2023 ᠣᠨ ᠤ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠤ ᠱᠠᠩᠨᠠᠯ ᠭᠦᠷᠳᠡᠭᠰᠡᠳ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/11/6
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠤ ᠱᠠᠩᠨᠠᠯ ᠭᠦᠷᠲᠡᠭᠰᠡᠳ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠬᠥᠮᠦᠨ ᠤ ᠬᠦᠴᠦᠨ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2020﹈ 166 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠪᠠ 5 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠦᠭᠰᠡᠨ ᠴᠢᠳᠠᠪᠤᠷᠢᠲᠠᠨ ᠤ ᠱᠠᠩᠨᠠᠯ ᠭᠦᠷᠲᠡᠭᠰᠡᠳ ᠢ ᠲᠠᠨᠢᠯᠴᠠᠭᠤᠯᠬᠤ ᠠᠵᠢᠯ ᠢ ᠥᠷᠨᠢᠭᠦᠯᠪᠡ᠃ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠭᠠᠳ᠂ ᠡᠳᠦᠭᠡ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠤ ᠱᠠᠩᠨᠠᠯ ᠭᠦᠷᠲᠡᠭᠰᠡᠳ ᠢ ᠢᠯᠡ ᠨᠡᠶᠢᠲᠡᠯᠡᠪᠡ᠃      ᠨᠢᠭᠡ᠂ ᠢᠯᠡ ᠨᠡᠶᠢᠲᠡᠯᠡᠬᠦ ᠨᠡᠷᠡᠰ      ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢᠦ ᠾᠧᠩ ᠮᠣᠣ      ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠵᠢᠶᠧ ᠴᠧᠩ ᠵᠢᠢ      ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠯᠧᠢ ᠪᠢᠶᠣᠤ      ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠸᠠᠩ ᠰᠢᠦᠢ      ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠢᠶᠣᠤ ᠧᠨ ᠮᠣᠤ      ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      ᠢᠯᠡ ᠨᠡᠶᠢᠲᠡᠯᠡᠬᠦ ᠴᠠᠭ 2023 ᠣᠨ ᠤ 11 ᠰᠠᠷ᠎ᠠ ᠶᠢᠨ 6 - 11 ᠰᠠᠷ᠎ᠠ ᠶᠢᠨ 10 ᠤ ᠡᠳᠦᠷ᠃      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠠ ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠭᠰᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ  ᠢ ᠲᠤᠰᠬᠠᠵᠤ           ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠶᠢᠨ ᠬᠠᠮᠲᠤ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠨ᠎ᠠ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠪᠤᠴᠠᠭᠠᠨ᠎ᠠ᠃      ᠢᠯᠡ ᠨᠡᠶᠢᠲᠡᠯᠡᠬᠦ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠠᠰᠠᠷ ᠤᠨ 810 ᠥᠷᠥᠭᠡ ᠳᠤ ᠲᠣᠬᠢᠷᠠᠭᠤᠯᠪᠠ᠃      ᠬᠦᠯᠢᠶᠡᠨ ᠠᠪᠴᠤ ᠰᠢᠢᠳᠪᠦᠷᠢᠯᠡᠬᠦ ᠴᠠᠭ᠄      ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00       ᠦᠳᠡ ᠶᠢᠨ ᠬᠤᠶᠢᠨ᠎ᠠ 14᠄ 30-17᠄ 30      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ      0471 - 2856810      ᠣᠨᠴᠠᠭᠠᠶᠢᠯᠠᠨ ᠵᠠᠷᠯᠠᠪᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2023 ᠣᠨ ᠤ 11 ᠰᠠᠷ᠎ᠠ ᠶᠢᠨ 3 ᠤ ᠡᠳᠦᠷ   
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map