ᠪᠠᠭᠰᠢ ᠭᠦᠮᠤᠨ ᠤ ᠡᠳᠤᠷ ᠲᠤᠵᠢ ᠬᠢᠭᠦ ᠭᠤᠷᠪᠠᠨ ᠴᠢᠬᠤᠯᠠ ᠶᠠᠪᠤᠳᠠᠯ
ᠨᠡᠶᠢᠲᠡᠯᠡᠭᠰᠡᠨ ᠴᠠᠭ᠄
2023/11/9
                            ᠰᠠᠶᠢᠡᠡᠯᠪᠡᠭ      ᠪᠠᠭᠰᠢ ᠭᠦᠮᠤᠨ ᠪᠤᠯ ᠪᠢᠴᠢᠭ ᠵᠢᠭᠠᠵᠤ ᠭᠦᠮᠤᠨ ᠢ ᠭᠦᠮᠦᠵᠢᠭᠦᠯᠭᠦ ᠨᠠᠨᠳᠢᠨ ᠡᠭᠦᠷᠭᠡ ᠬᠠᠷᠢᠭᠤᠴᠠᠯᠭ᠎ᠠ ᠲᠠᠢ ᠪᠠᠶᠢᠳᠠᠭ ᠠᠴᠠ ᠨᠡᠶᠢᠭᠡᠮ ᠲᠠᠶᠠᠭᠠᠷ ᠲᠤ ᠭᠦᠨᠳᠤᠯᠡᠭᠳᠡᠵᠤ᠂ ᠦᠪᠡᠷ ᠤᠨ ᠪᠡᠶ᠎ᠡ ᠳᠤ ᠪᠠᠨ ᠴᠦ ᠴᠢᠩᠭ᠎ᠠ ᠬᠠᠳᠠᠭᠤ ᠱᠠᠭᠠᠷᠳᠠᠯᠭ᠎ᠠ ᠶᠢ ᠲᠠᠯᠪᠢᠳᠠᠭ ᠠᠴᠠ ᠶᠠᠭᠠᠷᠠᠯᠳᠠᠢ ᠮᠦᠷᠳᠡᠭᠡᠨ ᠵᠦᠳᠡᠷᠡᠯᠳᠡᠢ ᠪᠠᠶᠢᠳᠠᠭ᠃ ᠡ᠊ᠨᠳᠠ ᠪᠠᠭᠰᠢ ᠭᠦᠮᠤᠨ ᠤ ᠡᠳᠤᠷ ᠲᠤᠵᠢ ᠬᠢᠭᠦ ᠭᠤᠷᠪᠠᠨ ᠴᠢᠬᠤᠯᠠ ᠶᠠᠪᠤᠳᠠᠯ ᠢ ᠲᠦᠭᠦᠮᠭᠡᠨ ᠶᠠᠷᠢᠶ᠎ᠠ᠃      ᠨᠢᠭᠡ᠂ ᠪᠢᠳᠠ ᠡᠳᠤᠷ ᠲᠤ ᠪᠠᠨ ᠨᠢᠭᠡ ᠡᠷᠡᠨ ᠤ ᠠᠮᠳᠠᠳᠤ ᠬᠤᠭᠤᠯᠠ ᠶᠢ ᠪᠡᠯᠡᠳᠭᠡᠨ ᠬᠢᠵᠤ ᠢᠳᠡᠴᠢᠭᠡᠶ᠎ᠡ᠃      ᠬᠤᠭᠤᠯᠠ ᠪᠤᠳᠠᠭ᠎ᠠ ᠪᠠᠨ ᠬᠢᠵᠤ ᠢᠳᠡᠭᠦ ᠪᠤᠯ ᠪᠢᠳᠠᠨ ᠤ ᠶᠡᠷᠤ ᠶᠢᠨ ᠪᠠᠶᠢᠩᠭᠤ ᠶᠢᠨ ᠠᠵᠢᠯ ᠪᠤᠯᠤᠨ᠎ᠠ᠂ ᠭᠡᠪᠡᠴᠤ ᠠᠵᠢᠯ ᠤᠨ ᠶᠠᠭᠠᠷᠠᠤ᠂ ᠴᠢᠨᠠᠭᠰᠢᠯᠠᠪᠠᠯ ᠴᠠᠭ ᠦᠶ᠎ᠡ ᠶᠢᠨ ᠭᠦᠭᠵᠢᠯᠳᠠ ᠶᠢᠨ ᠲᠦᠭᠦᠮ ᠠᠴᠠ ᠪᠤᠯᠵᠤ ᠪᠢᠳᠠ ᠨᠢᠭᠡ ᠡᠳᠤᠷ ᠤᠨ ᠭᠤᠷᠪᠠᠨ ᠡᠷᠡᠨ ᠤ ᠬᠤᠭᠤᠯᠠ ᠪᠠᠨ ᠢᠩᠬᠢᠵᠤ ᠲᠡᠭᠡᠵᠤ ᠠᠷᠭᠠᠴᠠᠭᠠᠬᠤ ᠪᠤᠶᠤ ᠲᠦᠭᠦᠮᠴᠢᠯᠡᠵᠤ ᠢᠳᠡᠳᠡᠭ᠃ ᠦᠵᠡᠭᠦ ᠳᠤ ᠴᠠᠭ ᠲᠤ ᠠᠷᠪᠢᠳᠡᠢ ᠮᠦᠷᠳᠡᠭᠡᠨ ᠲᠦᠭᠦᠮ ᠲᠦᠳᠡ ᠶᠢᠨ ᠲᠦᠷᠦᠭᠳᠡᠯ ᠦᠭᠳᠡᠭ᠃ ᠶᠠᠭᠠᠬᠢᠪ ᠳ᠋ᠠ᠂ ᠶᠠᠭᠠᠷᠠᠤ ᠠᠴᠠ ᠪᠤᠯᠤᠬᠰᠠᠨ ᠢ ᠤᠶᠢᠯᠠᠭᠠᠵᠤ ᠪᠤᠯᠤᠨ᠎ᠠ᠂ ᠭᠡᠪᠡᠴᠤ ᠪᠢᠳᠠ ᠡᠨᠡᠭᠦ ᠠᠰᠠᠭᠤᠳᠠᠯ ᠢ ᠲᠠᠬᠢᠨ ᠰᠡᠳᠬᠢᠵᠤ ᠦᠵᠡᠪᠡᠯ ᠭᠡᠷᠪᠡ ᠡᠳᠤᠷ ᠲᠤ ᠪᠠᠨ ᠬᠠᠮᠤᠭ ᠤᠨ ᠨᠠᠭᠠᠳᠤ ᠵᠠᠬ᠎ᠠ ᠳᠤ ᠪᠠᠨ ᠨᠢᠭᠡ ᠡᠷᠡᠨ ᠤ ᠬᠤᠭᠤᠯᠠ ᠪᠠᠨ ᠦᠪᠡᠷ ᠢᠶᠠᠨ ᠬᠢᠵᠤ ᠢᠳᠡᠪᠠᠯ ᠭᠡᠳᠤᠢ ᠤᠯᠠᠨ ᠰᠠᠶᠢᠨ ᠲᠠᠢ ᠲᠠᠯ᠎ᠠ ᠪᠠᠶᠢᠬᠤ ᠶᠢ ᠤᠯᠵᠤ ᠲᠠᠨᠢᠵᠤ ᠪᠤᠯᠤᠨ᠎ᠠ᠃ ᠨᠡᠩ ᠢᠯᠠᠩᠭᠤᠶ᠎ᠠ ᠲᠤᠩ ᠴᠢᠬᠤᠯᠠ ᠨᠦᠯᠦᠭᠡ ᠶᠢ ᠠᠪᠴᠢᠷᠠᠳᠠᠭ᠃ ᠪᠤᠳᠠᠳᠡᠢ ᠭᠡᠯᠡᠪᠠᠯ ᠪᠢᠳᠠᠨ ᠤ ᠪᠡᠶ᠎ᠡ ᠮᠠᠬᠠᠪᠤᠳ ᠤᠨ ᠡᠷᠡᠭᠦᠯ ᠮᠠᠨᠳᠤ᠂ ᠲᠤᠳᠤᠭᠠᠳᠤ ᠰᠡᠳᠬᠢᠴᠠ ᠶᠢᠨ ᠲᠠᠶᠢᠪᠤᠰᠢᠷᠠᠯ ᠵᠢᠴᠢ ᠰᠤᠷᠭᠠᠨ ᠭᠦᠮᠦᠵᠢᠭᠦᠯᠭᠦ ᠤᠶᠤᠨ ᠤᠬᠠᠭᠠᠨ ᠤ ᠲᠠᠯ᠎ᠠ ᠪᠠᠷ ᠠᠷᠪᠢᠨ ᠵᠦᠪ ᠭᠦᠴᠤᠨ ᠵᠦᠢᠯ ᠢ ᠤᠯᠭᠤᠵᠤ ᠦᠭᠳᠡᠭ ᠪᠠᠶᠢᠨ᠎ᠠ᠃ ᠬᠤᠭᠤᠯᠠ ᠪᠤᠳᠠᠭ᠎ᠠ ᠪᠠᠨ ᠦᠪᠡᠷ ᠢᠶᠠᠨ ᠪᠡᠯᠡᠳᠭᠡᠵᠤ ᠬᠢᠭᠦ ᠶᠠᠪᠤᠴᠠ ᠳᠤ ᠤᠶᠤᠨ ᠲᠠᠷᠢᠬᠢ ᠴᠢᠨᠠᠭᠰᠢᠯᠠᠪᠠᠯ ᠲᠤᠳᠤᠭᠠᠳᠤ ᠰᠡᠳᠬᠢᠴᠠ ᠪᠠᠨ ᠲᠠᠷᠦ᠋ᠢᠬᠠᠨ ᠲᠤᠩ ᠶᠠᠭᠠᠷᠠᠯᠳᠠᠢ ᠪᠠᠶᠢᠭ᠎ᠠ ᠰᠤᠷᠭᠠᠨ ᠭᠦᠮᠤᠵᠢᠯ ᠤᠨ ᠠᠵᠢᠯ ᠠᠴᠠ ᠪᠠᠨ ᠰᠠᠯᠭᠠᠵᠤ ᠠᠪᠴᠢᠷᠠᠭᠠᠳ ᠠᠮᠢᠳᠤᠷᠠᠯ ᠤᠨ ᠬᠠᠯᠠᠭᠤᠨ ᠪᠦᠯᠢᠶᠡᠨ ᠢ ᠡᠳ᠋ᠯᠡᠵᠤ ᠴᠢᠳᠠᠨ᠎ᠠ᠃ ᠠᠮᠢᠳᠤᠷᠠᠯ ᠳᠤ ᠪᠠᠨ ᠬᠠᠶᠢᠷᠠᠳᠡᠢ ᠭᠦᠮᠤᠨ ᠰᠠᠶ᠋ᠢ ᠰᠤᠷᠭᠠᠨ ᠭᠦᠮᠦᠵᠢᠯ ᠤᠨ ᠠᠵᠢᠯ ᠢ ᠪᠠᠶᠠᠷ ᠪᠠᠶᠠᠰᠤᠯ ᠲᠠᠢ ᠬᠢᠵᠤ ᠴᠢᠳᠠᠨ᠎ᠠ᠂ ᠮᠥᠨ ᠴᠦ ᠠᠷᠤ ᠳᠤ ᠨᠢ ᠪᠠᠶᠢᠭ᠎ᠠ ᠲᠡᠳᠤᠢ ᠠᠷᠪᠢᠨ ᠰᠤᠷᠤᠬᠴᠢᠳ ᠴᠤ ᠪᠠᠭᠰᠢ ᠶᠢᠨ ᠢᠶᠠᠨ ᠪᠡᠶᠡᠨ ᠠᠴᠠ ᠠᠮᠢᠳᠤᠷᠠᠯ ᠢᠶᠠᠨ ᠬᠠᠶᠢᠷᠠᠯᠠᠵᠤ᠂ ᠠᠮᠢᠳᠤᠷᠠᠯ ᠳᠤ ᠪᠠᠨ ᠪᠠᠶᠠᠰᠤᠩᠭᠤᠢ ᠭᠦᠮᠤᠨ ᠪᠤᠯᠬᠤ ᠭᠦᠮᠦᠵᠢᠯ ᠨᠦᠯᠦᠭᠡ ᠶᠢ ᠤᠯᠵᠤ ᠰᠤᠷᠳᠠᠭ᠃       ᠨᠢᠭᠡ ᠡᠷᠡᠨ ᠤ ᠠᠮᠳᠠᠳᠤ ᠬᠤᠭᠤᠯᠠ ᠪᠠᠨ ᠬᠢᠵᠤ ᠢᠳᠡᠵᠤ ᠪᠠᠷ ᠲᠠᠮᠵᠢᠨ᠂ ᠭᠡᠷ ᠪᠦᠯᠢ ᠶᠢᠨ ᠬᠠᠶᠢᠷ᠎ᠠ ᠪᠢᠯᠬᠠᠬᠰᠠᠨ ᠡᠶᠡᠯᠳᠡᠭ ᠰᠠᠶᠢᠬᠠᠨ ᠤᠷᠴᠢᠨ ᠲᠤᠭᠤᠷᠢᠨ ᠤ ᠲᠤᠮᠳᠠ ᠭᠦᠮᠤᠨ ᠤ ᠡᠷᠡᠭᠦᠯ ᠰᠠᠶᠢᠬᠠᠨ ᠰᠡᠳᠬᠢᠴᠠ ᠶᠢᠨ ᠵᠠᠰᠠᠯ ᠴᠦ ᠰᠠᠮ ᠰᠡᠮᠡᠭᠡᠷᠭᠡᠨ ᠶᠠᠪᠤᠬᠳᠠᠵᠤ ᠪᠠᠶᠢᠳᠠᠭ᠃ ᠭᠡᠳᠦ᠋ᠢᠪᠠᠷ ᠡᠳᠡᠭᠡᠷ ᠠᠵᠢᠯᠯᠠᠭᠠᠨ ᠤ ᠲᠤᠮᠳᠠ ᠪᠢᠳᠠ ᠶᠠᠮᠠᠷ ᠴᠦ ᠬᠠᠷᠠᠯᠳᠠ ᠵᠤᠷᠢᠯᠳᠠ ᠦᠭᠡᠢ ᠪᠠᠶᠢᠳᠠᠭ ᠪᠤᠯᠪᠠᠴᠤ ᠡᠨᠡ ᠨᠢ ᠬᠠᠷᠢᠨ ᠬᠠᠮᠤᠭ ᠤᠨ ᠪᠦᠳᠦᠮᠵᠢᠳᠡᠢ ᠰᠡᠳᠬᠢᠴᠠ ᠮᠡᠳᠡᠷᠡᠯ ᠤᠨ ᠰᠤᠪᠢᠯᠠᠯᠳᠠ ᠪᠤᠯᠳᠠᠭ᠃ ᠡᠨᠡ ᠪᠤᠯ ᠲᠠᠷᠤᠢ ᠡᠬᠢ ᠪᠠᠶᠢᠭᠠᠯᠢ ᠠᠮᠢᠳᠤᠷᠠᠯ ᠤᠨ ᠠᠭᠤᠤ ᠶᠡᠭᠡ ᠳᠤ ᠪᠠᠶᠢᠭ᠎ᠠ ᠶᠤᠮ᠃ ᠡᠭᠦᠨ ᠤ ᠤᠯᠠᠮ ᠢᠶᠠᠷ ᠪᠢᠳᠠ ᠨᠡᠩ ᠠᠮᠠᠷᠠᠨ ᠲᠠᠶᠢᠪᠤᠰᠢᠷᠠᠵᠤ ᠠᠮᠢᠳᠤᠷᠠᠯ ᠨᠡᠩ ᠢᠯᠠᠩᠭᠤᠶ᠎ᠠ ᠠᠵᠢᠯ ᠤᠶᠢᠯᠡᠰ ᠲᠤ ᠪᠠᠨ ᠤᠷᠬᠢᠯᠤᠮ᠎ᠠ ᠬᠠᠯᠠᠭᠤᠨ ᠰᠡᠳᠬᠢᠯᠭᠡ ᠪᠠᠷ ᠤᠷᠤᠯᠴᠠᠬᠤ ᠪᠠᠷ ᠪᠠᠷᠠᠬᠤ ᠦᠭᠡᠢ ᠮᠥᠨ ᠴᠤ ᠠᠵᠢᠯ ᠤᠨ ᠲᠤᠮᠳᠠ ᠪᠠᠨ ᠲᠤᠩ ᠠᠮᠠᠷᠬᠠᠨ ᠰᠢᠨ᠎ᠡ ᠡᠭᠦᠳᠤᠯᠳᠠ ᠶᠢ ᠭᠠᠷᠭᠠᠵᠤ ᠴᠢᠳᠠᠨ᠎ᠠ᠃ ᠦᠭᠡᠷ᠎ᠡ ᠪᠠᠷ ᠭᠡᠯᠡᠪᠠᠯ ᠰᠤᠷᠭᠠᠨ ᠭᠦᠮᠦᠵᠢᠯ᠂ ᠵᠢᠭᠠᠨ ᠰᠤᠷᠭᠠᠯᠳᠠ ᠶᠢᠨ ᠠᠵᠢᠯ ᠤᠨ ᠲᠤᠮᠳᠠ ᠪᠠᠨ ᠨᠡᠩ ᠠᠮᠠᠷᠬᠠᠨ ᠰᠤᠷᠤᠬᠴᠢ ᠶᠢᠨ ᠢᠶᠠᠨ ᠡᠭᠦᠳᠡᠨ ᠠᠴᠠ ᠭᠠᠳᠠᠭᠠᠳᠤ ᠶᠡᠷᠳᠢᠨᠴᠤ ᠶᠢ ᠤᠶᠢᠯᠠᠭᠠᠨ ᠲᠠᠨᠢᠵᠤ᠂ ᠰᠤᠷᠤᠬᠴᠢᠳ ᠢᠶᠠᠨ ᠡᠷᠡᠭᠦᠯ ᠪᠡᠶ᠎ᠡ ᠲᠠᠢ᠂ ᠰᠠᠷᠠᠭᠤᠯ ᠤᠬᠠᠭᠠᠨ ᠲᠠᠢ ᠭᠦᠮᠤᠨ ᠪᠤᠯᠭᠠᠨ ᠭᠦᠮᠦᠵᠢᠭᠦᠯᠵᠤ᠂ ᠪᠢᠴᠢᠭ ᠵᠢᠭᠠᠵᠤ ᠭᠦᠮᠤᠨ ᠭᠦᠮᠦᠵᠢᠭᠦᠯᠭᠦ ᠲᠠᠷᠬᠠᠨ ᠡᠭᠦᠷᠭᠡ ᠬᠠᠷᠢᠭᠤᠴᠠᠯᠭ᠎ᠠ ᠪᠠᠨ ᠰᠡᠳᠬᠢᠯ ᠬᠠᠨᠤᠮᠵᠢᠳᠡᠢ ᠬᠢᠵᠤ ᠴᠢᠳᠠᠨ᠎ᠠ᠃ ᠡᠶᠢᠮᠤ ᠠᠴᠠ᠂ ᠪᠤᠯᠵᠤ ᠯᠠ ᠪᠠᠶᠢᠪᠠᠯ ᠪᠠᠭᠰᠢ ᠨᠠᠷ ᠮᠢᠨᠢ ᠭᠡᠳᠤᠢ ᠶᠠᠭᠠᠷᠠᠤ ᠶᠠᠳᠠᠷᠠᠯᠳᠡᠢ ᠪᠠᠶᠢᠬᠰᠠᠨ ᠴᠦ ᠬᠠᠮᠤᠭ ᠤᠨ ᠨᠠᠭᠠᠳᠤ ᠵᠠᠬ᠎ᠠ ᠳᠤ ᠪᠠᠨ ᠡᠳᠤᠷ ᠤᠨ ᠨᠢᠭᠡ ᠡᠷᠡᠨ ᠤ ᠬᠤᠭᠤᠯᠠ ᠪᠠᠨ ᠭᠡᠷ ᠪᠦᠯᠢ ᠶᠢᠨ ᠭᠦᠮᠤᠰ ᠲᠠᠢ ᠪᠠᠨ ᠬᠠᠮᠳᠤ ᠬᠢᠵᠤ ᠪᠡᠯᠡᠳᠭᠡᠨ ᠬᠤᠭᠤᠯᠠᠯᠠᠵᠤ ᠪᠠᠶᠢᠭᠠᠷᠠᠢ᠃ ᠠᠮᠢᠳᠤᠷᠠᠯ ᠪᠤᠯ ᠲᠡᠷᠡ ᠭᠡᠪ ᠢᠶᠠᠷ ᠢᠶᠠᠨ ᠰᠤᠷᠤᠯᠴᠠᠯᠭ᠎ᠠ ᠪᠤᠯᠤᠨ᠎ᠠ᠂ ᠠᠮᠢᠳᠤᠷᠠᠯ ᠤᠨ ᠵᠤᠯ ᠵᠢᠷᠭᠠᠯ ᠢ ᠡᠳ᠋ᠯᠡᠵᠤ ᠪᠠᠶᠢᠭᠠᠳ ᠠᠮᠢᠳᠤᠷᠠᠯ ᠳᠤ ᠪᠠᠨ ᠬᠠᠶᠢᠷᠡᠳᠡᠢ ᠲᠡᠷᠠ ᠤᠯᠠᠨ ᠭᠡᠦᠭᠡᠳ ᠢ ᠭᠦᠮᠦᠵᠢᠭᠦᠯᠭᠦ ᠪᠠᠷ ᠴᠢᠷᠮᠠᠶᠢᠵᠠᠭᠠᠶ᠎ᠠ᠃       ᠬᠤᠶᠠᠷ᠂ ᠪᠢᠳᠠ ᠡᠳᠤᠷ ᠲᠤ ᠪᠠᠨ ᠨᠢᠭᠡ ᠴᠠᠭ ᠤᠨ ᠪᠡᠶ᠎ᠡ ᠲᠠᠮᠢᠷ ᠤᠨ ᠪᠤᠯᠪᠠᠰᠤᠷᠠᠯ ᠳᠤ ᠤᠷᠤᠯᠴᠠᠵᠠᠭᠠᠶ᠎ᠠ᠃      ᠪᠡᠶ᠎ᠡ ᠪᠠᠨ ᠪᠤᠯᠪᠠᠰᠤᠷᠠᠭᠤᠯᠬᠤ ᠶᠢᠨ ᠴᠢᠬᠤᠯᠠ ᠴᠢᠨᠠᠷ ᠢ ᠪᠢᠳᠠ ᠮᠡᠳᠡᠳᠡᠭ᠂ ᠭᠡᠪᠡᠴᠤ ᠪᠤᠳᠠᠳᠡᠢ ᠤᠶᠢᠯᠡ ᠠᠵᠢᠯᠯᠠᠭ᠎ᠠ ᠪᠤᠯᠭᠠᠨ ᠪᠠᠷᠢᠮᠳᠠᠯᠠᠳᠠᠭ ᠨᠢ ᠭᠡᠳᠤᠢ ᠪᠠᠶᠢᠭ᠎ᠠ ᠶᠢ ᠰᠠᠨᠠᠭᠠᠰᠢᠷᠠᠵᠤ ᠪᠠᠶᠢᠨ᠎ᠠ᠃ ᠪᠡᠶ᠎ᠡ ᠲᠠᠮᠢᠷ ᠤᠨ ᠪᠤᠯᠪᠠᠰᠤᠷᠠᠯ ᠢ ᠬᠢᠵᠤ ᠪᠤᠳᠠᠳᠡᠢ ᠦᠷ᠎ᠡ ᠪᠦᠳᠦᠮᠵᠢ ᠤᠯᠳᠠᠭ ᠦᠭᠡᠢ ᠶᠢᠨ ᠭᠤᠤᠯ ᠰᠢᠯᠳᠠᠭᠠᠨ ᠨᠢ ᠨᠢᠭᠡ ᠳᠤ ᠬᠠᠰᠢᠯᠠ ᠠᠵᠢᠯ ᠶᠠᠭᠠᠷᠠᠤ ᠭᠡᠳ ᠴᠠᠭ ᠰᠢᠬᠠᠵᠤ ᠭᠠᠷᠭᠠᠵᠤ ᠲᠡᠶᠢᠯᠳᠡᠭ ᠦᠭᠡᠢ᠂ ᠲᠠᠷᠠᠭ᠎ᠠ ᠨᠢ ᠬᠤᠪᠢ ᠭᠦᠮᠤᠨ ᠤ ᠦᠵᠡᠯ ᠲᠠᠨᠢᠯᠳᠠ ᠵᠢᠴᠢ ᠲᠠᠳᠬᠠᠯ ᠠᠴᠠ ᠪᠤᠯᠵᠤ ᠴᠠᠭ ᠦᠷᠭᠦᠯᠵᠢ ᠪᠠᠷᠢᠮᠳᠠᠯᠠᠵᠤ ᠲᠡᠶᠢᠯᠳᠡᠭ ᠦᠭᠡᠢ᠃       ᠪᠠᠭᠰᠢ ᠭᠦᠮᠤᠨ ᠤ ᠮᠦᠷᠤᠨ ᠲᠡᠭᠡᠷ᠎ᠡ ᠲᠠᠯᠪᠢᠬᠳᠠᠵᠤ ᠪᠠᠶᠢᠭ᠎ᠠ ᠡᠭᠦᠷᠭᠡ ᠬᠠᠷᠢᠭᠤᠴᠠᠯᠭ᠎ᠠ ᠪᠤᠯ ᠲᠦᠢᠯ ᠤᠨ ᠭᠦᠨᠳᠤ ᠪᠠᠶᠢᠳᠠᠭ᠃ ᠵᠢᠱᠢᠶᠡᠯᠡᠭᠡᠳ ᠭᠡᠯᠡᠪᠠᠯ᠂ ᠰᠤᠷᠤᠬᠴᠢᠳ ᠤᠨ ᠪᠡᠶ᠎ᠡ ᠰᠡᠳᠬᠢᠴᠠ ᠶᠢᠨ ᠡᠷᠡᠭᠦᠯ ᠴᠢᠬᠢᠷᠠᠭ ᠦᠰᠤᠨ ᠪᠤᠶᠢᠵᠢᠯᠳᠠ ᠶᠢ ᠬᠠᠶᠢᠷᠠᠯᠠᠵᠤ ᠬᠠᠯᠠᠮᠵᠢᠯᠠᠬᠤ ᠠᠴᠠ ᠡᠬᠢᠯᠡᠨ ᠬᠢᠴᠢᠶᠠᠯ ᠪᠡᠯᠡᠳᠭᠡᠭᠦ᠂ ᠬᠢᠴᠢᠶᠡᠯᠯᠡᠭᠦ᠂ ᠲᠠᠰᠬᠠᠯ ᠲᠠᠭᠠᠭᠠᠯᠭᠠᠪᠤᠷᠢ ᠬᠠᠯᠠᠨ ᠵᠠᠰᠠᠬᠤ ᠵᠢᠴᠢ ᠵᠢᠯᠤᠭᠤᠳᠤᠨ ᠪᠤᠯᠪᠠᠰᠤᠷᠠᠭᠤᠯᠬᠤ ᠭᠡᠳ ᠲᠡᠳᠤᠢ ᠠᠷᠪᠢᠨ ᠠᠵᠢᠯ ᠤᠨ ᠲᠤᠮᠳᠠ ᠵᠢᠭᠠᠬᠠᠨ ᠴᠦ ᠭᠡᠰᠡᠨ ᠰᠡᠳᠬᠢᠯ ᠠᠯᠭᠠᠰᠠᠵᠤ ᠪᠤᠯᠳᠠᠭ ᠦᠭᠡᠢ᠂ ᠶᠠᠭ ᠡᠶᠢᠮᠤᠷᠭᠦᠤ ᠠᠵᠢᠯ ᠲᠦᠷᠤᠯ ᠤᠨ ᠱᠠᠭᠠᠷᠳᠠᠯᠭ᠎ᠠ ᠠᠴᠠ ᠪᠤᠯᠵᠤ ᠶᠡᠷᠤ ᠨᠢ ᠴᠠᠭ ᠢ ᠰᠢᠬᠠᠨ ᠭᠠᠷᠭᠠᠵᠤ ᠪᠡᠶ᠎ᠡ ᠲᠠᠮᠢᠷ ᠤᠨ ᠪᠤᠯᠪᠠᠰᠤᠷᠠᠯ ᠳᠤ ᠤᠷᠤᠯᠴᠠᠬᠤ ᠨᠢ ᠲᠤᠳᠠᠮᠠᠭ ᠠᠴᠠ ᠪᠠᠭᠰᠢ ᠭᠦᠮᠤᠨ ᠤ ᠪᠡᠶ᠎ᠡ ᠮᠠᠬᠠᠪᠤᠳ ᠵᠢᠴᠢ ᠰᠡᠳᠬᠢᠴᠠ ᠶᠢᠨ ᠡᠷᠡᠭᠦᠯ ᠮᠠᠨᠳᠤ ᠶᠢᠨ ᠲᠠᠯ᠎ᠠ ᠪᠠᠷ ᠨᠠᠶᠢᠭᠡᠮ ᠨᠡᠶᠢᠳᠠ ᠶᠢᠨ ᠠᠩᠬᠠᠷᠤᠯ ᠢ ᠤᠯᠠᠮ ᠲᠠᠳᠠᠬᠤ ᠪᠤᠯᠵᠡᠢ᠃ ᠪᠢᠳᠠ ᠡᠳᠤᠷ ᠲᠤ ᠪᠠᠨ ᠨᠢᠭᠡ ᠴᠠᠭ ᠤᠨ ᠪᠡᠶ᠎ᠡ ᠲᠠᠮᠢᠷ ᠤᠨ ᠪᠤᠯᠪᠠᠰᠤᠷᠠᠯ ᠢ ᠪᠠᠷᠢᠮᠳᠠᠯᠠᠵᠤ ᠪᠠᠶᠢᠪᠠᠯ ᠬᠠᠮᠤᠭ ᠤᠨ ᠨᠠᠭᠠᠳᠤ ᠵᠠᠬ᠎ᠠ ᠳᠤ ᠪᠠᠨ ᠦᠪᠡᠷ ᠢᠶᠠᠨ ᠡᠷᠡᠭᠦᠯ ᠰᠠᠷᠠᠭᠤᠯ ᠪᠡᠶ᠎ᠡ ᠰᠡᠳᠬᠢᠴᠠ ᠲᠠᠢ ᠪᠤᠯᠵᠤ᠂ ᠰᠤᠷᠤᠬᠴᠢᠳ ᠲᠤ ᠪᠠᠨ ᠴᠦ ᠪᠡᠶ᠎ᠡ ᠰᠡᠳᠬᠢᠴᠠ ᠶᠢᠨ ᠭᠡᠪ ᠪᠤᠯᠪᠠᠰᠤᠷᠠᠯ ᠢᠶᠠᠷ ᠦᠨᠳᠤᠷ ᠪᠠᠭᠰᠢ ᠶᠢᠨ ᠭᠡᠪ ᠲᠦᠷᠢ ᠶᠢ ᠪᠦᠳᠦᠭᠡᠨ ᠦᠭᠴᠦ ᠴᠢᠳᠠᠨ᠎ᠠ᠃ ᠪᠠᠭᠰᠢ ᠭᠦᠮᠤᠨ ᠪᠤᠯ ᠲᠠᠷᠡ ᠭᠡᠪ ᠢᠶᠠᠷ ᠢᠶᠠᠨ ᠰᠤᠷᠤᠬᠴᠢᠳ ᠤᠨ ᠰᠤᠷᠤᠯᠴᠠᠬᠤ ᠲᠠᠭᠤᠷᠢᠶᠠᠯ ᠪᠤᠯᠤᠨ᠎ᠠ᠃ ᠪᠡᠶ᠎ᠡ ᠲᠠᠮᠢᠷ ᠤᠨ ᠪᠤᠯᠪᠠᠰᠤᠷᠠᠯ ᠳᠤ ᠤᠷᠤᠯᠴᠠᠬᠤ ᠪᠠᠷ ᠲᠠᠮᠵᠢᠨ ᠪᠢᠳᠠ ᠶᠠᠭᠠᠷᠠᠯᠳᠠᠢ ᠠᠵᠢᠯ ᠠᠴᠠ ᠪᠠᠨ ᠪᠡᠶ᠎ᠡ ᠪᠠᠨ ᠴᠢᠯᠦᠭᠡᠯᠡᠵᠤ ᠴᠢᠳᠠᠬᠤ ᠮᠦᠷᠳᠡᠭᠡᠨ ᠰᠤᠷᠤᠬᠴᠢᠳ ᠤᠨ ᠡᠷᠡᠭᠦᠯ ᠴᠢᠬᠢᠷᠠᠭ ᠢᠶᠠᠷ ᠦᠰᠤᠨ ᠪᠤᠶᠢᠵᠢᠬᠤ ᠶᠢ ᠨᠡᠩ ᠢᠯᠡᠭᠦᠤ ᠠᠩᠬᠠᠷᠤᠯ ᠳᠤ ᠪᠠᠨ ᠠᠪᠴᠤ ᠵᠢᠭᠠᠨ ᠵᠢᠯᠤᠭᠤᠳᠴᠤ ᠴᠢᠳᠠᠨ᠎ᠠ᠃ ᠢᠢᠮᠤ ᠠᠴᠠ ᠪᠢᠳᠠᠨ ᠤ ᠡᠳᠤᠷ ᠤᠨ ᠠᠵᠢᠯ ᠭᠡᠳᠤᠢ ᠶᠠᠭᠠᠷᠠᠤ ᠪᠠᠶᠢᠬᠰᠠᠨ ᠴᠦ᠂ ᠰᠤᠷᠤᠬᠴᠢᠳ ᠪᠠ ᠦᠪᠡᠷ ᠤᠨ ᠪᠡᠶ᠎ᠡ ᠶᠢᠨ ᠢᠶᠠᠨ ᠡᠷᠡᠭᠦᠯ ᠴᠢᠬᠢᠷᠠᠭ ᠤᠨ ᠲᠦᠯᠦᠭᠡ ᠴᠠᠭ ᠢᠶᠠᠨ ᠲᠤᠬᠢᠷᠠᠭᠤᠯᠵᠤ ᠪᠠᠶᠢᠭᠠᠳ ᠡᠳᠤᠷ ᠲᠤ ᠪᠠᠨ ᠨᠢᠭᠡ ᠴᠠᠭ ᠤᠨ ᠪᠡᠶ᠎ᠡ ᠲᠠᠮᠢᠷ ᠤᠨ ᠪᠤᠯᠪᠠᠰᠤᠷᠠᠯ ᠳᠤ ᠢᠳᠡᠪᠬᠢᠳᠡᠢ ᠤᠷᠤᠯᠴᠠᠵᠤ ᠰᠤᠷᠭᠠᠨ ᠭᠦᠮᠦᠵᠢᠯ ᠤᠨ ᠠᠵᠢᠯ ᠢᠶᠠᠨ ᠨᠡᠩ ᠦᠷ᠎ᠡ ᠪᠦᠳᠦᠮᠵᠢᠳᠡᠢ ᠬᠢᠭᠦ ᠪᠠᠷ ᠴᠢᠷᠮᠠᠶᠢᠵᠠᠭᠠᠶ᠎ᠠ᠃       ᠭᠤᠷᠪᠠ᠂ ᠪᠢᠳᠠ ᠡᠳᠤᠷ ᠲᠤ ᠪᠠᠨ ᠨᠢᠭᠡ ᠴᠠᠭ ᠤᠨ ᠨᠤᠮ ᠤᠩᠰᠢᠵᠤ ᠰᠤᠷᠤᠯᠴᠠᠬᠤ ᠲᠠᠳᠬᠠᠯ ᠢ ᠪᠤᠢ ᠪᠤᠯᠭᠠᠴᠢᠬᠠᠶ᠎ᠠ᠃      ᠪᠠᠭᠰᠢ ᠭᠦᠮᠤᠰ ᠡᠳᠤᠷ ᠲᠤᠵᠢ ᠲᠦᠢᠯ ᠤᠨ ᠶᠠᠭᠠᠷᠠᠯᠳᠠᠢ ᠬᠢᠴᠢᠶᠡᠯ ᠲᠦᠷᠣᠯ ᠤᠨ ᠵᠢᠭᠠᠨ ᠰᠤᠷᠭᠠᠯᠳᠠ ᠠᠴᠠ ᠭᠠᠳᠠᠨ᠎ᠠ ᠪᠠᠰᠠ ᠲᠤᠩ ᠠᠷᠪᠢᠨ ᠵᠢᠭᠠᠨ ᠰᠤᠷᠭᠠᠯᠳᠠ ᠶᠢᠨ ᠲᠠᠭᠠᠯᠳᠤᠬᠰᠠᠨ ᠠᠵᠢᠯ ᠢ ᠮᠥᠨ ᠴᠠᠭ ᠲᠠᠷᠤᠢ ᠳᠤ ᠨᠢ ᠪᠡᠶᠡᠯᠡᠭᠦᠯᠭᠦ ᠪᠠᠷ ᠪᠠᠷᠠᠬᠤ ᠦᠭᠡᠢ ᠤᠯᠠᠨ ᠲᠠᠯ᠎ᠠ ᠶᠢᠨ ᠭᠦᠮᠤᠰ ᠤᠨ ᠬᠤᠭᠤᠷᠤᠨᠳᠤᠭᠢ ᠬᠠᠷᠢᠴᠠᠭ᠎ᠠ ᠶᠢ ᠴᠦ ᠡᠪᠯᠢᠭ ᠰᠠᠶᠢᠬᠠᠨ ᠰᠢᠢᠳᠪᠤᠷᠢᠯᠡᠭᠦ ᠭᠡᠷᠡᠭᠳᠡᠢ ᠪᠠᠶᠢᠳᠠᠭ᠂ ᠡᠳᠡᠭᠡᠷ ᠠᠵᠢᠯ ᠨᠢ ᠪᠠᠷᠤᠭ ᠪᠦᠭᠦᠯᠢ ᠡᠳᠤᠷ ᠤᠨ ᠴᠠᠭ ᠢ ᠡᠵᠡᠯᠡᠭᠦ ᠮᠦᠷᠳᠡᠭᠡᠨ ᠵᠠᠷᠢᠮ ᠳᠤ ᠪᠠᠨ ᠴᠠᠭ ᠨᠠᠮᠠᠵᠤ ᠠᠵᠢᠯᠯᠠᠬᠤ ᠭᠡᠷᠡᠭᠳᠠᠢ ᠪᠠᠶᠢᠳᠠᠬ᠃ ᠶᠠᠭ ᠡᠶᠢᠮᠤᠷᠭᠦᠤ ᠪᠡᠶ᠎ᠡ ᠰᠡᠳᠬᠢᠴᠠ ᠶᠢᠨ ᠶᠠᠳᠠᠷᠠᠯ ᠭᠦᠨᠳᠤ ᠪᠠᠶᠢᠬᠤ ᠦᠶᠡᠰ ᠪᠢᠳᠠ᠂ ᠨᠤᠮ ᠤᠩᠰᠢᠵᠤ ᠰᠤᠷᠤᠯᠴᠠᠨ᠎ᠠ ᠭᠡᠳᠡᠭ ᠬᠠᠮᠤᠭ ᠤᠨ ᠪᠦᠳᠦᠮᠵᠢᠳᠡᠢ ᠠᠷᠭ᠎ᠠ ᠵᠠᠮ ᠢᠶᠠᠷ ᠪᠡᠶ᠎ᠡ ᠪᠠᠨ ᠴᠡᠨᠡᠭᠯᠡᠪᠠᠯ ᠠᠵᠢᠯ ᠤᠶᠢᠯᠠᠰ ᠢᠶᠠᠨ ᠦᠭᠡᠳᠡ ᠲᠠᠢ ᠰᠠᠶᠢᠬᠠᠨ ᠡᠷᠭᠦᠵᠤ ᠶᠠᠪᠤᠨ ᠵᠢᠷᠭᠠᠯ ᠲᠠᠢ ᠪᠠᠭᠰᠢ ᠪᠤᠯᠵᠤ ᠴᠢᠳᠠᠨ᠎ᠠ᠃      ᠨᠤᠮ ᠤᠩᠰᠢᠵᠤ ᠰᠤᠷᠤᠯᠴᠠᠯᠭ᠎ᠠ ᠶᠢ ᠡᠷᠬᠢᠮᠯᠡᠳᠡᠭ ᠭᠦᠮᠤᠨ ᠪᠤᠰᠤᠳ ᠠᠴᠠ ᠨᠡᠩ ᠢᠯᠡᠭᠦᠤ ᠦᠪᠡᠷ ᠤᠨ ᠪᠡᠶ᠎ᠡ ᠶᠢᠨ ᠢᠶᠠᠨ ᠲᠤᠳᠠᠭᠤ ᠲᠤᠮᠳᠠᠭᠤᠷ ᠢ ᠤᠶᠢᠯᠠᠭᠠᠵᠤ᠂ ᠪᠤᠰᠤᠳ ᠭᠦᠮᠤᠰ ᠪᠠ ᠰᠤᠷᠤᠬᠴᠢ ᠲᠠᠢ ᠬᠠᠷᠢᠴᠠᠬᠤ ᠳᠤ ᠪᠠᠨ ᠨᠡᠩ ᠡᠶᠡᠯᠳᠡᠭ ᠵᠦᠭᠡᠯᠡᠨ᠂ ᠲᠠᠷᠤᠤ ᠬᠢᠴᠢᠶᠡᠩᠭᠦᠢ ᠪᠠᠷ ᠲᠤᠩ ᠤᠯᠠᠨ ᠵᠦᠷᠢᠴᠡᠯ ᠮᠦᠷᠭᠦᠯᠳᠤᠭᠡᠨ ᠢ ᠵᠦᠪ ᠤᠨᠤᠪᠴᠢᠳᠡᠢ ᠰᠢᠢᠳᠪᠤᠷᠢᠯᠠᠵᠤ ᠴᠢᠳᠠᠳᠠᠭ᠃ ᠡᠨᠡ ᠨᠢ ᠵᠤᠯ ᠵᠢᠷᠭᠠᠯ ᠲᠠᠢ ᠪᠠᠭᠰᠢ ᠪᠤᠯᠬᠤ ᠶᠢᠨ ᠦᠨᠳᠤᠰᠤᠨ ᠨᠦᠭᠦᠴᠡᠯ ᠪᠤᠯᠵᠤ ᠪᠤᠯᠤᠨ᠎ᠠ᠃ ᠨᠤᠮ ᠤᠩᠰᠢᠵᠤ ᠰᠤᠷᠤᠯᠴᠠᠯᠭ᠎ᠠ ᠶᠢ ᠡᠷᠬᠢᠮᠯᠡᠳᠡᠭ ᠭᠦᠮᠤᠨ ᠠᠮᠢᠳᠤᠷᠠᠯ ᠵᠢᠴᠢ ᠠᠵᠢᠯ ᠤᠶᠢᠯᠡᠰ ᠤᠨ ᠢᠶᠠᠨ ᠲᠤᠮᠳᠠ ᠲᠤᠯᠭᠠᠷᠠᠭᠰᠠᠨ ᠠᠰᠠᠭᠤᠳᠠᠯ ᠤᠳ ᠢ ᠭᠦᠨᠴᠠ ᠲᠠᠢ ᠰᠡᠳᠬᠢᠵᠤ ᠴᠢᠳᠠᠳᠠᠭ᠃ ᠤᠴᠢᠷ ᠨᠢ ᠭᠦᠮᠤᠨ ᠤ ᠰᠡᠳᠬᠢᠨ ᠪᠤᠳᠤᠯᠬᠢᠯᠠᠬᠤ ᠤᠨᠴᠠᠯᠢᠭ ᠠᠴᠠ ᠠᠪᠴᠤ ᠦᠵᠡᠪᠡᠯ ᠶᠡᠷᠤ ᠨᠢ ᠲᠦᠭᠦᠮ ᠲᠦᠳᠡ ᠳᠤ ᠲᠤᠷ᠎ᠠ ᠲᠠᠢ ᠪᠠᠶᠢᠳᠠᠭ ᠠᠴᠠ ᠠᠮᠢᠳᠤᠷᠠᠯ ᠲᠤᠮᠳᠠ ᠦᠪᠡᠷ ᠤᠨ ᠰᠡᠳᠬᠢᠨ ᠪᠤᠳᠤᠯᠬᠢᠯᠠᠬᠤ ᠴᠢᠳᠠᠪᠤᠷᠢ ᠪᠠᠨ ᠭᠡᠷᠬᠢᠨ ᠭᠦᠮᠦᠵᠢᠭᠦᠯᠭᠦ ᠳᠤ ᠠᠩᠬᠠᠷᠤᠯ ᠪᠠ ᠭᠦᠴᠤ ᠭᠦᠳᠡᠯᠮᠤᠷᠢ ᠵᠠᠷᠤᠴᠠᠭᠤᠯᠳᠠᠭ ᠦᠭᠡᠢ ᠲᠤᠯᠠ ᠠᠮᠠᠷᠬᠠᠨ ᠰᠡᠳᠬᠢᠭᠦᠢ ᠶᠢᠨ ᠶᠠᠳᠠᠷᠠᠭᠤᠷᠠᠯ ᠳᠤ ᠤᠷᠤᠳᠠᠭ᠃ ᠶᠠᠭ ᠡᠭᠦᠨ ᠲᠠᠢ ᠡᠰᠡᠷᠭᠦ ᠪᠠᠷ ᠰᠤᠷᠭᠠᠨ ᠭᠦᠮᠦᠵᠢᠯ ᠤᠨ ᠠᠵᠢᠯ ᠪᠤᠯ ᠰᠡᠳᠬᠢᠨ ᠪᠤᠳᠤᠯᠬᠢᠯᠠᠬᠤ ᠴᠢᠳᠠᠪᠤᠷᠢ ᠶᠢ ᠱᠠᠭᠠᠷᠳᠠᠵᠤ ᠪᠠᠶᠢᠬᠤ ᠮᠦᠷᠳᠡᠭᠡᠨ ᠡᠭᠦᠳᠤᠨ ᠪᠦᠳᠤᠭᠡᠯᠴᠢ ᠴᠢᠨᠠᠷ ᠲᠠᠢ ᠠᠵᠢᠯ ᠲᠦᠷᠤᠯ ᠪᠤᠯᠤᠨ᠎ᠠ᠃ ᠡᠶᠢᠮᠤ ᠠᠴᠠ ᠪᠠᠭᠰᠢ ᠭᠦᠮᠤᠨ ᠤ ᠦᠰᠤᠨ ᠪᠤᠶᠢᠵᠢᠯᠳᠠ ᠳᠤ ᠨᠤᠮ ᠤᠩᠰᠢᠵᠤ ᠰᠤᠷᠤᠯᠴᠠᠬᠤ ᠨᠢ ᠲᠤᠩ ᠴᠢᠬᠤᠯᠠ ᠠᠴᠢ ᠬᠤᠯᠪᠤᠬᠳᠠᠯ ᠲᠠᠢ᠃ ᠨᠤᠮ ᠤᠩᠰᠢᠵᠤ ᠰᠤᠷᠤᠯᠴᠠᠯᠭ᠎ᠠ ᠶᠢ ᠡᠷᠬᠢᠮᠯᠡᠳᠡᠭ ᠭᠦᠮᠤᠨ ᠰᠠᠶ᠋ᠢ ᠪᠢᠴᠢᠭ ᠵᠢᠭᠠᠵᠤ ᠭᠦᠮᠤᠨ ᠢ ᠭᠦᠮᠦᠵᠢᠭᠦᠯᠭᠦ ᠠᠵᠢᠯ ᠢ ᠪᠦᠳᠦᠭᠡᠯᠴᠢ ᠪᠠᠷ ᠰᠡᠳᠬᠢᠵᠤ ᠰᠤᠷᠤᠬᠴᠢ ᠪᠠᠨ ᠵᠦᠪ ᠲᠠᠭᠠᠭᠤᠯᠤᠨ ᠵᠢᠯᠤᠭᠤᠳᠴᠤ ᠴᠢᠳᠠᠨ᠎ᠠ᠃ ᠰᠤᠷᠤᠯᠴᠠᠨ᠎ᠠ ᠭᠡᠳᠡᠭ ᠪᠤᠯ ᠭᠦᠮᠤᠨ ᠦᠪᠡᠷ ᠤᠨ ᠪᠡᠶ᠎ᠡ ᠪᠠᠨ ᠤᠯᠠᠮ ᠰᠢᠯᠢᠳᠡᠭ ᠪᠤᠯᠭᠠᠨ ᠭᠠᠳᠠᠭᠠᠳᠤ ᠶᠢᠷᠳᠢᠨᠴᠤ ᠲᠠᠢ ᠵᠤᠬᠢᠴᠠᠨ ᠨᠡᠩ ᠴᠢᠨᠠᠭᠰᠢᠯᠠᠪᠠᠯ ᠡᠭᠦᠳᠤᠯᠳᠠ ᠲᠠᠢ ᠡᠪ ᠨᠠᠶᠢᠷᠳᠡᠢ ᠪᠠᠷ ᠶᠢᠷᠳᠢᠨᠴᠤ ᠲᠠᠢ ᠬᠠᠷᠢᠴᠠᠵᠤ ᠴᠢᠳᠠᠬᠤ ᠠᠵᠢᠯᠯᠠᠭ᠎ᠠ ᠪᠤᠯᠤᠨ᠎ᠠ᠃ ᠨᠤᠮ ᠤᠩᠰᠢᠵᠤ ᠰᠤᠷᠤᠯᠴᠠᠨ᠎ᠠ ᠭᠡᠳᠡᠭ ᠠᠵᠢᠯ ᠨᠢ ᠲᠡᠷᠡ ᠲᠤᠤᠷ᠎ᠠ ᠪᠠᠨ ᠨᠢᠭᠡ ᠭᠦᠮᠤᠨ ᠤ ᠦᠰᠤᠨ ᠪᠤᠶᠢᠵᠢᠯᠳᠠ ᠳᠤ ᠨᠢᠳᠤᠨ ᠳᠤ ᠦᠵᠡᠭᠳᠡᠵᠤ ᠭᠠᠷ ᠲᠤ ᠪᠠᠷᠢᠬᠳᠠᠮᠠᠷ ᠢᠯᠡᠳᠳᠠ ᠬᠤᠪᠢᠷᠠᠯᠳᠠ ᠭᠠᠷᠭᠠᠳᠠᠭ ᠦᠭᠡᠢ ᠪᠤᠯᠬᠤᠷ ᠪᠢᠳᠠ ᠶᠡᠷᠤ ᠶᠢᠨ ᠴᠠᠭ ᠲᠤ ᠪᠠᠨ ᠪᠠᠷᠢᠮᠳᠠᠯᠠᠬᠤ ᠪᠠᠷ ᠠᠨᠠᠢ ᠪᠠᠶᠢᠳᠠᠭ᠃ ᠭᠡᠪᠡᠴᠤ ᠪᠠᠭᠰᠢ ᠭᠦᠮᠤᠨ ᠤ ᠰᠤᠷᠭᠠᠨ ᠭᠦᠮᠦᠵᠢᠭᠦᠯᠭᠦ ᠤᠬᠠᠭᠠᠨ᠂ ᠰᠤᠷᠤᠬᠴᠢ ᠪᠠᠨ ᠤᠶᠢᠯᠠᠭᠠᠬᠤ ᠴᠢᠳᠠᠪᠤᠷᠢ ᠵᠢᠴᠢ ᠵᠢᠭᠠᠨ ᠰᠤᠷᠭᠠᠯᠳᠠ ᠶᠢᠨ ᠠᠵᠢᠯ ᠢᠶᠠᠨ ᠪᠦᠳᠦᠮᠵᠢᠳᠡᠢ ᠭᠢᠭᠦ ᠳᠤ ᠴᠢᠬᠤᠯᠠ ᠪᠦᠭᠦᠢ ᠢᠳᠡᠪᠬᠢᠳᠡᠢ ᠨᠦᠯᠦᠭᠡ ᠦᠵᠡᠭᠦᠯᠳᠡᠭ ᠪᠦᠭᠡᠳ ᠬᠠᠮᠤᠭ ᠤᠨ ᠴᠢᠬᠤᠯᠠ ᠨᠢ ᠪᠢᠳᠠᠨ ᠤ ᠠᠵᠢᠯ ᠤᠨ ᠶᠠᠳᠠᠷᠠᠭ᠎ᠠ ᠶᠢ ᠲᠠᠶᠢᠯᠵᠤ ᠴᠢᠳᠠᠳᠠᠭ᠃ ᠡᠶᠢᠮᠤ ᠠᠴᠠ ᠰᠤᠷᠭᠠᠭᠤᠯᠢ ᠶᠢᠨ ᠠᠵᠢᠯ ᠭᠡᠳ ᠪᠦᠭᠦᠯᠢ ᠡᠳᠤᠷ ᠢᠶᠠᠷ ᠶᠠᠭᠠᠷᠠᠭᠠᠳ ᠪᠠᠶᠢᠬᠤ ᠳᠤ  ᠪᠠᠨ ᠡᠷᠳᠡ ᠤᠷᠤᠢ ᠶᠢᠨ ᠴᠢᠯᠦᠭᠡ ᠵᠠᠪ ᠢᠶᠠᠨ ᠰᠢᠬᠠᠵᠤ ᠪᠠᠶᠢᠭᠠᠳ ᠨᠠᠮᠵᠢᠭᠤ ᠲᠠᠶᠢᠪᠤᠭᠤ ᠨᠤᠮ ᠤᠩᠰᠢᠵᠤ ᠰᠠᠭᠤᠪᠠᠯ ᠶᠤᠰᠤᠳᠡᠢ ᠨᠢᠭᠡᠨ ᠴᠠᠭ ᠤᠨ ᠦᠵᠠᠯ ᠰᠡᠳᠬᠢᠯᠭᠡ ᠶᠢᠨ ᠪᠠᠶᠠᠰᠤᠯ ᠪᠤᠯᠳᠠᠭ ᠠᠴᠠ ᠪᠠᠭᠰᠢ ᠨᠠᠷ ᠮᠢᠨᠢ ᠡᠳᠤᠷ ᠪᠦᠷᠢ ᠨᠤᠮ ᠤᠩᠰᠢᠨ ᠰᠤᠷᠤᠯᠴᠠᠬᠤ ᠲᠠᠳᠬᠠᠯ ᠲᠠᠢ ᠪᠤᠯᠵᠠᠭᠠᠶ᠎ᠠ᠃       ᠰᠤᠷᠭᠠᠨ ᠭᠦᠮᠦᠵᠢᠯ ᠪᠤᠯ ᠢᠷᠡᠭᠡᠳᠤᠢ ᠶᠢᠨ ᠠᠵᠢᠯ ᠪᠠᠶᠢᠵᠤ᠂ ᠪᠠᠭᠰᠢ ᠭᠦᠮᠤᠨ ᠪᠤᠯ ᠰᠤᠷᠤᠬᠴᠢ ᠶᠢᠨ ᠮᠠᠷᠭᠠᠰᠢ ᠪᠤᠯᠤᠨ᠎ᠠ᠃ ᠰᠤᠷᠤᠬᠴᠢ ᠳᠤ ᠪᠠᠨ ᠰᠠᠶᠢᠨ ᠰᠠᠶᠢᠬᠠᠨ ᠢᠷᠡᠭᠡᠳᠤᠢ ᠶᠢ ᠤᠯᠭᠤᠨ᠂ ᠰᠢᠯᠢᠳᠡᠭ ᠰᠠᠶᠢᠬᠠᠨ ᠪᠡᠶ᠎ᠡ ᠰᠡᠳᠬᠢᠴᠠ ᠶᠢᠨ ᠭᠡᠪ ᠪᠤᠯᠪᠠᠰᠤᠷᠠᠯ ᠲᠠᠢ ᠭᠦᠮᠤᠨ ᠪᠤᠯᠬᠤ ᠶᠢ ᠵᠢᠭᠠᠵᠤ ᠦᠭᠭᠦᠶ᠎ᠡ ᠭᠡᠪᠠᠯ ᠪᠢᠳᠠ ᠦᠪᠡᠷ ᠤᠨ ᠪᠡᠶ᠎ᠡ ᠠᠴᠠ ᠪᠠᠨ ᠡᠬᠢᠯᠡᠨ ᠵᠤᠯ ᠵᠢᠷᠭᠠᠯ ᠲᠠᠢ ᠠᠮᠢᠳᠤᠷᠠᠵᠤ ᠰᠤᠷᠤᠯᠴᠠᠵᠤ ᠴᠢᠳᠠᠭᠰᠠᠨ ᠪᠠᠶᠢᠬᠤ ᠭᠡᠷᠡᠭᠳᠡᠢ᠃ ᠡᠶᠢᠮᠤ ᠠᠴᠠ ᠭᠡᠳᠤᠢ ᠶᠠᠭᠠᠷᠠᠤ ᠪᠠᠶᠢᠬᠰᠠᠨ ᠴᠦ ᠡᠳᠤᠷ ᠪᠦᠷᠢ ᠪᠡᠶᠡᠨ ᠳᠤ ᠪᠠᠨ ᠨᠢᠭᠡ ᠴᠠᠭ ᠤᠨ ᠨᠤᠮ ᠤᠩᠰᠢᠵᠤ ᠰᠤᠷᠤᠯᠴᠠᠨ ᠦᠰᠤᠨ ᠪᠤᠶᠢᠵᠢᠬᠤ᠂ ᠪᠡᠶ᠎ᠡ ᠰᠡᠳᠬᠢᠴᠨ ᠪᠠᠨ ᠲᠠᠶᠢᠪᠤᠰᠢᠷᠠᠭᠤᠯᠤᠨ ᠪᠤᠯᠪᠠᠰᠤᠷᠠᠭᠤᠯᠬᠤ ᠲᠠᠮᠢᠷ ᠤᠨ ᠪᠤᠯᠪᠠᠰᠤᠷᠠᠯ ᠪᠠ ᠨᠢᠭᠡ ᠡᠷᠡᠨ ᠤ ᠠᠮᠳᠠᠳᠤ ᠬᠤᠭᠤᠯᠠ ᠪᠤᠳᠠᠭ᠎ᠠ ᠪᠡᠯᠡᠳᠭᠡᠨ ᠢᠳᠡᠭᠦ ᠴᠠᠭ ᠢ ᠭᠠᠷᠭᠠᠨ ᠦᠭᠴᠤ ᠪᠠᠶᠢᠭᠠᠷᠡᠢ᠃ ᠵᠤᠯ ᠵᠢᠷᠭᠠᠯ ᠲᠠᠢ ᠪᠠᠭᠰᠢ ᠰᠠᠶ᠋ᠢ ᠨᠡᠩ ᠰᠢᠯᠢᠳᠡᠭ ᠰᠤᠷᠤᠬᠴᠢᠳ ᠢ ᠭᠦᠮᠦᠵᠢᠭᠦᠯᠵᠤ ᠴᠢᠳᠠᠨ᠎ᠠ ᠭᠡᠳᠡᠭ ᠢ ᠢᠳᠡᠭᠡᠨ᠂ ᠰᠤᠷᠭᠠᠨ ᠭᠦᠮᠦᠵᠢᠯ ᠤᠨ ᠵᠤᠯ ᠵᠢᠷᠭᠠᠯ ᠤᠨ ᠤᠬᠠᠭᠠᠨ ᠢ ᠢᠯᠡᠭᠦᠭᠡᠨ ᠰᠤᠷᠤᠯᠴᠠᠶ᠎ᠠ᠃       ᠠᠵᠢᠯᠯᠠᠵᠤ ᠪᠠᠶᠢᠭ᠎ᠠ ᠪᠠᠶᠢᠭᠤᠯᠭ᠎ᠠ᠄ ᠦᠤᠰᠢᠨ ᠬᠤᠰᠢᠭᠤᠨ ᠤ ᠮᠤᠩᠭᠤᠯ ᠦᠨᠳᠤᠰᠤᠳᠡᠨ ᠤ                                  ᠲᠤᠷᠰᠢᠯᠳᠠ ᠶᠢᠨ ᠪᠠᠭ᠎ᠠ ᠰᠤᠷᠭᠠᠭᠤᠯᠢ                                  ︵ᠡᠾᠦ᠋ᠩ ᠮᠸᠢ ᠨᠠᠶᠢᠷᠠᠭᠤᠯᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map