ᠪᠡᠶ᠎ᠡ ᠶᠢᠨ ᠲᠠᠮᠢᠷ ᠤᠨ ᠣᠷᠭᠢᠯᠤᠮ᠎ᠠ ᠰᠡᠳᠬᠢᠯᠭᠡ ᠶᠢ ᠪᠠᠳᠠᠷᠠᠭᠤᠯᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠭᠠᠶᠢᠬᠠᠭᠤᠯᠤᠨᠠᠮ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠳᠤᠭᠤᠶᠢᠯᠠᠩ ᠤᠨ ᠲᠥᠯᠦᠭᠡᠯᠡᠭᠴᠢ ᠶᠢᠨ ᠪᠦᠯᠬᠦᠮ ᠤᠨ ᠬᠢᠨ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠰᠤᠷᠤᠭᠴᠢ ︵ᠵᠠᠯᠠᠭᠤᠴᠤᠳ︶ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠮᠣᠷᠳᠠᠪᠠ
ᠨᠡᠶᠢᠲᠡᠯᠡᠭᠰᠡᠨ ᠴᠠᠭ᠄
2023/11/9
      ᠬᠦᠰᠡᠯ ᠪᠡᠶᠡᠯᠡᠭᠦᠯᠬᠦ ᠰᠢᠨ᠎ᠡ ᠡᠷᠡᠨ᠂ ᠬᠡᠷᠡᠯ ᠰᠠᠴᠤᠷᠠᠭᠰᠠᠨ ᠵᠠᠯᠠᠭᠤ ᠨᠠᠰᠤ ᠃ 11 ᠰᠠᠷ᠎ᠠ ᠶᠢᠨ 5 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢ           ︵ᠵᠠᠯᠠᠭᠤᠴᠤᠳ︶ ᠶᠢᠨ ᠪᠡᠶ᠎ᠡ ᠶᠢᠨ ᠲᠠᠮᠢᠷ ᠤᠨ ᠴᠤᠭᠯᠠᠭᠠᠨ ︵ᠳᠣᠷᠣᠭᠰᠢ ︽ᠰᠤᠷᠤᠭᠴᠢ  ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠭᠡᠵᠦ ᠳᠦᠭᠦᠮᠴᠢᠯᠡᠨ᠎ᠡ︶ ᠭᠤᠸᠠᠩᠰᠢ ᠶᠢᠨ ᠪᠡᠶ᠎ᠡ ᠶᠢᠨ ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠤᠷ ᠲᠤ ᠦᠪᠡᠳᠡᠭᠰᠢ ᠶᠡᠭᠡ ᠪᠠᠷ ᠡᠬᠢᠯᠡᠪᠡ᠃

1.png

      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢ

︵ᠵᠠᠯᠠᠭᠤᠴᠤᠳ︶ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠡᠭᠡᠷ᠎ᠡ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠦᠭᠡᠯᠡᠭᠴᠢ ᠶᠢᠨ ᠪᠦᠯᠬᠦᠮ ᠲᠠᠯᠠᠪᠠᠢ ᠳᠤ ᠣᠷᠣᠵᠤ ᠪᠠᠶᠢᠭ᠎ᠠ ᠨᠢ

      ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠨᠢ ︽ᠪᠣᠬᠢᠷᠲᠤᠯ ᠦᠭᠡᠢ᠂ ᠬᠠᠮᠲᠤ ᠡᠳ᠋ᠯᠡᠬᠦ᠂

ᠨᠡᠭᠡᠭᠡᠯᠲᠡᠲᠦ᠂ ᠠᠷᠢᠭᠤᠨ ᠴᠢᠬᠡᠴᠢ︾ ᠤᠷᠤᠯᠳᠤᠭᠠᠨ ᠡᠷᠬᠢᠯᠡᠬᠦ ᠣᠶᠢᠯᠠᠭᠠᠭᠳᠠᠬᠤᠨ ᠢ ᠢᠯᠡᠷᠡᠭᠦᠯᠵᠦ᠂ ︽ᠠᠷᠪᠢᠴᠢ

ᠭᠠᠮᠲᠠᠢ᠂ ᠠᠮᠤᠷ ᠲᠦᠪᠰᠢᠨ᠂ ᠭᠤᠶᠢᠳᠠ ᠰᠠᠶᠢᠬᠠᠨ︾ ᠤᠷᠤᠯᠳᠤᠭᠠᠨ ᠤ ᠱᠠᠭᠠᠷᠳᠠᠯᠭ᠎ᠠ ᠶᠣᠰᠣᠭᠠᠷ ︽ᠵᠠᠯᠠᠭᠤ ᠨᠠᠰᠤ᠂

ᠪᠦᠯᠬᠦᠮᠳᠡᠯ᠂ ᠨᠥᠬᠦᠷᠯᠡᠯ︾ ᠢᠶᠠᠷ ᠦᠨᠳᠦᠰᠦᠨ ᠬᠥᠭ ᠠᠶᠠᠰ ᠪᠣᠯᠭᠠᠨ᠂ ︽ᠬᠦᠰᠡᠯ ᠪᠡᠶᠡᠯᠡᠭᠦᠯᠬᠦ ᠰᠢᠨ᠎ᠡ ᠡᠷᠡᠨ

ᠭᠡᠷᠡᠯ ᠰᠠᠴᠤᠷᠠᠭᠰᠠᠨ ᠵᠠᠯᠠᠭᠤ ᠨᠠᠰᠤ ︾ ᠪᠠᠷ ᠭᠤᠣᠯ ᠰᠡᠳᠦᠪ ᠪᠣᠯᠭᠠᠵᠤ᠂ ᠪᠡᠶ᠎ᠡ ᠶᠢᠨ ᠲᠠᠮᠢᠷ ᠪᠠ ᠰᠤᠷᠭᠠᠨ

ᠬᠥᠮᠦᠵᠢᠯ ᠤᠨ ᠠᠭᠤᠰᠤᠯᠴᠠᠭ᠎ᠠ ᠶᠢ ᠳᠣᠪᠤᠶᠢᠯᠭᠠᠵᠤ᠂ ᠠᠮᠢᠵᠢᠷᠠᠯ ᠤᠨ ᠬᠦᠴᠦᠨ᠂ ᠴᠠᠭ ᠦᠶᠡᠴᠢ ᠴᠢᠨᠠᠷ᠂ ᠥᠰᠦᠨ

ᠪᠤᠶᠢᠵᠢᠯᠲᠠ ᠶᠢ ᠲᠣᠪᠤᠶᠢᠯᠭᠠᠨ᠂ ᠰᠣᠶᠣᠯ ᠪᠠ ᠪᠡᠶ᠎ᠡ ᠶᠢᠨ ᠲᠠᠮᠢᠷ ᠵᠢᠭᠠᠨ ᠰᠤᠷᠭᠠᠯᠲᠠ ᠶᠢ ᠵᠡᠷᠭᠡ ᠳᠤ ᠨᠢ

ᠴᠢᠬᠤᠯᠠᠴᠢᠯᠠᠭᠰᠠᠨ᠂ ᠤᠷᠠᠯᠢᠭ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠭᠤᠰᠬᠠᠭᠰᠠᠨ ᠪᠡᠶ᠎ᠡ ᠶᠢᠨ ᠲᠠᠮᠢᠷ ᠤᠨ

ᠦᠪᠡᠳᠡᠭᠰᠢ ᠴᠤᠭᠯᠠᠭᠠᠨ ᠪᠣᠯᠤᠨ᠎ᠠ᠃

   

2.png

      ᠡᠨᠡ ᠬᠤᠭᠤᠴᠠᠭᠠᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠤᠤᠯ ᠤᠨ

ᠪᠦᠬᠦ ᠤᠯᠤᠰ ᠤᠨ ᠰᠤᠷᠤᠭᠴᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠤᠤᠯ ᠤᠨ ᠪᠦᠬᠦ ᠤᠯᠤᠰ ᠤᠨ

ᠬᠤᠲᠠ ᠶᠢᠨ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠨᠡᠶᠢᠯᠡᠭᠦᠯᠦᠭᠰᠡᠨ ᠠᠴᠠ ᠪᠦᠷᠢᠯᠳᠦᠵᠦ᠂ ᠡᠨᠡ

ᠵᠢᠯ ᠠᠩᠬ᠎ᠠ ᠤᠳᠠᠭ᠎ᠠ ᠡᠷᠬᠢᠯᠡᠵᠦ ᠪᠠᠶᠢᠭ᠎ᠠ ᠶᠤᠮ᠃ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ

ᠴᠤᠭᠯᠠᠭᠠᠨ ᠢ ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ ᠤ ᠳᠤᠭᠤᠶᠢᠯᠠᠩ ᠪᠠ ᠴᠢᠯᠦᠭᠡᠲᠦ ᠤᠷᠤᠯᠳᠤᠭᠠᠨ ᠤ

ᠳᠤᠭᠤᠶᠢᠯᠠᠩ ᠭᠡᠵᠦ ᠬᠤᠪᠢᠶᠠᠨ᠂ ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ ᠳᠤ ᠪᠦᠬᠦ ᠤᠯᠤᠰ ᠠᠴᠠ ᠢᠷᠡᠭᠰᠡᠨ

34 ᠲᠥᠯᠦᠭᠡᠯᠡᠭᠴᠢ ᠶᠢᠨ ᠠᠩᠭᠢ᠂ 8372 ᠰᠤᠷᠤᠭᠴᠢ ᠲᠠᠮᠢᠷᠴᠢᠨ ᠣᠷᠣᠯᠴᠠᠵᠤ᠂ ᠬᠦᠨᠳᠦ ᠬᠥᠩᠭᠡᠨ ᠪᠡᠶ᠎ᠡ ᠶᠢᠨ

ᠲᠠᠮᠢᠷ ᠤᠨ ᠤᠷᠤᠯᠳᠤᠭᠠᠨ᠂ ᠤᠮᠪᠠᠯᠲᠠ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠫᠢᠩᠫᠠᠩ

ᠪᠥᠮᠪᠦᠭᠡ᠂ ᠥᠳᠥᠨ ᠪᠥᠮᠪᠦᠭᠡ᠂ ᠭᠤᠸᠠᠵᠢᠯ ᠬᠢᠮᠨᠠᠰᠲ᠋ᠢᠺ ︵ᠬᠥᠭᠵᠢᠶᠡᠨᠲᠦ ᠪᠡᠶ᠎ᠡ ᠶᠢᠨ ᠲᠠᠮᠢᠷ︶᠂ ᠵᠡᠪᠰᠡᠭ ᠤᠨ ᠡᠷᠳᠡᠮ᠂

ᠲᠡᠪᠡᠭ ᠢᠰᠬᠦᠯᠬᠦ ᠵᠡᠷᠭᠡ 10 ᠶᠡᠭᠡ ᠵᠦᠢᠯ ᠢ ᠪᠠᠭᠲᠠᠭᠠᠵᠠᠢ᠃

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠮᠦᠨᠡᠬᠢ ᠬᠤᠭᠤᠴᠠᠭᠠᠨ ᠤ ᠰᠢᠯᠢᠨ ᠰᠣᠩᠭᠤᠯᠲᠠ ᠵᠢᠴᠢ

ᠪᠡᠯᠡᠳᠬᠡᠯ ᠤᠷᠤᠯᠳᠤᠭᠠᠨ ᠢᠶᠠᠷ ᠳᠠᠮᠵᠢᠨ᠂ 174 ᠰᠤᠷᠤᠭᠴᠢ ᠲᠠᠮᠢᠷᠴᠢᠨ ᠢ ᠰᠣᠩᠭᠤᠨ ᠰᠤᠷᠭᠠᠭᠤᠯᠢ ᠶᠢᠨ

ᠬᠦᠷᠢᠶᠡᠨ ᠤ ᠤᠷᠤᠯᠳᠤᠭᠠᠨ ᠤ ᠳᠤᠭᠤᠶᠢᠯᠠᠩ ᠤᠨ 6 ᠶᠡᠭᠡ ᠲᠥᠷᠥᠯ᠂ 11 ᠬᠤᠪᠢᠶᠠᠷᠢ ᠲᠥᠷᠦᠯ᠂ 113 ᠪᠠᠭ᠎ᠠ

ᠲᠥᠷᠥᠯ ᠤᠨ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ ᠲᠥᠷᠥᠯ ᠢ

ᠲᠤᠰ ᠲᠤᠰ ᠶᠡᠭᠡ ᠰᠤᠷᠭᠠᠭᠤᠯᠢ ᠶᠢᠨ ᠬᠥᠬᠡ ᠳᠤᠭᠤᠶᠢᠯᠠᠩ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ

ᠤᠷᠤᠯᠳᠤᠭᠠᠨ᠂ ᠶᠡᠭᠡ ᠰᠤᠷᠭᠠᠭᠤᠯᠢ ᠶᠢᠨ ᠬᠥᠬᠡᠭᠴᠢᠨ ᠳᠤᠭᠤᠶᠢᠯᠠᠩ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ

ᠤᠷᠤᠯᠳᠤᠭᠠᠨ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ

ᠤᠷᠤᠯᠳᠤᠭᠠᠨ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠢ  ᠶᠢᠨ ᠬᠥᠯ ᠪᠥᠮᠪᠦᠭᠡ᠂ ᠳᠤᠮᠳᠠᠳᠤ

ᠰᠤᠷᠭᠠᠭᠤᠯᠢ ᠶᠢᠨ ᠳᠤᠭᠤᠶᠢᠯᠠᠩ ᠤᠨ ᠡᠮᠡᠭᠲᠡᠢ ᠶᠢᠨ ᠠᠯᠠᠭᠠᠳᠠᠬᠤ ᠪᠥᠮᠪᠦᠭᠡ ᠵᠢᠴᠢ ᠶᠡᠭᠡ ᠰᠤᠷᠭᠠᠭᠤᠯᠢ ᠶᠢᠨ

ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠭᠤᠸᠠᠵᠢᠯ ᠬᠢᠮᠨᠠᠰᠲ᠋ᠢᠺ ︵ᠬᠥᠭᠵᠢᠶᠡᠨᠲᠦ ᠪᠡᠶ᠎ᠡ ᠶᠢᠨ

ᠲᠠᠮᠢᠷ︶᠂ ᠵᠡᠪᠰᠡᠭ  ᠤᠨ ᠡᠷᠳᠡᠮ᠂ ᠲᠡᠪᠡᠭ ᠢᠰᠭᠦᠯᠬᠦ ᠳᠤ ᠣᠷᠣᠯᠴᠠᠭᠤᠯᠪᠠ᠃

3.png

 

4.png

      5 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ

ᠪᠠᠶᠢᠴᠠᠭᠠᠭᠴᠢ᠂ ᠲᠥᠯᠦᠭᠡᠯᠡᠭᠴᠢ ᠶᠢᠨ ᠪᠦᠯᠬᠦᠮ ᠤᠨ ᠳᠡᠳ᠋ ᠳᠠᠷᠤᠭ᠎ᠠ ᠵᠦ ᠪᠦᠦ ᠵᠢᠶᠠᠩ ᠨᠠᠷ ᠰᠤᠷᠤᠭᠴᠢ

ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠶ᠎ᠡ ᠶᠢᠨ ᠲᠠᠮᠢᠷ ᠤᠨ ᠲᠣᠰᠬᠤᠨ ᠳᠤ ᠬᠦᠷᠴᠦ᠂ ᠮᠠᠨ ᠤ

ᠣᠷᠣᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷᠭᠠᠭᠤᠯᠢ ᠶᠢᠨ ᠬᠦᠷᠢᠶᠡᠨ ᠤ

ᠵᠡᠪᠰᠡᠭ ᠤᠨ ᠡᠷᠳᠡᠮ᠂ ᠲᠡᠪᠡᠭ ᠢᠰᠭᠦᠯᠬᠦ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠢ ᠳᠣᠲᠣᠨᠣ ᠪᠠᠷ

ᠬᠠᠯᠠᠮᠵᠢᠯᠠᠨ ᠪᠣᠯᠭᠤᠭᠠᠵᠤ᠂ ᠪᠡᠶ᠎ᠡ ᠶᠢᠨ ᠲᠠᠮᠢᠷ ᠤᠨ ᠲᠣᠰᠬᠤᠨ ᠤ ᠬᠤᠨᠣᠵᠤ ᠬᠡᠪᠲᠡᠬᠦ ᠵᠢᠴᠢ ᠪᠣᠯᠪᠠᠰᠤᠷᠠᠯ ᠤᠨ

ᠨᠥᠬᠦᠴᠡᠯ᠂ ᠲᠠᠯᠠᠪᠤᠷ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠮᠢᠷᠴᠢᠳ ᠤᠨ ᠪᠣᠯᠪᠠᠰᠤᠷᠠᠯ ᠳᠤ

ᠪᠡᠯᠡᠳᠬᠡᠬᠦ᠂ ᠪᠡᠶ᠎ᠡ ᠮᠠᠬᠠᠪᠣᠳ ᠤᠨ ᠪᠠᠶᠢᠳᠠᠯ ᠵᠡᠷᠭᠡ ᠶᠢ ᠯᠠᠪᠯᠠᠨ ᠠᠰᠠᠭᠤᠵᠤ᠂ ᠤᠷᠤᠯᠳᠤᠭᠠᠨ ᠳᠤ ᠣᠷᠣᠯᠴᠠᠭᠰᠠᠨ

ᠰᠤᠷᠤᠭᠴᠢ ᠲᠠᠮᠢᠷᠴᠢᠳ ᠢ ᠵᠣᠷᠢᠭᠵᠢᠭᠤᠯᠵᠤ ᠪᠠᠶᠢᠬᠤ ᠪᠠᠨ ᠢᠯᠡᠳᠬᠡᠭᠰᠡᠨ ᠪᠥᠭᠡᠳ ᠴᠢᠩ ᠰᠡᠳᠬᠢᠯ ᠤᠨ ᠬᠦᠰᠡᠯ

ᠨᠠᠶᠢᠳᠠᠯᠭ᠎ᠠ ᠲᠠᠯᠪᠢᠨ᠂ ᠰᠤᠷᠤᠭᠴᠢ ᠲᠠᠮᠢᠷᠴᠢᠳ ᠤᠨ ᠡᠨᠡ ᠤᠳᠠᠭᠠᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ

ᠲᠠᠮᠢᠷ ᠤᠨ ᠴᠤᠭᠯᠠᠭᠠᠨ ᠤ ᠤᠷᠤᠯᠳᠤᠭᠠᠨ ᠢᠶᠠᠷ ᠳᠡᠮᠵᠢᠨ᠂ ᠤᠷ᠎ᠠ ᠮᠡᠷᠭᠡᠵᠢᠯ ᠢᠶᠠᠨ ᠶᠠᠷᠢᠯᠴᠠᠵᠤ᠂ ᠮᠡᠳᠡᠯᠭᠡ ᠪᠠᠨ

ᠨᠡᠮᠡᠭᠳᠡᠭᠦᠯᠦᠨ᠂ ᠰᠠᠶᠢᠨ ᠲᠠᠯ᠎ᠠ ᠶᠢ ᠰᠢᠩᠭᠡᠭᠡᠨ ᠠᠪᠴᠤ ᠳᠤᠲᠠᠭᠳᠠᠯ ᠲᠠᠢ ᠲᠠᠯ᠎ᠠ ᠪᠠᠨ  ᠨᠥᠬᠦᠪᠦᠷᠢᠯᠡᠨ᠂

ᠬᠠᠮᠲᠤ ᠳᠤ ᠪᠠᠨ ᠳᠠᠪᠰᠢᠬᠤ ᠶᠢ ᠬᠦᠰᠡᠪᠡ᠃

      ᠲᠤᠰ ᠬᠤᠭᠤᠴᠠᠭᠠᠨ ᠤ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠪᠡᠶ᠎ᠡ ᠶᠢᠨ

ᠲᠠᠮᠢᠷ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠪᠦᠬᠦ

ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ᠂ ᠰᠢᠨ᠎ᠡ ᠴᠠᠭ ᠦᠶ᠎ᠡ ᠶᠢᠨ ᠵᠠᠯᠠᠭᠤ

ᠰᠤᠷᠤᠭᠴᠢᠳ ᠤᠨ ᠴᠤᠭ ᠵᠢᠪᠬᠤᠭ᠎ᠠ ᠶᠢ ᠢᠯᠡᠷᠡᠭᠦᠯᠬᠦ ᠴᠢᠬᠤᠯᠠ ᠲᠠᠪᠴᠠᠩ ᠪᠠᠶᠢᠵᠤ᠂ ᠪᠡᠶ᠎ᠡ ᠶᠢᠨ ᠲᠠᠮᠢᠷ ᠤᠨ

ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ          

ᠶᠤᠮ᠃ ᠮᠠᠨ ᠤ ᠣᠷᠣᠨ ᠤ ᠰᠤᠷᠤᠭᠴᠢ ᠲᠠᠮᠢᠷᠴᠢᠳ ᠰᠢᠷᠭᠠᠭᠤ ᠬᠠᠲᠠᠭᠤᠵᠢᠯᠲᠠᠢ ᠮᠥᠷᠥᠶᠢᠴᠡᠵᠦ᠂ ᠢᠳᠡᠪᠬᠢᠲᠡᠢ

ᠤᠷᠤᠭᠰᠢᠯᠠᠨ ᠳᠠᠪᠰᠢᠵᠤ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠳᠦᠷᠰᠦ ᠪᠠᠶᠢᠳᠠᠯ ᠢ

ᠭᠠᠶᠢᠬᠠᠭᠤᠯᠤᠨ᠂ ᠴᠤᠭ ᠪᠠᠳᠠᠷᠠᠩᠭᠤᠢ ᠡᠷᠡᠮᠡᠬᠡᠶᠢᠯᠡᠬᠦ ᠵᠣᠷᠢᠭ ᠢᠶᠠᠷ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ

ᠬᠥᠭᠵᠢᠭᠡᠵᠦ᠂ ᠰᠤᠷᠤᠭᠴᠢ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠪᠴᠠᠩ ᠳᠤ ᠵᠠᠯᠠᠭᠤ

ᠨᠠᠰᠤᠨ ᠤ ᠭᠠᠶᠢᠬᠠᠮᠰᠢᠭ ᠦᠵᠡᠭᠦᠯᠪᠡ᠃

   

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map