ᠳᠡᠬᠡᠳᠦ ᠳᠤᠮᠳᠠᠳᠤ ᠶᠢᠨ ᠰᠤᠷᠤᠭᠴᠢ ᠶᠢᠨ ᠨᠤᠮ ᠤᠩᠰᠢᠯᠭ᠎ᠠ ᠶᠢᠨ ᠬᠢᠷᠢ ᠲᠦᠪᠰᠢᠨ ᠢ ᠬᠡᠷᠬᠢᠨ ᠴᠢᠩᠭᠠᠳᠬᠠᠬᠤ ᠪᠤᠢ
ᠨᠡᠶᠢᠲᠡᠯᠡᠭᠰᠡᠨ ᠴᠠᠭ᠄
2023/12/13
                          ᠨᠠᠨᠳᠢᠨ

教学研究4.png

      ᠲᠡᠬᠡᠳᠦ ᠲᠤᠮᠳᠠᠳᠤ ᠶᠢᠨ ᠬᠡᠯᠡ ᠪᠢᠴᠢᠭ ᠤᠨ ᠬᠢᠴᠢᠶᠡᠯ ᠪᠤᠯ ᠰᠤᠷᠤᠭᠴᠢᠳ ᠤᠨ ᠨᠡᠯᠢᠶᠡᠳ ᠪᠦᠷᠢᠨ ᠪᠦᠳᠦᠨ

ᠬᠡᠯᠡ ᠪᠢᠴᠢᠭ ᠤᠨ ᠬᠡᠪ ᠪᠤᠯᠪᠠᠰᠤᠷᠠᠯ ᠲᠠᠢ ᠪᠤᠯᠬᠤ ᠳᠤ ᠨᠢ ᠲᠤᠰᠠᠯᠠᠵᠤ᠂ ᠦᠷᠬᠦᠯᠵᠢᠯᠡᠨ ᠬᠦᠭᠵᠢᠵᠤ ᠲᠠᠰᠤᠷᠠᠯ ᠦᠬᠡᠢ

ᠲᠡᠬᠡᠭᠰᠢᠯᠡᠬᠦ ᠶᠠᠪᠤᠴᠠ ᠳᠤ ᠨᠢ ᠪᠦᠳᠦᠮᠵᠢᠳᠡᠢ ᠦᠢᠯᠡᠳᠦᠯ ᠦᠵᠡᠬᠦᠯᠦᠨ᠂ ᠲᠡᠳᠡᠨ ᠢ ᠢᠷᠡᠬᠡᠳᠦᠢ ᠶᠢᠨ ᠰᠤᠷᠤᠯᠴᠠᠯᠭ᠎ᠠ᠂

ᠠᠮᠢᠳᠤᠷᠠᠯ᠂ ᠠᠵᠢᠯᠯᠠᠬᠤ ᠬᠡᠷᠡᠭᠴᠡᠭᠡ ᠳᠤ ᠲᠤᠰᠠᠯᠠᠳᠠᠬ ᠦᠨᠳᠦᠰᠦᠨ ᠤᠨᠴᠠᠯᠢᠭ ᠲᠠᠢ ᠪᠠᠷ ᠪᠠᠷᠠᠬᠤ ᠦᠬᠡᠢ ᠲᠡᠬᠡᠳᠦ

ᠲᠤᠮᠳᠠᠳᠤ ᠶᠢᠨ ᠬᠡᠯᠡ ᠪᠢᠴᠢᠭ ᠤᠨ ᠬᠢᠴᠢᠶᠡᠯ ᠪᠤᠯ ᠬᠡᠷᠡᠭᠯᠡᠬᠡᠨ ᠢ ᠴᠢᠬᠤᠯᠠᠴᠢᠯᠠᠵᠤ᠂ ᠨᠡᠶᠢᠬᠡᠮ ᠤᠨ ᠬᠦᠭᠵᠢᠯᠳᠡ᠂

ᠰᠢᠨᠵᠢᠯᠡᠬᠦ ᠤᠬᠠᠭᠠᠨ ᠮᠡᠷᠬᠡᠵᠢᠯ ᠤᠨ ᠬᠦᠭᠵᠢᠯᠳᠡ ᠲᠠᠢ ᠤᠶᠠᠯᠳᠤᠬᠤ ᠪᠠ ᠪᠤᠰᠤᠳ ᠬᠢᠴᠢᠶᠡᠯ ᠲᠦᠷᠦᠯ ᠲᠠᠢ

ᠢᠳᠡᠭᠡᠰᠢᠬᠦ ᠶᠢ ᠴᠢᠩᠭᠠᠳᠬᠠᠵᠤ᠂ ᠪᠤᠳᠠᠳᠤ ᠠᠮᠢᠳᠤᠷᠠᠯ ᠬᠢᠬᠡᠳ ᠰᠤᠷᠤᠭᠴᠢ ᠶᠢᠨ ᠬᠤᠪᠢ ᠪᠡᠶ᠎ᠡ ᠶᠢᠨ ᠬᠦᠭᠵᠢᠯᠳᠡ ᠶᠢᠨ

ᠬᠡᠷᠡᠭᠴᠡᠭᠡ ᠳᠤ ᠳᠤᠬᠢᠷᠠᠭᠰᠠᠨ ᠨᠢᠬᠡ ᠵᠦᠢᠯ ᠤᠨ ᠬᠢᠴᠢᠶᠡᠯ ᠲᠦᠷᠦᠯ ᠪᠤᠯᠤᠨ᠎ᠠ᠃ ᠡᠨᠡ ᠭᠦ ᠬᠢᠴᠢᠶᠡᠯ ᠲᠦᠷᠤᠯ ᠢ

ᠰᠠᠶᠢᠳᠤᠷ ᠰᠤᠷᠤᠯᠴᠠᠬᠤ ᠳᠤ ᠨᠠᠯᠢᠶᠠᠳ ᠦᠨᠳᠤᠷ ᠤᠡᠭᠰᠢᠯᠭ᠎ᠠ ᠶᠢᠨ ᠬᠢᠷᠢ ᠲᠦᠪᠰᠢᠨ ᠢ ᠪᠦᠷᠢᠯᠳᠤᠭᠦᠯᠭᠦ          

ᠭᠡᠷᠡᠭᠳᠠᠢ᠃ ᠲᠤᠤᠷ᠎ᠠ ᠳᠡᠬᠡᠳᠦ ᠳᠤᠮᠳᠠᠳᠤ ᠶᠢᠨ ᠬᠡᠯᠡ ᠪᠢᠴᠢᠭ ᠤᠨ ᠪᠠᠭᠰᠢ ᠪᠤᠯᠤᠭᠰᠠᠨ ᠤ ᠬᠤᠪᠢ ᠳᠤ ᠤᠩᠰᠢᠯᠭ᠎ᠠ ᠶᠢᠨ

ᠬᠢᠷᠢ ᠲᠦᠪᠰᠢᠨ ᠢ ᠳᠡᠬᠡᠭᠰᠢᠯᠡᠬᠦᠯᠬᠦ ᠳᠠᠯ᠎ᠠ ᠪᠠᠷ ᠠᠪᠤᠭᠰᠠᠨ ᠠᠷᠭ᠎ᠠ ᠭᠡᠮᠵᠢᠶ᠎ᠠ ᠪᠠᠨ ᠤᠯᠠᠨ ᠲᠠᠢ ᠬᠤᠪᠢᠶᠠᠯᠴᠠᠶ᠎ᠠ᠃

      ᠨᠢᠬᠡ ᠳᠤ᠂ ᠤᠩᠰᠢᠯᠭ᠎ᠠ ᠶᠢᠨ ᠴᠢᠬᠤᠯᠠ ᠴᠢᠨᠠᠷ ᠢ ᠰᠠᠶᠢᠳᠤᠷ ᠤᠢᠢᠯᠠᠭᠠᠬᠤ ᠭᠡᠷᠡᠭᠳᠠᠢ᠃

      ᠤᠯᠠᠩᠬᠢ ᠪᠠᠭᠰᠢ ᠨᠠᠷ ︽ᠬᠢᠴᠢᠶᠡᠯ ᠤᠨ ᠪᠠᠷᠢᠮᠵᠢᠶ᠎ᠠ︾ ᠶᠢ ᠳᠡᠮᠡᠢ ᠴᠢᠬᠤᠯᠠᠴᠢᠯᠠᠨ ᠦᠵᠡᠬᠦ ᠦᠬᠡᠢ ᠪᠤᠶᠤ

ᠬᠦᠩᠬᠡᠪᠴᠢᠯᠡᠵᠤ ᠪᠠᠶᠢᠳᠠᠭ᠂ ᠪᠠᠭᠰᠢ ᠪᠤᠯᠤᠭᠰᠠᠨ ᠤ ᠬᠤᠪᠢ ᠳᠤ ︽ᠬᠢᠴᠢᠶᠡᠯ ᠤᠨ ᠪᠠᠷᠢᠮᠵᠢᠶ᠎ᠠ︾ ᠶᠢ ᠴᠢᠬᠤᠯᠠᠴᠢᠯᠠᠨ

ᠦᠵᠡᠪᠡᠯ ᠵᠤᠬᠢᠨ᠎ᠠ᠃ ᠳᠡᠷᠡ ᠪᠤᠯ ᠪᠢᠳᠡᠨ ᠤ ᠵᠢᠭᠠᠨ ᠰᠤᠷᠭᠠᠯᠳᠠ ᠶᠢᠨ ᠵᠦᠭᠯᠡᠬᠦᠷ ᠮᠦᠨ᠃ ᠳᠡᠬᠡᠳᠦ ᠳᠤᠮᠳᠠᠳᠤ ᠶᠢᠨ

ᠬᠡᠯᠡ ᠪᠢᠴᠢᠭ ᠤᠨ ︽ᠬᠢᠴᠢᠶᠡᠯ ᠤᠨ ᠪᠠᠷᠢᠮᠵᠢᠶ᠎ᠠ︾ ᠳᠤ᠄ ︽ᠤᠩᠰᠢᠯᠭ᠎ᠠ ᠪᠤᠯ ᠰᠤᠷᠠᠭ ᠵᠠᠩᠬᠢ ᠬᠤᠷᠠᠮᠳᠤᠭᠤᠯᠵᠤ

ᠰᠢᠢᠳᠪᠦᠷᠢᠯᠡᠬᠦ᠂ ᠲᠡᠯᠡᠬᠡᠢ ᠶᠢᠷᠳᠢᠨᠴᠤ ᠶᠢ ᠲᠠᠨᠢᠬᠤ᠂ ᠰᠡᠳᠬᠢᠬᠦᠢ ᠶᠢ ᠬᠦᠭᠵᠢᠬᠦᠯᠬᠦ᠂ ᠭᠤᠸ᠎ᠠ ᠲᠠᠭᠠᠰᠢᠶᠠᠯ ᠤᠨ ᠪᠠᠶᠡᠴᠢ

ᠤᠶᠢᠯᠠᠭᠠᠯᠳᠠ ᠶᠢ ᠤᠯᠬᠤ ᠴᠢᠬᠤᠯᠠ ᠠᠷᠭ᠎ᠠ ᠵᠠᠮ ᠮᠦᠨ᠃ ᠤᠩᠰᠢᠯᠭ᠎ᠠ ᠶᠢᠨ ᠵᠢᠭᠠᠨ ᠰᠤᠷᠭᠠᠯᠳᠠ ᠪᠤᠯ ᠰᠤᠷᠤᠭᠴᠢ᠂

ᠪᠠᠭᠰᠢ᠂ ᠰᠤᠷᠬᠤ ᠪᠢᠴᠢᠭ  ᠤᠨ ᠨᠠᠶᠢᠷᠠᠭᠤᠯᠤᠭᠴᠢ᠂ ᠨᠤᠮ ᠪᠢᠴᠢᠭ ᠤᠨ ᠬᠤᠭᠤᠷᠤᠨᠳᠤᠬᠢ ᠤᠯᠠᠨ ᠲᠠᠪᠬᠤᠷᠭᠠᠳᠤ

ᠬᠠᠷᠢᠯᠴᠠᠭᠠᠨ ᠤ ᠪᠠᠶᠠᠯᠡᠯᠳᠡ ᠮᠦᠨ᠂ ᠦᠵᠡᠯ ᠰᠠᠨᠠᠭᠠᠨ ᠤ ᠮᠦᠷᠬᠦᠯᠳᠦᠬᠡᠨ ᠪᠠ ᠰᠡᠳᠬᠢᠯᠬᠡ ᠶᠢᠨ ᠰᠤᠯᠢᠯᠴᠠᠭᠠᠨ ᠤ

ᠬᠦᠳᠡᠯᠦᠩᠬᠦᠢ ᠶᠠᠪᠤᠴᠠ ᠮᠦᠨ᠃ ᠤᠩᠰᠢᠯᠭ᠎ᠠ ᠳᠠᠬᠢ ᠬᠠᠷᠢᠯᠴᠠᠭ᠎ᠠ ᠬᠢᠬᠡᠳ ᠰᠤᠯᠢᠯᠴᠠᠭ᠎ᠠ ᠨᠢ ᠰᠤᠷᠤᠭᠴᠢ ᠨᠢᠬᠡ

ᠪᠦᠷᠢ ᠶᠢᠨ ᠪᠡᠶ᠎ᠡ ᠪᠠᠨ ᠲᠠᠭᠠᠭᠠᠬᠤ ᠤᠩᠰᠢᠯᠭ᠎ᠠ ᠳᠤ ᠴᠢᠭᠯᠡᠭᠳᠡᠵᠤ᠂ ᠪᠠᠭᠰᠢ ᠪᠤᠯᠤᠭᠰᠠᠳ ᠰᠤᠷᠤᠭᠴᠢ ᠶᠢᠨ ᠤᠩᠰᠢᠬᠤ

ᠦᠢᠯᠡᠳᠦᠯᠬᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠬᠦᠳᠴᠦ᠂ ᠠᠰᠢᠭᠳᠠᠢ ᠨᠦᠬᠦᠴᠡᠯ ᠢ ᠬᠠᠩᠭᠠᠨ᠂

ᠰᠤᠷᠤᠭᠴᠢ ᠶᠢᠨ ᠤᠩᠰᠢᠬᠤ ᠤᠪᠤᠷ ᠰᠡᠳᠬᠢᠯᠬᠡ ᠶᠢᠨ ᠬᠦᠳᠡᠯᠦᠩᠬᠦᠢ ᠰᠢᠨᠵᠢ᠂ ᠤᠩᠰᠢᠬᠤ ᠱᠠᠭᠠᠷᠳᠠᠯᠭ᠎ᠠ ᠶᠢᠨ ᠤᠯᠠᠨ

ᠶᠠᠩᠵᠤᠳᠤ ᠰᠢᠨᠵᠢ᠂ ᠤᠩᠰᠢᠬᠤ ᠰᠡᠳᠬᠢᠯᠬᠡᠨ ᠤ ᠤᠨᠴᠠᠭᠠᠢ ᠰᠢᠨᠵᠢ ᠶᠢ ᠬᠦᠢᠴᠡᠳ ᠠᠩᠬᠠᠷᠴᠤ᠂ ᠰᠤᠷᠤᠭᠴᠢ ᠶᠢᠨ

ᠦᠪᠡᠷ ᠤᠨ ᠬᠢᠨᠢ ᠦᠵᠡᠯᠳᠡ ᠶᠢ ᠬᠦᠨᠳᠦᠳᠬᠡᠵᠤ᠂ ᠰᠢᠬᠦᠮᠵᠢᠯᠡᠯ ᠰᠡᠵᠢᠭᠯᠡᠯ᠂ ᠠᠳᠠᠯᠢ ᠪᠤᠰᠤ ᠰᠠᠨᠠᠯ

ᠲᠤᠷᠠᠳᠤᠯᠭ᠎ᠠ ᠶᠢ ᠨᠢ ᠬᠦᠯᠢᠶᠡᠨ ᠵᠦᠪᠰᠢᠶᠡᠷᠡᠬᠦ ᠬᠡᠷᠡᠭᠳᠡᠢ︾ ᠬᠡᠮᠡᠨ ᠳᠤᠷᠠᠳᠤᠭᠰᠠᠨ ᠪᠠᠶᠢᠳᠠᠭ᠃ ᠡᠬᠦᠨ ᠢᠶᠠᠷ ᠪᠠᠷᠠᠬᠤ

ᠦᠬᠡᠢ ︽ᠬᠢᠴᠢᠶᠡᠯ ᠤᠨ ᠭᠠᠳᠠᠨᠠᠬᠢ ᠤᠩᠰᠢᠬᠤ ᠬᠦᠳᠡᠯᠬᠡᠬᠡᠨ ᠪᠤᠯ ᠤᠩᠰᠢᠯᠭ᠎ᠠ ᠶᠢᠨ ᠵᠢᠭᠠᠨ ᠰᠤᠷᠭᠠᠯᠳᠠ ᠶᠢᠨ

ᠴᠢᠬᠤᠯᠠ ᠪᠦᠷᠢᠯᠳᠦᠬᠦᠨ ᠬᠡᠰᠡᠭ ᠶᠤᠮ᠃ ᠰᠤᠷᠤᠭᠴᠢᠳ ᠤᠨ ᠪᠤᠳᠠᠳᠤ ᠪᠠᠶᠢᠳᠠᠯ ᠢ ᠦᠨᠳᠦᠰᠦᠯᠡᠨ ᠰᠤᠶᠤᠯ ᠤᠨ

ᠠᠮᠳᠠᠷᠬᠠᠯ ᠢᠶᠠᠷ ᠦᠨᠳᠦᠷ᠂ ᠬᠦᠨᠳᠦᠴᠨ ᠲᠤᠬᠢᠷᠠᠮᠵᠢᠳᠡᠢ ᠨᠤᠮ ᠵᠤᠬᠢᠶᠠᠯ ᠢ ᠴᠠᠭ ᠲᠤᠬᠠᠢ ᠳᠤ ᠨᠢ ᠲᠠᠨᠢᠯᠴᠠᠭᠤᠯᠵᠤ᠂

ᠰᠤᠷᠤᠭᠴᠢ ᠶᠢ ᠤᠷᠮᠠᠰᠢᠭᠤᠯᠤᠨ ᠤᠯᠠᠨ ᠶᠠᠩᠵᠤ ᠶᠢᠨ ᠬᠦᠳᠡᠯᠪᠦᠷᠢ ᠦᠷᠨᠢᠬᠦᠯᠬᠦ ᠬᠡᠷᠡᠭᠳᠡᠢ᠂ ᠲᠤᠬᠠᠶᠢᠯᠠᠪᠠᠯ᠂ ᠨᠤᠮ

ᠵᠤᠬᠢᠶᠠᠯ ᠤᠨ ᠰᠢᠬᠦᠮᠵᠢ ᠪᠢᠴᠢᠬᠦ᠂ ᠨᠤᠮ ᠵᠤᠬᠢᠶᠠᠯ ᠤᠩᠰᠢᠭᠰᠠᠨ ᠲᠦᠷᠦᠭᠳᠡᠯ ᠪᠢᠴᠢᠬᠦ᠂ ᠨᠤᠮ ᠵᠤᠬᠢᠶᠠᠯ ᠤᠩᠰᠢᠭᠰᠠᠨ

ᠮᠡᠳᠡᠬᠦᠯᠦᠯᠳᠡ ᠶᠢᠨ ᠬᠤᠷᠠᠯ ᠬᠢᠬᠦ᠂ ᠵᠤᠬᠢᠶᠠᠯ ᠪᠦᠳᠦᠬᠡᠯ ᠤᠨ ᠲᠤᠬᠠᠢ ᠲᠤᠰᠬᠠᠢ ᠶᠠᠷᠢᠯᠴᠠᠭ᠎ᠠ ᠦᠷᠨᠢᠬᠦᠯᠬᠦ ᠵᠡᠷᠬᠡ ᠪᠠᠷ

ᠲᠠᠮᠵᠢᠨ ᠤᠩᠰᠢᠯᠭ᠎ᠠ ᠶᠢᠨ ᠬᠠᠪᠤ ᠴᠡᠩᠬᠡᠯ ᠢᠶᠠᠨ ᠬᠤᠪᠢᠶᠠᠯᠴᠠᠨ᠂ ᠤᠩᠰᠢᠭᠰᠠᠨ ᠦᠷ᠎ᠡ ᠪᠦᠳᠦᠮᠵᠢ ᠪᠠᠨ ᠰᠤᠯᠢᠯᠴᠠᠨ᠂

ᠤᠩᠰᠢᠬᠤ ᠴᠢᠳᠠᠪᠤᠷᠢ ᠪᠠᠨ ᠬᠠᠮᠳᠤ ᠪᠠᠷ ᠳᠡᠬᠡᠭᠰᠢᠯᠡᠬᠦᠯᠵᠤ ᠪᠤᠯᠤᠨ᠎ᠠ︾ ᠬᠡᠮᠡᠨ ᠳᠤᠷᠠᠳᠴᠠᠢ᠂ ᠡᠳᠡᠬᠡᠷ ᠠᠴᠠ

ᠦᠵᠡᠬᠦ ᠳᠤ ᠪᠢᠳᠡᠨ ᠤ ᠬᠡᠯᠡ ᠪᠢᠴᠢᠭ ᠤᠨ ᠬᠢᠴᠢᠶᠡᠯ ᠤᠨ ᠪᠠᠷᠢᠮᠵᠢᠶ᠎ᠠ ᠳᠤ ᠤᠩᠰᠢᠯᠭ᠎ᠠ ᠶᠢ ᠬᠢᠷᠢ ᠵᠡᠷᠬᠡ

ᠴᠢᠬᠤᠯᠠᠴᠢᠯᠠᠵᠤ ᠪᠠᠶᠢᠭ᠎ᠠ ᠬᠡᠳᠡᠭ ᠨᠢ ᠮᠡᠳᠡᠭᠳᠡᠨ᠎ᠡ᠃ ᠶᠡᠷᠦ ᠨᠢ ᠤᠩᠰᠢᠯᠭ᠎ᠠ ᠪᠠᠷ ᠳᠠᠮᠵᠢᠨ ᠰᠤᠷᠤᠭᠴᠢ ᠶᠢᠨ ᠮᠡᠳᠡᠯᠬᠡ

ᠮᠡᠳᠡᠴᠡ ᠨᠡᠮᠡᠭᠳᠡᠬᠦ ᠪᠠᠷ ᠪᠠᠷᠠᠬᠤ ᠦᠬᠡᠢ᠂ ᠰᠡᠳᠬᠢᠬᠦᠢ ᠶᠢᠨ ᠴᠢᠳᠠᠪᠤᠷᠢ᠂ ᠵᠤᠬᠢᠶᠠᠨ ᠪᠢᠴᠢᠬᠦ ᠴᠢᠳᠠᠪᠤᠷᠢ ᠵᠡᠷᠬᠡ ᠨᠢ ᠴᠤ

ᠠᠶᠠᠨᠳᠠᠭᠠᠨ ᠨᠡᠮᠡᠭᠳᠡᠳᠡᠭ᠃ ᠦᠨᠡᠨ ᠳᠤ ᠪᠢᠳᠡᠨ ᠤ ᠤᠯᠠᠩᠬᠢ ᠰᠤᠷᠤᠭᠴᠢ ᠶᠢᠨ ᠵᠤᠬᠢᠶᠠᠨ ᠪᠢᠴᠢᠯᠬᠡ ᠠᠨᠠᠢ

ᠪᠠᠶᠢᠳᠠᠭ ᠤᠨ ᠰᠢᠯᠳᠠᠭᠠᠨ ᠨᠢ ᠳᠠᠷᠤᠢ ᠤᠩᠰᠢᠯᠭ᠎ᠠ ᠳᠤᠳᠠᠭᠤ ᠠᠴᠠ ᠪᠤᠯᠤᠭᠰᠠᠨ ᠶᠤᠮ᠃

      ᠬᠤᠶᠠᠷ ᠲᠤ᠂ ᠨᠤᠮ ᠤᠩᠰᠢᠭᠰᠠᠨ ᠳᠡᠮᠳᠡᠭᠯᠡᠯ ᠬᠢᠯᠭᠡᠬᠦ ᠭᠡᠷᠡᠭᠳᠠᠢ

      ᠳᠡᠬᠡᠳᠦ ᠳᠤᠮᠳᠠᠳᠤ ᠶᠢᠨ ᠰᠤᠷᠤᠭᠴᠢ ᠶᠢᠨ ᠬᠡᠯᠡ ᠪᠢᠴᠢᠭ ᠤᠨ ᠬᠢᠷᠢ ᠲᠦᠪᠰᠢᠨ ᠢ ᠳᠡᠬᠡᠭᠰᠢᠯᠡᠬᠦᠯᠬᠦ ᠳᠤ

ᠵᠦᠪᠬᠡᠨ ᠰᠤᠷᠬᠤ ᠪᠢᠴᠢᠭ ᠲᠤ ᠲᠦᠰᠢᠭᠯᠡᠬᠡᠳ ᠪᠤᠯᠬᠤ ᠪᠢᠰᠢ᠂ ᠬᠠᠷᠢᠨ ᠬᠢᠴᠢᠶᠡᠯ ᠤᠨ ᠭᠠᠳᠠᠭᠤᠷᠬᠢ ᠨᠤᠮ

ᠤᠩᠰᠢᠯᠭ᠎ᠠ ᠶᠢᠨ ᠬᠢᠷᠢ ᠲᠦᠪᠰᠢᠨ ᠪᠠ ᠴᠢᠨᠠᠷ ᠴᠢᠨᠰᠠᠭ᠎ᠠ ᠶᠢ ᠡᠷᠬᠡᠪᠰᠢ ᠳᠡᠬᠡᠭᠰᠢᠯᠡᠬᠦᠯᠬᠦ ᠬᠡᠷᠡᠭᠳᠡᠢ ᠪᠠᠶᠢᠳᠠᠭ᠃ ᠨᠤᠮ

ᠤᠩᠰᠢᠯᠭ᠎ᠠ ᠶᠢᠨ ᠬᠢᠷᠢ ᠲᠦᠪᠰᠢᠨ ᠨᠢ ᠳᠡᠬᠡᠭᠰᠢᠯᠡᠮᠡᠨᠵᠢᠨ ᠰᠠᠶ᠋ᠢ ᠬᠡᠯᠡ ᠪᠢᠴᠢᠭ ᠤᠨ ᠶᠡᠷᠦᠩᠬᠡᠢ ᠬᠢᠷᠢ ᠲᠦᠪᠰᠢᠨ ᠨᠢ

ᠳᠡᠬᠡᠭᠰᠢᠯᠡᠵᠤ ᠴᠢᠳᠠᠬᠤ ᠶᠤᠮ᠃ ᠬᠡᠪᠡᠴᠦ ᠤᠯᠠᠩᠬᠢ ᠰᠤᠷᠤᠭᠴᠢ ᠨᠤᠮ ᠤᠩᠰᠢᠬᠤ ᠶᠢᠨ ᠯᠠ ᠲᠦᠯᠦᠬᠡ ᠤᠩᠰᠢᠬᠤ

ᠪᠤᠶᠤ ᠤᠩᠰᠢᠭᠰᠠᠨ ᠨᠤᠮ ᠢᠶᠠᠨ ᠰᠠᠶᠢᠨ ᠤᠶᠢᠯᠠᠭᠠᠬᠤ ᠦᠬᠡᠢ ᠠᠯᠢ ᠡᠰᠡᠬᠦᠯ᠎ᠡ ᠦᠴᠦᠬᠡᠨ ᠴᠤ ᠤᠯᠤᠯᠳᠠ ᠦᠬᠡᠢ

ᠪᠠᠶᠢᠳᠠᠭ᠂ ᠡᠨᠡ ᠨᠢ ᠳᠡᠳᠡᠨ ᠤ ᠨᠤᠮ ᠳᠠᠬᠢ ᠮᠡᠳᠡᠯᠬᠡ ᠶᠢ ᠤᠶᠤᠨ ᠤᠬᠠᠭᠠᠨ ᠪᠤᠯᠭᠠᠨ ᠬᠤᠪᠢᠷᠠᠭᠤᠯᠵᠤ ᠴᠢᠳᠠᠭ᠎ᠠ

ᠦᠬᠡᠢ᠂ ᠠᠯᠢ ᠡᠰᠡᠬᠦᠯ᠎ᠡ ᠨᠤᠮ ᠤᠩᠰᠢᠭᠰᠠᠨ ᠳᠡᠮᠳᠡᠭᠯᠡᠯ ᠬᠢᠬᠦ ᠶᠢᠨ ᠴᠢᠬᠤᠯᠠ ᠴᠢᠨᠠᠷ ᠢ ᠮᠡᠳᠡᠭᠡ ᠦᠬᠡᠢ ᠲᠠᠢ

ᠬᠤᠯᠪᠤᠭᠳᠠᠳᠠᠭ᠃ ᠮᠦᠨ ᠴᠤ ᠵᠠᠷᠢᠮ ᠰᠤᠷᠤᠭᠴᠢ ᠨᠤᠮ ᠤᠩᠰᠢᠭᠰᠠᠨ ᠳᠡᠮᠳᠡᠭᠯᠡᠯ ᠬᠢᠬᠦ ᠴᠢᠬᠤᠯᠠ ᠦᠬᠡᠢ᠂ ᠪᠢ

ᠪᠦᠬᠦᠨ ᠢ ᠴᠡᠬᠡᠵᠢᠯᠡᠴᠢᠬᠡᠨ᠎ᠡ ᠬᠡᠮᠡᠨ ᠪᠤᠳᠤᠳᠠᠭ᠃ ᠡᠨᠡ ᠪᠤᠯ ᠪᠤᠷᠤᠭᠤ ᠦᠵᠡᠯᠳᠡ ᠶᠤᠮ᠂ ᠬᠦᠮᠦᠨ ᠤ ᠴᠡᠬᠡᠵᠢᠯᠡᠬᠦ

ᠴᠢᠳᠠᠪᠤᠷᠢ ᠵᠤᠬᠢᠬᠤ ᠬᠤᠭᠤᠴᠠᠭᠠᠨ ᠳᠤ ᠢᠳᠡᠭ ᠢᠳᠡᠭ ᠢᠶᠠᠷ ᠪᠠᠭᠤᠷᠠᠵᠤ ᠤᠤᠯ ᠤᠨ ᠤᠩᠰᠢᠭᠰᠠᠨ ᠮᠡᠳᠡᠭᠰᠡᠨ

ᠵᠦᠢᠯ ᠢᠶᠠᠨ ᠮᠠᠷᠳᠠᠬᠤ ᠪᠤᠯᠤᠮᠵᠢ ᠶᠡᠭᠡ ᠪᠠᠶᠢᠳᠠᠭ᠃ ᠶᠠᠭ ᠡᠶᠢᠮᠦ ᠤᠴᠢᠷ ᠠᠴᠠ ᠨᠤᠮ ᠢ ᠰᠠᠶᠢᠳᠤᠷ ᠤᠶᠢᠯᠠᠭᠠᠵᠤ᠂

ᠨᠤᠮ ᠳᠠᠬᠢ ᠮᠡᠳᠡᠯᠬᠡ ᠶᠢ ᠦᠪᠡᠷ ᠤᠨ ᠢᠶᠠᠨ ᠤᠶᠤᠨ ᠤᠬᠠᠭᠠᠨ ᠪᠤᠯᠭᠠᠨ ᠬᠤᠪᠢᠷᠠᠭᠤᠯᠤᠶ᠎ᠠ ᠬᠡᠪᠡᠯ ᠡᠷᠬᠡᠪᠰᠢ ᠨᠤᠮ

ᠤᠩᠰᠢᠭᠰᠠᠨ ᠳᠡᠮᠳᠡᠭᠯᠡᠯ ᠬᠢᠬᠦ ᠬᠡᠷᠡᠭᠳᠡᠢ ᠪᠠᠶᠢᠳᠠᠭ᠃ ᠬᠠᠷᠢᠨ ᠨᠤᠮ ᠢ ᠤᠩᠰᠢᠵᠤ ᠪᠠᠷᠠᠬᠤ ᠶᠢᠨ ᠲᠦᠯᠦᠬᠡ ᠯᠠ ᠨᠤᠮ

ᠤᠩᠰᠢᠵᠤ ᠪᠤᠯᠬᠤ ᠦᠬᠡᠢ᠃ ᠲᠡᠬᠡᠪᠡᠯ ᠨᠤᠮ ᠤᠩᠰᠢᠭᠰᠠᠨ ᠳᠡᠮᠳᠡᠭᠯᠡᠯ ᠬᠢᠬᠦ ᠨᠢ ᠶᠠᠮᠠᠷᠬᠠᠨ ᠰᠠᠶᠢᠨ ᠳᠠᠯ᠎ᠠ ᠲᠠᠢ

ᠪᠠᠶᠢᠳᠠᠭ ᠪᠤᠢ ᠬᠡᠪᠡᠯ ᠡᠶᠢᠮᠦᠷᠬᠦᠤ ᠬᠡᠳᠦᠨ ᠳᠠᠯ᠎ᠠ ᠶᠢᠨ ᠠᠰᠢᠭ ᠲᠠᠢ ᠳᠠᠯ᠎ᠠ ᠪᠠᠶᠢᠳᠠᠭ᠃

      1. ᠵᠤᠷᠢᠯᠭ᠎ᠠ ᠳᠤᠳᠤᠷᠬᠠᠢ ᠪᠤᠯᠵᠤ ᠨᠤᠮ ᠤᠩᠰᠢᠬᠤ ᠬᠤᠷᠳᠤᠴᠠ ᠶᠢ ᠨᠡᠮᠡᠭᠳᠡᠬᠦᠯᠳᠡᠭ᠃ ᠤᠴᠢᠷ ᠨᠢ ᠨᠤᠮ

ᠤᠩᠰᠢᠭᠰᠠᠨ ᠳᠡᠮᠳᠡᠭᠯᠡᠯ ᠬᠢᠭᠰᠡᠨ ᠬᠦᠮᠦᠰ ᠶᠠᠮᠠᠷ ᠨᠤᠮ ᠤᠩᠰᠢᠬᠤ᠂ ᠶᠠᠭᠠᠬᠢᠵᠤ ᠨᠤᠮ ᠤᠩᠰᠢᠬᠤ ᠳᠠᠯ᠎ᠠ ᠪᠠᠷ

ᠳᠤᠳᠤᠷᠬᠠᠢ ᠵᠤᠷᠢᠯᠭ᠎ᠠ ᠲᠠᠢ ᠪᠠᠶᠢᠳᠠᠭ ᠳᠤᠯᠠ ᠳᠡᠳᠡ ᠦᠪᠡᠷ ᠤᠨ ᠤᠩᠰᠢᠬᠤ ᠨᠤᠮ ᠢᠶᠠᠨ ᠰᠤᠩᠭᠤᠵᠤ ᠴᠢᠳᠠᠬᠤ

ᠮᠦᠷᠳᠡᠬᠡᠨ ᠶᠠᠭᠠᠬᠢᠵᠤ ᠤᠩᠰᠢᠬᠤ ᠪᠠᠨ ᠴᠤ ᠳᠤᠳᠤᠷᠬᠠᠢ ᠤᠶᠢᠯᠠᠭᠠᠳᠠᠭ ᠶᠤᠮ᠂ ᠬᠡᠪᠡᠴᠦ ᠳᠡᠮᠳᠡᠭᠯᠡᠯ ᠬᠢᠵᠤ ᠴᠢᠳᠠᠬᠤ

ᠦᠬᠡᠢ ᠰᠤᠷᠤᠭᠴᠢ ᠪᠤᠯ ᠡᠨᠡ ᠳᠠᠯ᠎ᠠ ᠪᠠᠷ ᠮᠠᠰᠢ ᠶᠡᠭᠡ ᠴᠠᠭ ᠢᠶᠠᠨ ᠭᠠᠷᠤᠵᠠᠳᠠᠭᠤᠯᠳᠠᠭ ᠮᠦᠷᠳᠡᠬᠡᠨ ᠤᠩᠰᠢᠬᠤ

ᠬᠤᠷᠳᠤᠴᠠ ᠨᠢ ᠴᠤ ᠮᠠᠰᠢ ᠤᠳᠠᠭᠠᠨ ᠪᠠᠶᠢᠳᠠᠭ᠃

      2. ᠨᠤᠮ ᠤᠩᠰᠢᠭᠰᠠᠨ ᠳᠡᠮᠳᠡᠭᠯᠡᠯ ᠬᠢᠭᠦ ᠠᠷᠭ᠎ᠠ ᠶᠢ ᠡᠵᠡᠮᠰᠢᠬᠦ ᠨᠢ ᠨᠤᠮ ᠤᠩᠰᠢᠭᠰᠠᠨ ᠳᠡᠮᠳᠡᠭᠯᠡᠯ ᠢ ᠤᠯᠠᠮ

ᠪᠤᠳᠠᠳᠠᠶᠢᠵᠢᠭᠤᠯᠵᠤ᠂ ᠶᠠᠮᠠᠷ ᠨᠢᠬᠡᠨ ᠨᠤᠮ ᠢ ᠠᠬᠢᠨ ᠳᠠᠬᠢᠨ ᠤᠩᠰᠢᠬᠤ ᠪᠤᠯᠤᠮᠵᠢ ᠲᠠᠢ ᠪᠤᠯᠭᠠᠳᠠᠭ᠃ ᠤᠴᠢᠷ ᠨᠢ

ᠪᠢᠳᠡ ᠨᠤᠮ ᠪᠤᠯᠭᠠᠨ ᠢ ᠬᠤᠳᠠᠯᠳᠤᠨ ᠠᠪᠴᠤ ᠬᠠᠳᠠᠭᠠᠯᠠᠬᠤ ᠪᠤᠯᠤᠮᠵᠢ ᠦᠬᠡᠢ᠂ ᠳᠡᠶᠢᠮᠦ ᠠᠴᠠ ᠤᠯᠠᠩᠬᠢ ᠨᠤᠮ ᠢ

ᠨᠤᠮ ᠤᠨ ᠰᠠᠩ ᠠᠴᠠ ᠵᠢᠬᠡᠯᠡᠵᠤ ᠦᠵᠡᠬᠦ ᠱᠠᠭᠠᠷᠳᠠᠯᠭ᠎ᠠ ᠲᠠᠢ ᠪᠠᠶᠢᠳᠠᠭ᠃ ᠳᠡᠮᠳᠡᠭᠯᠡᠯ ᠬᠢᠬᠦ ᠦᠬᠡᠢ ᠪᠤᠯ ᠤᠩᠰᠢᠭᠰᠠᠨ

ᠨᠤᠮ ᠠᠴᠠ ᠪᠠᠨ ᠶᠠᠮᠠᠷ ᠨᠢᠬᠡᠨ ᠮᠡᠳᠡᠬᠡᠯᠡᠯ ᠢ ᠤᠯᠵᠤ ᠠᠪᠤᠶ᠎ᠠ ᠬᠡᠬᠦ ᠳᠤ ᠳᠤᠬᠠᠢ ᠶᠢᠨ ᠨᠤᠮ ᠢ ᠳᠠᠬᠢᠨ ᠤᠯᠬᠤ

ᠱᠠᠭᠠᠷᠳᠠᠯᠭ᠎ᠠ ᠲᠠᠢ ᠪᠠᠶᠢᠳᠠᠭ᠃ ᠬᠡᠷᠪᠡ ᠪᠢᠳᠡ ᠨᠤᠮ ᠤᠩᠰᠢᠭᠰᠠᠨ ᠳᠡᠮᠳᠡᠭᠯᠡᠯ ᠢᠶᠠᠨ ᠰᠠᠶᠢᠳᠤᠷ ᠬᠢᠭᠰᠡᠨ ᠪᠤᠯ

ᠳᠤᠬᠠᠢ ᠶᠢᠨ ᠨᠤᠮ ᠢ ᠦᠵᠡᠬᠦ ᠱᠠᠭᠠᠷᠳᠠᠯᠭ᠎ᠠ ᠦᠬᠡᠢ᠂ ᠳᠡᠮᠳᠡᠭᠯᠡᠯ ᠤᠨ ᠳᠡᠪᠳᠡᠷ ᠢᠶᠠᠨ ᠤᠷᠪᠠᠭᠤᠯᠤᠨ ᠦᠵᠡᠬᠦ ᠳᠤ

ᠨᠤᠮ ᠤᠨ ᠠᠭᠤᠯᠭ᠎ᠠ ᠶᠢ ᠳᠠᠬᠢᠨ ᠤᠶᠢᠯᠠᠭᠠᠬᠤ ᠪᠤᠯᠤᠮᠵᠢ ᠲᠠᠢ ᠪᠠᠶᠢᠳᠠᠭ᠃ ᠡᠨᠡ ᠪᠤᠯ ᠪᠠᠰᠠ ᠴᠤ ᠨᠤᠮ ᠤᠩᠰᠢᠭᠰᠠᠨ

ᠳᠡᠮᠳᠡᠭᠯᠡᠯ ᠬᠢᠬᠦ ᠶᠢᠨ ᠴᠢᠬᠤᠯᠠ ᠴᠢᠨᠠᠷ ᠮᠦᠨ᠃

      ᠳᠡᠬᠡᠳᠦ ᠳᠤᠮᠳᠠᠳᠤ ᠶᠢᠨ ᠰᠤᠷᠤᠭᠴᠢ ᠶᠢᠨ ᠬᠡᠯᠡ ᠪᠢᠴᠢᠭ ᠤᠨ ᠬᠢᠷᠢ ᠲᠦᠪᠰᠢᠨ ᠢ ᠳᠡᠬᠡᠭᠰᠢᠯᠡᠬᠦᠯᠬᠦ ᠳᠤ

ᠤᠩᠰᠢᠯᠭ᠎ᠠ ᠶᠢᠨ ᠳᠠᠯ᠎ᠠ ᠪᠠᠷ ᠬᠢ ᠵᠢᠭᠠᠨ ᠰᠤᠷᠭᠠᠯᠳᠠ ᠮᠠᠰᠢ ᠴᠢᠬᠤᠯᠠ ᠪᠠᠶᠢᠳᠠᠭ᠂ ᠤᠩᠰᠢᠯᠭ᠎ᠠ ᠶᠢᠨ ᠬᠢᠷᠢ

ᠲᠦᠪᠰᠢᠨ ᠢ ᠳᠡᠬᠡᠭᠰᠢᠯᠡᠬᠦᠯᠬᠦ ᠬᠡᠪᠡᠯ ᠦᠷ᠎ᠡ ᠪᠦᠳᠦᠮᠵᠢ ᠲᠠᠢ ᠤᠩᠰᠢᠯᠭ᠎ᠠ ᠶᠢᠨ ᠠᠷᠭ᠎ᠠ ᠪᠠᠷᠢᠯ ᠤᠳ ᠢ ᠵᠦᠪ ᠢᠶᠠᠷ

ᠤᠶᠢᠯᠠᠭᠠᠭᠤᠯᠵᠤ᠂ ᠰᠤᠷᠤᠭᠴᠢᠳ ᠤᠨ ᠤᠩᠰᠢᠯᠭ᠎ᠠ ᠶᠢᠨ ᠠᠷᠭ᠎ᠠ ᠪᠠᠷᠢᠯ ᠢ ᠵᠦᠪ ᠢᠶᠠᠷ ᠵᠢᠯᠤᠭᠤᠳᠬᠤ ᠨᠢ ᠴᠢᠬᠤᠯᠠ᠂

ᠵᠦᠪᠬᠡᠨ ᠤᠩᠰᠢᠭᠤᠯᠬᠤ ᠶᠢᠨ ᠯᠠ ᠲᠦᠯᠦᠬᠡ ᠤᠩᠰᠢᠭᠤᠯᠵᠤ ᠪᠤᠯᠬᠤ ᠦᠬᠡᠢ ᠬᠡᠳᠡᠭ ᠢ ᠤᠬᠠᠭᠠᠷᠠᠬᠤ ᠬᠡᠷᠡᠭᠳᠡᠢ᠃

       ᠠᠵᠢᠯᠯᠠᠵᠤ ᠪᠠᠶᠢᠭ᠎ᠠ ᠪᠠᠶᠢᠭᠤᠯᠭ᠎ᠠ᠄ ᠡᠸ᠋ᠩᠬᠢ ᠦᠨᠳᠦᠰᠦᠳᠡᠨ ᠤ ᠦᠪᠡᠷᠳᠡᠬᠡᠨ ᠵᠠᠰᠠᠬᠤ

                                  ᠬᠤᠰᠢᠭᠤᠨ ᠤ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ

                                  ︵ᠠᠯᠳᠠᠨᠰᠦ᠋ᠭᠡ ᠨᠠᠶᠢᠷᠠᠭᠤᠯᠪᠠ︶

                                  2023.4 ᠳ᠋ᠦ᠋ᠭᠡᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map