ᠪᠠᠭ᠎ᠠ ᠰᠤᠷᠭᠠᠭᠤᠯᠢ ᠶᠢᠨ ᠰᠣᠷᠣᠭᠴᠢᠳ ᠤᠨ ᠵᠣᠬᠢᠶᠠᠨ ᠪᠢᠴᠢᠯᠭᠡ ᠶᠢ ᠬᠡᠷᠬᠢᠨ ᠳᠡᠭᠡᠭᠰᠢᠯᠡᠭᠦᠯᠬᠦ ᠲᠤᠬᠠᠢ ᠮᠦᠴᠢᠳ ᠦᠭᠦᠯᠡᠬᠦ ᠨᠢ
ᠨᠡᠶᠢᠲᠡᠯᠡᠭᠰᠡᠨ ᠴᠠᠭ᠄
2023/12/13
                          ᠪᠠᠶᠠᠨᠮᠥ᠋ᠩᠬᠡ

教学研究3.png

 

      ᠵᠤᠬᠢᠶᠠᠨ ᠪᠢᠴᠢᠯᠭᠡ ᠨᠢ ᠬᠡᠯᠡ ᠪᠢᠴᠢᠭ ᠤᠨ ᠵᠢᠭᠠᠨ ᠰᠤᠷᠭᠠᠯᠲᠠ ᠳᠤ ᠤᠮᠳᠤᠭᠠᠶᠢᠯᠠᠵᠤ ᠪᠣᠯᠣᠰᠢ ᠦᠭᠡᠢ ᠭᠤᠤᠯ

ᠪᠠᠶᠢᠷᠢ ᠰᠠᠭᠤᠷᠢ ᠶᠢ ᠡᠵᠡᠯᠡᠵᠤ ᠪᠠᠶᠢᠳᠠᠭ᠃ ᠡᠶᠢᠮᠦ ᠠᠴᠠ ᠵᠣᠬᠢᠶᠠᠨ ᠪᠢᠴᠢᠯᠭᠡ ᠶᠢ ᠵᠢᠯᠤᠭᠤᠳᠬᠤ ᠳᠤ

ᠰᠤᠷᠤᠭᠴᠢᠳ ᠤᠨ ᠤᠩᠰᠢᠯᠭ᠎ᠠ ᠶᠢᠨ ᠬᠡᠮᠵᠢᠶ᠎ᠡ ᠶᠢ ᠨᠡᠮᠡᠭᠳᠡᠭᠦᠯᠦᠨ᠂ ᠤᠩᠰᠢᠯᠭ᠎ᠠ ᠶᠢᠨ ᠬᠡᠪᠴᠢᠶ᠎ᠡ ᠶᠢ ᠥᠷᠭᠡᠳᠬᠡᠵᠦ᠂

ᠦᠭᠡ ᠬᠡᠯᠡ ᠶᠢ ᠬᠤᠷᠠᠮᠳᠤᠭᠤᠯᠬᠤ ᠠᠴᠠ ᠭᠠᠷᠲᠠᠬᠤ ᠬᠡᠷᠡᠭᠲᠡᠢ᠃ ᠦᠭᠡ ᠬᠡᠯᠡ ᠬᠤᠷᠠᠮᠳᠤᠭᠤᠯᠬᠤ ᠬᠠᠮᠤᠭ ᠤᠨ

ᠴᠢᠬᠤᠯᠠ ᠠᠷᠭ᠎ᠠ ᠪᠣᠯ ᠬᠢᠴᠢᠶᠡᠯ ᠳᠡᠭᠡᠷᠡᠬᠢ ᠤᠩᠰᠢᠯᠭ᠎ᠠ ᠪᠤᠯᠤᠨ ᠬᠢᠴᠢᠶᠡᠯ ᠤᠨ ᠭᠠᠳᠠᠨᠡᠬᠢ ᠤᠩᠰᠢᠯᠭ᠎ᠠ ᠶᠢ ᠰᠠᠶᠢᠳᠤᠷ

ᠵᠢᠯᠤᠭᠤᠳᠬᠤ ᠶᠠᠪᠤᠳᠠᠯ ᠪᠤᠯᠤᠨ᠎ᠠ᠂ ᠡᠨᠡ ᠨᠢ ᠮᠥᠨ ᠴᠦ ᠪᠦᠬᠦᠶ ᠯᠡ ᠬᠡᠯᠡ ᠪᠢᠴᠢᠭ ᠤᠨ ᠪᠣᠯᠪᠠᠰᠤᠷᠠᠯ ᠢ

ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠦᠨ᠃

      ᠨᠢᠭᠡ᠂ ᠰᠠᠨᠠᠭᠠᠴᠢᠯᠠᠭ᠎ᠠ ᠲᠠᠢ᠂ ᠵᠤᠷᠢᠯᠭ᠎ᠠ ᠲᠠᠢ ᠪᠠᠷ ᠰᠣᠷᠣᠭᠴᠢᠳ ᠤᠨ ᠰᠢᠭᠤᠳ ᠰᠡᠷᠡᠬᠦᠢ ᠶᠢᠨ ᠤᠨᠴᠠᠯᠢᠭ ᠢ

ᠠᠳᠬᠤᠵᠤ᠂ ᠲᠤᠤᠷᠠᠳᠦ ᠤᠨ ᠤ ᠬᠤᠭᠤᠴᠠᠭᠠᠨ ᠳᠤ ᠵᠢᠷᠤᠭ ᠦᠵᠡᠭᠦᠯᠵᠦ ᠦᠭᠦᠯᠡᠪᠦᠷᠢ ᠵᠤᠬᠢᠶᠠᠯᠭᠠᠬᠤ ᠶᠢ

ᠴᠢᠬᠤᠯᠠᠴᠢᠯᠠᠨ ᠪᠠᠷᠢᠮᠳᠠᠯᠠᠪᠠᠯ ᠦᠷ᠎ᠡ ᠠᠰᠢᠭ ᠨᠢ ᠰᠠᠶᠢᠨ ᠪᠠᠶᠢᠳᠠᠭ᠃ ᠬᠡᠬᠦ ᠳᠤ ᠪᠠᠨ ᠦᠭᠡ ᠦᠭᠦᠯᠡᠪᠦᠷᠢ ᠶᠢ

ᠲᠤᠪᠴᠢ ᠠᠪᠰᠠᠷᠬᠠᠨ ᠨᠡᠶᠢᠴᠡᠪᠦᠷᠢᠳᠠᠢ ᠪᠠᠶᠢᠯᠭᠠᠵᠤ᠂ ᠠᠰᠠᠭᠤᠯᠳᠠ ᠲᠤᠷᠠᠳᠬᠤ ᠠᠷᠭ᠎ᠠ ᠪᠠᠷ ᠬᠦᠲᠦᠯᠦᠨ ᠤᠷᠮ᠎ᠠ

ᠪᠠᠬ᠎ᠠ ᠶᠢ ᠨᠢ ᠬᠦᠭᠵᠢᠭᠡᠨ ᠢᠳᠡᠪᠬᠢᠲᠡᠢ ᠶᠠᠷᠢᠭᠤᠯᠵᠤ ᠪᠠᠶᠢᠪᠠᠯ ᠵᠤᠬᠢᠨ᠎ᠠ᠃

      ᠬᠤᠶᠠᠷ᠂ ᠵᠢᠵᠢᠭ ᠰᠠᠵᠢᠭ ᠵᠦᠢᠯᠡᠰ ᠢ ᠪᠢᠴᠢᠭᠦᠯᠬᠦ ᠠᠴᠠ ᠡᠬᠢᠯᠡᠵᠤ ᠢᠳᠡᠭ ᠢᠳᠡᠭ ᠢᠶᠠᠷ ᠭᠦᠨᠵᠡᠭᠡᠶᠢᠷᠡᠭᠦᠯᠪᠡᠯ

ᠠᠮᠵᠢᠯᠳᠠ ᠤᠯᠬᠤ ᠨᠢ ᠲᠦᠷᠭᠡᠨ ᠪᠠᠶᠢᠳᠠᠭ᠂ ᠡᠭᠦᠨ ᠤ ᠰᠠᠶᠢᠨ ᠲᠠᠯ᠎ᠠ ᠭᠡᠪᠡᠯ ᠶᠠᠭᠤᠨ ᠤ ᠡᠮᠦᠨ᠎ᠡ ᠰᠤᠷᠤᠭᠴᠢᠳ ᠤᠨ

ᠲᠠᠷᠤᠭᠠᠰᠤ ᠶᠢ ᠬᠦᠩᠭᠡᠨ ᠪᠤᠯᠭᠠᠳᠠᠭ᠃ ᠤᠴᠢᠷ ᠨᠢ ᠲᠡᠳᠡ ᠠᠪᠤᠨ ᠲᠤᠤᠷ᠎ᠡ ᠨᠢ ᠲᠤᠮᠤ ᠰᠡᠳᠦᠪ ᠢᠶᠠᠷ ᠪᠢᠴᠢᠬᠦ ᠳᠤ

ᠲᠦᠢᠯ ᠢᠶᠠᠷ ᠬᠦᠴᠢᠷᠳᠡᠳᠡᠭ ᠪᠦᠭᠡᠳ ᠪᠠᠴᠢᠮᠳᠠᠨ ᠰᠠᠨᠳᠤᠷᠴᠤ ᠬᠠᠮᠢᠭ᠎ᠠ ᠠᠴᠠ ᠨᠢ ᠡᠬᠢᠯᠡᠵᠤ᠂ ᠶᠠᠭᠠᠬᠢᠵᠤ ᠪᠢᠴᠢᠬᠦ ᠪᠠᠨ

ᠤᠯᠬᠤ ᠦᠭᠡᠢ ᠪᠤᠯᠳᠠᠭ᠃ ᠬᠦᠯᠢᠶᠡᠵᠤ ᠠᠪᠬᠤ ᠳᠤ ᠲᠦᠭᠦᠮ ᠰᠡᠳᠦᠪ ᠢᠶᠠᠷ ᠪᠢᠴᠢᠪᠡᠯ ᠲᠡᠳᠡᠨ ᠳᠤ ᠲᠦᠭᠦᠮ ᠲᠦᠲᠡ

ᠪᠦᠭᠡᠳ ᠰᠡᠳᠬᠢᠨ ᠪᠤᠳᠤᠯᠬᠢᠯᠠᠬᠤ ᠳᠤ ᠴᠦ ᠠᠮᠠᠷᠬᠠᠨ ᠪᠠᠶᠢᠳᠠᠭ᠃ ᠮᠦᠨ ᠴᠤ ᠵᠢᠵᠢᠭ ᠵᠦᠢᠯᠡᠰ ᠢ ᠡᠮᠬᠢ ᠲᠠᠷᠠᠭ᠎ᠠ ᠲᠠᠢ᠂

ᠨᠠᠷᠢᠨ ᠨᠢᠭᠲᠠ ᠲᠤᠭᠠᠴᠢᠨ ᠪᠢᠴᠢᠭᠦᠯᠬᠦ ᠨᠢ ᠲᠡᠳᠡᠨ ᠤ ᠠᠵᠢᠭᠯᠠᠬᠤ ᠴᠢᠳᠠᠪᠦᠷᠢ ᠶᠢ ᠳᠡᠭᠡᠭᠰᠢᠯᠡᠭᠦᠯᠳᠡᠭ᠃ ᠭᠠᠭᠴᠠ ᠬᠦ

ᠨᠠᠷᠢᠨ ᠨᠢᠮᠪᠠᠢ ᠰᠡᠳᠬᠢᠯ ᠲᠠᠯᠪᠢᠨ ᠠᠵᠢᠭᠯᠠᠪᠠᠯ ᠰᠠᠶ᠋ᠢ ᠪᠤᠯᠪᠠᠰᠤᠷᠠᠩᠭᠤᠢ ᠢᠯᠡᠳᠬᠡᠵᠤ ᠴᠢᠳᠠᠨ᠎ᠠ ᠭᠡᠳᠡᠭ ᠢ ᠮᠡᠳᠡᠭᠦᠯᠬᠦ

ᠬᠡᠷᠡᠭᠲᠡᠢ᠃

      ᠭᠤᠷᠪᠠ᠂ ᠰᠣᠷᠣᠭᠴᠢᠳ ᠲᠤ ᠦᠭᠡ ᠬᠡᠷᠡᠭᠯᠡᠬᠦ ᠮᠡᠷᠭᠡᠰᠢᠯ ᠢ ᠡᠵᠡᠮᠰᠢᠭᠦᠯᠬᠦ ᠬᠡᠷᠡᠭᠳᠡᠢ᠃

      ᠰᠣᠷᠣᠭᠴᠢᠳ ᠵᠤᠬᠢᠬᠤ ᠬᠡᠮᠵᠢᠶᠡᠨ ᠳᠤ ᠪᠢᠴᠢᠵᠤ ᠢᠯᠡᠳᠬᠡᠬᠦ ᠴᠢᠳᠠᠪᠦᠷᠢ ᠲᠠᠢ ᠪᠤᠯᠤᠭᠰᠠᠨ ᠴᠦ ᠲᠡᠭᠦᠨ ᠢᠶᠠᠨ

ᠭᠤᠶᠢᠳᠠ ᠰᠠᠶᠢᠬᠠᠨ ᠬᠡᠯᠡ ᠬᠡᠯᠡᠯᠭᠡ ᠪᠠᠷ ᠢᠯᠠᠳᠭᠡᠨ ᠭᠠᠷᠭᠠᠵᠤ ᠴᠢᠳᠠᠬᠤ ᠦᠭᠡᠢ ᠪᠠᠶᠢᠳᠠᠭ᠃ ᠲᠡᠳᠡᠨ ᠳᠤ

ᠬᠢᠴᠢᠶᠡᠯ ᠤᠨ ᠪᠢᠴᠢᠭ ᠲᠠᠬᠢ ᠰᠢᠯᠢᠳᠡᠭ ᠵᠤᠬᠢᠶᠠᠯ ᠤᠨ ᠬᠡᠯᠡ ᠬᠡᠯᠡᠯᠭᠡ ᠶᠢ ᠵᠢᠱᠢᠶ᠎ᠡ ᠲᠠᠲᠠᠨ ᠲᠠᠶᠢᠯᠪᠦᠷᠢᠯᠠᠨ ᠦᠭᠴᠦ

ᠦᠭᠡᠰ ᠤᠨ ᠰᠠᠩ ᠢ ᠨᠢ ᠪᠠᠶᠠᠯᠢᠬᠵᠢᠭᠤᠯᠪᠠᠯ ᠵᠤᠬᠢᠨ᠎ᠠ᠃

      ᠲᠦᠷᠪᠡ᠂ ᠲᠠᠭᠤᠷᠢᠶᠠᠨ ᠪᠢᠴᠢᠭᠦᠯᠬᠦ ᠭᠡᠷᠡᠭᠳᠠᠢ᠃ ᠲᠠᠭᠤᠷᠢᠶᠠᠬᠤ ᠪᠤᠯ ᠬᠦᠮᠦᠨ ᠤ ᠲᠦᠷᠦᠯᠬᠢ ᠠᠪᠢᠶᠠᠰ

ᠪᠤᠯᠤᠨ᠎ᠠ᠃ ᠲᠠᠭᠤᠷᠢᠶᠠᠬᠤ ᠶᠢᠨ ᠲᠠᠭᠠᠤ ᠰᠡᠳᠬᠢᠨ ᠪᠤᠳᠤᠯᠬᠢᠯᠠᠪᠠᠯ ᠰᠡᠳᠬᠢᠬᠦᠢ ᠶᠢᠨ ᠴᠢᠳᠠᠪᠦᠷᠢ ᠨᠢ ᠲᠡᠭᠡᠭᠰᠢᠯᠡᠵᠦ

ᠵᠤᠬᠢᠶᠠᠨ ᠪᠢᠴᠢᠬᠦ ᠤᠷᠮ᠎ᠠ ᠶᠢ ᠨᠢ ᠬᠦᠭᠵᠢᠭᠡᠨ᠂ ᠵᠤᠬᠢᠶᠠᠵᠤ ᠨᠠᠶᠢᠷᠠᠭᠤᠯᠬᠤ ᠢᠳᠡᠪᠬᠢᠵᠢᠯ ᠢ ᠨᠢ ᠳᠡᠭᠡᠭᠰᠢᠯᠡᠭᠦᠯᠵᠦ

ᠴᠢᠳᠠᠨ᠎ᠠ᠃ ᠡᠳᠦᠷ ᠲᠤᠲᠤᠮ ᠤᠨ ᠠᠮᠢᠳᠤᠷᠠᠯ ᠲᠤᠮᠳᠠ ᠰᠣᠷᠣᠭᠴᠢᠳ ᠤᠨ ᠨᠢᠳᠦ ᠪᠠᠷ ᠦᠵᠡᠵᠦ᠂ ᠴᠢᠬᠢ ᠪᠠᠷ

ᠰᠤᠨᠤᠰᠴᠦ᠂ ᠪᠡᠶ᠎ᠡ ᠪᠠᠷ ᠢᠶᠠᠨ ᠦᠩᠭᠡᠷᠡᠭᠦᠯᠦᠭᠰᠡᠨ ᠬᠡᠷᠡᠭ ᠶᠠᠪᠤᠳᠠᠯ ᠴᠦᠬᠡᠨ ᠪᠤᠰᠤ ᠪᠠᠶᠢᠳᠠᠭ᠃ ᠡᠳᠡᠭᠡᠷ ᠬᠡᠷᠡᠭ

ᠶᠠᠪᠤᠳᠠᠯ ᠤᠨ ᠤᠯᠠᠩᠬᠢ ᠨᠢ ᠲᠡᠳᠡ ᠨᠠᠷ ᠤᠨ ᠰᠠᠨᠠᠮᠰᠠᠷ ᠦᠭᠡᠢ ᠪᠠᠶᠢᠳᠠᠯ ᠲᠤᠤᠷ᠎ᠠ ᠶᠠᠪᠤᠭᠳᠠᠳᠠᠭ ᠪᠤᠯᠬᠤᠷ ᠨᠦᠯᠦᠭᠡ

ᠰᠠᠭᠤᠭᠳᠠᠯ ᠢᠶᠠᠷ ᠭᠦᠢᠬᠡᠨ ᠪᠠᠶᠢᠳᠠᠭ᠃

      ᠡᠶᠢᠮᠦ ᠠᠴᠠ ᠵᠤᠬᠢᠶᠠᠨ ᠪᠢᠴᠢᠭᠦᠯᠵᠤ ᠵᠢᠯᠤᠭᠤᠳᠬᠤ ᠳᠤ ᠪᠠᠨ ᠰᠣᠷᠣᠭᠴᠢᠳ ᠢ ᠵᠤᠷᠢᠯᠭ᠎ᠠ ᠲᠠᠢ᠂

ᠲᠦᠯᠦᠪᠯᠡᠭᠡ ᠲᠠᠢ ᠪᠠᠷ ᠦᠢᠯᠡᠳᠦᠯᠭᠡ ᠳᠤ ᠤᠷᠤᠯᠴᠠᠭᠤᠯᠵᠤ᠂ ᠨᠢᠳᠦᠨ ᠬᠠᠷᠠᠴᠠ ᠶᠢ ᠨᠢ ᠦᠷᠭᠡᠳᠬᠡᠵᠦ᠂

ᠠᠮᠢᠳᠤᠷᠠᠯ ᠤᠨ ᠮᠡᠳᠡᠯᠭᠡ ᠶᠢ ᠨᠢ ᠨᠡᠮᠡᠭᠳᠡᠭᠦᠯᠦᠨ ᠵᠤᠬᠢᠶᠠᠨ ᠪᠢᠴᠢᠬᠦ ᠲᠤᠮᠳᠠ ᠪᠠᠨ ᠠᠮᠢᠳᠤᠯᠢᠭ ᠢᠶᠠᠷ ᠲᠠᠭᠤᠷᠢᠶᠠᠬᠤ ᠪᠠ

ᠴᠢᠳᠠᠮᠠᠭᠠᠢ ᠪᠠᠷ ᠲᠠᠭᠤᠷᠢᠶᠠᠬᠤ ᠴᠢᠳᠠᠪᠦᠷᠢ ᠶᠢ ᠨᠢ ᠳᠡᠭᠡᠭᠰᠢᠯᠡᠭᠦᠯᠵᠦ ᠪᠤᠯᠤᠨ᠎ᠠ᠃ ᠭᠡᠪᠡᠴᠤ ᠪᠤᠰᠤᠳ ᠤᠨ ᠵᠤᠬᠢᠶᠠᠯ ᠢ

ᠲᠡᠷᠡ ᠬᠡᠪ ᠢᠶᠠᠷ ᠨᠢ ᠳᠠᠭᠤᠷᠢᠶᠠᠯᠭᠠᠵᠤ ᠪᠤᠯᠬᠤ ᠦᠭᠡᠢ᠃ ᠬᠠᠷᠢᠨ ᠬᠠᠷᠢᠴᠠᠩᠭᠤᠢ ᠪᠠᠷ ᠵᠤᠬᠢᠶᠠᠯ ᠤᠨ ᠪᠢᠴᠢᠯᠭᠡ ᠶᠢᠨ

ᠠᠷᠭ᠎ᠠ᠂ ᠢᠯᠡᠳᠬᠡᠭᠰᠡᠨ ᠠᠷᠭ᠎ᠠ ᠪᠠᠷᠢᠯ ᠢ ᠲᠠᠭᠤᠷᠢᠶᠠᠨ ᠵᠤᠬᠢᠶᠠᠯ ᠤᠨ ᠲᠢᠭ ᠮᠠᠶ᠋ᠢᠭ᠂ ᠬᠡᠯᠪᠡᠷᠢ ᠳᠤ ᠪᠠᠷᠢᠭᠳᠠᠬᠤ

ᠦᠭᠡᠢ ᠤᠤᠯ ᠵᠤᠬᠢᠶᠠᠯ ᠤᠨ ᠬᠦᠷᠢᠶ᠎ᠡ ᠴᠠᠷᠠᠭ᠎ᠠ ᠠᠴᠠ ᠲᠠᠪᠠᠨ ᠭᠠᠷᠴᠤ ᠴᠢᠳᠠᠭᠤᠯᠬᠤ ᠬᠡᠷᠡᠭᠲᠡᠢ᠃

      ᠲᠠᠪᠤ᠂ ᠨᠤᠮ ᠤᠩᠰᠢᠬᠤ ᠲᠠᠳᠬᠠᠯ ᠢ ᠬᠦᠮᠦᠵᠢᠭᠦᠯᠬᠦ ᠬᠡᠷᠡᠭᠲᠡᠢ᠃ ᠤᠳᠤᠬᠠᠨ ᠳᠤ ᠰᠦᠯᠵᠢᠶ᠎ᠡ᠂ ᠭᠠᠷ ᠤᠳᠠᠰᠤ

ᠮᠡᠲᠦ ᠶᠢᠨ ᠰᠢᠨ᠎ᠡ ᠲᠧᠭᠨᠢᠭ ᠮᠡᠷᠭᠡᠵᠢᠯ ᠬᠦᠭᠵᠢᠭᠰᠡᠨ ᠠᠴᠠ ᠲᠤᠮᠤᠴᠤᠤᠯ ᠪᠤᠯᠤᠨ ᠬᠡᠦᠬᠡᠳ ᠪᠠᠭᠠᠴᠤᠳ ᠤᠨ ᠨᠤᠮ

ᠤᠩᠰᠢᠬᠤ ᠢᠳᠡᠪᠬᠢᠵᠢᠯ ᠲᠤᠷᠤᠭᠰᠢᠯᠠᠭᠰᠠᠨ ᠪᠠᠶᠢᠨ᠎ᠠ᠃ ᠡᠶᠢᠮᠦ ᠠᠴᠠ ᠪᠠᠭᠰᠢ ᠨᠠᠷ ᠭᠡᠷ ᠤᠨ ᠠᠬᠠᠮᠠᠳ ᠲᠠᠢ

ᠬᠠᠮᠵᠢᠯᠴᠠᠵᠤ᠂ ᠵᠤᠬᠢᠰᠳᠠᠢ ᠠᠷᠭ᠎ᠠ ᠠᠪᠴᠠᠯ ᠠᠪᠴᠤ ᠰᠣᠷᠣᠭᠴᠢᠳ ᠤᠨ ᠨᠤᠮ ᠤᠩᠰᠢᠬᠤ ᠲᠠᠳᠬᠠᠯ ᠢ ᠰᠠᠶᠢᠳᠤᠷ

ᠬᠦᠮᠦᠵᠢᠭᠦᠯᠬᠦ ᠬᠡᠷᠡᠭᠲᠡᠢ᠃

      ᠬᠢᠴᠢᠶᠠᠯ ᠤᠨ ᠭᠠᠳᠠᠨᠠᠬᠢ ᠤᠩᠰᠢᠯᠭ᠎ᠠ ᠪᠤᠯ ᠰᠣᠷᠣᠭᠴᠢᠳ ᠤᠨ ᠪᠡᠶ᠎ᠡ ᠪᠠᠨ ᠲᠠᠭᠠᠭᠠᠭᠰᠠᠨ ᠠᠵᠢᠯᠯᠠᠭ᠎ᠠ

ᠮᠦᠷᠳᠡᠭᠡᠨ ᠵᠤᠬᠢᠶᠠᠨ ᠪᠢᠴᠢᠯᠭᠡ ᠶᠢᠨ ᠴᠢᠳᠠᠪᠦᠷᠢ ᠶᠢ ᠳᠡᠭᠡᠭᠰᠢᠯᠡᠭᠦᠯᠬᠦ ᠮᠠᠰᠢ ᠴᠢᠬᠤᠯᠠ ᠠᠷᠭ᠎ᠠ ᠠᠪᠴᠠᠯ          

ᠮᠦᠨ᠃ ᠰᠤᠯᠠ ᠰᠡᠯᠡᠭᠦᠦ ᠴᠠᠭ ᠢᠶᠠᠷ ᠢᠶᠠᠨ ᠨᠤᠮ ᠰᠡᠳᠬᠦᠯ ᠢᠯᠡᠭᠦᠦ ᠤᠩᠰᠢᠭᠰᠠᠨ ᠰᠣᠷᠣᠭᠴᠢ ᠶᠢᠨ ᠦᠭᠡ

ᠬᠡᠯᠡᠯᠭᠡ ᠨᠢ ᠲᠤᠪᠴᠢ ᠠᠪᠰᠠᠷᠬᠠᠨ᠂ ᠪᠠᠶᠠᠯᠢᠭ᠂ ᠤᠶᠢᠯᠠᠭᠠᠮᠵᠢᠳᠠᠢ ᠰᠠᠶᠢᠬᠠᠨ ᠪᠠᠶᠢᠵᠤ᠂ ᠪᠢᠴᠢᠭᠰᠡᠨ ᠵᠤᠬᠢᠶᠠᠯ ᠨᠢ

ᠨᠡᠯᠢᠶᠡᠳ ᠴᠢᠨᠠᠷᠯᠢᠭ ᠪᠠᠶᠢᠳᠠᠭ᠃ ᠡᠭᠦᠨ ᠤ ᠡᠰᠡᠷᠭᠦ ᠪᠠᠷ ᠨᠤᠮ ᠤᠩᠰᠢᠳᠠᠭ ᠦᠭᠡᠢ ᠰᠣᠷᠣᠭᠴᠢ ᠶᠢᠨ ᠵᠤᠬᠢᠶᠠᠯ ᠤᠨ

ᠬᠡᠯᠡ ᠬᠡᠯᠡᠯᠭᠡ ᠨᠢ ᠶᠠᠳᠠᠭᠤ ᠮᠦᠷᠲᠡᠭᠡᠨ ᠬᠦᠰᠢᠭᠦᠨ᠂ ᠤᠯᠠᠩᠬᠢ ᠨᠢ ᠡᠮᠵᠡᠭ ᠦᠭᠦᠯᠡᠪᠦᠷᠢ ᠪᠠᠷ ᠲᠦᠭᠦᠷᠴᠦ᠂

ᠬᠢᠴᠢᠶᠡᠯ ᠳᠤ ᠰᠣᠷᠣᠭᠰᠠᠨ ᠲᠡᠳᠡᠭᠡᠷ ᠰᠤᠩᠭᠤᠳᠠᠭ ᠰᠠᠶᠢᠬᠠᠨ ᠦᠭᠡ ᠪᠠᠨ ᠴᠦ ᠤᠯᠵᠤ ᠬᠡᠷᠡᠭᠯᠡᠭᠦ ᠦᠭᠡᠢ          

ᠪᠠᠶᠢᠳᠠᠭ᠃ ᠡᠶᠢᠮᠦ ᠠᠴᠠ ᠰᠣᠷᠣᠭᠴᠢᠳ ᠢ ᠵᠢᠯᠤᠭᠤᠳᠴᠤ ᠬᠢᠴᠢᠶᠡᠯ ᠤᠨ ᠭᠠᠳᠠᠨ᠎ᠠ ᠢᠯᠡᠭᠦᠬᠡᠨ ᠨᠤᠮ ᠤᠩᠰᠢᠬᠤ

ᠰᠠᠶᠢᠨ ᠰᠠᠶᠢᠬᠠᠨ ᠲᠠᠳᠬᠠᠯ ᠢ ᠪᠤᠢ ᠪᠤᠯᠭᠠᠪᠠᠯ ᠵᠤᠬᠢᠨ᠎ᠠ ᠭᠡᠵᠤ ᠦᠵᠡᠵᠦ ᠪᠠᠶᠢᠨ᠎ᠠ᠃

      ᠬᠤᠷᠢᠶᠠᠩᠭᠤᠢᠢᠯᠠᠪᠠᠯ᠂ ᠰᠣᠷᠣᠭᠴᠢᠳ ᠤᠨ ᠵᠣᠬᠢᠶᠠᠨ ᠪᠢᠴᠢᠬᠦ ᠴᠢᠳᠠᠪᠤᠷᠢ ᠶᠢ ᠳᠡᠭᠡᠭᠰᠢᠯᠡᠭᠦᠯᠬᠦ ᠳᠤ

ᠤᠩᠰᠢᠯᠭ᠎ᠠ ᠶᠢᠨ ᠪᠤᠯᠪᠠᠰᠤᠷᠠᠯ ᠨᠢ ᠲᠤᠯᠭᠠᠭᠤᠷᠢ ᠰᠠᠭᠤᠷᠢ ᠪᠤᠯᠵᠤ᠂ ᠪᠠᠭᠰᠢ ᠶᠢᠨ ᠬᠢᠴᠢᠶᠡᠯ ᠤᠨ ᠴᠠᠭ ᠤᠨ

ᠤᠨᠤᠪᠴᠢᠲᠠᠢ ᠬᠦᠲᠦᠯᠦᠮᠵᠢ ᠨᠢ ᠰᠤᠷᠤᠭᠴᠢᠳ ᠲᠤ ᠲᠤᠰᠠᠯᠠᠬᠤ ᠵᠢᠯᠤᠭᠤᠳᠬᠤ ᠦᠢᠯᠡᠳᠦᠯ ᠢ ᠦᠵᠡᠭᠦᠯᠳᠡᠭ ᠤᠨ

ᠤᠴᠢᠷ ᠪᠠᠭᠰᠢ ᠶᠢᠨ ᠵᠢᠯᠤᠭᠤᠳᠤᠯᠭ᠎ᠠ᠂ ᠰᠤᠷᠤᠭᠴᠢ ᠶᠢᠨ ᠬᠢᠴᠢᠶᠡᠯ ᠤᠨ ᠲᠤᠲᠤᠨ᠎ᠠ ᠭᠠᠳᠠᠨᠠᠬᠢ ᠤᠩᠰᠢᠯᠭ᠎ᠠ ᠶᠢ

ᠴᠢᠩᠭᠠᠳᠬᠠᠨ ᠠᠳᠬᠤᠵᠤ᠂ ᠬᠠᠷᠢᠯᠴᠠᠨ ᠤᠶᠠᠯᠳᠤᠭᠤᠯᠤᠨ᠂ ᠢᠯᠡᠭᠦᠤ ᠤᠩᠰᠢᠯᠭ᠎ᠠ ᠬᠢᠯᠭᠡᠨ᠂ ᠢᠯᠡᠭᠦᠬᠡᠨ ᠭᠠᠷᠴᠠᠭ

ᠰᠡᠳᠦᠪ ᠦᠭᠴᠦ᠂ ᠪᠢᠴᠢᠬᠦᠯᠬᠦ ᠶᠢ ᠪᠠᠷᠢᠮᠲᠠᠯᠠᠵᠤ᠂ ᠰᠤᠷᠤᠭᠴᠢᠳ ᠲᠤ ᠲᠠᠳᠬᠠᠯ ᠤᠨ ᠴᠢᠨᠠᠷᠲᠠᠢ ᠪᠠᠷᠢᠮᠲᠠᠯᠠᠯ

ᠪᠤᠯᠭᠠᠬᠤ ᠶᠢ ᠠᠩᠬᠠᠷᠬᠤ ᠬᠡᠷᠡᠭᠲᠡᠢ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠷᠠᠭᠤᠨ ᠦᠵᠦᠮᠦᠴᠢᠨ ᠬᠤᠰᠢᠭᠤᠨ ᠤ

                                ᠨᠢᠭᠡᠲᠦᠭᠡᠷ ᠪᠠᠭ᠎ᠠ ᠰᠤᠷᠭᠠᠭᠤᠯᠢ

                                ︵ᠠᠯᠳᠠᠨᠰᠦ᠋ᠭᠡ ᠨᠠᠶᠢᠷᠠᠭᠤᠯᠪᠠ︶

                                2023.4 ᠳ᠋ᠦ᠋ᠭᠡᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map