130 ᠬᠥᠮᠦᠨ ᠬᠡᠷᠡᠭᠯᠡᠬᠦ ᠨᠢᠭᠡᠴᠢ 4793 ᠠᠵᠢᠯ ᠤᠨ ᠪᠠᠶᠢᠷᠢ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠶᠡᠭᠡ ᠳᠡᠭᠡᠳᠦ ᠰᠤᠷᠭᠠᠭᠤᠯᠢ ᠶᠢᠨ ᠮᠠᠰᠲ᠋ᠧᠷ ᠳ᠋ᠣᠺᠲ᠋ᠣᠷ ᠲᠡᠭᠦᠰᠦᠭᠰᠡᠳ ᠤᠨ ᠲᠤᠰᠬᠠᠢ ᠲᠠᠯᠠᠪᠤᠷ ᠬᠤᠣᠰ  ᠰᠣᠩᠭᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/13
      2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠥᠳᠲᠡᠷ ᠲᠦᠷᠭᠡᠨ ᠠᠬᠢᠭᠤᠯᠵᠤ᠂ ᠳᠡᠭᠡᠳᠦ ᠳᠡᠰ ᠤᠨ ᠴᠢᠳᠠᠪᠤᠷᠢᠲᠠᠨ ᠪᠠ ᠬᠥᠮᠦᠨ ᠬᠡᠷᠡᠭᠯᠡᠬᠦ ᠨᠢᠭᠡᠴᠢ ᠶᠢ ᠨᠠᠷᠢᠯᠢᠭ ᠣᠨᠣᠴᠠᠲᠠᠢ ᠵᠣᠯᠭᠠᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠶᠡᠭᠡ ᠳᠡᠭᠡᠳᠦ ᠰᠤᠷᠭᠠᠭᠤᠯᠢ ᠶᠢᠨ ᠮᠠᠰᠲ᠋ᠧᠷ ᠳ᠋ᠣᠺᠲ᠋ᠣᠷ ᠲᠡᠭᠦᠰᠦᠭᠰᠡᠳ ᠤᠨ ᠲᠤᠰᠬᠠᠢ ᠲᠠᠯᠠᠪᠤᠷ ᠬᠤᠣᠰ ᠰᠣᠩᠭᠤᠯᠲᠠ ᠶᠢᠨ ᠬᠤᠷᠠᠯ︾ ᠢ ᠡᠷᠬᠢᠯᠡᠪᠡ᠃

a63dedf2138acbe696472469facd4eb7_640_wx_fmt=jpeg&from=appmsg&wxfrom=5&wx_lazy=1&wx_co=1.jpg

      ᠡᠨᠡ ᠤᠳᠠᠭᠠᠨ ᠤ ᠬᠤᠣᠰ ᠰᠣᠩᠭᠤᠯᠲᠠ ᠶᠢᠨ ᠬᠤᠷᠠᠯ ᠳᠤ ᠣᠷᠣᠨ ᠤ ᠳᠣᠲᠤᠨ᠎ᠠ ᠭᠠᠳᠠᠨᠠᠬᠢ 130

ᠴᠢᠨᠠᠷᠯᠢᠭ ᠬᠥᠮᠦᠨ ᠬᠡᠷᠡᠭᠯᠡᠬᠦ ᠨᠢᠭᠡᠴᠢ ᠣᠷᠣᠯᠴᠠᠵᠤ᠂ ᠮᠠᠰᠲ᠋ᠧᠷ ᠳ᠋ᠣᠺᠲ᠋ᠣᠷ ᠲᠡᠭᠦᠰᠦᠭᠰᠡᠳ ᠲᠤ 4793 ᠠᠵᠢᠯ ᠤᠨ

ᠪᠠᠶᠢᠷᠢ ᠬᠠᠩᠭᠠᠵᠤ᠂ ᠠᠵᠢᠯ ᠤᠨ ᠪᠠᠶᠢᠷᠢ ᠨᠢ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ᠂ ᠪᠠᠷᠢᠯᠭ᠎ᠠ ᠶᠢᠨ

ᠢᠨᠵᠧᠨᠧᠷᠢᠩ ᠤᠨ ᠲᠥᠷᠥᠯ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ᠂ ᠺᠣᠮᠫᠢᠦ᠋ᠲ᠋ᠧᠷ ᠤᠨ ᠶᠡᠭᠡ ᠲᠥᠷᠥᠯ᠂

ᠳᠡᠭᠡᠳᠦ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ᠂ ᠰᠤᠷᠭᠠᠨ ᠬᠥᠮᠦᠵᠢᠯ ᠤᠨ ᠳᠦᠷᠦᠯ᠂ ᠵᠠᠮ

ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠵᠡᠷᠭᠡ ᠠᠵᠢᠯ ᠲᠥᠷᠥᠯ ᠳᠤ ᠬᠤᠯᠪᠣᠭᠳᠠᠵᠠᠢ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠠᠬ᠎ᠠ

ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠤᠨ ᠪᠠᠶᠢᠷᠢ ᠶᠢ ᠨᠡᠭᠡᠭᠡᠬᠦ ᠡᠷᠴᠢᠮ ᠢᠶᠠᠨ ᠤᠯᠠᠮ ᠨᠢᠭᠡ ᠠᠯᠬᠤᠮ

ᠴᠢᠩᠭᠠᠷᠠᠭᠤᠯᠵᠤ᠂ ︽ᠲᠦᠮᠡᠨ ᠠᠵᠤ ᠠᠬᠤᠶᠢᠯᠠᠯ ᠢ ᠰᠤᠷᠭᠠᠭᠤᠯᠢ ᠳᠤ ᠣᠷᠣᠭᠤᠯᠬᠤ︾᠂ ︽ᠠᠵᠤ ᠠᠬᠤᠶᠢᠯᠠᠯ ᠢ

ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ︾ ᠵᠡᠷᠭᠡ ᠠᠵᠢᠯᠯᠠᠭ᠎ᠠ ᠶᠢ ᠡᠮᠬᠢ ᠵᠢᠷᠤᠮ ᠲᠠᠢ

ᠶᠠᠪᠤᠭᠳᠠᠭᠤᠯᠬᠤ ᠶᠢ ᠠᠬᠢᠭᠤᠯᠤᠨ᠂ ᠡᠯ᠎ᠡ ᠳᠡᠭᠡᠳᠦ ᠰᠤᠷᠭᠠᠭᠤᠯᠢ ᠲᠠᠢ ᠬᠠᠮᠲᠤᠷᠠᠨ ᠳᠡᠰ ᠳᠠᠪᠬᠤᠷᠭ᠎ᠠ᠂ ᠣᠷᠣᠨ

ᠪᠦᠰᠡ᠂ ᠠᠵᠢᠯ ᠲᠥᠷᠥᠯ ᠬᠤᠪᠢᠶᠠᠭᠰᠠᠨ ᠠᠵᠢᠯᠲᠠᠨ ᠤᠷᠢᠬᠤ ᠠᠵᠢᠯᠯᠠᠭ᠎ᠠ ᠶᠢ ᠨᠠᠷᠢᠯᠢᠭ ᠣᠨᠣᠴᠠᠲᠠᠢ ᠥᠷᠨᠢᠭᠦᠯᠵᠦ᠂

ᠬᠥᠮᠦᠨ ᠬᠡᠷᠡᠭᠯᠡᠬᠦ ᠨᠢᠭᠡᠴᠢ ᠪᠣᠯᠤᠨ ᠥᠷᠭᠡᠨ ᠣᠯᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠷᠢᠯᠢᠭ ᠣᠨᠣᠴᠠᠲᠠᠢ

ᠵᠣᠯᠭᠠᠭᠤᠯᠬᠤ ᠲᠠᠪᠴᠠᠩ ᠪᠠᠶᠢᠭᠤᠯᠤᠨ ᠥᠭᠴᠦ᠂ ᠪᠦᠲᠦᠮᠵᠢᠲᠡᠢ᠂ ᠴᠢᠨᠠᠷᠯᠢᠭ ᠠᠵᠢᠯ ᠣᠯᠭᠤᠯᠲᠠ ᠶᠢᠨ ᠦᠢᠯᠡᠴᠢᠯᠡᠭᠡ

ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠪᠤᠷᠢᠲᠠᠨ ᠤ

ᠣᠶᠤᠨ ᠤ ᠲᠤᠯᠭᠠᠭᠤᠷᠢᠯᠠᠯ ᠢ ᠬᠠᠩᠭᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map