2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠶᠤᠲᠠᠳ ᠤᠨ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠤᠯᠪᠣᠭᠠᠲᠤ ᠤᠷᠤᠯᠳᠤᠭᠠᠨ ᠵᠢᠴᠢ ᠬᠥᠭᠵᠢᠶᠡᠨᠲᠦ ᠪᠡᠶ᠎ᠡ ᠶᠢᠨ ᠲᠠᠮᠢᠷ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/12/11
      12 ᠰᠠᠷ᠎ᠠ ᠶᠢᠨ 8 ᠤ ᠡᠳᠦᠷ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠤᠶᠤᠲᠠᠳ ᠤᠨ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠤᠯᠪᠣᠭᠠᠲᠤ ᠤᠷᠤᠯᠳᠤᠭᠠᠨ ᠵᠢᠴᠢ ᠬᠥᠭᠵᠢᠶᠡᠨᠲᠦ ᠪᠡᠶ᠎ᠡ ᠶᠢᠨ ᠲᠠᠮᠢᠷ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡᠨ ᠤ ᠨᠡᠶᠢᠭᠡᠮᠯᠢᠭ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠡᠨᠡ ᠤᠳᠠᠭᠠᠨ ᠤ ᠤᠷᠤᠯᠳᠤᠭᠠᠨ 11 ᠰᠠᠷ᠎ᠠ ᠶᠢᠨ 26 ᠤ ᠡᠳᠦᠷ ᠡᠬᠢᠯᠡᠭᠰᠡᠨ ᠠᠴᠠ ᠨᠠᠭᠠᠰᠢ᠂ ᠲᠠᠮᠢᠷᠴᠢᠳ ᠡᠷᠡᠮᠡᠬᠡᠶᠢᠯᠡᠨ ᠮᠥᠷᠥᠶᠢᠴᠡᠵᠦ᠂ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠵᠤ᠂ ᠮᠠᠨ ᠤ ᠣᠷᠣᠨ ᠤ ᠤᠶᠤᠲᠠᠳ ᠤᠨ ᠴᠤᠭ ᠪᠠᠳᠠᠷᠠᠩᠭᠤᠢ᠂ ᠡᠷᠡᠭᠦᠯ ᠮᠡᠨᠳᠦ ᠢᠲᠡᠭᠡᠯ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠢᠷᠮᠠᠶᠢᠨ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠪᠡ᠃

1.jpg

2.jpg

3.jpg

4.jpg

      2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠤᠶᠤᠲᠠᠳ ᠤᠨ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠤᠯᠪᠣᠭᠠᠲᠤ ᠤᠷᠤᠯᠳᠤᠭᠠᠨ

ᠵᠢᠴᠢ ᠬᠥᠭᠵᠢᠶᠡᠨᠲᠦ ᠪᠡᠶ᠎ᠡ ᠶᠢᠨ ᠲᠠᠮᠢᠷ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠲᠡᠷᠡ ᠭᠱᠠᠨ᠎ᠠ

5.jpg

6.jpg

7.jpg

8.jpg

      2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠤᠶᠤᠲᠠᠳ ᠤᠨ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠤᠯᠪᠣᠭᠠᠲᠤ ᠤᠷᠤᠯᠳᠤᠭᠠᠨ

ᠵᠢᠴᠢ ᠬᠥᠭᠵᠢᠶᠡᠨᠲᠦ ᠪᠡᠶ᠎ᠡ ᠶᠢᠨ ᠲᠠᠮᠢᠷ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠭᠱᠠᠨ ᠵᠠᠭᠤᠷ᠎ᠠ

      ᠡᠨᠡ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ 284 ᠬᠥᠯ

ᠪᠥᠮᠪᠦᠭᠡᠴᠢᠨ ᠪᠠ 94 ᠬᠥᠭᠵᠢᠶᠡᠨᠲᠦ ᠪᠡᠶ᠎ᠡ ᠶᠢᠨ ᠲᠠᠮᠢᠷᠴᠢᠳ ᠴᠤᠭᠯᠠᠷᠠᠵᠤ᠂ ᠭᠡᠷ ᠳᠣᠲᠣᠷᠠᠬᠢ ᠲᠠᠪᠤᠨ ᠬᠥᠮᠦᠨ ᠤ

ᠳᠦᠷᠢᠮᠲᠦ ᠬᠥᠯ ᠪᠥᠮᠪᠦᠭᠡᠨ ᠤ ᠤᠷᠤᠯᠳᠤᠭᠠᠨ ᠢ 56 ᠲᠠᠯᠠᠪᠤᠷ ᠶᠠᠪᠤᠭᠳᠠᠭᠤᠯᠪᠠ᠃ ᠤᠷᠤᠯᠳᠤᠭᠠᠨ ᠤ

ᠲᠣᠬᠢᠷᠠᠭᠤᠯᠤᠯᠲᠠ ᠶᠢᠨ ᠲᠠᠯ᠎ᠠ  ᠪᠠᠷ᠂ ᠵᠣᠬᠢᠶᠠᠨ ᠪᠠᠶᠢᠭᠤᠯᠬᠤ ᠺᠣᠮᠢᠰ ᠠᠴᠠ ᠬᠥᠭᠵᠢᠶᠡᠨᠲᠦ ᠪᠡᠶ᠎ᠡ ᠶᠢᠨ ᠲᠠᠮᠢᠷ ᠤᠨ

ᠤᠷᠤᠯᠳᠤᠭᠠᠨ ᠤ ᠦᠵᠡᠭᠦᠯᠭᠡ ᠶᠢᠨ ᠭᠤᠭᠴᠤᠭ᠎ᠠ ᠶᠢ ᠵᠢᠩᠬᠢᠨᠢ ᠠᠩᠭᠢ ᠶᠢᠨ ᠳᠤᠭᠤᠶᠢᠯᠠᠩ ᠤᠨ ᠭᠡᠷ ᠳᠣᠲᠤᠷᠠᠬᠢ

ᠲᠠᠪᠤᠨ ᠬᠥᠮᠦᠨ ᠤ ᠳᠦᠷᠢᠮᠲᠦ ᠬᠥᠯ ᠪᠥᠮᠪᠦᠭᠡᠨ ᠤ ᠤᠷᠤᠯᠳᠤᠭᠠᠨ ᠵᠠᠪᠰᠠᠷᠯᠠᠬᠤ ᠦᠶ᠎ᠡ ᠳᠤ ᠬᠠᠪᠴᠢᠭᠤᠯᠤᠨ

ᠣᠷᠣᠭᠤᠯᠵᠤ ᠦᠵᠡᠭᠦᠯᠬᠦ ᠪᠠᠷ ᠲᠥᠯᠦᠪᠯᠡᠵᠦ᠂ ᠬᠤᠶᠠᠷ ᠵᠦᠢᠯ  ᠤᠨ ᠤᠷᠤᠯᠳᠤᠭᠠᠨ ᠢ ᠢᠩᠭᠢᠵᠦ ᠤᠶᠠᠯᠳᠤᠭᠤᠯᠵᠤ

ᠪᠠᠶᠢᠭ᠎ᠠ ᠨᠢ ᠤᠷᠤᠯᠳᠤᠭᠠᠨ ᠢ ᠪᠠᠶᠠᠯᠢᠭᠵᠢᠭᠤᠯᠵᠤ᠂ ᠰᠣᠨᠢᠷᠬᠠᠬᠤ ᠶᠢ ᠳᠡᠭᠡᠭᠰᠢᠯᠡᠭᠦᠯᠦᠭᠰᠡᠨ ᠪᠠᠷ ᠪᠠᠷᠠᠬᠤ ᠦᠭᠡᠢ᠂ ᠬᠥᠯ

ᠪᠥᠮᠪᠦᠭᠡ ᠪᠣᠯᠤᠨ ᠬᠥᠭᠵᠢᠶᠡᠨᠲᠦ ᠪᠡᠶ᠎ᠡ ᠶᠢᠨ ᠲᠠᠮᠢᠷ ᠤᠨ ᠡᠷᠡᠭᠦᠯ ᠴᠢᠬᠢᠷᠠᠭ ᠪᠠ ᠭᠤᠸ᠎ᠠ ᠰᠠᠶᠢᠬᠠᠨ ᠤ ᠣᠨᠴᠠᠯᠢᠭ ᠢ

ᠨᠡᠩ ᠲᠣᠪᠤᠶᠢᠯᠭᠠᠪᠠ᠃ ᠦᠵᠡᠭᠴᠢᠳ ᠲᠤ ᠪᠠᠴᠢᠮ ᠪᠥᠭᠡᠳ ᠰᠡᠳᠡᠯᠲᠡ ᠲᠠᠢ ᠬᠥᠯ ᠪᠥᠮᠪᠦᠭᠡᠨ ᠤ ᠤᠷᠤᠯᠳᠤᠭᠠᠨ ᠢ

ᠰᠣᠨᠢᠷᠬᠠᠭᠤᠯᠬᠤ ᠶᠢᠨ ᠬᠠᠮᠲᠤ ᠬᠥᠭᠵᠢᠶᠡᠨᠲᠦ ᠪᠡᠶ᠎ᠡ ᠶᠢᠨ ᠲᠠᠮᠢᠷ  ᠤᠨ ᠤᠷᠤᠯᠳᠤᠭᠠᠨ ᠤ ᠠᠪᠴᠢᠷᠠᠭᠰᠠᠨ ᠵᠢᠪᠬᠤᠭᠠᠲᠤ

ᠵᠠᠯᠠᠭᠤ ᠨᠠᠰᠤ ᠪᠣᠯᠤᠨ ᠠᠮᠢᠵᠢᠷᠠᠯ ᠤᠨ ᠬᠦᠴᠦᠨ ᠢ ᠮᠡᠳᠡᠷᠡᠭᠦᠯᠪᠡ᠃

9.png

      2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠤᠶᠤᠲᠠᠳ ᠤᠨ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠤᠯᠪᠣᠭᠠᠲᠤ ᠤᠷᠤᠯᠳᠤᠭᠠᠨ ᠤ

ᠵᠢᠩᠬᠢᠨᠢ ᠠᠩᠭᠢ ᠶᠢᠨ ᠮᠠᠩᠯᠠᠢ᠄ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ

ᠰᠤᠷᠭᠠᠭᠤᠯᠢ

10.jpg

      2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠤᠶᠤᠲᠠᠳ ᠤᠨ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠤᠯᠪᠣᠭᠠᠲᠤ ᠤᠷᠤᠯᠳᠤᠭᠠᠨ ᠤ

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠳᠤᠰᠬᠠᠢ ᠮᠡᠷᠭᠡᠵᠢᠯ ᠤᠨ

ᠤᠷᠤᠯᠳᠤᠭᠠᠨ ᠤ ᠮᠠᠩᠯᠠᠢ᠄ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

    

     ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ  ᠠᠭᠤᠰᠤᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂

ᠰᠤᠷᠤᠭᠴᠢᠳ ᠤᠨ ᠪᠡᠶ᠎ᠡ ᠶᠢᠨ ᠲᠠᠮᠢᠷ ᠤᠨ ᠠᠯᠢ ᠣᠯᠠᠨ ᠲᠤᠰᠬᠠᠢ ᠤᠷᠤᠯᠳᠤᠭᠠᠨ ᠢ ᠵᠣᠬᠢᠶᠠᠨ ᠪᠠᠶᠢᠭᠤᠯᠤᠨ ᠡᠷᠬᠢᠯᠡᠵᠦ᠂

ᠡᠯ᠎ᠡ ᠵᠦᠢᠯ ᠤᠨ ᠤᠷᠤᠯᠳᠤᠭᠠᠨ ᠢ ᠥᠷᠨᠢᠭᠦᠯᠦᠭᠰᠡᠨ ᠨᠢ ᠵᠠᠯᠠᠭᠤᠴᠤᠳ ᠪᠠᠭᠠᠴᠤᠳ ᠰᠤᠷᠤᠭᠴᠢᠳ ᠲᠤ ᠰᠣᠯᠢᠯᠴᠠᠨ

ᠰᠤᠷᠤᠯᠴᠠᠬᠤ ᠲᠠᠪᠴᠠᠩ ᠬᠠᠩᠭᠠᠵᠤ᠂ ᠮᠠᠨ ᠤ ᠣᠷᠣᠨ ᠤ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ

ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠳᠠᠷᠠᠭ᠎ᠠ

ᠠᠯᠬᠤᠮ ᠳᠤ᠂ ᠮᠠᠨ ᠤ ᠣᠷᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠠᠵᠢᠯᠯᠠᠭ᠎ᠠ ᠶᠢᠨ

ᠬᠥᠲᠥᠯᠥᠨ ᠳᠠᠭᠠᠭᠤᠯᠬᠤ ᠦᠢᠯᠡᠳᠦᠯ ᠪᠠ ᠬᠥᠮᠦᠨ ᠬᠥᠮᠦᠵᠢᠭᠦᠯᠬᠦ ᠦᠨ᠎ᠡ ᠥᠷᠲᠡᠭ ᠢ ᠦᠷᠭᠦᠯᠵᠢᠯᠡᠨ ᠪᠠᠳᠠᠷᠠᠭᠤᠯᠵᠤ᠂

ᠥᠪᠡᠷᠮᠢᠴᠡ ᠣᠨᠴᠠᠯᠢᠭᠲᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠣᠭᠲᠠᠯᠴᠠᠭ᠎ᠠ ᠶᠢ ᠠᠯᠬᠤᠮ

ᠠᠯᠬᠤᠮ ᠢᠶᠠᠷ ᠪᠦᠷᠢᠯᠳᠦᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map