ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠤᠷᠰᠢᠯᠲᠠ ᠶᠢᠨ ᠴᠡᠭ ᠤᠨ ᠠᠵᠢᠯ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2023/11/7
      ︽ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠭᠡᠮ ᠤᠨ ᠳᠦᠷᠢᠮ︾᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾᠂ ︽ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠪᠠ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠪᠠᠭᠰᠢ ᠪᠢᠴᠢᠭ ﹇2021﹈ 56 ᠳ᠋ᠤᠭᠠᠷ ᠲᠣᠭᠠᠲᠤ︶᠂ ︽ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ ᠶᠢ ᠵᠢᠯᠣᠭᠤᠳᠬᠤ ᠲᠥᠪ ᠤᠨ 2023 ᠣᠨ  ᠤ ᠪᠠᠭᠰᠢ ᠶᠢᠨ ᠬᠢᠷᠢ ᠭᠡᠮ ᠤᠨ ᠳᠦᠷᠢᠮ ᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠪᠠᠭᠰᠢ ᠬᠢᠷᠢ ᠬᠡᠮ ᠦᠰᠦᠭ ﹇2020﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠪᠡ᠃ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠳᠠᠩᠰᠠᠯᠠᠬᠤ ᠬᠡᠪᠴᠢᠶ᠎ᠡ      ᠪᠦᠬᠦ ᠣᠷᠣᠨ ᠤ ᠠᠯᠪᠠᠨ ᠠᠴᠠ ᠡᠷᠬᠢᠯᠡᠭᠰᠡᠨ ᠡᠩ ᠤᠨ ᠳᠤᠮᠳᠠᠳᠤ ᠪᠠᠭ᠎ᠠ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ︵ᠳᠣᠷᠣᠭᠰᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠭᠡᠵᠦ ᠳᠦᠭᠦᠮᠴᠢᠯᠡᠨ᠎ᠡ︶᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠰᠢᠨ᠎ᠡ ᠪᠠᠷ ᠠᠵᠢᠯ ᠳᠤ ᠣᠷᠣᠬᠤ ᠪᠠᠭᠰᠢ ᠶᠢ ᠪᠠᠭᠲᠠᠭᠠᠨ᠎ᠠ᠃      ᠳᠠᠩᠰᠠᠯᠠᠬᠤ ᠬᠡᠪᠴᠢᠶᠡᠨ ᠠᠴᠠ ᠭᠠᠳᠠᠨᠠᠬᠢ ᠪᠤᠰᠤᠳ ᠪᠠᠭᠰᠢ ᠶᠢᠨ ᠬᠢᠷᠢ ᠭᠡᠮ ᠤᠨ ᠦᠨᠡᠮᠯᠡᠯ ᠲᠠᠢ ᠪᠠᠭᠰᠢ ᠡᠨᠡ ᠤᠳᠠᠭᠠᠨ ᠤ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠣᠷᠣᠯᠴᠠᠬᠤ ᠦᠭᠡᠢ᠃      ᠬᠤᠶᠠᠷ᠂ ᠳᠠᠩᠰᠠᠯᠠᠬᠤ ᠨᠥᠬᠦᠴᠡᠯ      ︵ᠨᠢᠭᠡ︶ ᠠᠩᠬ᠎ᠠ ᠤᠳᠠᠭ᠎ᠠ ᠳᠠᠩᠰᠠᠯᠠᠬᠤ ᠶᠢ ᠭᠤᠶᠤᠴᠢᠯᠠᠬᠤ ᠳᠤ ᠳᠣᠣᠷᠠᠬᠢ ᠨᠥᠬᠦᠴᠡᠯ  ᠢ ᠪᠦᠷᠢᠯᠳᠦᠭᠦᠯᠬᠦ ᠬᠡᠷᠡᠭᠲᠡᠢ᠄      1. ᠪᠠᠭᠰᠢ ᠶᠢᠨ ᠠᠵᠢᠯ ᠤᠨ ᠪᠠᠶᠢᠷᠢ ᠯᠤᠭ᠎ᠠ ᠵᠣᠬᠢᠬᠤ ᠪᠠᠭᠰᠢ ᠶᠢᠨ ᠬᠢᠷᠢ ᠭᠡᠮ ᠲᠠᠢ︔      2. ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠤᠷᠢᠭᠳᠠᠭᠰᠠᠨ︔      3᠂ ᠤᠯᠤᠰ ᠤᠨ ᠬᠠᠤᠯᠢ ᠴᠠᠭᠠᠵᠠ ᠬᠠᠤᠯᠢ ᠳᠦᠷᠢᠮ᠂ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾᠂ ︽ᠰᠢᠨ᠎ᠡ ᠴᠠᠭ ᠦᠶ᠎ᠡ ᠶᠢᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾ ᠪᠠ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ︾ ᠢ ᠵᠢᠷᠤᠮᠯᠠᠵᠤ᠂ ᠰᠠᠶᠢᠨ ᠰᠠᠶᠢᠬᠠᠨ ᠪᠠᠭᠰᠢ ᠶᠢᠨ ᠶᠣᠰᠣ ᠮᠣᠷᠠᠯ ᠤᠨ ᠢᠯᠡᠷᠡᠯ ᠲᠠᠢ ᠪᠠᠶᠢᠬᠤ ᠬᠡᠷᠡᠭᠲᠡᠢ︔      4. ᠪᠡᠶ᠎ᠡ ᠰᠡᠳᠬᠢᠯ ᠡᠷᠡᠭᠦᠯ ᠴᠢᠭᠢᠷᠠᠭ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ ᠴᠢᠳᠠᠬᠤᠶᠢᠴᠠ︔      5. ᠠᠩᠬ᠎ᠠ ᠤᠳᠠᠭ᠎ᠠ ᠪᠠᠭᠰᠢᠯᠠᠵᠤ ᠪᠠᠶᠢᠭ᠎ᠠ ᠪᠠᠭᠰᠢ ᠶᠢᠨ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠪᠤᠰᠤᠳ ᠪᠠᠭᠰᠢ ᠳᠠᠩᠰᠠᠯᠠᠬᠤ ᠶᠢ ᠭᠤᠶᠤᠴᠢᠯᠠᠬᠤ ᠠᠴᠠ ᠡᠮᠦᠨ᠎ᠡ ᠨᠢᠭᠡ ᠵᠢᠯ ᠤᠨ ᠬᠢᠨᠠᠨ ᠰᠢᠯᠭᠠᠯᠲᠠ  ᠳᠤ ᠬᠢᠷᠢ ᠲᠡᠩᠴᠡᠭᠰᠡᠨ ᠪᠥᠭᠡᠳ ᠲᠡᠭᠦᠨ ᠠᠴᠠ ᠳᠡᠭᠡᠭᠰᠢᠬᠢ ᠳᠡᠰ ᠲᠠᠢ ᠪᠠᠶᠢᠬᠤ ᠬᠡᠷᠡᠭᠲᠡᠢ︔      6. ᠨᠢᠭᠡ ᠬᠥᠮᠦᠨ ᠣᠯᠠᠨ ᠦᠨᠡᠮᠯᠡᠯ ᠲᠠᠢ᠂ ᠬᠢᠴᠢᠶᠡᠯ ᠲᠥᠷᠦᠯ ᠪᠠ ᠦᠨᠡᠮᠯᠡᠯ ᠠᠳᠠᠯᠢ ᠪᠤᠰᠤ ᠵᠡᠷᠭᠡ ᠣᠨᠴᠠᠭᠠᠢ ᠪᠠᠶᠢᠳᠠᠯ ᠢ ᠳᠣᠣᠷᠠᠬᠢ ᠠᠷᠭ᠎ᠠ ᠪᠠᠷ ᠳᠠᠩᠰᠠᠯᠠᠨ᠎ᠠ᠄      ︵1︶ ︽ᠨᠢᠭᠡ ᠬᠥᠮᠦᠨ ᠣᠯᠠᠨ ᠦᠨᠡᠮᠯᠡᠯ ᠲᠠᠢ︾᠂ ᠲᠤᠬᠠᠶᠢᠯᠠᠪᠠᠯ᠂ ᠬᠤᠶᠠᠷ ᠵᠦᠢᠯ ᠪᠤᠶᠤ ᠲᠡᠭᠦᠨ ᠠᠴᠠ ᠳᠡᠭᠡᠭᠰᠢᠬᠢ ᠪᠠᠭᠰᠢ ᠶᠢᠨ ᠬᠢᠷᠢ ᠭᠡᠮ ᠤᠨ ᠦᠨᠡᠮᠯᠡᠯ ᠲᠠᠢ ᠪᠣᠯ ᠣᠳᠣ ᠵᠢᠭᠠᠵᠤ ᠪᠠᠶᠢᠭ᠎ᠠ ᠪᠠᠭᠰᠢ ᠶᠢᠨ ᠠᠵᠢᠯ ᠤᠨ ᠪᠠᠶᠢᠷᠢ ᠯᠤᠭ᠎ᠠ ᠵᠣᠬᠢᠬᠤ ᠪᠠᠭᠰᠢ ᠶᠢᠨ ᠬᠢᠷᠢ ᠭᠡᠮ ᠤᠨ ᠦᠨᠡᠮᠯᠡᠯ ᠢ ᠰᠣᠩᠭᠤᠨ ᠳᠠᠩᠰᠠᠯᠠᠵᠤ ᠪᠣᠯᠤᠨ᠎ᠠ᠃      ︵2︶ ︽ᠬᠢᠴᠢᠶᠡᠯ ᠲᠥᠷᠦᠯ ᠪᠠ ᠦᠨᠡᠮᠯᠡᠯ ᠠᠳᠠᠯᠢ ᠪᠤᠰᠤ ︾᠂ ᠲᠤᠬᠠᠶᠢᠯᠠᠪᠠᠯ᠂ ᠪᠠᠭᠰᠢ ᠶᠢᠨ ᠬᠢᠷᠢ ᠭᠡᠮ ᠤᠨ ᠦᠨᠡᠮᠯᠡᠯ ᠨᠢ ᠣᠳᠣ ᠵᠢᠭᠠᠵᠤ ᠪᠠᠶᠢᠭ᠎ᠠ ᠬᠢᠴᠢᠶᠡᠯ ᠲᠥᠷᠦᠯ ᠯᠦᠭᠡ ᠨᠢᠭᠡᠳᠦᠯ ᠦᠭᠡᠢ ᠪᠣᠯ᠂ ᠰᠦᠯᠵᠢᠶᠡᠨ ᠳᠤ ᠨᠡᠷ᠎ᠡ ᠮᠡᠳᠡᠭᠦᠯᠬᠦ ᠳᠤ ᠪᠠᠨ ᠪᠠᠭᠰᠢ ᠶᠢᠨ ᠬᠢᠷᠢ ᠭᠡᠮ ᠤᠨ ᠦᠨᠡᠮᠯᠡᠯ ᠳᠡᠭᠡᠷᠡᠬᠢ ᠬᠢᠷᠢ ᠭᠡᠮ ᠤᠨ ᠲᠥᠷᠥᠯ ᠵᠦᠢᠯ ᠪᠠ ᠵᠢᠭᠠᠵᠤ ᠪᠠᠶᠢᠭ᠎ᠠ ᠬᠢᠴᠢᠶᠡᠯ ᠲᠥᠷᠦᠯ ᠤᠨ ᠮᠡᠳᠡᠭᠡ ᠵᠠᠩᠭᠢ ᠶᠢ ᠦᠨᠡᠨ ᠪᠣᠳᠠᠲᠠᠢ ᠲᠠᠭᠯᠠᠬᠤ ᠬᠡᠷᠡᠭᠲᠡᠢ︔ ᠣᠳᠣ ᠵᠢᠭᠠᠵᠤ ᠪᠠᠶᠢᠭ᠎ᠠ ᠬᠢᠴᠢᠶᠡᠯ ᠲᠥᠷᠦᠯ ᠤᠨ ᠪᠠᠶᠢᠳᠠᠯ ᠤᠨ ᠠᠭᠤᠯᠭ᠎ᠠ ᠶᠢ ᠲᠠᠭᠯᠠᠬᠤ ᠦᠶ᠎ᠡ᠂ ᠡᠷᠬᠡᠪᠰᠢ ᠪᠣᠳᠠᠲᠠᠢ ᠵᠢᠭᠠᠵᠤ ᠪᠠᠶᠢᠭ᠎ᠠ ᠰᠤᠷᠤᠯᠭ᠎ᠠ ᠶᠢᠨ ᠱᠠᠲᠤ ᠪᠠ ᠵᠢᠭᠠᠵᠤ ᠪᠠᠶᠢᠭ᠎ᠠ ᠬᠢᠴᠢᠶᠡᠯ ᠲᠥᠷᠦᠯ ᠤᠨ ᠮᠡᠳᠡᠭᠡ ᠵᠠᠩᠭᠢ ᠪᠠᠨ ᠲᠠᠭᠯᠠᠬᠤ ᠬᠡᠷᠡᠭᠲᠡᠢ᠃      ︵3︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠶᠣᠯ ᠤᠨ ᠬᠢᠴᠢᠶᠡᠯ ᠤᠨ ᠪᠠᠭᠰᠢ ᠶᠢᠨ ᠬᠢᠷᠢ ᠭᠡᠮ ᠤᠨ ᠦᠨᠡᠮᠯᠡᠯ ᠲᠠᠢ ᠪᠠᠶᠢᠭᠠᠳ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠭᠰᠢᠯᠠᠬᠤ ᠪᠤᠶᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠦᠨᠡᠮᠯᠡᠯ ᠲᠠᠢ ᠪᠠᠶᠢᠭᠠᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠣᠶᠣᠯ ᠤᠨ ᠬᠢᠴᠢᠶᠡᠯ ᠣᠷᠣᠪᠠᠯ᠂ ᠦᠨᠡᠮᠯᠡᠯ ᠢ ᠬᠠᠷᠢᠯᠴᠠᠨ ᠨᠡᠶᠢᠳᠡᠮ ᠬᠡᠷᠡᠭᠯᠡᠵᠦ᠂ ᠪᠠᠶᠢᠭ᠎ᠠ ᠪᠠᠭᠰᠢ ᠶᠢᠨ ᠬᠢᠷᠢ ᠭᠡᠮ ᠤᠨ ᠦᠨᠡᠮᠯᠡᠯ ᠢ ᠳᠠᠩᠰᠠᠯᠠᠬᠤ ᠪᠠᠷ ᠭᠤᠶᠤᠴᠢᠯᠠᠵᠤ ᠪᠣᠯᠤᠨ᠎ᠠ᠃      ︵ᠬᠤᠶᠠᠷ︶ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠪᠣᠯ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠬᠢᠷᠢ ᠲᠡᠩᠴᠡᠨ᠎ᠡ᠄      1. ᠪᠠᠭᠰᠢ ᠶᠢᠨ ᠠᠵᠢᠯ ᠤᠨ ᠪᠠᠶᠢᠷᠢ ᠯᠤᠭ᠎ᠠ ᠵᠣᠬᠢᠴᠠᠭᠰᠠᠨ ᠪᠠᠭᠰᠢ ᠶᠢᠨ ᠬᠢᠷᠢ ᠭᠡᠮ ᠲᠠᠢ︔      2. ᠤᠯᠤᠰ ᠤᠨ ᠬᠠᠤᠯᠢ ᠴᠠᠭᠠᠵᠠ ᠬᠠᠤᠯᠢ ᠳᠦᠷᠢᠮ᠂ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾᠂ ︽ᠰᠢᠨ᠎ᠡ ᠴᠠᠭ ᠦᠶ᠎ᠡ ᠶᠢᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾ ᠪᠠ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ︾ ᠢ ᠵᠢᠷᠤᠮᠯᠠᠵᠤ᠂ ᠰᠠᠶᠢᠨ ᠰᠠᠶᠢᠬᠠᠨ ᠪᠠᠭᠰᠢ ᠶᠢᠨ ᠶᠣᠰᠣ ᠮᠣᠷᠠᠯ ᠤᠨ ᠢᠯᠡᠷᠡᠯ ᠲᠠᠢ ᠪᠠᠶᠢᠬᠤ ᠬᠡᠷᠡᠭᠲᠡᠢ︔      3. ᠨᠢᠭᠡ ᠳᠠᠩᠰᠠᠯᠠᠬᠤ ᠦᠶᠡᠯᠡᠯ ᠤᠨ ᠬᠤᠭᠤᠴᠠᠭᠠᠨ ᠳᠤ᠂ ᠵᠢᠯ ᠪᠦᠷᠢ ᠶᠢᠨ ᠵᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠ ᠲᠡᠭᠦᠨ ᠠᠴᠠ ᠳᠡᠭᠡᠭᠰᠢᠬᠢ ᠵᠡᠷᠭᠡ ᠲᠠᠢ︔      4 . ᠳᠠᠩᠰᠠᠯᠠᠭᠰᠠᠨ ᠬᠦᠴᠦᠨ ᠲᠠᠢ ᠬᠤᠭᠤᠴᠠᠭ᠎ᠠ ᠪᠦᠷᠢ ᠤᠯᠤᠰ ᠠᠴᠠ ᠲᠣᠭᠲᠠᠭᠠᠭᠰᠠᠨ ᠪᠣᠯᠪᠠᠰᠤᠷᠠᠯ ᠤᠨ ᠬᠢᠴᠢᠶᠡᠯ ᠤᠨ ᠴᠠᠭ 360 ᠪᠤᠶᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠲᠡᠩᠴᠡᠭᠦᠦ ᠬᠡᠮᠵᠢᠶᠡᠨ ᠤ ᠰᠤᠷᠤᠯᠭ᠎ᠠ ᠶᠢᠨ ᠬᠤᠪᠢ ᠶᠢ ᠪᠡᠶᠡᠯᠡᠭᠦᠯᠬᠦ           ᠬᠡᠷᠡᠭᠲᠡᠢ︔      5. ᠪᠡᠶ᠎ᠡ ᠰᠡᠳᠬᠢᠯ ᠡᠷᠡᠭᠦᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ ᠴᠢᠳᠠᠬᠤ ᠬᠡᠷᠡᠭᠲᠡᠢ᠃      ︵ᠭᠤᠷᠪᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠴᠠᠭ ᠲᠤᠬᠠᠢ ᠳᠤ ᠨᠢ ᠳᠠᠩᠰᠠᠯᠠᠬᠤ ᠶᠢ ᠲᠦᠷ ᠬᠤᠶᠢᠰᠢᠯᠠᠭᠤᠯᠬᠤ ᠳ᠋ᠦᠩᠨᠡᠯᠲᠡ ᠥᠭᠬᠦ ᠬᠡᠷᠡᠭᠲᠡᠢ᠄      1. ᠳᠠᠩᠰᠠᠯᠠᠭᠰᠠᠨ ᠬᠦᠴᠦᠨ ᠪᠦᠬᠦᠢ ᠬᠤᠭᠤᠴᠠᠭᠠᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠪᠣᠯᠪᠠᠰᠤᠷᠠᠯ ᠤᠨ ᠬᠢᠴᠢᠶᠡᠯ ᠤᠨ ᠴᠠᠭ ᠪᠤᠶᠤ ᠲᠡᠩᠴᠡᠭᠦᠦ ᠬᠡᠮᠵᠢᠶᠡᠨ ᠤ ᠪᠣᠯᠪᠠᠰᠤᠷᠠᠯ ᠤᠨ ᠰᠤᠷᠤᠯᠭ᠎ᠠ ᠶᠢᠨ ᠬᠤᠪᠢ ᠶᠢ ᠪᠡᠶᠡᠯᠡᠭᠦᠯᠦᠭᠰᠡᠨ ᠦᠭᠡᠢ᠃      2. ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠨᠢᠭᠡ ᠰᠤᠷᠤᠯᠭ᠎ᠠ ᠶᠢᠨ ᠬᠤᠭᠤᠴᠠᠭ᠎ᠠ ᠵᠢᠴᠢ ᠲᠡᠭᠦᠨ ᠠᠴᠠ ᠳᠡᠭᠡᠭᠰᠢ ᠵᠣᠭᠰᠤᠭᠠᠭᠰᠠᠨ᠂ ᠭᠡᠪᠡᠴᠦ ᠪᠠᠶᠢᠭ᠎ᠠ ᠰᠤᠷᠭᠠᠭᠤᠯᠢ ᠪᠤᠶᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠲᠦᠷ ᠴᠠᠭ ᠲᠤᠰᠢᠶᠠᠯ ᠡᠭᠦᠷᠭᠡᠯᠡᠭᠦᠯᠬᠦ᠂ ᠳᠠᠪᠲᠠᠨ ᠪᠣᠯᠪᠠᠰᠤᠷᠠᠭᠤᠯᠬᠤ᠂ ᠪᠣᠯᠪᠠᠰᠤᠷᠠᠭᠤᠯᠬᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ᠂ ᠡᠪᠡᠳᠴᠢᠨ  ᠢᠶᠠᠷ ᠠᠮᠠᠷᠠᠬᠤ᠂ ᠬᠥᠩᠭᠡᠵᠢᠬᠦ ᠴᠢᠯᠥᠭᠡ ᠠᠪᠬᠤ ᠵᠡᠷᠭᠡ ᠪᠠᠶᠢᠳᠠᠯ ᠢ ᠡᠭᠦᠨ ᠳᠤ ᠪᠠᠭᠲᠠᠭᠠᠬᠤ ᠦᠭᠡᠢ ︵ᠭᠡᠷᠡᠴᠢᠯᠡᠬᠦ ᠮᠠᠲ᠋ᠧᠷᠢᠶᠠᠯ ᠬᠠᠩᠭᠠᠨ᠎ᠠ︶ ︔      3᠂ ᠨᠢᠭᠡ ᠳᠠᠩᠰᠠᠯᠠᠬᠤ ᠦᠶᠡᠯᠡᠯ ᠤᠨ ᠬᠤᠭᠤᠴᠠᠭᠠᠨ ᠳᠤ ᠠᠯᠢ ᠨᠢᠭᠡ ᠵᠢᠯ ᠤᠨ ᠵᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ︔      4. ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠢ ᠵᠥᠷᠢᠴᠡᠭᠰᠡᠨ ᠠᠵᠢᠯᠯᠠᠭᠠᠨ ᠤ ᠵᠢᠷᠤᠮᠵᠢᠯ ᠠᠴᠠ ᠪᠣᠯᠵᠤ ᠰᠢᠢᠳᠬᠡᠯ ︵ᠲᠣᠷᠭᠠᠭᠤᠯᠢ︶ ᠣᠯᠤᠭᠰᠠᠨ ᠪᠥᠭᠡᠳ ᠰᠢᠢᠳᠬᠡᠯ ︵ᠲᠣᠷᠭᠠᠭᠤᠯᠢ︶ ᠤᠨ ᠬᠤᠭᠤᠴᠠᠭᠠᠨ ᠳᠤ           ᠪᠠᠶᠢᠭ᠎ᠠ᠃      ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠦᠷ ᠬᠤᠶᠢᠰᠢᠯᠠᠭᠤᠯᠤᠨ ᠳᠠᠩᠰᠠᠯᠠᠭᠤᠯᠤᠭᠴᠢ ᠲᠤ ᠵᠠᠷᠴᠢᠮ ᠳᠡᠭᠡᠷ᠎ᠡ ᠪᠠᠨ ᠬᠤᠶᠠᠷ ᠵᠢᠯ ᠤᠨ ᠰᠢᠯᠵᠢᠯᠲᠡ ᠶᠢᠨ ᠬᠤᠭᠤᠴᠠᠭ᠎ᠠ ᠣᠯᠭᠤᠵᠤ᠂ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠨᠥᠬᠦᠴᠡᠯ ᠳᠤ ᠬᠦᠷᠦᠭᠰᠡᠨ ᠤ ᠳᠠᠷᠠᠭ᠎ᠠ᠂ ᠳᠠᠬᠢᠵᠤ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠶᠢ ᠭᠤᠶᠤᠴᠢᠯᠠᠵᠤ ᠪᠣᠯᠤᠨ᠎ᠠ᠃ ᠲᠠᠬᠢᠨ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠶᠢ ᠭᠤᠶᠤᠴᠢᠯᠠᠬᠤ ᠨᠥᠬᠦᠴᠡᠯ ᠳᠣᠣᠷᠠᠬᠢ ᠮᠡᠲᠦ᠄ ︵1︶ ᠲᠣᠭᠲᠠᠭᠠᠭᠰᠠᠨ ᠪᠣᠯᠪᠠᠰᠤᠷᠠᠯ ᠤᠨ ᠬᠢᠴᠢᠶᠡᠯ ᠤᠨ ᠴᠠᠭ ᠢ ᠪᠡᠶᠡᠯᠡᠭᠦᠯᠦᠭᠰᠡᠨ ᠦᠭᠡᠢ ᠠᠴᠠ ᠪᠣᠯᠵᠤ ᠳᠠᠩᠰᠠᠯᠠᠬᠤ ᠶᠢ ᠲᠦᠷ ᠬᠤᠶᠢᠰᠢᠯᠠᠭᠤᠯᠤᠭᠰᠠᠨ ᠪᠣᠯ᠂ ᠰᠢᠯᠵᠢᠯᠲᠡ ᠶᠢᠨ ᠬᠤᠭᠤᠴᠠᠭᠠᠨ ᠳᠤ ᠬᠠᠮᠢᠶ᠎ᠠ ᠪᠦᠬᠦᠢ ᠪᠣᠯᠪᠠᠰᠤᠷᠠᠯ ᠳᠤ ᠣᠷᠣᠯᠴᠠᠵᠤ᠂ ᠴᠠᠭ ᠢ ᠪᠦᠷᠢᠳᠦᠭᠦᠯᠬᠦ ᠶᠢᠨ ᠬᠠᠮᠲᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ︔ ︵2︶ ᠰᠤᠷᠭᠠᠨ ᠬᠥᠮᠦᠵᠢᠯ ᠵᠢᠭᠠᠨ ᠰᠤᠷᠭᠠᠯᠲᠠ ᠪᠤᠶᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠵᠣᠭᠰᠤᠭᠠᠵᠤ᠂ ᠳᠠᠩᠰᠠᠯᠠᠬᠤ ᠶᠢ ᠨᠢᠭᠡ ᠰᠤᠷᠤᠯᠭ᠎ᠠ ᠶᠢᠨ ᠬᠤᠭᠤᠴᠠᠭ᠎ᠠ ᠠᠴᠠ ᠳᠡᠭᠡᠭᠰᠢ ᠬᠤᠶᠢᠰᠢᠯᠠᠭᠤᠯᠤᠭᠰᠠᠨ ᠪᠣᠯ᠂ ᠰᠢᠯᠵᠢᠯᠲᠡ ᠶᠢᠨ ᠬᠤᠭᠤᠴᠠᠭᠠᠨ ᠳᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠰᠡᠷᠭᠦᠭᠡᠭᠰᠡᠨ ᠨᠢᠭᠡ ᠵᠢᠯ ᠤᠨ ᠳᠠᠷᠠᠭ᠎ᠠ᠂ ᠰᠢᠯᠭᠠᠨ ᠬᠢᠨᠠᠬᠤ  ᠶᠢᠨ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ︔ ︵3︶ ᠵᠢᠯ ᠤᠨ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠢ ᠳᠠᠩᠰᠠᠯᠠᠬᠤ ᠶᠢ ᠬᠤᠶᠢᠰᠢᠯᠠᠭᠤᠯᠤᠭᠰᠠᠨ ᠪᠣᠯ᠂ ᠰᠢᠯᠵᠢᠯᠲᠡ ᠶᠢᠨ ᠬᠤᠭᠤᠴᠠᠭᠠᠨ ᠳᠤ᠂ ᠪᠠᠶᠢᠭ᠎ᠠ ᠰᠤᠷᠭᠠᠭᠤᠯᠢ ᠠᠴᠠ ᠵᠣᠬᠢᠶᠠᠨ ᠪᠠᠶᠢᠭᠤᠯᠵᠤ ᠰᠢᠯᠭᠠᠨ ᠬᠢᠨᠠᠬᠤ ᠶᠢᠨ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠣᠯᠬᠤ           ᠬᠡᠷᠡᠭᠲᠡᠢ︔ ᠪᠠᠭᠰᠢ ᠶᠢᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠤᠨ ᠠᠵᠢᠯᠯᠠᠭᠠᠨ ᠤ ᠵᠢᠷᠤᠮᠵᠢᠯ ᠢ ᠵᠥᠷᠢᠴᠡᠭᠰᠡᠨ ᠠᠴᠠ ᠪᠣᠯᠵᠤ ᠰᠢᠢᠳᠬᠡᠯ ︵ᠲᠣᠷᠭᠠᠭᠤᠯᠢ︶ ᠣᠯᠤᠭᠰᠠᠨ ᠪᠤᠶᠤ ᠰᠢᠢᠳᠬᠡᠯ ︵ᠲᠣᠷᠭᠠᠭᠤᠯᠢ︶ ᠣᠯᠤᠭᠰᠠᠨ ᠬᠤᠭᠤᠴᠠᠭᠠᠨ ᠳᠤ ᠳᠠᠩᠰᠠᠯᠠᠬᠤ ᠶᠢ ᠬᠤᠶᠢᠰᠢᠯᠠᠭᠤᠯᠤᠭᠰᠠᠨ ᠪᠣᠯ᠂ ᠰᠢᠢᠳᠬᠡᠯ ︵ᠲᠣᠷᠭᠠᠭᠤᠯᠢ︶ ᠢ ᠬᠦᠴᠦᠨ ᠦᠭᠡᠢ ᠪᠣᠯᠭᠠᠬᠤ ᠪᠤᠶᠤ ᠰᠢᠢᠳᠬᠡᠯ ︵ᠲᠣᠷᠭᠠᠭᠤᠯᠢ︶ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠪᠠᠶᠢᠭ᠎ᠠ ᠰᠤᠷᠭᠠᠭᠤᠯᠢ ᠠᠴᠠ ᠵᠣᠬᠢᠶᠠᠨ ᠪᠠᠶᠢᠭᠤᠯᠵᠤ  ᠰᠢᠯᠭᠠᠨ ᠬᠢᠨᠠᠬᠤ‌‍ᠶᠢᠨ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ᠃      ᠪᠠᠭᠰᠢ ᠶᠢᠨ ᠬᠢᠷᠢ ᠭᠡᠮ ᠢ ᠲᠦᠷ ᠬᠤᠶᠢᠰᠢᠯᠠᠭᠤᠯᠤᠨ ᠳᠠᠩᠰᠠᠯᠠᠭᠤᠯᠤᠭᠴᠢ ᠬᠤᠶᠠᠷ ᠵᠢᠯ ᠤᠨ ᠰᠢᠯᠵᠢᠯᠲᠡ ᠶᠢᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠮᠥᠨ ᠯᠡ ᠳᠠᠩᠰᠠᠯᠠᠬᠤ ᠨᠥᠬᠦᠴᠡᠯ ᠳᠤ ᠬᠦᠷᠦᠭᠡᠳᠦᠢ ᠪᠣᠯ ᠳᠠᠩᠰᠠᠯᠠᠬᠤ ᠳᠤ ᠬᠢᠷᠢ ᠲᠡᠩᠴᠡᠭᠰᠡᠨ ᠦᠭᠡᠢ ᠪᠠᠷ ᠦᠵᠡᠨ᠎ᠡ᠃      ︵ᠲᠦᠷᠪᠡ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠴᠠᠭ ᠳᠤ ᠪᠠᠨ ᠳᠠᠩᠰᠠᠯᠠᠭᠤᠯᠤᠭᠰᠠᠨ ᠪᠣᠯᠪᠠᠴᠤ ᠬᠢᠷᠢ ᠲᠡᠩᠴᠡᠭᠰᠡᠨ ᠦᠭᠡᠢ ᠦᠭᠡᠢ ᠪᠠᠷ ᠪᠣᠳᠤᠨ᠎ᠠ᠄      1. ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾᠂ ︽ᠰᠢᠨ᠎ᠡ ᠴᠠᠭ ᠦᠶ᠎ᠡ ᠶᠢᠨ ᠬᠡᠦᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠳᠦᠷᠢᠮ︾᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ︾ ᠪᠠ ᠪᠠᠭᠰᠢ ᠶᠢᠨ ᠶᠣᠰᠣ ᠮᠣᠷᠠᠯ ᠢ ᠰᠢᠯᠭᠠᠨ ᠦᠨᠡᠯᠡᠬᠦ ᠪᠠᠷᠢᠮᠵᠢᠶ᠎ᠠ ᠶᠢ ᠵᠥᠷᠢᠴᠡᠵᠦ᠂ ᠮᠠᠰᠢ ᠮᠠᠭᠤ ᠨᠥᠯᠥᠭᠡ ᠲᠠᠢ︔      2. ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠦᠶᠡᠯᠡᠯ ᠤᠨ ᠬᠤᠭᠤᠴᠠᠭᠠᠨ ᠳᠤ ᠬᠤᠶᠠᠷ ᠵᠢᠯ ᠵᠢᠴᠢ ᠲᠡᠭᠦᠨ ᠠᠴᠠ ᠳᠡᠭᠡᠭᠰᠢᠬᠢ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠢ᠃      3. ᠬᠠᠤᠯᠢ ᠶᠣᠰᠣᠭᠠᠷ ᠪᠠᠭᠰᠢ ᠶᠢᠨ ᠬᠢᠷᠢ ᠭᠡᠮ ᠢ ᠨᠢ  ᠬᠦᠴᠦᠨ ᠦᠭᠡᠢ ᠪᠣᠯᠭᠠᠭᠰᠠᠨ ᠪᠤᠶᠤ ᠪᠠᠭᠰᠢ ᠶᠢᠨ ᠬᠢᠷᠢ ᠬᠡᠮ ᠢᠶᠠᠨ ᠠᠯᠳᠠᠭᠰᠠᠳ᠃      ᠳᠠᠩᠰᠠᠯᠠᠬᠤ ᠬᠡᠪᠴᠢᠶᠡᠨ ᠳᠠᠬᠢ ᠪᠠᠭᠰᠢ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠳᠠᠩᠰᠠᠯᠠᠬᠤ ᠶᠢ ᠭᠤᠶᠤᠴᠢᠯᠠᠬᠤ ᠦᠭᠡᠢ ᠪᠣᠯ᠂ ᠳᠠᠩᠰᠠᠯᠠᠬᠤ ᠳᠤ ᠬᠢᠷᠢ ᠲᠡᠩᠴᠡᠭᠰᠡᠨ ᠦᠭᠡᠢ ᠪᠠᠷ ᠰᠢᠢᠳᠪᠦᠷᠢᠯᠡᠨ᠎ᠡ᠃      ᠳᠠᠩᠰᠠᠯᠠᠬᠤ ᠬᠦᠴᠦᠨ ᠲᠠᠢ ᠬᠤᠭᠤᠴᠠᠭᠠᠨ ᠳᠤ ᠪᠠᠭᠰᠢ ᠶᠢᠨ ᠬᠢᠷᠢ ᠭᠡᠮ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ ᠪᠤᠶᠤ ᠪᠠᠭᠰᠢ ᠶᠢᠨ ᠬᠢᠷᠢ ᠬᠡᠮ ᠢᠶᠠᠨ ᠠᠯᠳᠠᠭᠰᠠᠨ ᠪᠣᠯ ᠳᠠᠩᠰᠠᠯᠠᠬᠤ ᠬᠦᠴᠦᠨ ᠲᠠᠢ ᠬᠤᠭᠤᠴᠠᠭ᠎ᠠ ᠶᠢ ᠠᠶᠠᠨᠳᠠᠭᠠᠨ ᠵᠣᠭᠰᠣᠭᠠᠨ᠎ᠠ᠃      ᠭᠤᠷᠪᠠ᠂ ᠴᠠᠭ ᠤᠨ ᠲᠣᠬᠢᠷᠠᠭᠤᠯᠤᠯᠲᠠ      ︵ᠨᠢᠭᠡ︶ ᠭᠤᠶᠤᠴᠢᠯᠠᠭᠴᠢ ᠰᠦᠯᠵᠢᠶᠡᠨ ᠳᠤ ᠨᠡᠷ᠎ᠡ ᠮᠡᠳᠡᠭᠦᠯᠵᠦ᠂ ᠨᠤᠲᠠᠯᠠᠬᠤ ᠴᠡᠭ ᠠᠬᠤᠢ ᠲᠠᠯᠠᠪᠠᠢ ᠨᠤᠲᠠᠯᠠᠬᠤ᠂ ᠠᠩᠬᠠᠨ ᠤ ᠬᠢᠨᠠᠯᠲᠠ᠂ ᠢᠯᠡ ᠨᠡᠶᠢᠲᠡᠯᠡᠬᠦ ᠵᠢᠴᠢ ᠳᠠᠬᠢᠨ ᠬᠢᠨᠠᠬᠤ ᠴᠠᠭ᠄ 11 ᠰᠠᠷ᠎ᠠ ᠶᠢᠨ 20 - 12 ᠰᠠᠷ᠎ᠠ ᠶᠢᠨ 21 ᠤ ᠡᠳᠦᠷ᠂ ᠡᠯ᠎ᠡ ᠵᠠᠩᠭᠢᠯᠠᠭ᠎ᠠ ᠶᠢᠨ ᠪᠣᠳᠠᠲᠠᠢ ᠴᠠᠭ ᠢ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠲᠣᠬᠢᠷᠠᠭᠤᠯᠤᠨ᠎ᠠ᠃      ︵ᠬᠤᠶᠠᠷ︶ ᠡᠴᠦᠰ ᠤᠨ ᠬᠢᠨᠠᠯᠲᠠ ᠶᠢᠨ ᠴᠠᠭ᠄ 12 ᠰᠠᠷ᠎ᠠ ᠶᠢᠨ 22-12 ᠰᠠᠷ᠎ᠠ ᠶᠢᠨ 25 ᠤ ᠡᠳᠦᠷ︔      ︵ᠭᠤᠷᠪᠠ︶ ᠳᠠᠩᠰᠠᠯᠠᠭᠤᠯᠤᠭᠰᠠᠨ ᠳ᠋ᠦᠩ ᠲᠠᠢ ᠪᠠᠭᠰᠢ ᠶᠢᠨ ᠬᠢᠷᠢ ᠭᠡᠮ ᠤᠨ ᠦᠨᠡᠮᠯᠡᠯ ᠢ ᠠᠪᠤᠨ᠎ᠠ᠃ ᠠᠪᠬᠤ ᠴᠠᠭ ᠪᠠ ᠭᠠᠵᠠᠷ ᠢ ᠳᠠᠩᠰᠠᠯᠠᠬᠤ ᠪᠠᠶᠢᠭᠤᠯᠤᠮᠵᠢ ᠶᠢᠨ ᠮᠡᠳᠡᠭᠳᠡᠯ ᠢᠶᠠᠷ ᠪᠠᠷᠢᠮᠵᠢᠶ᠎ᠠ ᠪᠣᠯᠭᠠᠵᠤ᠂ ᠡᠯ᠎ᠡ ᠳᠠᠩᠰᠠᠯᠠᠬᠤ ᠪᠠᠶᠢᠭᠤᠯᠤᠮᠵᠢ ᠶᠢᠨ ᠨᠡᠶᠢᠲᠡᠯᠡᠭᠰᠡᠨ ᠠᠪᠬᠤ ᠮᠡᠳᠡᠭᠳᠡᠯ ᠪᠤᠶᠤ ᠤᠲᠠᠰᠤ ᠪᠠᠷ ᠯᠠᠪᠯᠠᠬᠤ ᠶᠢ ᠴᠠᠭ ᠲᠤᠬᠠᠢ ᠳᠤ ᠨᠢ ᠠᠩᠬᠠᠷᠬᠤ ᠬᠡᠷᠡᠭᠲᠡᠢ᠃ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠲᠠᠮᠠᠯ ᠬᠤᠭᠤᠴᠠᠭ᠎ᠠ  ᠲᠠᠢ ᠳᠠᠩᠰᠠᠯᠠᠬᠤ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ ᠢ ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶ᠎ᠡ︾ ᠶᠢᠨ ︽ᠵᠦᠪᠯᠡᠯᠭᠡ ᠥᠭᠬᠦ ᠦᠢᠯᠡᠴᠢᠯᠡᠭᠡ︾ ᠪᠤᠯᠤᠩ ᠳᠠᠬᠢ ︽ᠡᠯ᠎ᠡ ᠮᠣᠵᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ︾ ᠲᠤ ᠦᠵᠡᠭᠡᠷᠡᠢ︶      ᠳᠥᠷᠪᠡ᠂ ᠳᠠᠩᠰᠠᠯᠠᠬᠤ ᠳᠡᠰ ᠳᠠᠷᠠᠭᠠᠯᠠᠯ      ᠪᠠᠭᠰᠢ ᠶᠢᠨ ᠬᠢᠷᠢ ᠭᠡᠮ ᠢ ᠣᠯᠵᠤ᠂ ᠠᠩᠬ᠎ᠠ ᠤᠳᠠᠭ᠎ᠠ ᠪᠠᠭᠰᠢ ᠪᠠᠷ ᠤᠷᠢᠭᠳᠠᠭᠰᠠᠨ ᠪᠣᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ ᠰᠢᠯᠭᠠᠨ  ᠬᠢᠨᠠᠭᠠᠳ ᠬᠢᠷᠢ ᠲᠡᠩᠴᠡᠭᠰᠡᠨ ᠡᠳᠦᠷ ᠠᠴᠠ ᠬᠤᠶᠢᠰᠢᠬᠢ ᠬᠠᠮᠤᠭ ᠤᠨ ᠣᠶᠢᠷ᠎ᠠ ᠶᠢᠨ ᠨᠢᠭᠡ ᠤᠳᠠᠭᠠᠨ ᠤ ᠪᠠᠭᠰᠢ ᠶᠢᠨ ᠬᠢᠷᠢ ᠭᠡᠮ  ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠶᠢ ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭᠠᠨ ᠳᠤ ᠠᠩᠬ᠎ᠠ ᠤᠳᠠᠭ᠎ᠠ ᠳᠠᠩᠰᠠᠯᠠᠬᠤ ᠶᠢ ᠭᠤᠶᠤᠴᠢᠯᠠᠵᠤ᠂ ᠠᠩᠬ᠎ᠠ ᠤᠳᠠᠭ᠎ᠠ ᠳᠠᠩᠰᠠᠯᠠᠭᠤᠯᠤᠭᠰᠠᠨ ᠤ ᠳᠠᠷᠠᠭ᠎ᠠ᠂ 5 ᠵᠢᠯ ᠳᠤ ᠨᠢᠭᠡ ᠤᠳᠠᠭ᠎ᠠ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ  ᠶᠢ ᠭᠤᠶᠤᠴᠢᠯᠠᠬᠤ ᠬᠡᠷᠡᠭᠲᠡᠢ᠃      ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠡᠷᠬᠡᠪᠰᠢ ᠲᠤᠰ ᠬᠥᠮᠦᠨ ᠭᠤᠶᠤᠴᠢᠯᠠᠵᠤ᠂ ᠪᠠᠶᠢᠭ᠎ᠠ ᠰᠤᠷᠭᠠᠭᠤᠯᠢ ᠬᠠᠮᠲᠤ  ᠭᠦᠢᠴᠡᠳᠬᠡᠵᠦ᠂ ᠠᠵᠢᠯᠲᠠᠨ ᠤ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠵᠤ ᠳᠠᠩᠰᠠᠯᠠᠬᠤ ᠬᠡᠷᠡᠭᠲᠡᠢ ︵ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠨᠢ ᠰᠤᠷᠭᠠᠭᠤᠯᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠨ ᠳᠠᠩᠰᠠᠯᠠᠨ᠎ᠠ︶᠃     ︵ᠨᠢᠭᠡ︶ ᠳᠠᠩᠰᠠᠯᠠᠬᠤ     ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶ᠎ᠡ︾ ︵https://www.jszg.edu.cn︶ ᠳᠤ ᠲᠠᠩᠰᠠᠨ ᠨᠣᠮᠧᠷ ᠢᠶᠠᠨ ᠳᠠᠩᠰᠠᠯᠠᠭᠤᠯᠤᠭ᠎ᠠ ᠦᠭᠡᠢ ᠭᠤᠶᠤᠴᠢᠯᠠᠭᠴᠢ᠄ ︽ᠰᠦᠯᠵᠢᠶᠡᠨ ᠳᠠᠬᠢ ᠠᠵᠢᠯ ᠶᠠᠪᠤᠳᠠᠯ ᠭᠦᠢᠴᠡᠳᠬᠡᠬᠦ︾ ᠪᠤᠯᠤᠩ ᠢᠶᠠᠷ ᠳᠠᠮᠵᠢᠭᠤᠯᠤᠨ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ︾ ᠦᠢᠯᠡᠴᠢᠯᠡᠭᠡᠨ ᠳᠤ ᠣᠷᠣᠵᠤ᠂ ︽ᠰᠦᠯᠵᠢᠶᠡᠨ ᠳᠤ ᠭᠦᠢᠴᠡᠳᠬᠡᠬᠦ︾ ᠶᠢ ᠳᠣᠶ᠋ᠢᠨ ᠲᠠᠩᠰᠠᠨ ᠨᠣᠮᠧᠷ ᠢᠶᠠᠨ ᠳᠠᠩᠰᠠᠯᠠᠭᠤᠯᠤᠨ᠎ᠠ᠃ ᠳᠠᠩᠰᠠᠨ ᠨᠣᠮᠧᠷ ᠤᠨ ᠮᠡᠳᠡᠭᠡ ᠵᠠᠩᠭᠢ ᠨᠢ ᠬᠤᠶᠢᠰᠢᠳᠠ ᠶᠢᠨ ᠪᠠᠭᠰᠢ ᠶᠢᠨ ᠬᠢᠷᠢ ᠭᠡᠮ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠰᠢᠭᠤᠳ ᠬᠤᠯᠪᠣᠭᠳᠠᠵᠤ᠂ ᠡᠷᠬᠡᠪᠰᠢ ᠨᠠᠷᠢᠨ ᠨᠢᠮᠪᠠᠢ ᠲᠠᠭᠯᠠᠨ ᠪᠢᠴᠢᠬᠦ ᠬᠡᠷᠡᠭᠲᠡᠢ᠃ ᠪᠣᠳᠠᠲᠠᠢ ᠠᠵᠢᠯᠯᠠᠬᠤ ᠶᠢ ︽ᠵᠦᠪᠯᠡᠯᠭᠡ ᠥᠭᠬᠦ ᠦᠢᠯᠡᠴᠢᠯᠡᠭᠡ︾ - ︽ᠠᠵᠢᠯᠯᠠᠭᠠᠨ ᠤ ᠭᠠᠷ ᠳᠡᠪᠲᠡᠷ︾ ᠪᠤᠯᠤᠩ ᠳᠠᠬᠢ ︽ᠭᠤᠶᠤᠴᠢᠯᠠᠭᠴᠢ ᠶᠢᠨ ᠲᠠᠩᠰᠠᠨ ᠨᠣᠮᠧᠷ ᠢ ᠳᠡᠩᠰᠡᠯᠡᠵᠦ ᠲᠡᠮᠳᠡᠭᠯᠡᠬᠦ ᠭᠠᠷ ᠠᠪᠤᠯᠭ᠎ᠠ︾ ᠳᠤ ᠨᠠᠷᠢᠨ ᠨᠢᠮᠪᠠᠢ ᠤᠩᠰᠢᠭᠠᠷᠠᠢ᠃      ︵ᠬᠤᠶᠠᠷ︶ ᠨᠡᠷ᠎ᠡ ᠮᠡᠳᠡᠭᠦᠯᠬᠦ      ᠭᠤᠶᠤᠴᠢᠯᠠᠭᠴᠢ ᠡᠷᠬᠡᠪᠰᠢ ᠲᠣᠭᠲᠠᠭᠰᠠᠨ ᠰᠦᠯᠵᠢᠶᠡᠨ ᠳᠤ ᠨᠡᠷ᠎ᠡ ᠮᠡᠳᠡᠭᠦᠯᠬᠦ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠢ᠃ ᠪᠣᠳᠠᠲᠠᠢ ᠠᠵᠢᠯᠯᠠᠬᠤ ᠶᠢ ᠳᠤᠮᠳᠠᠳᠤ ᠤᠯᠤᠰ ᠤᠨ ᠪᠠᠭᠰᠢ  ᠶᠢᠨ ᠬᠢᠷᠢ ᠭᠡᠮ ᠤᠨ ᠰᠦᠯᠵᠢᠶ᠎ᠡ ᠶᠢᠨ ︽ ᠵᠦᠪᠯᠡᠯᠭᠡ ᠥᠭᠬᠦ ᠦᠢᠯᠡᠴᠢᠯᠡᠭᠡ︾ - ︽ᠠᠵᠢᠯᠯᠠᠭᠠᠨ ᠤ ᠭᠠᠷ ᠠᠪᠤᠯᠭ᠎ᠠ︾ ᠪᠤᠯᠤᠩ ᠳᠠᠬᠢ ︽ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠪᠠᠷ ᠭᠤᠶᠤᠴᠢᠯᠠᠭᠴᠢ ᠶᠢᠨ ᠬᠡᠷᠡᠭᠯᠡᠭᠡᠨ ᠤ ᠭᠠᠷ ᠠᠪᠤᠯᠭ᠎ᠠ︾ ᠳᠤ ᠨᠠᠷᠢᠨ ᠨᠢᠮᠪᠠᠢ ᠣᠩᠰᠢᠭᠠᠷᠠᠢ᠃      1. ᠪᠠᠭᠰᠢᠯᠠᠵᠤ ᠪᠠᠶᠢᠭ᠎ᠠ ᠭᠠᠵᠠᠷ ᠣᠷᠣᠨ ᠢ ᠦᠨᠳᠦᠰᠦᠯᠡᠨ᠂ ᠳᠠᠩᠰᠠᠯᠠᠬᠤ ᠡᠷᠬᠡ ᠶᠢᠨ ᠬᠢᠵᠠᠭᠠᠷ ᠲᠤ ᠵᠣᠬᠢᠴᠠᠭᠰᠠᠨ ᠳᠠᠩᠰᠠᠯᠠᠬᠤ ᠪᠠᠶᠢᠭᠤᠯᠤᠮᠵᠢ ᠶᠢ ᠰᠣᠩᠭᠤᠨ᠎ᠠ᠃      2. ᠰᠦᠯᠵᠢᠶᠡᠨ ᠳᠤ ᠨᠡᠷ᠎ᠡ ᠮᠡᠳᠡᠭᠦᠯᠦᠨ᠎ᠡ᠃ ᠰᠦᠯᠵᠢᠶᠡᠨ ᠳᠤ ᠨᠡᠷ᠎ᠡ ᠮᠡᠳᠡᠭᠦᠯᠬᠦ ᠬᠤᠭᠤᠴᠠᠭᠠᠨ ᠳᠤ᠂ ᠭᠤᠶᠤᠴᠢᠯᠠᠭᠴᠢ ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶ᠎ᠡ︾ ᠳᠤ ᠣᠷᠣᠵᠤ᠂ ︽ᠰᠦᠯᠵᠢᠶᠡᠨ ᠳᠤ ᠠᠵᠢᠯ ᠶᠠᠪᠤᠳᠠᠯ ᠭᠦᠢᠴᠡᠳᠬᠡᠬᠦ︾ ᠪᠤᠯᠤᠩ ᠳᠠᠬᠢ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ  ᠲᠠᠢ ᠳᠠᠩᠰᠠᠯᠠᠬᠤ︾ ᠦᠢᠯᠡᠴᠢᠯᠡᠭᠡᠨ ᠢᠶᠠᠷ ᠳᠠᠮᠵᠢᠭᠤᠯᠤᠨ᠂ ︽ᠰᠦᠯᠵᠢᠶᠡᠨ ᠳᠤ ᠭᠦᠢᠴᠡᠳᠬᠡᠬᠦ︾ ᠶᠢ ᠳᠣᠲᠣᠯᠠᠵᠤ᠂ ᠨᠢᠭᠡᠨᠲᠡ ᠳᠠᠩᠰᠠᠯᠠᠭᠤᠯᠤᠭᠰᠠᠨ ᠲᠠᠩᠰᠠᠨ ᠨᠣᠮᠧᠷ ᠪᠠ ᠨᠢᠭᠤᠴᠠ ᠨᠣᠮᠧᠷ ᠢᠶᠠᠨ ᠬᠡᠷᠡᠭᠯᠡᠨ ᠨᠡᠷ᠎ᠡ ᠮᠡᠳᠡᠭᠦᠯᠬᠦ ᠰᠢᠰᠲ᠋ᠧᠮ ᠲᠤ ᠨᠠᠷᠢᠨ ᠬᠢᠨᠠᠮᠠᠭᠠᠢ ᠤᠩᠰᠢᠵᠤ᠂ ᠨᠡᠷ᠎ᠡ ᠮᠡᠳᠡᠭᠦᠯᠬᠦ ᠠᠴᠠ ᠡᠮᠦᠨ᠎ᠡ ︽ᠰᠦᠯᠵᠢᠶᠡᠨ ᠳᠠᠬᠢ ᠨᠡᠷ᠎ᠡ ᠮᠡᠳᠡᠭᠦᠯᠬᠦ ᠬᠡᠯᠡᠯᠴᠡᠭᠡᠷ︾ ᠢ ᠨᠠᠷᠢᠨ ᠬᠢᠨᠠᠮᠠᠭᠠᠢ ᠤᠩᠰᠢᠭᠠᠷᠠᠢ᠃      ︵ᠭᠤᠷᠪᠠ︶ ᠠᠬᠤᠢ ᠲᠠᠯᠠᠪᠠᠢ ᠳᠤ ᠨᠣᠲᠠᠯᠠᠬᠤ      ᠭᠤᠶᠤᠴᠢᠯᠠᠭᠴᠢ ᠰᠦᠯᠵᠢᠶᠡᠨ ᠳᠤ ᠨᠡᠷ᠎ᠡ ᠮᠡᠳᠡᠭᠦᠯᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠰᠣᠩᠭᠤᠭᠰᠠᠨ ᠳᠠᠩᠰᠠᠯᠠᠬᠤ ᠪᠠᠶᠢᠭᠤᠯᠤᠮᠵᠢ ᠶᠢᠨ ᠠᠯᠪᠠᠨ ᠵᠠᠷᠯᠠᠯ ᠲᠠᠬᠢ ᠨᠤᠲᠠᠯᠠᠬᠤ ᠴᠠᠭ᠂ ᠭᠠᠵᠠᠷ᠂ ᠠᠷᠭ᠎ᠠ ᠮᠠᠶ᠋ᠢᠭ ᠵᠡᠷᠭᠡ ᠪᠠᠷ ᠠᠬᠤᠢ ᠲᠠᠯᠠᠪᠠᠢ ᠳᠤ ᠨᠤᠲᠠᠯᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ ᠢ ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶ᠎ᠡ︾ ᠳᠠᠬᠢ ︽ᠵᠦᠪᠯᠡᠯᠭᠡ ᠥᠭᠬᠦ ᠦᠢᠯᠡᠴᠢᠯᠡᠭᠡ︾ ᠪᠤᠯᠤᠩ ᠳᠠᠬᠢ ︽ᠡᠯ᠎ᠡ ᠮᠣᠵᠢ ᠶᠢᠨ ᠲᠣᠭᠲᠠᠭᠰᠠᠨ ᠬᠤᠭᠤᠴᠠᠭᠠᠨ ᠳᠤ ᠳᠠᠩᠰᠠᠯᠠᠬᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ︾ ᠲᠤ ᠦᠵᠡᠭᠡᠷᠡᠢ᠃      ᠣᠨᠴᠠᠭᠠᠶᠢᠯᠠᠨ ᠰᠠᠨᠠᠭᠤᠯᠬᠤ ᠨᠢ᠄ ᠭᠤᠶᠤᠴᠢᠯᠠᠭᠴᠢ ᠴᠠᠭ ᠲᠤᠬᠠᠢ ᠳᠤ ᠨᠢ ︽ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾᠂ ︽ᠠᠩᠬᠠᠷᠬᠤ ᠵᠦᠢᠯ︾ ᠵᠢᠴᠢ ︽ᠦᠭᠡ ᠦᠯᠡᠳᠡᠭᠡᠬᠦ︾ ᠵᠡᠷᠭᠡ ᠪᠤᠯᠤᠩ ᠢᠶᠠᠷ ᠳᠠᠮᠵᠢᠭᠤᠯᠤᠨ᠂ ᠳᠠᠩᠰᠠᠯᠠᠬᠤ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠬᠤ ᠪᠤᠶᠤ ᠨᠥᠬᠦᠪᠥᠷᠢᠯᠡᠬᠦ ᠬᠡᠷᠡᠭᠲᠡᠢ᠃      ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠠᠬᠤᠢ ᠲᠠᠯᠠᠪᠠᠢ ᠳᠤ ᠨᠣᠲᠠᠯᠠᠬᠤ ᠠᠵᠢᠯ ᠢ ᠬᠠᠷᠢᠭᠤᠴᠠᠬᠤ ᠬᠡᠷᠡᠭᠲᠡᠢ᠃ ᠪᠠᠭᠰᠢ ᠨᠠᠷ ᠰᠦᠯᠵᠢᠶᠡᠨ ᠳᠤ ᠨᠡᠷ᠎ᠡ ᠮᠡᠳᠡᠭᠦᠯᠬᠦ ᠬᠤᠭᠤᠴᠠᠭᠠᠨ ᠳᠤ᠂ ᠰᠤᠷᠭᠠᠭᠤᠯᠢ ᠡᠷᠬᠡᠪᠰᠢ ᠲᠤᠰᠬᠠᠢ ᠬᠥᠮᠦᠨ ᠲᠣᠬᠢᠷᠠᠭᠤᠯᠤᠨ ᠵᠡᠷᠭᠡ ᠳᠤ ᠨᠢ ᠠᠬᠤᠢ ᠲᠠᠯᠠᠪᠠᠢ  ᠳᠤ ᠨᠣᠲᠠᠯᠠᠬᠤ ᠠᠵᠢᠯ ᠢ ᠬᠢᠵᠦ᠂ ᠪᠠᠭᠰᠢ ᠨᠠᠷ ᠤᠨ ᠰᠦᠯᠵᠢᠶᠡᠨ ᠳᠤ ᠨᠡᠷ᠎ᠡ ᠮᠡᠳᠡᠭᠦᠯᠬᠦ ᠮᠠᠲ᠋ᠧᠷᠢᠶᠠᠯ ᠤᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠬᠢᠨᠠᠨ ᠪᠠᠶᠢᠴᠠᠭᠠᠬᠤ ᠬᠡᠷᠡᠭᠲᠡᠢ᠃ ᠠᠬᠤᠢ ᠲᠠᠯᠠᠪᠠᠢ ᠳᠤ  ᠨᠣᠲᠠᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠲᠤᠰ ᠰᠤᠷᠭᠠᠭᠤᠯᠢ ᠶᠢᠨ ᠪᠠᠭᠰᠢ ᠶᠢᠨ ᠭᠤᠶᠤᠴᠢᠯᠠᠯ ᠤᠨ ᠮᠠᠲ᠋ᠧᠷᠢᠶᠠᠯ ᠢ ᠬᠠᠷᠢᠶ᠎ᠠ ᠬᠤᠰᠢᠭᠤ ᠰᠢᠶᠠᠨ ᠵᠢᠴᠢ ᠲᠡᠭᠦᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠢᠭᠡᠳᠦᠯᠲᠡᠢ ᠮᠡᠳᠡᠭᠦᠯᠵᠦ ᠠᠩᠬ᠎ᠠ ᠬᠢᠨᠠᠬᠤ ᠬᠡᠷᠡᠭᠲᠡᠢ᠃      ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ  ᠲᠠᠢ ᠳᠠᠩᠰᠠᠯᠠᠬᠤ  ᠳᠤ ᠳᠣᠣᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄      1 . ︽ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠭᠤᠶᠤᠴᠢᠯᠠᠯ ᠤᠨ ᠬᠦᠰᠦᠨᠦᠭᠲᠦ︾ ᠨᠢᠭᠡ ᠬᠡᠯᠪᠡᠷᠢ ᠶᠢ 2 ᠬᠤᠪᠢ︔ ︵ᠡᠨᠡ ᠬᠦᠰᠦᠨᠦᠭᠲᠦ ᠶᠢ ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠢ ᠰᠦᠯᠵᠢᠶᠡᠨ ᠳᠤ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠥᠪᠡᠰᠦᠪᠡᠨ A4  ᠴᠠᠭᠠᠰᠤᠨ ᠳᠤ ᠰᠦᠯᠵᠢᠶᠡᠨ ᠠᠴᠠ ᠳᠠᠷᠤᠮᠠᠯᠯᠠᠨ᠎ᠠ᠃︶      2 . ︽ᠪᠠᠭᠰᠢ ᠶᠢᠨ ᠬᠢᠷᠢ ᠭᠡᠮ ᠤᠨ ᠦᠨᠡᠮᠯᠡᠯ︾ ᠤᠨ ᠤᠭ ᠮᠠᠲ᠋ᠧᠷᠢᠶᠠᠯ      3 . ᠪᠠᠭᠰᠢᠯᠠᠵᠤ ᠪᠠᠶᠢᠭ᠎ᠠ ᠰᠤᠷᠭᠠᠭᠤᠯᠢ ᠪᠤᠶᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠤᠷᠢᠬᠤ ᠭᠡᠷ᠎ᠡ ᠪᠠ ᠪᠠᠭᠤᠯᠭᠠᠪᠤᠷᠢ 1 ᠬᠤᠪᠢ      4 . ᠪᠠᠶᠢᠭ᠎ᠠ ᠰᠤᠷᠭᠠᠭᠤᠯᠢ ᠠᠴᠠ ᠭᠠᠷᠭᠠᠭᠰᠠᠨ ᠪᠠᠭᠰᠢ ᠶᠢᠨ ᠶᠣᠰᠣ ᠮᠣᠷᠠᠯ ᠤᠨ ᠢᠯᠡᠷᠡᠯ  ᠤᠨ ᠭᠡᠷᠡᠴᠢ      5 . ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠦᠶᠡᠯᠡᠯ ᠤᠨ ᠬᠤᠭᠤᠴᠠᠭᠠᠨ ᠳᠤ 5 ᠵᠢᠯ ᠤᠨ ᠡᠯ᠎ᠡ ᠵᠢᠯ ᠤᠨ ᠰᠢᠯᠭᠠᠨ ᠬᠢᠨᠠᠭᠰᠠᠨ ᠪᠠᠶᠢᠳᠠᠯ ᠤᠨ ᠭᠡᠷᠡᠴᠢ︔      6 . ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠠᠭᠰᠢ ᠶᠢᠨ ᠪᠣᠯᠪᠠᠰᠤᠷᠠᠯ ᠤᠨ ᠭᠡᠷᠡᠴᠢ︔      7 . ᠰᠤᠷᠭᠠᠭᠤᠯᠢ ᠠᠴᠠ ᠭᠠᠷᠭᠠᠭᠰᠠᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠠᠶᠢᠳᠠᠯ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ ᠥᠩᠭᠡᠷᠡᠭᠰᠡᠨ ᠭᠡᠷᠡᠴᠢ᠃ ᠰᠤᠷᠭᠠᠭᠤᠯᠢ ᠪᠤᠶᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ  ᠢᠶᠠᠷ ᠵᠦᠪᠰᠢᠶᠡᠷᠡᠭᠦᠯᠵᠦ ᠡᠪᠡᠳᠴᠢᠨ ᠢᠶᠠᠷ ᠠᠮᠠᠷᠠᠭᠰᠠᠳ᠂ ᠡᠷᠬᠡᠪᠰᠢ ᠡᠪᠡᠳᠴᠢᠨ ᠢᠶᠠᠷ ᠠᠮᠠᠷᠠᠬᠤ ᠭᠡᠷᠡᠴᠢ ᠬᠠᠩᠭᠠᠬᠤ ᠬᠡᠷᠡᠭᠲᠡᠢ᠃      ᠪᠠᠭᠰᠢ ᠠᠩᠬ᠎ᠠ ᠤᠳᠠᠭ᠎ᠠ ᠳᠠᠩᠰᠠᠯᠠᠬᠤ ᠶᠢ ᠭᠤᠶᠤᠴᠢᠯᠠᠬᠤ ᠳᠤ᠂ 1᠂ 2᠂ 3᠂ 4᠂ 7 ᠶᠢᠨ ᠮᠠᠲ᠋ᠧᠷᠢᠶᠠᠯ ᠢ ᠲᠤᠰᠢᠶᠠᠬᠤ ᠶᠢᠨ ᠬᠠᠮᠲᠤ᠂ ᠳᠡᠭᠡᠷ᠎ᠡ ᠨᠢᠭᠡ ᠵᠢᠯ ᠤᠨ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠪᠤᠶᠤ ᠲᠤᠷᠰᠢᠨ ᠬᠡᠷᠡᠭᠯᠡᠬᠦ ᠬᠤᠭᠤᠴᠠᠭᠠᠨ ᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠭᠡᠷᠡᠴᠢ ᠶᠢ ᠲᠤᠰᠢᠶᠠᠬᠤ ᠬᠡᠷᠡᠭᠲᠡᠢ᠃ ᠳᠠᠩᠰᠠᠯᠠᠬᠤ ᠶᠢ ᠳᠠᠬᠢᠨ ᠭᠤᠶᠤᠴᠢᠯᠠᠬᠤ ᠶᠢ ᠲᠦᠷ ᠬᠤᠶᠢᠰᠢᠯᠠᠭᠤᠯᠬᠤ ᠳᠤ ᠬᠦᠷᠪᠡᠯ᠂ ᠪᠠᠶᠢᠳᠠᠯ ᠦᠭᠡᠢ ᠪᠣᠯᠤᠭᠰᠠᠨ ᠭᠡᠷᠡᠴᠢ ᠪᠤᠶᠤ ᠬᠤᠯᠪᠣᠭᠳᠠᠯ ᠪᠦᠬᠦᠢ ᠪᠠᠶᠢᠳᠠᠯ ᠢ ᠵᠠᠯᠠᠷᠠᠭᠤᠯᠤᠭᠰᠠᠨ ᠨᠥᠬᠦᠪᠥᠷᠢ ᠭᠡᠷᠡᠴᠢ ᠶᠢ ᠲᠤᠰᠢᠶᠠᠬᠤ ᠬᠡᠷᠡᠭᠲᠡᠢ᠃      ᠡᠭᠦᠨ ᠳᠤ 3᠂ 4᠂ 5᠂ 7 ᠶᠢ ᠰᠤᠷᠭᠠᠭᠤᠯᠢ ᠨᠢᠭᠡᠳᠦᠯᠲᠡᠢ ᠬᠠᠩᠭᠠᠵᠤ᠂ ᠬᠥᠮᠦᠨ ᠪᠦᠷᠢ ᠨᠢᠭᠡ ᠬᠤᠪᠢ ᠬᠡᠷᠡᠭᠰᠡᠨ᠎ᠡ᠃      ︵ᠲᠦᠷᠪᠡ︶ ᠠᠩᠬᠠᠨ ᠤ ᠬᠢᠨᠠᠯᠲᠠ ᠵᠢᠴᠢ ᠢᠯᠡ ᠨᠡᠶᠢᠲᠡᠯᠡᠬᠦ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠲᠤᠰ ᠬᠠᠷᠢᠶ᠎ᠠ ᠣᠷᠣᠨ ᠤ ᠪᠠᠨ ᠬᠠᠷᠢᠶ᠎ᠠ ᠰᠤᠷᠭᠠᠭᠤᠯᠢ ᠶᠢᠨ ᠪᠠᠭᠰᠢ ᠨᠠᠷ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠶᠢᠨ ᠠᠩᠬ᠎ᠠ ᠬᠢᠨᠠᠬᠤ ᠠᠵᠢᠯ ᠢ ᠬᠠᠷᠢᠭᠤᠴᠠᠵᠤ᠂ ᠠᠩᠬ᠎ᠠ ᠬᠢᠨᠠᠭᠰᠠᠨ ᠰᠠᠨᠠᠯ ᠳᠤᠷᠠᠳᠬᠤ ᠬᠡᠷᠡᠭᠲᠡᠢ᠃ ᠠᠩᠬᠠᠨ ᠤ ᠬᠢᠨᠠᠯᠲᠠ ᠳᠠᠭᠤᠰᠤᠭᠰᠠᠨ ᠤ ᠳᠠᠷᠠᠭ᠎ᠠ᠂ ᠡᠨᠡ ᠤᠳᠠᠭᠠᠨ ᠤ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠠᠵᠢᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠵᠦ᠂ ᠳᠠᠩᠰᠠᠯᠠᠬᠤ ᠠᠩᠬᠠᠨ ᠤ ᠬᠢᠨᠠᠯᠲᠠ ᠶᠢᠨ ᠳ᠋ᠦᠩᠨᠡᠯᠲᠡ ᠶᠢ ᠳᠤᠷᠠᠳᠬᠤ ᠶᠢᠨ ᠬᠠᠮᠲᠤ 5 ᠠᠵᠢᠯ ᠤᠨ ᠡᠳᠦᠷ ᠢᠯᠡ ᠨᠡᠶᠢᠲᠡᠯᠡᠬᠦ ᠬᠡᠷᠡᠭᠲᠡᠢ᠃      ︵ᠲᠠᠪᠤ︶ ᠳᠠᠬᠢᠨ ᠬᠢᠨᠠᠬᠤ      ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠳᠠᠬᠢᠨ ᠬᠢᠨᠠᠬᠤ ᠶᠢ ᠬᠠᠷᠢᠭᠤᠴᠠᠨ᠎ᠠ᠃      ︵ᠵᠢᠷᠭᠤᠭ᠎ᠠ︶ ᠡᠴᠦᠰ ᠤᠨ ᠬᠢᠨᠠᠯᠲᠠ      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠠᠩᠰᠠᠯᠠᠬᠤ ᠭᠤᠶᠤᠴᠢᠯᠠᠯ ᠳᠤ ᠡᠴᠦᠰ ᠤᠨ ᠬᠢᠨᠠᠯᠲᠠ ᠬᠢᠬᠦ ᠶᠢᠨ ᠬᠠᠮᠲᠤ ᠪᠠᠭᠰᠢ ᠶᠢᠨ ᠬᠢᠷᠢ ᠭᠡᠮ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠳᠠᠩᠰᠠᠯᠠᠭᠰᠠᠨ ᠳ᠋ᠦᠩᠨᠡᠯᠲᠡ ᠪᠠᠨ ᠲᠠᠭᠯᠠᠨ ᠮᠡᠳᠡᠭᠦᠯᠬᠦ ᠬᠡᠷᠡᠭᠲᠡᠢ᠃      ︵ᠳᠣᠯᠤᠭ᠎ᠠ︶ ᠳᠠᠩᠰᠠᠯᠠᠭᠰᠠᠨ ᠳ᠋ᠦᠩᠨᠡᠯᠲᠡ ᠵᠢᠴᠢ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠡᠴᠦᠰ ᠤᠨ ᠬᠢᠨᠠᠭᠰᠠᠨ ᠰᠠᠨᠠᠯ ᠢ ᠦᠨᠳᠦᠰᠦᠯᠡᠨ ᠳᠠᠩᠰᠠᠯᠠᠭᠰᠠᠨ  ᠳ᠋ᠦᠩᠨᠡᠯᠲᠡ ᠪᠠᠨ ᠨᠡᠶᠢᠲᠡᠯᠡᠵᠦ᠂ ᠭᠤᠶᠤᠴᠢᠯᠠᠭᠴᠢ ᠶᠢᠨ ︽ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠭᠤᠶᠤᠴᠢᠯᠠᠯ ᠤᠨ ᠬᠦᠰᠦᠨᠦᠭᠲᠦ︾ ᠪᠠ ︽ᠪᠠᠭᠰᠢ ᠶᠢᠨ ᠬᠢᠷᠢ ᠭᠡᠮ ᠤᠨ ᠦᠨᠡᠮᠯᠡᠯ︾ ᠤᠨ ᠳᠠᠭᠠᠯᠳᠤᠭᠤᠯᠤᠯ ᠨᠢᠭᠤᠷ ᠲᠤ ᠳᠠᠩᠰᠠᠯᠠᠭᠰᠠᠨ ᠳ᠋ᠦᠩᠨᠡᠯᠲᠡ ᠪᠠᠨ ᠲᠣᠳᠣᠷᠬᠠᠶᠢᠯᠠᠵᠤ᠂ ᠭᠤᠶᠤᠴᠢᠯᠠᠭᠴᠢ ᠶᠢᠨ ︽ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠭᠤᠶᠤᠴᠢᠯᠠᠯ ᠤᠨ ᠬᠦᠰᠦᠨᠦᠭᠲᠦ︾ ᠶᠢ ᠬᠤᠪᠢ ᠬᠥᠮᠦᠨ ᠤ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠳᠤ ᠣᠷᠣᠭᠤᠯᠤᠨ᠂ ᠠᠩᠬ᠎ᠠ ᠬᠢᠨᠠᠭᠰᠠᠨ ᠪᠠᠶᠢᠭᠤᠯᠤᠮᠵᠢ ᠠᠴᠠ ᠳᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠬᠤ ᠬᠡᠷᠡᠭᠲᠡᠢ᠃      ᠲᠠᠪᠤ᠂ ᠪᠤᠰᠤᠳ ᠵᠦᠢᠯ      ︵ᠨᠢᠭᠡ︶ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠭᠤᠶᠤᠴᠢᠯᠠᠭᠴᠢ ᠥᠪᠡᠷᠲᠡᠭᠡᠨ ᠭᠤᠶᠤᠴᠢᠯᠠᠨ ᠮᠡᠳᠡᠭᠦᠯᠵᠦ ᠲᠠᠭᠯᠠᠨ ᠪᠢᠴᠢᠬᠦ ᠬᠡᠷᠡᠭᠲᠡᠢ᠂ ᠮᠡᠳᠡᠭᠡ ᠵᠠᠩᠭᠢ ᠨᠢ ᠡᠷᠬᠡᠪᠰᠢ ᠦᠨᠡᠨ ᠪᠣᠳᠠᠲᠠᠢ ᠪᠥᠭᠡᠳ ᠬᠦᠴᠦᠨ ᠲᠠᠢ᠂ ᠬᠡᠷᠪᠡ ᠬᠤᠳᠠᠯ ᠬᠠᠭᠤᠷᠮᠠᠭ ᠮᠡᠳᠡᠭᠡ ᠵᠠᠩᠭᠢ ᠲᠠᠢ ᠪᠣᠯ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢᠨ ᠬᠤᠷᠢᠳᠤᠭᠠᠷ ᠵᠦᠢᠯ ᠳᠤ᠂ ︽ᠭᠤᠶᠤᠴᠢᠯᠠᠭᠴᠢ ᠬᠤᠯᠪᠣᠭᠳᠠᠯ ᠪᠦᠬᠦᠢ ᠪᠠᠶᠢᠳᠠᠯ ᠢ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠭᠰᠢ ᠶᠢᠨ ᠬᠢᠷᠢ ᠭᠡᠮ ᠢ ᠳᠠᠩᠰᠠᠯᠠᠬᠤ ᠶᠢ ᠭᠤᠶᠤᠴᠢᠯᠠᠭᠰᠠᠨ ᠪᠣᠯ᠂ ᠪᠠᠶᠢᠳᠠᠯ ᠢ ᠦᠵᠡᠵᠦ ᠳᠠᠩᠰᠠᠯᠠᠬᠤ ᠶᠢ ᠬᠤᠶᠢᠰᠢᠯᠠᠭᠤᠯᠬᠤ ᠪᠤᠶᠤ ᠳᠠᠩᠰᠠᠯᠠᠬᠤ ᠳᠤ ᠬᠢᠷᠢ ᠲᠡᠩᠴᠡᠭᠰᠡᠨ ᠦᠭᠡᠢ ᠪᠠᠷ ᠦᠵᠡᠵᠦ ᠵᠣᠬᠢᠬᠤ ᠰᠢᠢᠳᠬᠡᠯ ᠥᠭᠭᠦᠨ᠎ᠡ︔ ᠨᠢᠭᠡᠨᠲᠡ ᠳᠠᠩᠰᠠᠯᠠᠭᠤᠯᠤᠭᠰᠠᠨ ᠪᠣᠯ᠂ ᠳᠠᠩᠰᠠᠯᠠᠭᠰᠠᠨ ᠢ ᠬᠦᠴᠦᠨ ᠦᠭᠡᠢ ᠪᠣᠯᠭᠠᠬᠤ ᠶᠢ ᠬᠡᠷᠡᠭᠵᠢᠭᠦᠯᠦᠨ᠎ᠡ᠃      ︵ᠬᠤᠶᠠᠷ︶ ᠭᠤᠶᠤᠴᠢᠯᠠᠭᠴᠢ ᠡᠷᠬᠡᠪᠰᠢ ᠲᠣᠭᠲᠠᠭᠰᠠᠨ ᠴᠠᠭ᠂ ᠭᠠᠵᠠᠷ ᠣᠷᠣᠨ ᠪᠠ ᠱᠠᠭᠠᠷᠳᠠᠯᠭ᠎ᠠ ᠶᠣᠰᠣᠭᠠᠷ ᠰᠦᠯᠵᠢᠶᠡᠨ ᠳᠤ ᠨᠡᠷ᠎ᠡ ᠮᠡᠳᠡᠭᠦᠯᠬᠦ ᠪᠠ ᠠᠬᠤᠢ ᠲᠠᠯᠠᠪᠠᠢ ᠳᠤ ᠬᠢᠨᠠᠨ ᠬᠠᠷᠭᠤᠭᠤᠯᠬᠤ ᠬᠡᠷᠡᠭᠲᠡᠢ᠂ ᠨᠡᠷ᠎ᠡ ᠮᠡᠳᠡᠭᠦᠯᠬᠦ ᠴᠠᠭ ᠥᠩᠭᠡᠷᠡᠭᠡᠭᠰᠡᠨ᠂ ᠳᠠᠩᠰᠠᠯᠠᠭᠰᠠᠨ ᠪᠠᠶᠢᠭᠤᠯᠤᠮᠵᠢ ᠪᠤᠶᠤ ᠠᠬᠤᠢ ᠲᠠᠯᠠᠪᠠᠢ ᠳᠤ ᠨᠣᠲᠠᠯᠠᠬᠤ ᠴᠡᠭ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠨᠢ ᠪᠤᠷᠤᠭᠤ ᠲᠠᠢ ᠪᠤᠶᠤ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠤ ᠲᠣᠭᠲᠠᠭᠰᠠᠨ ᠴᠠᠭ ᠳᠤ ᠪᠠᠨ ᠰᠦᠯᠵᠢᠶᠡᠨ ᠳᠤ ᠨᠡᠷ᠎ᠡ ᠮᠡᠳᠡᠭᠦᠯᠬᠦ ᠪᠤᠶᠤ ᠠᠬᠤᠢ ᠲᠠᠯᠠᠪᠠᠢ ᠳᠤ ᠨᠤᠲᠠᠯᠠᠬᠤ ᠠᠵᠢᠯ ᠢ ᠪᠡᠶᠡᠯᠡᠭᠦᠯᠦᠭᠰᠡᠨ ᠦᠭᠡᠢ ᠪᠣᠯ᠂ ᠳᠠᠩᠰᠠᠯᠠᠬᠤ ᠪᠠᠶᠢᠭᠤᠯᠤᠮᠵᠢ ᠳᠠᠭᠢᠵᠤ ᠬᠦᠯᠢᠶᠡᠨ ᠠᠪᠴᠤ ᠰᠢᠢᠳᠪᠦᠷᠢᠯᠡᠬᠦ ᠦᠭᠡᠢ᠂ ᠬᠠᠷᠢᠭᠤᠴᠠᠯᠭ᠎ᠠ ᠶᠢ ᠭᠤᠶᠤᠴᠢᠯᠠᠭᠴᠢ ᠥᠪᠡᠰᠦᠪᠡᠨ ᠡᠭᠦᠷᠭᠡᠯᠡᠨ᠎ᠡ᠃      ︵ᠭᠤᠷᠪᠠ︶ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠳᠤ ᠪᠠᠭᠰᠢ ᠪᠠ ᠰᠤᠷᠭᠠᠭᠤᠯᠢ  ᠠᠴᠠ ᠶᠠᠮᠠᠷᠪᠠ ᠰᠦᠢᠳᠬᠡᠯ ᠬᠤᠷᠢᠶᠠᠬᠤ ᠦᠭᠡᠢ᠃      ︵ᠳᠥᠷᠪᠡ︶ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠠᠵᠢᠯ ᠤᠨ ᠶᠠᠪᠤᠴᠠ ᠳᠤ ᠬᠡᠷᠪᠡ ᠮᠠᠳᠠᠭ ᠲᠠᠢ ᠪᠣᠯ ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ ᠤᠨ ᠰᠦᠯᠵᠢᠶᠡᠨ ᠤ ᠵᠠᠮᠴᠢᠯᠠᠭᠴᠢ ᠪᠤᠯᠤᠩ ᠳᠠᠬᠢ ︽ᠵᠦᠪᠯᠡᠯᠭᠡ ᠥᠭᠬᠦ ᠦᠢᠯᠡᠴᠢᠯᠡᠭᠡ︾-︽ᠪᠠᠶᠢᠩᠭᠤ ᠲᠣᠬᠢᠶᠠᠯᠳᠤᠬᠤ ᠠᠰᠠᠭᠤᠳᠠᠯ︾ ᠲᠠᠢ ᠬᠠᠷᠢᠴᠠᠭᠤᠯᠤᠨ ᠰᠢᠢᠳᠪᠦᠷᠢᠯᠡᠬᠦ ᠪᠤᠶᠤ ᠲᠤᠬᠠᠢ ᠶᠢᠨ ᠭᠠᠵᠠᠷ ᠤᠨ ᠳᠠᠩᠰᠠᠯᠠᠬᠤ ᠪᠠᠶᠢᠭᠤᠯᠤᠮᠵᠢ ᠶᠢᠨ ᠵᠦᠪᠯᠡᠯᠭᠡ ᠥᠭᠬᠦ ᠤᠲᠠᠰᠤᠨ ᠳᠤ ᠤᠲᠠᠰᠤᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ ︽ᠳᠤᠮᠳᠠᠳᠤ ᠤᠯᠤᠰ ᠤᠨ ᠪᠠᠭᠰᠢ ᠶᠢᠨ ᠬᠢᠷᠢ ᠭᠡᠮ  ᠤᠨ           ᠰᠦᠯᠵᠢᠶ᠎ᠡ︾ ᠳᠠᠬᠢ ︽ᠵᠦᠪᠯᠡᠯᠭᠡ ᠥᠭᠬᠦ ᠦᠢᠯᠡᠴᠢᠯᠡᠭᠡ︾ ᠪᠤᠯᠤᠩ ᠳᠠᠬᠢ ︽ᠡᠯ᠎ᠡ ᠮᠣᠵᠢ ᠶᠢᠨ ᠲᠣᠭᠲᠠᠮᠠᠯ ᠬᠤᠭᠤᠴᠠᠭ᠎ᠠ ᠲᠠᠢ  ᠳᠠᠩᠰᠠᠯᠠᠬᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ︾ ᠳᠤ ᠦᠵᠡᠭᠡᠷᠡᠢ᠃      ᠪᠤᠰᠤᠳ ᠳᠠᠭᠤᠰᠤᠭᠠᠳᠤᠢ ᠵᠦᠢᠯ ᠢ ᠡᠯ᠎ᠡ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ ᠪᠠᠶᠢᠭᠤᠯᠤᠮᠵᠢ ᠶᠢᠨ ᠨᠡᠶᠢᠲᠡᠯᠡᠭᠰᠡᠨ ᠮᠡᠳᠡᠭᠳᠡᠯ ᠤᠨ ᠠᠯᠪᠠᠨ ᠵᠠᠷᠯᠠᠯ ᠲᠤ ᠨᠠᠷᠢᠨ ᠦᠵᠡᠭᠡᠷᠡᠢ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                 2023 ᠣᠨ ᠤ 10 ᠰᠠᠷ᠎ᠠ ᠶᠢᠨ 30 ᠤ ᠡᠳᠦᠷ 
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map