ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/12/11
      12 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ  ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠄      ᠨᠢᠭᠡ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢ ᠬᠢᠨᠠᠨ ᠰᠢᠯᠭᠠᠵᠤ ᠰᠡᠷᠡᠮᠵᠢᠯᠡᠭᠦᠯᠬᠦ  ᠶᠢ ᠴᠢᠩᠭᠠᠳᠬᠠᠨ᠎ᠠ      ᠡᠯ᠎ᠡ ᠭᠠᠵᠠᠷ ᠤᠨ ᠡᠯ᠎ᠡ ᠰᠤᠷᠭᠠᠭᠤᠯᠢ ᠥᠷᠯᠥᠭᠡ ︵ᠦᠳᠡ︶ ᠶᠢᠨ ᠪᠠᠶᠢᠴᠠᠭᠠᠯᠲᠠ᠂ ᠡᠪᠡᠳᠴᠢᠨ ᠠᠴᠠ ᠪᠣᠯᠵᠤ ᠬᠢᠴᠢᠶᠡᠯ ︵ᠠᠵᠢᠯ︶ ᠰᠠᠭᠠᠲᠠᠬᠤ ᠪᠤᠶᠤ ᠡᠪᠡᠳᠴᠢᠨ ᠡᠳᠡᠭᠡᠷᠡᠵᠦ ᠰᠤᠷᠭᠠᠭᠤᠯᠢ ᠳᠤ ᠪᠠᠨ ᠪᠤᠴᠠᠬᠤ ᠶᠢ ᠪᠠᠶᠢᠴᠠᠭᠠᠨ ᠰᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ ᠢ ᠬᠢᠨᠠᠨ ᠰᠢᠯᠭᠠᠵᠤ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠢ᠃ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠨᠢᠭᠲᠠ ᠬᠠᠷᠢᠴᠠᠭ᠎ᠠ ᠪᠠᠶᠢᠭᠤᠯᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠬᠢᠨᠠᠨ ᠰᠢᠯᠭᠠᠵᠤ ᠰᠡᠷᠡᠮᠵᠢᠯᠡᠭᠦᠯᠬᠦ ᠶᠢ ᠬᠠᠮᠵᠢᠯᠴᠠᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠣᠯᠵᠤ ᠮᠡᠳᠡᠪᠡᠯ ᠳᠡᠰ ᠳᠠᠷᠠᠭᠠᠯᠠᠯ ᠶᠣᠰᠣᠭᠠᠷ ᠴᠠᠭ ᠲᠤᠬᠠᠢ ᠳᠤ ᠨᠢ ᠮᠡᠳᠡᠭᠦᠯᠵᠦ᠂ ᠲᠤᠰᠬᠠᠢ ᠪᠠᠶᠢᠭᠤᠯᠤᠮᠵᠢ ᠲᠠᠢ ᠬᠠᠮᠵᠢᠯᠴᠠᠨ ᠰᠢᠨᠵᠢᠯᠡᠬᠦ ᠤᠬᠠᠭᠠᠨᠴᠢ ᠪᠠᠷ ᠠᠷᠭᠠᠴᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠷᠡᠭᠦᠯ ᠬᠠᠮᠠᠭᠠᠯᠠᠯ ᠤᠨ ᠲᠠᠰᠤᠭ ︵ᠡᠷᠡᠭᠦᠯᠵᠢᠭᠦᠯᠬᠦ ᠲᠠᠰᠤᠭ︶ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠡᠪᠡᠳᠴᠢᠨ ᠳᠤ ᠨᠢ ᠲᠣᠬᠢᠷᠠᠭᠤᠯᠤᠨ ᠡᠮᠨᠡᠨ ᠵᠠᠰᠠᠬᠤ ᠡᠮ ᠪᠡᠯᠡᠳᠭᠡᠬᠦ ᠵᠡᠷᠭᠡ ᠡᠮᠴᠢᠯᠡᠭᠡᠨ ᠤ ᠡᠳ᠋ ᠪᠣᠳᠠᠰ ᠢ ᠨᠥᠭᠡᠴᠡᠯᠡᠬᠦ ᠬᠡᠷᠡᠭᠲᠡᠢ᠃ ᠪᠠᠭᠰᠢ ᠰᠤᠷᠤᠭᠴᠢᠳ ᠲᠤ ᠬᠠᠯᠠᠭᠤᠷᠠᠬᠤ᠂ ᠬᠠᠨᠢᠶᠠᠬᠤ ᠵᠡᠷᠭᠡ ᠬᠠᠮᠢᠶ᠎ᠠ ᠪᠦᠬᠦᠢ ᠡᠪᠡᠳᠴᠢᠨ ᠤ ᠢᠯᠡᠷᠡᠯ ᠲᠠᠢ ᠪᠣᠯ ᠴᠠᠭ ᠲᠤᠬᠠᠢ ᠳᠤ ᠨᠢ ᠡᠮᠨᠡᠭᠦᠯᠬᠦ ᠶᠢᠨ ᠬᠠᠮᠲᠤ ᠰᠤᠷᠭᠠᠭᠤᠯᠢ ᠳᠤ ᠮᠡᠳᠡᠭᠦᠯᠦᠨ ᠳᠠᠩᠰᠠᠯᠠᠭᠤᠯᠵᠤ᠂ ᠡᠪᠡᠳᠴᠢᠯᠡᠭᠰᠡᠨ ᠪᠠᠭᠰᠢ ᠰᠤᠷᠤᠭᠴᠢᠳ ᠤᠨ ᠡᠷᠡᠭᠦᠯᠵᠢᠭᠰᠡᠨ ᠢ ᠨᠣᠲᠠᠯᠠᠭᠰᠠᠨ ᠤ ᠳᠠᠷᠠᠭ᠎ᠠ ᠰᠤᠷᠭᠠᠭᠤᠯᠢ ᠳᠤ ᠪᠠᠨ ᠪᠤᠴᠠᠵᠤ᠂ ᠡᠪᠡᠳᠴᠢᠨ ᠲᠠᠢ ᠰᠤᠷᠭᠠᠭᠤᠯᠢ ᠳᠤ ᠣᠴᠢᠵᠤ ᠠᠵᠢᠯᠯᠠᠬᠤ ᠪᠠ ᠰᠤᠷᠤᠯᠴᠠᠵᠤ ᠪᠣᠯᠬᠤ ᠦᠭᠡᠢ ᠭᠡᠵᠦ ᠰᠠᠨᠠᠭᠤᠯᠪᠠ᠃      ᠬᠤᠶᠠᠷ᠂ ᠤᠬᠠᠭᠤᠯᠤᠨ ᠬᠥᠮᠥᠵᠢᠭᠦᠯᠬᠦ ᠪᠠ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠨ᠎ᠠ      ᠡᠯ᠎ᠡ ᠭᠠᠵᠠᠷ ᠤᠨ ᠡᠯ᠎ᠡ ᠰᠤᠷᠭᠠᠭᠤᠯᠢ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠶᠢᠨ ᠬᠠᠮᠲᠤ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠲᠤᠯᠠᠵᠤ᠂ ᠥᠪᠡᠷ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ᠃ ᠬᠠᠯᠳᠠᠪᠤᠷᠢᠲᠤ ᠲᠠᠭᠰᠢᠭᠤᠷ ᠤᠨ ᠬᠢᠵᠢᠭ ᠤᠨ ᠪᠠᠶᠢᠳᠠᠯ ᠪᠣᠯᠤᠨ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠤᠬᠠᠭᠤᠯᠵᠤ᠂ ᠣᠯᠠᠨ ᠵᠦᠢᠯ ᠤᠨ ᠬᠡᠯᠪᠡᠷᠢ ᠶᠢᠨ ᠡᠷᠡᠭᠦᠯ ᠮᠡᠨᠳᠦ ᠶᠢᠨ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠭᠴᠢᠳ ᠤᠨ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠬᠥᠮᠦᠵᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ ᠰᠤᠷᠤᠭᠴᠢᠳ ᠤᠨ ᠵᠣᠬᠢᠰᠲᠠᠢ ᠬᠤᠭᠤᠯᠠᠯᠠᠵᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠨ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠵᠢᠯᠣᠭᠤᠳᠴᠤ᠂ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠰᠤᠷᠤᠭᠴᠢᠳ ᠤᠨ ᠡᠪᠡᠳᠴᠢᠨ ᠲᠠᠢ ᠬᠤᠭᠤᠴᠠᠭᠠᠨ ᠤ ᠳᠠᠰᠬᠠᠯ ᠳᠤ ᠬᠠᠲᠠᠭᠤ ᠱᠠᠭᠠᠷᠳᠠᠯᠭ᠎ᠠ ᠲᠠᠯᠪᠢᠵᠤ ᠪᠣᠯᠬᠤ ᠦᠭᠡᠢ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠡᠪᠡᠳᠴᠢᠯᠡᠭᠰᠡᠨ ᠰᠤᠷᠤᠭᠴᠢᠳ ᠢ ᠭᠦᠢᠴᠡᠳ ᠡᠮᠨᠡᠨ ᠵᠠᠰᠠᠭᠤᠯᠬᠤ ᠪᠠ ᠠᠮᠠᠷᠠᠭᠤᠯᠵᠤ᠂ ᠰᠤᠷᠤᠭᠴᠢᠳ ᠲᠤ ᠡᠪᠡᠳᠴᠢᠯᠡᠭᠰᠡᠨ ᠬᠤᠭᠤᠴᠠᠭᠠᠨ ᠳᠤ ᠪᠠᠨ  ᠵᠠᠪᠳᠤᠭᠤᠯᠵᠤ ᠳᠠᠰᠬᠠᠯ ᠬᠢᠬᠦ ᠶᠢ ᠰᠠᠨᠠᠭᠤᠯᠬᠤ ᠦᠭᠡᠢ ᠪᠠᠶᠢᠵᠤ᠂ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃      ᠭᠤᠷᠪᠠ᠂ ᠣᠯᠠᠨ ᠡᠪᠡᠳᠴᠢᠨ ᠢ ᠬᠠᠮᠲᠤ ᠪᠠᠷ ᠰᠡᠷᠭᠡᠶᠢᠯᠡᠵᠦ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ      ᠣᠶᠢᠷ᠎ᠠ ᠶᠢᠨ ᠬᠤᠭᠤᠴᠠᠭ᠎ᠠ ᠪᠣᠯ ᡁᠢ ᠶᠤᠸᠠᠨ ᠠᠩᠬᠠᠨ ᠤ ᠪᠡᠶ᠎ᠡ ᠶᠢᠨ ᠠᠭᠤᠰᠬᠢᠨ ᠦᠷᠪᠢᠰᠦᠯ᠂ ᠭᠠᠷ ᠬᠥᠯ ᠠᠮᠠᠨ ᠤ ᠡᠪᠡᠳᠴᠢᠨ᠂ ᠨᠦᠸᠧ ᠷᠤ ᠸᠢᠷᠦ᠋ᠰ ᠤᠨ ᠬᠠᠯᠳᠠᠪᠤᠷᠢᠯᠠᠯ ᠤᠨ ᠴᠢᠨᠠᠷᠲᠠᠢ ᠰᠠᠭᠤᠯᠭᠠᠬᠤ ᠵᠡᠷᠭᠡ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠤᠯᠠᠷᠢᠯ ᠪᠣᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠳᠤ ᠰᠡᠷᠭᠡᠭ ᠬᠠᠨᠳᠤᠵᠤ᠂ ᠰᠣᠨᠣᠷ ᠰᠡᠷᠡᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠡᠯ᠎ᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠠᠭ ᠲᠤᠬᠠᠢ ᠳᠤ ᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠠᠴᠠ ᠰᠤᠷᠭᠠᠭᠤᠯᠢ ᠶᠢᠨ ᠬᠦᠷᠢᠶᠡᠨ ᠳᠠᠬᠢ ᠣᠯᠠᠨ ᠨᠡᠶᠢᠲᠡ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠪᠠ ᠠᠷᠢᠭᠤᠳᠬᠠᠬᠤ ᠳᠦᠷᠢᠮ ᠢ ᠨᠠᠶᠢᠳᠠᠪᠤᠷᠢᠵᠢᠭᠤᠯᠤᠨ᠂ ᠢᠳᠡᠭᠡᠨ ᠪᠠ ᠤᠤᠭᠤᠬᠤ ᠤᠰᠤᠨ ᠤ ᠠᠷᠢᠭᠤᠨ ᠴᠡᠪᠡᠷ  ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ ᠰᠡᠷᠭᠡᠶᠢᠯᠡᠬᠦ ᠪᠠ ᠣᠯᠠᠨ ᠡᠪᠡᠳᠴᠢᠨ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠠᠮᠢᠳᠤᠷᠠᠯ ᠤᠨ ᠡᠮᠬᠢ ᠳᠢᠭᠯᠢᠮ ᠤᠨ ᠠᠮᠤᠷ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map