠡ ᠴᠠᠭ ᠦᠶ᠎ᠡ ᠳᠤ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠲᠣᠭᠲᠠᠭᠠᠬᠤ ᠨᠢ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠳᠤ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖      ᠬᠠᠷᠢᠭᠤᠯᠲᠠ᠄ ᠡᠬᠡ ᠣᠷᠣᠨᠴᠢ ᠦᠵᠡᠯ ᠪᠣᠯ ᠡᠷᠲᠡᠨ ᠠᠴᠠ ᠠᠪᠤᠭᠠᠳ ᠳᠤᠮᠳᠠᠳᠤ ᠶᠢᠨ ᠦᠨᠳᠦᠰᠦᠲᠡᠨ ᠤ ᠰᠡᠳᠬᠢᠯ ᠵᠢᠷᠦᠬᠡᠨ ᠳᠤ ᠰᠢᠩᠭᠡᠵᠦ᠂ ᠮᠠᠨ ᠤ ᠦᠨᠳᠦᠰᠦᠲᠡᠨ ᠤ ᠵᠣᠷᠢᠭ ᠰᠠᠨᠠᠭᠠᠨ ᠤ ᠭᠤᠣᠯ ᠴᠥᠮ᠎ᠡ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠨᠢᠭᠡ ᠰᠡᠳᠬᠢᠯ ᠨᠢᠭᠡ ᠵᠣᠷᠢᠭ ᠢᠶᠠᠷ ᠴᠦᠬᠦᠷᠡᠯᠲᠡ ᠦᠭᠡᠢ ᠴᠢᠷᠮᠠᠶᠢᠬᠤ ᠣᠶᠤᠨ ᠰᠠᠨᠠᠭᠠᠨ ᠤ ᠬᠤᠯᠪᠣᠭᠠᠰᠤ ᠮᠥᠨ᠂ ᠳᠤᠮᠳᠠᠳᠤ ᠶᠢᠨ ᠦᠨᠳᠦᠰᠦᠲᠡᠨ ᠲᠠᠪᠤᠨ ᠮᠢᠩᠭᠠᠨ ᠵᠢᠯ ᠤᠨ ᠬᠥᠭᠵᠢᠯᠲᠡ ᠶᠢᠨ ᠶᠠᠪᠤᠴᠠ ᠳᠤ᠂ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠢ ᠡᠬᠡ ᠤᠯᠤᠰ ᠤᠨ ᠢᠶᠠᠨ ᠬᠥᠭᠵᠢᠯ ᠴᠡᠴᠡᠭᠯᠡᠯ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠭᠡᠷᠡᠯ ᠰᠠᠴᠤᠷᠠᠩᠭᠤᠢ ᠰᠣᠶᠣᠯ ᠢ ᠬᠠᠮᠲᠤ ᠳᠤ ᠪᠠᠨ ᠡᠭᠦᠳᠴᠦ᠂ ᠣᠯᠠᠨ ᠦᠨᠳᠦᠰᠦᠲᠡᠨ ᠨᠢᠭᠡᠳᠦᠭᠰᠡᠨ ᠤᠯᠤᠰ ᠢ ᠬᠠᠮᠲᠤ ᠳᠤ ᠪᠠᠨ ᠴᠣᠭᠴᠠᠯᠠᠨ ᠪᠠᠶᠢᠭᠤᠯᠤᠭᠰᠠᠨ           ᠶᠤᠮ᠃ ᠣᠷᠴᠢᠨ ᠦᠶ᠎ᠡ ᠠᠴᠠ ᠨᠠᠭᠠᠰᠢ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠨᠢ ᠲᠤᠭ᠎ᠠ ᠲᠣᠮᠰᠢ ᠦᠭᠡᠢ ᠳᠤᠮᠳᠠᠳᠤ  ᠶᠢᠨ ᠰᠢᠯᠢᠳᠡᠭ ᠬᠥᠪᠡᠭᠦᠳ ᠥᠬᠢᠳ ᠢ ᠵᠣᠷᠢᠭᠵᠢᠭᠤᠯᠵᠤ᠂ ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠶᠢᠨ ᠲᠥᠯᠥᠭᠡ ᠰᠢᠷᠭᠠᠭᠤ ᠬᠠᠲᠠᠭᠤᠵᠢᠯᠲᠠᠢ ᠡᠷᠡᠯᠬᠡᠭ ᠪᠠᠭᠠᠲᠤᠷᠯᠢᠭ ᠲᠡᠮᠡᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠠᠷᠠᠳ ᠲᠦᠮᠡᠨ  ᠢ ᠤᠳᠤᠷᠢᠳᠤᠨ ᠤᠷᠢᠳ ᠡᠮᠦᠨ᠎ᠡ ᠪᠠᠶᠢᠭ᠎ᠠ ᠦᠭᠡᠢ ᠡᠬᠡ ᠣᠷᠣᠨᠴᠢ ᠬᠠᠯᠠᠭᠤᠨ ᠰᠡᠳᠬᠢᠯᠭᠡ ᠪᠠᠷ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ  ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠨᠠᠮ ᠠᠷᠠᠳ ᠲᠦᠮᠡᠨ ᠢ ᠤᠳᠤᠷᠢᠳᠤᠨ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠭᠡᠯ ᠢ ᠡᠭᠦᠳᠴᠡᠢ᠃ ᠰᠢᠨ᠎ᠡ ᠴᠠᠭ ᠦᠶ᠎ᠡ ᠲᠤ᠂ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠶᠢ ᠣᠳᠣ ᠦᠶ᠎ᠡ ᠶᠢᠨ ᠳᠤᠮᠳᠠᠳᠤ ᠤᠯᠤᠰ ᠤᠨ ᠡᠬᠡ ᠣᠷᠣᠨᠴᠢ ᠦᠵᠡᠯ ᠤᠨ ᠢᠯᠡ ᠲᠣᠳᠣ ᠭᠤᠣᠯ ᠰᠡᠳᠦᠪ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠥᠮᠡᠨ  ᠢ ᠪᠦᠯᠬᠦᠮᠳᠡᠭᠦᠯᠦᠨ ᠳᠠᠭᠠᠭᠤᠯᠵᠤ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃      ᠶᠡᠷᠦᠩᠬᠡᠢ ᠱᠦᠵᠢ ᠰᠢ ᠶᠢᠨ ᠫᠢᠩ ᠡᠬᠡ ᠣᠷᠣᠨᠴᠢ ᠦᠵᠡᠯ ᠤᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠬᠦ ᠲᠤᠬᠠᠢ ᠠᠯᠢ ᠣᠯᠠᠨ ᠴᠢᠬᠤᠯᠠ ᠥᠭᠦᠯᠡᠯᠲᠡ ᠶᠢ ᠨᠡᠶᠢᠲᠡᠯᠡᠨ᠂ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠠᠯᠢ ᠣᠯᠠᠨ ᠲᠣᠳᠣᠷᠬᠠᠢ ᠱᠠᠭᠠᠷᠳᠠᠯᠭ᠎ᠠ ᠳᠤᠷᠠᠳᠪᠠ᠃ 2019 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠰᠢᠨ᠎ᠡ ᠴᠠᠭ ᠦᠶ᠎ᠡ ᠶᠢᠨ ᠡᠬᠡ ᠣᠷᠣᠨᠴᠢ ᠦᠵᠡᠯ ᠤᠨ ᠬᠥᠮᠦᠵᠢᠯ ᠤᠨ ᠬᠡᠷᠡᠭᠵᠢᠭᠦᠯᠬᠦ ᠬᠥᠲᠥᠯᠪᠦᠷᠢ︾ ᠶᠢ ᠳᠠᠷᠤᠮᠠᠯᠯᠠᠨ ᠲᠠᠷᠬᠠᠭᠠᠵᠤ᠂ ᠡᠬᠡ ᠣᠷᠣᠨᠴᠢ ᠦᠵᠡᠯ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠮᠥᠨ ᠴᠢᠨᠠᠷ ᠤᠨ ᠣᠨᠴᠠᠯᠢᠭ᠂ ᠴᠠᠭ ᠦᠶ᠎ᠡ ᠶᠢᠨ ᠱᠠᠭᠠᠷᠳᠠᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠳᠣᠳᠤᠷᠬᠠᠶᠢᠯᠠᠨ᠂ ᠰᠢᠨ᠎ᠡ ᠴᠠᠭ ᠦᠶ᠎ᠡ ᠶᠢᠨ ᠡᠬᠡ ᠣᠷᠣᠨᠴᠢ ᠦᠵᠡᠯ ᠤᠨ ᠬᠥᠮᠦᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠯᠥᠪᠯᠡᠭᠡ ᠶᠢ ᠵᠢᠷᠤᠭᠯᠠᠭᠰᠠᠨ ᠪᠥᠭᠡᠳ ᠡᠬᠡ ᠣᠷᠣᠨᠴᠢ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠠᠭᠤᠤ ᠶᠡᠭᠡ ᠦᠢᠯᠡᠰ ᠲᠤ ᠠᠭᠤᠤ ᠶᠡᠭᠡ ᠵᠣᠷᠢᠭ ᠰᠠᠨᠠᠭ᠎ᠠ ᠱᠠᠭᠠᠷᠳᠠᠭᠳᠠᠵᠤ᠂ ᠠᠭᠤᠤ ᠶᠡᠭᠡ ᠵᠣᠷᠢᠭ ᠰᠠᠨᠠᠭ᠎ᠠ ᠨᠢ ᠠᠭᠤᠤ ᠶᠡᠭᠡ ᠬᠦᠰᠡᠯ ᠢ ᠪᠥᠲᠦᠭᠡᠨ᠎ᠡ᠃ ᠥᠨᠥᠳᠦᠷ ᠪᠢᠳᠡ ᠲᠡᠦᠬᠡ ᠶᠢᠨ ᠠᠯᠢ ᠴᠤ ᠴᠠᠭ ᠦᠶ᠎ᠡ ᠠᠴᠠ ᠤᠯᠠᠮ ᠰᠢᠭᠤᠷᠬᠠᠢ᠂ ᠤᠯᠠᠮ ᠢᠲᠡᠭᠡᠯ ᠲᠠᠢ ᠪᠥᠭᠡᠳ ᠴᠢᠳᠠᠪᠤᠷᠢᠯᠢᠭ ᠢᠶᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠣᠷᠢᠯᠲᠠ ᠶᠢ  ᠪᠡᠶᠡᠯᠡᠭᠦᠯᠦᠨ᠎ᠡ᠃ ᠨᠡᠶᠢᠭᠡᠮ ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠳᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠥᠮᠡᠨ ᠤ ᠡᠬᠡ ᠣᠷᠣᠨᠴᠢ ᠬᠠᠯᠠᠭᠤᠨ ᠰᠡᠳᠬᠢᠯᠭᠡ ᠤᠷᠢᠳ ᠡᠮᠦᠨ᠎ᠡ ᠭᠠᠷᠤᠭ᠎ᠠ ᠦᠭᠡᠢ ᠣᠷᠭᠢᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠳᠦᠭᠦᠷᠡᠩ ᠪᠣᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠲᠣᠭᠲᠠᠭᠠᠵᠤ᠂ ᠬᠠᠤᠯᠢ ᠪᠠᠷ ᠵᠠᠰᠠᠬᠤ ᠠᠷᠭ᠎ᠠ ᠪᠠᠷ ᠰᠢᠨ᠎ᠡ ᠴᠠᠭ ᠦᠶ᠎ᠡ ᠶᠢᠨ ᠡᠬᠡ ᠣᠷᠣᠨᠴᠢ ᠦᠵᠡᠯ ᠤᠨ ᠬᠥᠮᠦᠵᠢᠯ ᠢ ᠠᠬᠢᠭᠤᠯᠬᠤ ᠪᠠ ᠪᠠᠲᠤᠯᠠᠬᠤ ᠨᠢ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ᠂ ᠠᠷᠠᠳ ᠲᠦᠮᠡᠨ ᠤ ᠬᠦᠴᠦᠨ ᠢ ᠨᠢᠭᠲᠠᠷᠠᠭᠤᠯᠬᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠲᠦᠢᠯ ᠤᠨ ᠴᠢᠬᠤᠯᠠ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃      ᠰᠤᠷᠪᠤᠯᠵᠢᠯᠠᠭᠴᠢ᠄ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠡᠬᠡ ᠣᠷᠣᠨᠴᠢ ᠦᠵᠡᠯ ᠤᠨ ᠬᠥᠮᠦᠵᠢᠯ ᠨᠢ ᠡᠷᠬᠡᠪᠰᠢ ᠤᠯᠤᠰ ᠢᠶᠠᠨ ᠬᠠᠶᠢᠷᠠᠯᠠᠬᠤ ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ ᠪᠠᠷᠢᠮᠲᠠᠯᠠᠬᠤ ᠶᠢ ᠬᠠᠷᠢᠯᠴᠠᠨ ᠨᠢᠭᠡᠳᠭᠡᠬᠦ ᠬᠡᠷᠡᠭᠲᠡᠢ ᠭᠡᠵᠦ ᠳᠣᠭᠲᠠᠭᠠᠪᠠ᠂ ᠬᠠᠤᠯᠢ ᠴᠠᠭᠠᠵᠠ ᠳᠤ  ᠶᠠᠭᠠᠬᠢᠵᠤ ᠢᠯᠡᠷᠡᠭᠦᠯᠦᠭᠰᠡᠨ ᠪᠤᠢ︖      ᠬᠠᠷᠢᠭᠤᠯᠲᠠ᠄ ᠡᠬᠡ ᠣᠷᠣᠨᠴᠢ ᠦᠵᠡᠯ ᠪᠣᠯ ᠨᠢᠭᠡ ᠤᠯᠤᠰ ᠤᠨ ᠰᠣᠶᠣᠯ ᠤᠨ ᠤᠯᠠᠮᠵᠢᠯᠠᠯ᠂ ᠲᠡᠦᠬᠡ ᠶᠢᠨ ᠬᠥᠭᠵᠢᠯᠲᠡ ᠪᠠ ᠤᠯᠤᠰ ᠤᠨ ᠦᠨᠳᠦᠰᠦᠨ ᠪᠠᠶᠢᠳᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠡᠬᠡ ᠣᠷᠣᠨᠴᠢ ᠦᠵᠡᠯ ᠤᠨ ᠵᠣᠷᠢᠭ ᠰᠠᠨᠠᠭᠠᠨ ᠤ ᠬᠠᠮᠤᠭ ᠤᠨ ᠡᠷᠡᠰ ᠪᠠᠲᠤ ᠪᠠᠳᠠᠷᠠᠭᠤᠯᠤᠭᠴᠢ ᠪᠠ ᠦᠢᠯᠡᠳᠦᠯᠭᠡᠵᠢᠭᠦᠯᠦᠭᠴᠢ ᠮᠥᠨ᠂ ᠮᠠᠨ ᠤ ᠤᠯᠤᠰ ᠤᠨ ᠡᠬᠡ ᠣᠷᠣᠨᠴᠢ ᠦᠵᠡᠯ ᠪᠣᠯ ᠢᠮᠠᠭᠲᠠ ᠠᠷᠠᠳ ᠲᠦᠮᠡᠨ ᠤ ᠠᠮᠤᠷ ᠲᠠᠶᠢᠪᠤᠩ᠂ ᠦᠨᠳᠦᠰᠦᠲᠡᠨ ᠤ ᠪᠠᠶᠠᠨ ᠬᠦᠴᠦᠷᠬᠡᠭ ᠢ ᠪᠡᠶᠡᠯᠡᠭᠦᠯᠬᠦ ᠶᠢᠨ ᠲᠣᠭᠤᠷᠢᠨ ᠳᠤ ᠬᠥᠭᠵᠢᠵᠦ᠂ ᠡᠴᠦᠰ ᠲᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠲᠠᠢ ᠨᠢᠭᠡᠳᠦᠨ᠎ᠡ᠃ ᠡᠬᠡ ᠣᠷᠣᠨ ᠤ ᠬᠤᠪᠢ ᠵᠠᠶᠠᠭ᠎ᠠ ᠪᠣᠯ ᠨᠠᠮ ᠤᠨ ᠬᠤᠪᠢ ᠵᠠᠶᠠᠭ᠎ᠠ᠂ ᠨᠡᠶᠢᠭᠡᠮ ᠵᠢᠷᠤᠮ ᠤᠨ ᠬᠤᠪᠢ ᠵᠠᠶᠠᠭ᠎ᠠ ᠲᠠᠢ ᠰᠠᠯᠤᠰᠢ ᠦᠭᠡᠢ ᠬᠤᠯᠪᠣᠭ᠎ᠠ ᠲᠠᠢ ᠶᠤᠮ᠂ ᠭᠠᠭᠴᠠ ᠬᠦ ᠤᠯᠤᠰ ᠢᠶᠠᠨ ᠬᠠᠶᠢᠷᠠᠯᠠᠬᠤ ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ ᠬᠠᠷᠢᠯᠴᠠᠨ ᠨᠢᠭᠡᠳᠭᠡᠬᠦ ᠶᠢ ᠪᠠᠷᠢᠮᠲᠠᠯᠠᠪᠠᠯ ᠰᠠᠶ᠋ᠢ ᠡᠬᠡ ᠣᠷᠣᠨᠴᠢ ᠦᠵᠡᠯ ᠠᠮᠢᠳᠤᠯᠢᠭ ᠪᠥᠭᠡᠳ ᠦᠨᠡᠨ ᠪᠣᠳᠠᠲᠠᠢ ᠪᠣᠯᠤᠨ᠎ᠠ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠳᠣᠭᠲᠠᠭᠠᠬᠤ ᠳᠤ ᠤᠯᠤᠰ ᠢᠶᠠᠨ ᠬᠠᠶᠢᠷᠠᠯᠠᠬᠤ ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ ᠨᠢᠭᠡᠳᠬᠡᠬᠦ ᠡᠨᠡ ᠬᠦ ᠣᠳᠣ ᠦᠶ᠎ᠡ ᠶᠢᠨ ᠳᠤᠮᠳᠠᠳᠤ ᠤᠯᠤᠰ ᠤᠨ ᠡᠬᠡ ᠣᠷᠣᠨᠴᠢ ᠦᠵᠡᠯ ᠤᠨ ᠦᠨᠳᠦᠰᠦᠨ ᠤᠯᠤᠰ ᠲᠥᠷᠥ ᠶᠢᠨ ᠰᠢᠨᠵᠢ ᠴᠢᠨᠠᠷ ᠪᠠ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠠᠢ᠃      ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ᠂ ᠡᠬᠡ ᠣᠷᠣᠨᠴᠢ ᠦᠵᠡᠯ ᠤᠨ ᠬᠥᠮᠦᠵᠢᠯ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠶᠢᠨ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠳᠣᠭᠲᠠᠭᠠᠪᠠ᠃ ᠡᠭᠦᠨ  ᠤ ᠬᠠᠮᠲᠤ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠨᠠᠮ ᠤᠨ ᠵᠢᠯᠣᠭᠤᠳᠬᠤ ᠦᠵᠡᠯ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠳᠠᠭᠠᠭᠤᠯᠤᠨ ᠪᠥᠯᠬᠦᠮᠳᠡᠭᠦᠯᠦᠨ ᠲᠡᠮᠡᠴᠡᠭᠰᠡᠨ ᠴᠢᠬᠤᠯᠠ ᠶᠡᠭᠡ ᠠᠮᠵᠢᠯᠲᠠ ᠪᠦᠲᠦᠮᠵᠢ᠂ ᠲᠡᠦᠬᠡᠨ ᠲᠤᠷᠰᠢᠯᠭ᠎ᠠ ᠪᠠ ᠠᠮᠢᠳᠤᠯᠢᠭ ᠦᠢᠯᠡᠳᠦᠯᠭᠡ᠂ ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠵᠡᠷᠭᠡ ᠶᠢ ᠡᠬᠡ ᠣᠷᠣᠨᠴᠢ ᠦᠵᠡᠯ ᠤᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠪᠠ᠃ ᠡᠬᠡ ᠣᠷᠣᠨᠴᠢ ᠦᠵᠡᠯ ᠤᠨ ᠬᠥᠮᠦᠵᠢᠯ ᠢᠶᠠᠷ ᠳᠠᠮᠵᠢᠭᠤᠯᠤᠨ᠂ ᠨᠠᠮ ᠠᠴᠠ ᠠᠷᠠᠳ ᠲᠦᠮᠡᠨ ᠢ ᠤᠳᠤᠷᠢᠳᠤᠨ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠪᠠᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠢᠶᠠᠷ᠂ ᠬᠥᠮᠦᠰ ᠢ ᠵᠢᠯᠣᠭᠤᠳᠤᠨ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠭᠤᠷᠪᠠ ᠶᠢ ᠨᠢᠭᠡ ᠴᠣᠭᠴᠠᠵᠢᠭᠤᠯᠬᠤ ᠶᠢ ᠭᠦᠨᠵᠡᠭᠡᠢ ᠲᠠᠨᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠠᠭᠤᠤ ᠶᠡᠭᠡ ᠦᠢᠯᠡᠳᠦᠯᠭᠡ ᠲᠠᠢ ᠣᠷᠭᠠᠨᠢᠭ ᠢᠶᠠᠷ ᠨᠢᠭᠡᠳᠭᠡᠪᠡ᠃      ᠰᠤᠷᠪᠤᠯᠵᠢᠯᠠᠭᠴᠢ ᠄ ᠡᠬᠡ ᠣᠷᠣᠨᠴᠢ ᠦᠵᠡᠯ ᠤᠨ ᠬᠥᠮᠦᠵᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ ᠠᠭᠤᠯᠭ᠎ᠠ ᠪᠠᠶᠠᠯᠢᠭ᠂ ᠬᠡᠯᠪᠡᠷᠢ ᠣᠯᠠᠨ ᠪᠣᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠶᠠᠮᠠᠷ ᠠᠷᠭ᠎ᠠ ᠬᠡᠮᠵᠢᠶ᠎ᠡ ᠠᠪᠴᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠭᠡᠨ ᠳᠡᠯᠭᠡᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠤᠭᠰᠠᠨ ᠪᠤᠢ︖      ᠬᠠᠷᠢᠭᠤᠯᠲᠠ᠄ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠡᠬᠡ ᠣᠷᠣᠨᠴᠢ ᠦᠵᠡᠯ ᠤᠨ ᠬᠥᠮᠦᠵᠢᠯ ᠤᠨ ᠣᠨᠴᠠᠯᠢᠭ ᠪᠠ ᠵᠢᠮ᠎ᠡ ᠶᠣᠰᠣ ᠶᠢ ᠵᠢᠷᠤᠮᠯᠠᠵᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠭᠡᠨ ᠳᠡᠯᠭᠡᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠪᠦᠲᠦᠮᠵᠢᠲᠡᠢ ᠥᠷᠨᠢᠭᠦᠯᠬᠦ ᠶᠢ ᠪᠠᠲᠤᠯᠠᠬᠤ ᠪᠠ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠪᠡ᠂ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠣᠢ᠄      ᠨᠢᠭᠡ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠤᠳᠤᠷᠢᠳᠬᠤ ᠪᠠᠶᠢᠭᠤᠯᠤᠮᠵᠢ ᠪᠠ ᠲᠣᠭᠲᠠᠴᠠ ᠶᠢ ᠲᠣᠭᠲᠠᠭᠠᠵᠤ᠂ ᠡᠬᠡ ᠣᠷᠣᠨᠴᠢ ᠦᠵᠡᠯ ᠤᠨ ᠬᠥᠮᠦᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠯᠲᠡᠢ ᠤᠳᠤᠷᠢᠳᠤᠨ᠂ ᠵᠡᠷᠭᠡ ᠳᠤ ᠨᠢ ᠠᠳᠬᠤᠨ ᠬᠠᠮᠲᠤ ᠳᠤ ᠨᠢ ᠬᠠᠮᠢᠶᠠᠷᠴᠤ᠂ ᠡᠯ᠎ᠡ ᠲᠠᠯ᠎ᠠ ᠶᠢᠨ ᠬᠢᠨ ᠣᠷᠣᠯᠴᠠᠨ᠂ ᠬᠠᠮᠲᠤ ᠳᠤ ᠪᠠᠨ ᠠᠬᠢᠭᠤᠯᠬᠤ ᠠᠵᠢᠯ ᠤᠨ ᠪᠠᠶᠢᠷᠢᠰᠢᠯᠠᠭᠤᠯᠤᠯᠲᠠ ᠶᠢ ᠲᠡᠭᠦᠯᠳᠡᠷᠵᠢᠭᠦᠯᠬᠦ ᠶᠢ ᠲᠣᠳᠣᠷᠬᠠᠶᠢᠯᠠᠪᠠ᠃      ᠬᠤᠶᠠᠷ ᠲᠤ᠂ ᠡᠬᠡ ᠣᠷᠣᠨᠴᠢ ᠦᠵᠡᠯ ᠤᠨ ᠬᠥᠮᠦᠵᠢᠯ ᠪᠣᠯ ᠪᠦᠬᠦ ᠠᠷᠠᠳ ᠲᠦᠮᠡᠨ ᠳᠤ ᠬᠠᠨᠳᠤᠭᠤᠯᠤᠭᠰᠠᠨ ᠬᠥᠮᠦᠵᠢᠯ ᠪᠣᠯᠬᠤ ᠶᠢ ᠴᠢᠬᠤᠯᠠᠴᠢᠯᠠᠬᠤ ᠶᠢᠨ ᠬᠠᠮᠲᠤ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ ᠣᠨᠴᠠᠯᠢᠭ ᠢ ᠦᠨᠳᠦᠰᠦᠯᠡᠨ᠂ ᠵᠠᠯᠠᠭᠤᠴᠤᠳ ᠪᠠᠭᠠᠴᠤᠳ ᠢ ᠲᠣᠪᠣᠶᠢᠯᠭᠠᠵᠤ᠂ ᠲᠥᠷᠥ ᠶᠢᠨ ᠪᠠᠶᠢᠭᠤᠯᠭ᠎ᠠ᠂ ᠣᠯᠠᠨ  ᠲᠥᠮᠡᠨᠴᠢ ᠴᠢᠨᠠᠷᠲᠠᠢ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ᠂ ᠰᠤᠷᠭᠠᠭᠤᠯᠢ᠂ ᠭᠡᠷ ᠪᠦᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠡᠷᠭᠡ ᠳᠤ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠵᠦ᠂ ᠲᠣᠳᠣᠷᠬᠠᠢ ᠡᠭᠦᠷᠭᠡ ᠪᠠ ᠱᠠᠭᠠᠷᠳᠠᠯᠭ᠎ᠠ ᠳᠤᠷᠠᠳᠴᠠᠢ᠃      ᠭᠤᠷᠪᠠ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠵᠢᠷᠤᠮᠯᠠᠪᠠᠰᠤ ᠵᠣᠬᠢᠬᠤ ᠵᠠᠷᠴᠢᠮ ᠠᠴᠠ ᠭᠠᠳᠠᠨ᠎ᠠ᠂ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠪᠦᠲᠦᠭᠡᠨ ᠪᠠᠶᠢᠭᠤᠯᠬᠤ ᠶᠢ ᠴᠢᠬᠤᠯᠠᠴᠢᠯᠠᠨ᠂ ᠪᠠᠶᠢᠭᠤᠯᠬᠤ ᠪᠠᠷ ᠦᠨᠳᠦᠰᠦ ᠪᠣᠯᠭᠠᠵᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠰᠣᠶᠣᠯ ᠢᠶᠠᠷ ᠨᠥᠯᠦᠭᠡᠯᠡᠨ ᠬᠥᠮᠦᠵᠢᠭᠦᠯᠬᠦ᠂ ᠰᠤᠷᠭᠠᠨ ᠬᠥᠮᠥᠵᠢᠯ ᠢᠶᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠭᠰᠠᠨ ᠪᠠᠷ ᠪᠠᠷᠠᠬᠤ ᠦᠭᠡᠢ ᠪᠠᠰᠠ ᠦᠢᠯᠡᠳᠦᠯᠭᠡᠵᠢᠭᠦᠯᠵᠦ᠂ ᠡᠳᠦᠷ ᠲᠤᠲᠤᠮ ᠤᠨ ᠠᠵᠢᠯ ᠳᠤ ᠠᠭᠤᠰᠬᠠᠨ᠂ ᠪᠣᠳᠠᠲᠤ ᠦᠷ᠎ᠡ ᠪᠦᠲᠦᠮᠵᠢ ᠣᠯᠬᠤ ᠶᠢ ᠴᠢᠬᠤᠯᠠᠴᠢᠯᠠᠪᠠ᠃      ᠳᠥᠷᠪᠡ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠡᠯᠪᠡᠭ ᠪᠠᠶᠠᠯᠢᠭ ᠠᠭᠤᠯᠭ᠎ᠠ ᠶᠢ ᠲᠣᠭᠲᠠᠭᠠᠵᠤ᠂ ᠦᠵᠡᠯ ᠰᠠᠨᠠᠭ᠎ᠠ ᠤᠯᠤᠰ ᠲᠥᠷᠥ᠂ ᠲᠡᠦᠬᠡ ᠰᠣᠶᠣᠯ᠂ ᠤᠯᠤᠰ ᠤᠨ ᠪᠡᠯᠭᠡ ᠲᠡᠮᠳᠡᠭ ᠪᠠ ᠰᠢᠨᠵᠢ ᠲᠡᠮᠳᠡᠭ᠂ ᠰᠦᠷᠯᠢᠭ ᠰᠠᠶᠢᠬᠠᠨ ᠠᠭᠤᠯᠠ ᠤᠰᠤ ᠪᠠ ᠲᠡᠦᠬᠡ ᠰᠣᠶᠣᠯ ᠤᠨ ᠥᠪ ᠬᠥᠷᠥᠩᠭᠡ᠂ ᠦᠨᠳᠦᠰᠦᠨ ᠬᠠᠤᠯᠢ ᠬᠠᠤᠯᠢ ᠴᠠᠭᠠᠵᠠ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ᠂ ᠤᠯᠤᠰ ᠤᠨ ᠠᠮᠤᠷ ᠲᠦᠪᠰᠢᠨ ᠪᠠ ᠤᠯᠤᠰ ᠤᠨ ᠪᠠᠲᠤᠯᠠᠨ ᠬᠠᠮᠠᠭᠠᠯᠠᠯᠲᠠ᠂ ᠦᠷᠡᠭᠳᠡᠭᠰᠡᠨ ᠪᠠᠭᠠᠲᠤᠷ ᠪᠠ ᠵᠢᠱᠢᠶᠡᠴᠢ ᠬᠥᠮᠦᠰ ᠤᠨ ᠦᠢᠯᠡ ᠠᠵᠢᠯᠯᠠᠭ᠎ᠠ ᠵᠢᠴᠢ ᠢᠯᠡᠷᠡᠭᠦᠯᠦᠭᠰᠡᠨ ᠦᠨᠳᠦᠰᠦᠲᠡᠨ ᠤ ᠵᠣᠷᠢᠭ ᠰᠠᠨᠠᠭ᠎ᠠ᠂ ᠴᠠᠭ ᠦᠶ᠎ᠡ ᠶᠢᠨ ᠵᠣᠷᠢᠭ ᠰᠠᠨᠠᠭ᠎ᠠ ᠵᠡᠷᠭᠡ ᠡᠯ᠎ᠡ ᠲᠠᠯ᠎ᠠ ᠶᠢ ᠬᠠᠮᠤᠷᠴᠠᠢ᠃      ᠲᠠᠪᠤ ᠳᠤ᠂ ᠡᠯ᠎ᠡ ᠲᠥᠷᠥᠯ ᠤᠨ ᠡᠬᠢ ᠪᠠᠶᠠᠯᠢᠭ ᠪᠣᠯᠤᠨ ᠡᠯ᠎ᠡ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ ᠡᠬᠡ ᠣᠷᠣᠨᠴᠢ ᠦᠵᠡᠯ ᠤᠨ ᠬᠥᠮᠦᠵᠢᠯ ᠢ  ᠥᠷᠨᠢᠭᠦᠯᠪᠡ᠂ ᠬᠤᠪᠢᠰᠬᠠᠯ ᠤᠨ ᠡᠬᠢ ᠪᠠᠶᠠᠯᠢᠭ᠂ ᠲᠡᠦᠬᠡ ᠶᠢᠨ ᠳᠤᠷᠠᠰᠬᠠᠯᠲᠤ ᠵᠦᠢᠯ ᠡᠷᠲᠡᠨ ᠤ ᠪᠠᠭᠤᠷᠢ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠪᠣᠯᠤᠨ ᠡᠯ᠎ᠡ ᠲᠥᠷᠥᠯ ᠤᠨ ᠰᠣᠶᠣᠯ ᠤᠨ ᠲᠠᠯᠠᠪᠤᠷ ᠣᠷᠳᠣᠨ ᠵᠡᠷᠭᠡ ᠡᠬᠢ ᠪᠠᠶᠠᠯᠢᠭ ᠢ ᠠᠰᠢᠭᠯᠠᠬᠤ᠂ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠱᠠᠩᠨᠠᠬᠤ ᠵᠢᠴᠢ ᠡᠯ᠎ᠡ ᠵᠦᠢᠯ ᠤᠨ ᠳᠤᠷᠠᠰᠬᠠᠬᠤ ᠪᠡᠯᠭᠡᠯᠡᠬᠦ᠂ ᠠᠷᠠᠳ ᠤᠨ ᠵᠠᠩ ᠦᠢᠯᠡ ᠰᠣᠶᠣᠯ ᠤᠨ ᠠᠵᠢᠯᠯᠠᠭ᠎ᠠ ᠪᠠᠷ ᠳᠠᠮᠵᠢᠭᠤᠯᠬᠤ᠂ ᠤᠯᠤᠰ ᠤᠨ ᠲᠤᠭ ᠢ ᠮᠠᠨᠳᠤᠭᠤᠯᠬᠤ᠂ ᠤᠯᠤᠰ ᠤᠨ ᠰᠦᠯᠳᠡ ᠳᠠᠭᠤᠤ ᠶᠢ ᠳᠠᠭᠤᠯᠠᠬᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠵᠡᠷᠭᠡ ᠶᠣᠰᠣᠯᠠᠯ ᠢᠶᠠᠷ ᠳᠠᠮᠵᠢᠭᠤᠯᠬᠤ᠂ ᠤᠳᠬ᠎ᠠ ᠤᠷᠠᠯᠢᠭ ᠤᠨ ᠪᠦᠲᠦᠭᠡᠯ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠮᠡᠳᠡᠭᠡ ᠵᠠᠩᠭᠢ ᠶᠢᠨ ᠰᠦᠯᠵᠢᠶᠡᠨ ᠤ ᠡᠯ᠎ᠡ ᠵᠦᠢᠯ ᠤᠨ ᠲᠠᠪᠴᠠᠩ ᠤᠨ ᠠᠴᠢᠶᠠᠯᠠᠪᠤᠷᠢ ᠪᠠᠷ ᠳᠠᠮᠵᠢᠭᠤᠯᠬᠤ ᠵᠡᠷᠭᠡ ᠶᠢ ᠪᠠᠭᠲᠠᠭᠠᠪᠠ᠃      ᠵᠢᠷᠭᠤᠭ᠎ᠠ ᠳᠤ᠂ ᠡᠬᠡ ᠣᠷᠣᠨᠴᠢ ᠦᠵᠡᠯ ᠤᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ  ᠬᠢᠨ ᠡᠬᠡ ᠣᠷᠣᠨᠴᠢ ᠦᠵᠡᠯ ᠤᠨ ᠬᠥᠮᠦᠵᠢᠯ ᠤᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠰᠤᠷᠭᠠᠨ ᠬᠥᠮᠦᠵᠢᠯ᠂ ᠰᠣᠶᠣᠯ ᠪᠠ ᠵᠤᠭᠠᠴᠠᠯ᠂ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠺᠢᠨᠣ᠋᠂ ᠰᠦᠯᠵᠢᠶᠡᠨ ᠤ ᠮᠡᠳᠡᠭᠡ ᠵᠠᠩᠭᠢ᠂ ᠲᠡᠦᠬᠡ ᠶᠢᠨ ᠳᠤᠷᠠᠰᠬᠠᠯᠲᠤ  ᠵᠦᠢᠯ ᠵᠡᠷᠭᠡ ᠰᠠᠯᠠᠭ᠎ᠠ ᠮᠥᠴᠢᠷ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠭᠰᠠᠨ ᠪᠥᠭᠡᠳ ᠡᠬᠡ ᠣᠷᠣᠨᠴᠢ ᠦᠵᠡᠯ ᠤᠨ ᠬᠥᠮᠦᠵᠢᠯ ᠢ ᠪᠦᠲᠦᠮᠵᠢᠲᠡᠢ ᠥᠷᠨᠢᠭᠦᠯᠬᠦ ᠶᠢ ᠳᠡᠮᠵᠢᠬᠦ ᠪᠠᠲᠤᠯᠠᠭᠠᠨ ᠤ ᠠᠷᠭ᠎ᠠ ᠬᠡᠮᠵᠢᠶ᠎ᠡ ᠶᠢ ᠲᠣᠭᠲᠠᠭᠠᠪᠠ᠃      ᠰᠤᠷᠪᠤᠯᠵᠢᠯᠠᠭᠴᠢ᠄ ᠡᠬᠡ ᠣᠷᠣᠨᠴᠢ ᠦᠵᠡᠯ ᠤᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠣᠢ ᠪᠣᠯᠭᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠤᠯᠤᠰ ᠤᠨ ᠠᠮᠤᠷ ᠲᠦᠪᠰᠢᠨ ᠤ ᠬᠥᠮᠦᠵᠢᠯ ᠵᠡᠷᠭᠡ ᠲᠠᠢ ᠶᠠᠭᠠᠬᠢᠵᠤ ᠤᠶᠠᠯᠳᠤᠭᠤᠯᠤᠨ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠤᠢ︖      ᠬᠠᠷᠢᠭᠤᠯᠲᠠ᠄ ᠡᠬᠡ ᠣᠷᠣᠨᠴᠢ ᠦᠵᠡᠯ ᠤᠨ ᠬᠥᠮᠦᠵᠢᠯ ᠪᠣᠯ ᠣᠯᠠᠨ ᠳᠡᠰ ᠳᠠᠪᠬᠤᠷᠭ᠎ᠠ᠂ ᠣᠯᠠᠨ ᠲᠠᠯ᠎ᠠ ᠲᠠᠢ ᠶᠤᠮ᠂ ᠡᠬᠡ ᠣᠷᠣᠨᠴᠢ ᠦᠵᠡᠯ ᠤᠨ ᠬᠥᠮᠦᠵᠢᠯ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠤᠯᠤᠰ ᠤᠨ ᠠᠮᠤᠷ ᠲᠦᠪᠰᠢᠨ ᠤ ᠬᠥᠮᠦᠵᠢᠯ ᠵᠡᠷᠭᠡ ᠲᠠᠢ ᠵᠣᠷᠢᠯᠲᠠ ᠨᠢᠭᠡᠲᠡᠢ᠂ ᠠᠭᠤᠯᠭ᠎ᠠ ᠨᠡᠪᠲᠡᠷᠡᠯᠴᠡᠬᠦ ᠪᠣᠯᠬᠤᠷ ᠠᠵᠢᠯ ᠤᠨ ᠶᠠᠪᠤᠴᠠ ᠳᠤ ᠪᠠᠨ ᠨᠢᠭᠲᠠ ᠤᠶᠠᠯᠳᠤᠭᠤᠯᠬᠤ ᠬᠡᠷᠡᠭᠲᠡᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠡᠭᠦᠨ ᠤ ᠲᠤᠬᠠᠢ ᠵᠣᠬᠢᠬᠤ ᠲᠣᠭᠲᠠᠭᠠᠯ ᠭᠠᠷᠭᠠᠨ ᠱᠠᠭᠠᠷᠳᠠᠯᠭ᠎ᠠ ᠳᠤᠷᠠᠳᠴᠠᠢ᠃      ᠨᠢᠭᠡ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠣᠶᠤᠨ ᠰᠠᠨᠠᠭᠠᠨ ᠤ ᠬᠦᠴᠦᠨ ᠴᠢᠳᠠᠯ ᠤᠨ ᠰᠦᠭ ᠮᠥᠨ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠬᠤ ᠪᠠᠷ ᠳᠠᠮᠵᠢᠭᠤᠯᠤᠨ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ ᠭᠡᠵᠦ ᠲᠣᠭᠲᠠᠭᠠᠪᠠ᠃      ᠬᠤᠶᠠᠷ ᠲᠤ᠂ ᠡᠬᠡ ᠣᠷᠣᠨᠴᠢ ᠦᠵᠡᠯ ᠤᠨ ᠬᠥᠮᠦᠵᠢᠯ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠡᠬᠡ ᠣᠷᠣᠨᠴᠢ ᠦᠵᠡᠯ ᠪᠣᠯ ᠳᠤᠮᠳᠠᠳᠤ ᠶᠢᠨ ᠪᠣᠯᠪᠠᠰᠤᠨ ᠤ ᠥᠨᠢ ᠤᠳᠠᠭᠠᠨ ᠤᠯᠠᠮᠵᠢᠯᠠᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠬᠢ ᠰᠣᠳᠣ ᠮᠥᠨ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠤᠨ᠂ ᠰᠣᠶᠣᠯ ᠤᠨ ᠢᠲᠡᠭᠡᠯ ᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠢ ᠪᠠᠶᠢᠭᠤᠯᠪᠠ︔ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠲᠡᠦᠬᠡ ᠰᠣᠶᠣᠯ ᠤᠨ ᠥᠪ ᠵᠡᠷᠭᠡ ᠶᠢ ᠡᠬᠡ ᠣᠷᠣᠨᠴᠢ ᠦᠵᠡᠯ ᠤᠨ ᠬᠥᠮᠦᠵᠢᠯ ᠤᠨ ᠴᠢᠬᠤᠯᠠ ᠠᠭᠤᠯᠭ᠎ᠠ  ᠪᠣᠯᠭᠠᠪᠠ︔ ᠡᠭᠦᠨ ᠤ ᠬᠠᠮᠲᠤ ᠲᠡᠦᠬᠡ ᠰᠣᠶᠣᠯ ᠤᠨ ᠥᠪ ᠵᠡᠷᠭᠡ ᠡᠬᠡ ᠣᠷᠣᠨᠴᠢ ᠦᠵᠡᠯ ᠤᠨ ᠬᠥᠮᠦᠵᠢᠯ ᠤᠨ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠲᠣᠳᠣᠷᠬᠠᠢ ᠳᠣᠭᠲᠠᠭᠠᠪᠠ᠃      ᠭᠤᠷᠪᠠ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠳᠣᠲᠤᠷ᠎ᠠ ᠬᠠᠮᠤᠭ ᠤᠨ ᠭᠦᠨ ᠳᠠᠪᠬᠤᠷᠭ᠎ᠠ ᠶᠢᠨ᠂ ᠬᠠᠮᠤᠭ ᠤᠨ ᠦᠨᠳᠦᠰᠦᠨ᠂ ᠬᠠᠮᠤᠭ ᠤᠨ ᠥᠨᠢ ᠤᠳᠠᠭᠠᠨ ᠨᠢ ᠡᠬᠡ ᠣᠷᠣᠨᠴᠢ ᠦᠵᠡᠯ ᠪᠣᠯᠤᠨ᠎ᠠ᠃ ᠡᠬᠡ ᠣᠷᠣᠨᠴᠢ ᠦᠵᠡᠯ ᠪᠣᠯ ᠠᠷᠠᠳ ᠢᠷᠭᠡᠳ ᠤᠨ ᠬᠠᠮᠤᠭ ᠤᠨ ᠦᠨᠳᠦᠰᠦᠨ ᠥᠷᠲᠡᠭ ᠤᠨ ᠪᠠᠷᠢᠮᠵᠢᠶ᠎ᠠ ᠪᠣᠯᠤᠭᠰᠠᠨ ᠤ ᠬᠤᠪᠢ ᠳᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠰᠠᠭᠤᠷᠢ ᠪᠠ ᠲᠡᠷᠢᠭᠦᠨ ᠴᠢᠬᠤᠯᠠ ᠱᠠᠭᠠᠷᠳᠠᠯᠭ᠎ᠠ ᠪᠠᠶᠢᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠪᠤᠰᠤᠳ ᠱᠠᠭᠠᠷᠳᠠᠯᠭ᠎ᠠ ᠨᠢ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠤᠶᠢᠵᠢᠭᠤᠯᠬᠤ ᠳᠤ ᠴᠢᠬᠤᠯᠠ ᠦᠢᠯᠡᠳᠦᠯ ᠦᠵᠡᠭᠦᠯᠳᠡᠭ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠬᠦ ᠳᠤ ᠪᠠᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠬᠤᠶᠠᠭᠤᠯᠠ ᠶᠢ ᠣᠷᠭᠠᠨᠢᠭ ᠢᠶᠠᠷ ᠠᠭᠤᠰᠬᠠᠬᠤ ᠶᠢ ᠠᠬᠢᠭᠤᠯᠬᠤ ᠬᠡᠷᠡᠭᠲᠡᠢ ᠭᠡᠵᠦ ᠳᠣᠳᠤᠷᠬᠠᠢ ᠳᠣᠭᠲᠠᠭᠠᠪᠠ᠃      ᠳᠥᠷᠪᠡ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠤᠯᠤᠰ ᠤᠨ ᠪᠠᠲᠤᠯᠠᠨ ᠬᠠᠮᠠᠭᠠᠯᠠᠯᠲᠠ ᠪᠠ ᠤᠯᠤᠰ ᠤᠨ ᠠᠮᠤᠷ ᠲᠦᠪᠰᠢᠨ ᠤ ᠬᠥᠮᠦᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠳᠤ ᠠᠷᠠᠳ ᠢᠷᠭᠡᠨ ᠤᠯᠤᠰ ᠣᠷᠣᠨ ᠤ ᠨᠢᠭᠡᠳᠦᠯ ᠪᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠪᠦᠯᠬᠦᠮᠳᠡᠯ ᠢ ᠬᠠᠮᠠᠭᠠᠯᠠᠵᠤ᠂ ᠡᠬᠡ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠠᠮᠠᠭᠠᠯᠠᠬᠤ ᠡᠭᠦᠷᠭᠡ ᠲᠠᠢ᠃ ᠡᠬᠡ ᠣᠷᠣᠨᠴᠢ ᠦᠵᠡᠯ ᠤᠨ ᠬᠥᠮᠦᠵᠢᠯ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ᠂ ᠤᠯᠤᠰ ᠤᠨ ᠠᠮᠤᠷ ᠲᠦᠪᠰᠢᠨ ᠤ ᠬᠥᠮᠦᠵᠢᠯ ᠯᠤᠭ᠎ᠠ ᠵᠣᠷᠢᠯᠲᠠ ᠪᠠᠨ ᠨᠢᠭᠡᠳᠭᠡᠵᠦ᠂ ᠬᠠᠷᠢᠯᠴᠠᠨ ᠲᠤᠯᠭᠠᠭᠤᠷᠢᠯᠠᠬᠤ ᠬᠡᠷᠡᠭᠲᠡᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ᠂ ᠡᠬᠡ ᠣᠷᠣᠨᠴᠢ ᠦᠵᠡᠯ ᠤᠨ ᠬᠥᠮᠦᠵᠢᠯ ᠨᠢ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠷ ᠬᠦᠴᠦᠯᠡᠬᠦ ᠴᠡᠭ ᠪᠣᠯᠭᠠᠵᠤ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ᠂ ᠤᠯᠤᠰ ᠤᠨ ᠠᠮᠤᠷ ᠲᠦᠪᠰᠢᠨ ᠪᠠ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠲᠠᠯ᠎ᠠ ᠶᠢᠨ ᠤᠬᠠᠮᠰᠠᠷ ᠪᠠ ᠦᠵᠡᠯᠲᠡ ᠶᠢ ᠡᠬᠡ ᠣᠷᠣᠨᠴᠢ ᠦᠵᠡᠯ ᠤᠨ ᠬᠥᠮᠦᠵᠢᠯ ᠤᠨ ᠭᠤᠣᠯ ᠠᠭᠤᠯᠭ᠎ᠠ ᠪᠣᠯᠭᠠᠨ᠎ᠠ ᠭᠡᠵᠦ ᠳᠣᠳᠤᠷᠬᠠᠶᠢᠯᠠᠭᠰᠠᠨ ᠤ ᠬᠠᠮᠲᠤ ᠡᠬᠡ ᠣᠷᠣᠨᠴᠢ ᠦᠵᠡᠯ ᠤᠨ ᠬᠥᠮᠦᠵᠢᠯ ᠳᠤ ᠤᠯᠤᠰ ᠤᠨ ᠠᠮᠤᠷ ᠲᠦᠪᠰᠢᠨ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠬᠦ ᠱᠠᠭᠠᠷᠳᠠᠯᠭ᠎ᠠ ᠶᠢ ᠳᠤᠷᠠᠳᠴᠠᠢ᠃      ᠲᠠᠪᠤ ᠳᠤ᠂ ᠡᠬᠡ ᠣᠷᠣᠨᠴᠢ ᠦᠵᠡᠯ ᠤᠨ ᠬᠥᠮᠦᠵᠢᠯ ᠢ ᠠᠷᠠᠳ ᠢᠷᠭᠡᠳ ᠤᠨ ᠠᠵᠢᠯ ᠠᠮᠢᠳᠤᠷᠠᠯ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢᠨ ᠲᠣᠭᠲᠠᠭᠠᠯ ᠶᠣᠰᠣᠭᠠᠷ᠂ ᠰᠦᠷᠯᠢᠭ ᠰᠠᠶᠢᠬᠠᠨ ᠥᠩᠭᠡ ᠦᠵᠡᠮᠵᠢ᠂ ᠲᠡᠦᠬᠡ ᠰᠣᠶᠣᠯ ᠤᠨ ᠥᠪ ᠬᠥᠷᠥᠩᠭᠡ᠂ ᠲᠣᠨᠤᠭ ᠲᠥᠬᠦᠭᠡᠷᠦᠮᠵᠢ᠂ ᠠᠷᠠᠳ ᠤᠨ ᠵᠠᠩ ᠦᠢᠯᠡ ᠰᠣᠶᠣᠯ ᠵᠡᠷᠭᠡ ᠡᠬᠢ ᠪᠠᠶᠠᠯᠢᠭ ᠲᠤ ᠠᠭᠤᠯᠤᠭᠳᠠᠵᠤ ᠪᠠᠶᠢᠭ᠎ᠠ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠨ᠂ ᠰᠠᠶᠢᠲᠤᠷ ᠠᠰᠢᠭᠯᠠᠵᠤ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠶᠢ ᠰᠠᠨᠠᠭᠠᠴᠢᠯᠠᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ᠂ ᠦᠭᠡ ᠳᠠᠭᠤᠨ ᠦᠭᠡᠢ ᠵᠢᠳᠬᠦᠵᠦ᠂ ᠬᠥᠮᠦᠰ ᠲᠤ ᠡᠬᠡ ᠤᠯᠤᠰ ᠤᠨ ᠦᠵᠡᠰᠬᠦᠯᠡᠩᠲᠦ ᠰᠠᠶᠢᠬᠠᠨ ᠠᠭᠤᠯᠠ ᠤᠰᠤ ᠪᠠ ᠥᠨᠢ ᠤᠳᠠᠭᠠᠨ ᠰᠣᠶᠣᠯ ᠢ ᠮᠡᠳᠡᠷᠡᠭᠦᠯᠵᠦ᠂ ᠬᠥᠳᠡᠯᠮᠦᠷᠢ ᠶᠢᠨ ᠭᠤᠸ᠎ᠠ ᠰᠠᠶᠢᠬᠠᠨ ᠢ ᠢᠯᠡᠷᠡᠭᠦᠯᠦᠨ᠂ ᠡᠬᠡ ᠣᠷᠣᠨᠴᠢ ᠰᠡᠳᠬᠢᠯᠭᠡ ᠶᠢ ᠬᠥᠭᠵᠢᠭᠡᠪᠡ᠃      ᠰᠤᠷᠪᠤᠯᠵᠢᠯᠠᠭᠴᠢ᠄ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠳᠤ ᠶᠠᠮᠠᠷ ᠠᠵᠢᠯ ᠢ ᠰᠠᠶᠢᠲᠤᠷ ᠬᠢᠬᠦ ᠪᠤᠢ︖      ᠬᠠᠷᠢᠭᠤᠯᠲᠠ᠄ ᠡᠬᠡ ᠣᠷᠣᠨᠴᠢ ᠦᠵᠡᠯ ᠤᠨ ᠬᠥᠮᠦᠵᠢᠯ ᠪᠣᠯ ᠤᠯᠤᠰ ᠣᠷᠣᠨ ᠪᠠ ᠦᠨᠳᠦᠰᠦᠲᠡᠨ ᠤ ᠲᠥᠯᠥᠭᠡ ᠵᠢᠳᠬᠦᠬᠦ ᠠᠵᠢᠯ ᠮᠥᠨ᠃ ᠬᠤᠯᠪᠣᠭᠳᠠᠯ ᠪᠦᠬᠦᠢ ᠲᠠᠯ᠎ᠠ ᠶᠢᠨ ᠬᠢᠨ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠪᠦᠬᠦ ᠨᠡᠶᠢᠭᠡᠮ ᠤᠨ ᠬᠢᠨ ᠢ ᠳᠠᠶᠢᠴᠢᠯᠠᠬᠤ ᠪᠠ ᠬᠥᠲᠥᠯᠥᠨ ᠵᠢᠯᠣᠭᠤᠳᠴᠤ ᠥᠷᠭᠡᠨ ᠢᠶᠠᠷ  ᠣᠷᠣᠯᠴᠠᠭᠤᠯᠤᠨ᠂ ᠬᠠᠤᠯᠢ ᠴᠠᠭᠠᠵᠠ ᠶᠢ ᠵᠥᠪ ᠣᠨᠣᠪᠴᠢᠲᠠᠢ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠬᠤ ᠭᠦᠨ ᠵᠤᠵᠠᠭᠠᠨ ᠨᠡᠶᠢᠭᠡᠮ ᠤᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ ᠣᠯᠠᠨ ᠵᠦᠢᠯ ᠤᠨ ᠬᠡᠯᠪᠡᠷᠢ᠂ ᠠᠮᠢᠳᠤᠯᠢᠭ ᠵᠢᠱᠢᠶ᠎ᠡ ᠪᠠᠷ ᠳᠠᠮᠵᠢᠭᠤᠯᠤᠨ᠂ ᠡᠬᠡ ᠣᠷᠣᠨᠴᠢ ᠦᠵᠡᠯ ᠤᠨ ᠭᠦᠨ ᠠᠭᠤᠯᠤᠭᠳᠠᠬᠤᠨ᠂ ᠴᠢᠬᠤᠯᠠ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠳᠤ ᠲᠣᠭᠲᠠᠭᠠᠭᠰᠠᠨ ᠦᠨᠳᠦᠰᠦᠨ ᠵᠠᠷᠴᠢᠮ᠂ ᠡᠭᠦᠷᠭᠡ ᠶᠢᠨ ᠱᠠᠭᠠᠷᠳᠠᠯᠭ᠎ᠠ ᠪᠣᠯᠤᠨ ᠴᠢᠬᠤᠯᠠ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠥᠭᠦᠯᠡᠵᠦ᠂ ᠪᠦᠬᠦ ᠨᠡᠶᠢᠭᠡᠮ ᠤᠨ ᠲᠠᠨᠢᠯᠲᠠ ᠶᠢ ᠭᠦᠨᠵᠡᠭᠡᠶᠢᠷᠡᠭᠦᠯᠵᠦ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠣᠢ ᠪᠣᠯᠭᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠭᠤᠣᠯ ᠬᠥᠭ ᠠᠶᠠᠰ ᠢ ᠴᠤᠤᠷᠢᠶᠠᠲᠤᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠬᠡ ᠣᠷᠣᠨᠴᠢ ᠦᠵᠡᠯ ᠤᠨ ᠬᠥᠮᠦᠵᠢᠯ ᠢ ᠥᠷᠭᠡᠨ ᠳᠡᠯᠭᠡᠷ ᠭᠦᠨ ᠭᠦᠨᠵᠡᠭᠡᠢ ᠥᠷᠨᠢᠭᠦᠯᠬᠦ ᠶᠢ ᠠᠬᠢᠭᠤᠯᠵᠤ᠂ ᠬᠠᠤᠯᠢ ᠲᠣᠭᠲᠠᠭᠠᠬᠤ ᠦᠷ᠎ᠡ ᠪᠦᠲᠦᠮᠵᠢ ᠶᠢ ᠭᠦᠢᠴᠡᠳ ᠢᠯᠡᠷᠡᠭᠦᠯᠬᠦ ᠬᠡᠷᠡᠭᠲᠡᠢ᠃      ᠴᠢᠬᠤᠯᠠᠴᠢᠯᠠᠬᠤ ᠨᠢ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠠᠪᠤᠴᠠ ᠳᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠦᠭᠡᠶᠢᠰᠬᠡᠬᠦ ᠦᠵᠡᠯ ᠢ ᠡᠷᠡᠰ ᠡᠰᠡᠷᠭᠦᠴᠡᠬᠦ ᠬᠡᠷᠡᠭᠲᠡᠢ︔ ᠡᠭᠦᠨ ᠤ ᠬᠠᠮᠲᠤ ᠣᠶᠤᠨᠴᠢ᠂ ᠪᠠᠭᠲᠠᠭᠠᠮᠵᠢᠲᠠᠢ᠂ ᠨᠡᠭᠡᠭᠡᠯᠲᠡ ᠲᠠᠢ ᠪᠠᠶᠢᠬᠤ ᠶᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠲᠣᠯᠢᠯᠠᠨ ᠰᠢᠩᠭᠡᠭᠡᠨ ᠠᠪᠴᠤ᠂ ᠠᠷᠠᠨᠴᠢ ᠦᠵᠡᠯ ᠤᠨ ᠬᠠᠷᠰᠢᠯᠠᠯ ᠢ ᠰᠡᠷᠭᠡᠶᠢᠯᠡᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map