ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠵᠡᠷᠭᠡ ᠳᠡᠪᠰᠢᠬᠦ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/7
      11 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ  ᠵᠡᠷᠭᠡ ᠳᠡᠪᠰᠢᠬᠦ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ  ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠬᠢᠯᠡᠪᠡ᠃   

5612c0debe39851ee150196e3c1ad54c.jpg

      ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠵᠡᠷᠭᠡ 9 ᠵᠢᠩᠬᠢᠨᠢ ᠠᠩᠭᠢᠲᠤ ᠳᠡᠭᠡᠳᠦ ᠰᠤᠷᠭᠠᠭᠤᠯᠢ

ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ

ᠲᠥᠪᠯᠡᠷᠡᠭᠦᠯᠵᠦ᠂ ᠣᠷᠣᠨ ᠨᠤᠲᠤᠭ ᠲᠤ ᠰᠠᠭᠤᠷᠢᠯᠠᠨ᠂ ᠪᠦᠬᠦ ᠲᠠᠯ᠎ᠠ ᠳᠤ ᠦᠢᠯᠡᠴᠢᠯᠡᠵᠦ᠂ ᠪᠦᠬᠦ ᠤᠯᠤᠰ ᠤᠨ ᠠᠳᠠᠯᠢ

ᠲᠥᠷᠥᠯ ᠤᠨ ᠳᠡᠭᠡᠳᠦ ᠰᠤᠷᠭᠠᠭᠤᠯᠢ ᠲᠠᠢ ᠬᠠᠷᠢᠴᠠᠭᠤᠯᠤᠨ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡ

ᠵᠡᠷᠭᠡ ᠲᠠᠯ᠎ᠠ ᠪᠠᠷ ᠲᠤᠰ ᠰᠤᠷᠭᠠᠭᠤᠯᠢ ᠶᠢᠨ ᠢᠶᠠᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ

ᠬᠦᠷᠦᠯᠴᠡᠬᠦ ᠦᠭᠡᠢ ᠲᠠᠯ᠎ᠠ ᠪᠠ ᠪᠠᠭᠤᠷᠠᠢ ᠲᠠᠯ᠎ᠠ ᠶᠢ ᠭᠦᠨᠵᠡᠭᠡᠢ ᠵᠠᠳᠠᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ 

ᠵᠡᠷᠭᠡ ᠳᠡᠪᠰᠢᠬᠦ ᠠᠵᠢᠯ ᠤᠨ ᠭᠤᠣᠯ ᠬᠠᠷᠠᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠲᠢᠩᠬᠢᠮ ᠤᠨ

ᠤᠳᠤᠷᠢᠳᠬᠤ ᠪᠠᠭ ᠤᠨ ᠪᠦᠷᠢᠯᠳᠦᠭᠦᠨ ᠪᠣᠯᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ

ᠦᠨᠡᠯᠡᠪᠡ᠃

      ᠬᠤᠷᠠᠯ ᠠᠴᠠ᠂ ᠡᠯ᠎ᠡ ᠳᠡᠭᠡᠳᠦ ᠰᠤᠷᠭᠠᠭᠤᠯᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ

ᠰᠠᠨᠠᠭ᠎ᠠ ᠪᠣᠯᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ  ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ

ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ

ᠪᠣᠯᠭᠠᠨ᠂ ᠣᠷᠣᠨ ᠨᠤᠲᠤᠭ ᠤᠨ ᠠᠵᠤ ᠠᠬᠤᠢ ᠨᠡᠶᠢᠭᠡᠮ  ᠤᠨ ᠬᠥᠭᠵᠢᠯᠲᠡ ᠳᠤ ᠦᠢᠯᠡᠴᠢᠯᠡᠬᠦ ᠬᠠᠷᠠᠯᠲᠠ ᠶᠢᠨ

ᠤᠳᠤᠷᠢᠳᠤᠮᠵᠢ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠠᠢ

ᠵᠣᠬᠢᠴᠠᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠬᠤ

ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ᠂ ᠡᠯ᠎ᠡ ᠶᠡᠭᠡ ᠳᠡᠭᠡᠳᠦ ᠰᠤᠷᠭᠠᠭᠤᠯᠢ ᠤᠨ ᠬᠢᠨ ᠲᠡᠷᠢᠭᠦᠨ ᠤ ᠬᠢ ᠲᠠᠢ ᠬᠠᠷᠢᠴᠠᠭᠤᠯᠵᠤ᠂

ᠲᠡᠷᠢᠭᠦᠨ ᠤ ᠬᠢ ᠶᠢ ᠴᠢᠷᠮᠠᠶᠢᠨ ᠡᠭᠦᠳᠴᠦ᠂ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠᠨ ᠤᠯᠠᠮ ᠨᠢᠭᠡ

ᠠᠯᠬᠤᠮ ᠲᠣᠳᠣᠷᠬᠠᠶᠢᠯᠠᠨ᠂ ᠵᠢᠩᠬᠢᠨᠢ ᠠᠩᠭᠢᠲᠤ ᠰᠤᠷᠭᠠᠨ ᠬᠥᠮᠦᠵᠢᠯ ᠤᠨ ᠦᠨᠳᠦᠰᠦᠨ ᠪᠠᠶᠢᠷᠢ ᠰᠠᠭᠤᠷᠢ ᠶᠢ

ᠪᠠᠬᠢᠵᠢᠭᠦᠯᠵᠦ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ᠂

ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠷᠳᠡᠮ ᠰᠢᠨᠵᠢᠯᠡᠭᠡᠨ ᠤ ᠰᠢᠨ᠎ᠡ ᠶᠢ

ᠡᠭᠦᠳᠬᠦ ᠶᠢ ᠶᠡᠭᠡ ᠪᠠᠷ ᠥᠷᠨᠢᠭᠦᠯᠬᠦ ᠬᠡᠷᠡᠭᠲᠡᠢ᠃ ᠥᠷᠭᠡᠨ ᠣᠯᠠᠨ ᠪᠠᠭᠰᠢ ᠠᠵᠢᠯᠲᠠᠨ ᠠᠵᠢᠯᠴᠢᠨ ᠢ ᠥᠷᠭᠡᠨ ᠢᠶᠠᠷ

ᠳᠠᠶᠢᠴᠢᠯᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂

ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠠᠮᠢᠳᠤᠯᠢᠭ ᠪᠠᠶᠢᠳᠠᠯ ᠪᠠ ᠭᠦᠨ ᠵᠤᠵᠠᠭᠠᠨ

ᠠᠭᠤᠷ ᠠᠮᠢᠰᠬᠤᠯ ᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ

ᠠᠳᠬᠤᠵᠤ᠂ ᠰᠢᠨᠲᠠᠷᠠᠰᠢ ᠦᠭᠡᠢ ᠴᠢᠷᠮᠠᠶᠢᠵᠤ᠂ ᠤᠷᠲᠤ ᠬᠤᠭᠤᠴᠠᠭ᠎ᠠ ᠪᠠᠷ ᠴᠢᠷᠮᠠᠶᠢᠨ᠂ ᠳᠡᠰ ᠳᠡᠪᠰᠢᠬᠦ ᠠᠵᠢᠯ ᠤᠨ

ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ

ᠪᠦᠷᠢᠯᠳᠦᠭᠦᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠪᠠ ᠠᠵᠢᠯ ᠦᠢᠯᠡᠰ ᠤᠨ ᠨᠢᠭᠡᠴᠢ ᠶᠢᠨ

ᠭᠤᠣᠯ ᠬᠠᠷᠢᠭᠤᠴᠠᠯᠭᠠᠲᠠᠨ᠂ ᠪᠦᠬᠦ ᠣᠷᠣᠨ ᠤ 9 ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠨᠠᠮ ᠵᠠᠰᠠᠭ ᠤᠨ

ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠭᠠᠵᠠᠷ

ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map