ᠰᠤᠷᠤᠭᠴᠢᠳ ᠤᠨ ᠵᠤᠬᠢᠶᠠᠨ ᠪᠢᠴᠢᠯᠭᠡ ᠶᠢᠨ ᠴᠢᠳᠠᠪᠦᠷᠢ ᠶᠢ ᠳᠡᠭᠡᠭᠰᠢᠯᠡᠭᠦᠯᠬᠦ ᠳᠦᠷᠪᠡᠨ ᠤᠶᠠᠯᠳᠤᠯ
ᠨᠡᠶᠢᠲᠡᠯᠡᠭᠰᠡᠨ ᠴᠠᠭ᠄
2023/12/13
                       ᠳ᠋ᠦᠩ ᠱᠠᠨ

教学研究6.png

 

      ᠤᠳᠤᠬᠠᠨ ᠳᠤ ᠰᠤᠷᠤᠭᠴᠢᠳ ᠵᠤᠬᠢᠶᠠᠯ ᠪᠢᠴᠢᠨ᠎ᠡ ᠭᠡᠪᠡᠯ ᠲᠤᠯᠤᠭᠠᠢ ᠨᠢ ᠡᠪᠡᠳᠴᠦ᠂ ᠪᠢᠷ ᠲᠠᠯᠪᠢᠬᠤ ᠶᠢᠨ

ᠠᠷᠭ᠎ᠠ ᠦᠭᠡᠢ ᠮᠤᠬᠤᠷᠳᠠᠵᠤ ᠰᠠᠭᠤᠳᠠᠭ ᠪᠠᠶᠢᠨ᠎ᠠ᠃ ᠡᠭᠦᠨ ᠤ ᠴᠢᠬᠤᠯᠠ ᠰᠢᠯᠳᠠᠭᠠᠨ ᠭᠡᠪᠡᠯ ᠰᠤᠷᠤᠭᠴᠢᠳ ᠤᠨ

ᠡᠩ ᠤᠨ ᠴᠠᠭ ᠤᠨ ᠬᠤᠷᠠᠮᠳᠤᠭᠤᠯᠭ᠎ᠠ ᠬᠤᠮᠰᠠ᠂ ᠪᠠᠭᠰᠢ ᠠᠴᠠ ᠪᠦᠲᠦᠮᠵᠢᠲᠠᠢ ᠵᠢᠯᠤᠭᠤᠳᠤᠮᠵᠢ ᠬᠢᠭᠰᠡᠨ ᠦᠭᠡᠢ ᠠᠴᠠ

ᠪᠤᠯᠵᠠᠢ᠃ ᠰᠤᠷᠤᠭᠴᠢ ᠪᠠᠨ ᠭᠡᠷᠬᠢᠨ ᠪᠦᠲᠦᠮᠵᠢᠲᠠᠢ ᠵᠢᠯᠤᠭᠤᠳᠴᠤ ᠲᠠᠳᠠᠨ ᠤ ᠵᠤᠬᠢᠶᠠᠨ ᠪᠢᠴᠢᠯᠭᠡ ᠶᠢᠨ ᠴᠢᠳᠠᠪᠤᠷᠢ ᠶᠢ

ᠲᠡᠭᠡᠭᠰᠢᠯᠠᠭᠦᠯᠭᠦ ᠪᠤᠢ︖ ᠲᠤᠤᠷ᠎ᠠ ᠪᠢ ᠤᠯᠠᠨ ᠵᠢᠯ ᠤᠨ ᠵᠢᠭᠠᠨ ᠰᠤᠷᠭᠠᠯᠲᠠ ᠶᠢᠨ ᠶᠠᠪᠦᠴᠠ ᠪᠠ ᠰᠤᠷᠤᠭᠴᠢ

ᠵᠢᠯᠤᠭᠤᠳᠤᠭᠰᠠᠨ ᠦᠩᠭᠡᠷᠡᠯᠲᠡ ᠲᠠᠢ ᠪᠠᠨ ᠤᠶᠠᠯᠳᠤᠭᠤᠯᠤᠨ ᠦᠪᠠᠷ ᠤᠨ ᠤᠢᠢᠯᠠᠭᠠᠯᠳᠠ ᠲᠦᠷᠦᠭᠳᠡᠯ ᠢᠶᠠᠨ

ᠬᠤᠪᠢᠶᠠᠯᠴᠠᠶ᠎ᠠ᠃

      ᠨᠢᠭᠡ᠂ ᠵᠤᠬᠢᠶᠠᠨ ᠪᠢᠴᠢᠯᠭᠡ ᠬᠢᠭᠡᠳ ᠤᠩᠰᠢᠯᠭ᠎ᠠ ᠶᠢᠨ ᠤᠶᠠᠯᠳᠤᠯ

      ᠤᠩᠰᠢᠯᠭ᠎ᠠ ᠪᠣᠯ ᠬᠡᠯᠡ ᠪᠢᠴᠢᠭ ᠰᠤᠷᠬᠤ ᠬᠠᠮᠤᠭ ᠳᠦᠲᠡ ᠮᠦᠷᠲᠡᠭᠡᠨ ᠬᠠᠮᠤᠭ ᠪᠦᠲᠦᠮᠵᠢᠲᠠᠢ ᠠᠷᠭ᠎ᠠ

ᠪᠤᠯᠤᠨ᠎ᠠ᠃ ᠰᠤᠷᠤᠭᠴᠢᠳ ᠬᠡᠯᠡ ᠪᠢᠴᠢᠭ ᠢ ᠰᠠᠶᠢᠨ ᠰᠤᠷᠴᠦ᠂ ᠵᠤᠬᠢᠶᠠᠨ ᠪᠢᠴᠢᠯᠭᠡ ᠶᠢᠨ ᠬᠢᠷᠢ ᠲᠦᠪᠰᠢᠨ ᠢᠶᠠᠨ

ᠳᠡᠭᠡᠭᠰᠢᠯᠡᠭᠦᠯᠬᠦ ᠭᠡᠪᠡᠯ ᠶᠠᠭᠤᠨ ᠤ ᠤᠷᠢᠳ ᠤᠩᠰᠢᠯᠭ᠎ᠠ ᠶᠢᠨ ᠪᠤᠭᠤᠮᠳᠠ ᠶᠢ ᠳᠠᠪᠠᠭ᠋ᠤ ᠬᠡᠷᠡᠭᠲᠡᠢ᠃ ᠤᠩᠰᠢᠯᠭ᠎ᠠ ᠶᠢᠨ

ᠪᠤᠭᠤᠮᠳᠠ ᠶᠢ ᠳᠠᠪᠠᠭ᠋ᠤ ᠪᠣᠯ ᠠᠯᠢᠪᠠ ᠠᠵᠢᠯ ᠤᠨ ᠰᠠᠭᠤᠷᠢ ᠦᠨᠳᠦᠰᠦ᠂ ᠡᠭᠦᠨ ᠢ ᠳᠠᠪᠠᠵᠤ ᠴᠢᠳᠠᠬᠤ ᠦᠭᠡᠢ ᠪᠣᠯ

ᠬᠤᠶᠢᠰᠢᠲᠠ ᠶᠢᠨ ᠵᠢᠯᠤᠭᠤᠳᠤᠮᠵᠢ ᠶᠠᠪᠦᠭ᠌ᠳᠠᠬᠤ ᠶᠢᠨ ᠠᠷᠭ᠎ᠠ ᠦᠭᠡᠢ᠃ ᠶᠠᠷᠢᠶᠠᠨ ᠦᠭᠡᠢ ᠡ᠊ᠨᠳᠠ ᠶᠠᠷᠢᠵᠤ ᠪᠠᠶᠢᠭ᠎ᠠ

ᠤᠩᠰᠢᠯᠭ᠎ᠠ ᠶᠢᠨ ᠪᠤᠭᠤᠮᠳᠠ ᠨᠢ ᠵᠦᠪᠬᠡᠨ ᠰᠤᠷᠤᠭᠴᠢ ᠳᠤ ᠯᠠ ᠬᠡᠯᠡᠵᠦ ᠪᠠᠶᠢᠭ᠎ᠠ ᠪᠢᠰᠢ᠂ ᠪᠠᠭᠰᠢ ᠶᠢ ᠪᠠᠰᠠ ᠵᠢᠭᠠᠵᠤ

ᠪᠠᠶᠢᠨ᠎ᠠ᠃ ᠬᠡᠯᠡ ᠪᠢᠴᠢᠭ ᠤᠨ ᠪᠠᠭᠰᠢ ᠪᠤᠯᠤᠭᠰᠠᠳ ᠶᠠᠭᠤᠨ ᠤ ᠤᠷᠢᠳ ᠦᠪᠡᠷ ᠢᠶᠠᠨ ᠤᠩᠰᠢᠯᠭ᠎ᠠ ᠶᠢᠨ

ᠪᠤᠭᠤᠮᠳᠠ ᠶᠢ ᠳᠠᠪᠠᠭ᠋ᠤ ᠶᠤᠰᠤᠲᠠᠢ᠃ ᠬᠡᠯᠡ ᠪᠢᠴᠢᠭ ᠤᠨ ᠪᠠᠭᠰᠢ ᠡᠷᠭᠡᠪᠰᠢ ᠴᠡᠭᠡᠵᠢᠨ ᠳᠤ ᠪᠠᠨ ᠰᠢᠯᠦᠭ ᠲᠠᠢ᠂

ᠠᠶᠤᠤᠯᠢᠬᠠᠢ ᠳᠤ ᠪᠠᠨ ᠵᠤᠬᠢᠶᠠᠯ ᠲᠠᠢ᠂ ᠡᠰᠡ ᠲᠡᠶᠢᠮᠦ ᠪᠣᠯ ᠵᠤᠬᠢᠶᠠᠨ ᠪᠢᠴᠢᠯᠭᠡ ᠶᠢ ᠵᠢᠯᠤᠭᠤᠳᠤᠨ᠎ᠠ ᠭᠡᠳᠡᠭ ᠪᠣᠯ

ᠶᠤᠰᠤᠲᠠᠢ ᠭᠤᠨᠵᠢ ᠶᠢᠨ ᠵᠤᠭᠤᠭ ᠪᠤᠯᠬᠤ ᠶᠤᠮ᠃

      ᠡ᠊ᠨᠳᠠ ᠶᠠᠷᠢᠵᠤ ᠪᠠᠶᠢᠭ᠎ᠠ ᠤᠩᠰᠢᠯᠭ᠎ᠠ ᠨᠢ ᠵᠦᠪᠬᠡᠨ ᠬᠢᠴᠢᠶᠡᠯ ᠤᠨ ᠪᠢᠴᠢᠭ ᠲᠠᠬᠢ ᠵᠤᠬᠢᠶᠠᠯ ᠳᠤ ᠯᠠ

ᠬᠢᠵᠠᠭᠠᠷᠯᠠᠭᠳᠠᠬᠤ ᠪᠢᠰᠢ᠂ ᠬᠢᠴᠢᠶᠡᠯ ᠤᠨ ᠪᠢᠴᠢᠭ ᠲᠤ ᠰᠤᠩᠭᠤᠭᠳᠠᠭᠰᠠᠨ ᠵᠤᠬᠢᠶᠠᠯ ᠶᠠᠷᠢᠶᠠᠨ ᠦᠭᠡᠢ ᠰᠤᠩᠭᠤᠳᠠᠭ᠂

ᠭᠡᠪᠡᠴᠦ ᠤᠩᠰᠢᠯᠭ᠎ᠠ ᠶᠢᠨ ᠬᠤᠪᠢ ᠳᠤ ᠴᠦᠬᠡᠨ ᠪᠠᠶᠢᠨ᠎ᠠ᠃ ᠪᠢᠳᠡ ᠶᠠᠭᠤᠨ ᠤ ᠤᠷᠢᠳ ᠬᠢᠴᠢᠶᠡᠯ ᠤᠨ ᠪᠢᠴᠢᠭ ᠲᠤ

ᠰᠤᠩᠭᠤᠭᠳᠠᠭᠰᠠᠨ ᠵᠤᠬᠢᠶᠠᠯ ᠢ ᠰᠠᠶᠢᠳᠤᠷ ᠤᠩᠰᠢᠬᠤ ᠶᠢ ᠱᠠᠭᠠᠷᠳᠠᠬᠤ ᠬᠡᠷᠡᠭᠲᠡᠢ᠃ ᠡᠭᠦᠨ ᠤ ᠰᠠᠭᠤᠷᠢᠨ ᠳᠤ

ᠤᠩᠰᠢᠬᠤ ᠪᠢᠴᠢᠭ ᠲᠠᠬᠢ ᠵᠤᠬᠢᠶᠠᠯ᠂ ᠪᠤᠰᠤᠳ ᠰᠢᠯᠢᠳᠡᠭ ᠵᠤᠬᠢᠶᠠᠯ ᠢ ᠲᠠᠨᠢᠯᠴᠠᠭᠤᠯᠵᠤ ᠤᠩᠰᠢᠭᠤᠯᠤᠨ᠎ᠠ᠃ ᠵᠠᠷᠢᠮ

ᠰᠤᠷᠤᠭᠴᠢ ᠨᠢᠭᠡ ᠤᠳᠠᠭ᠎ᠠ ᠤᠩᠰᠢᠭᠠᠳ ᠤᠳᠬ᠎ᠠ ᠶᠢ ᠨᠢ ᠤᠶᠢᠯᠠᠭᠠᠬᠤ ᠦᠭᠡᠢ ᠭᠡᠵᠦ ᠶᠠᠷᠢᠳᠠᠭ᠂ ᠡᠨᠡ ᠪᠣᠯ ᠡᠩ ᠤᠨ

ᠶᠠᠪᠦᠳᠠᠯ᠃ ᠭᠡᠪᠡᠴᠦ ᠤᠳᠬ᠎ᠠ ᠶᠢ ᠨᠢ ᠤᠶᠢᠯᠠᠭᠠᠬᠤ ᠦᠭᠡᠢ ᠭᠡᠳ ᠤᠩᠰᠢᠯᠭ᠎ᠠ ᠬᠢᠭᠦ ᠦᠭᠡᠢ ᠪᠠᠶᠢᠵᠤ ᠪᠤᠯᠬᠤ ᠦᠭᠡᠢ᠂

ᠨᠣᠮ ᠪᠢᠴᠢᠭ ᠢ ᠵᠠᠭᠤᠨᠲᠠ ᠤᠩᠰᠢᠪᠠᠯ ᠲᠡᠭᠦᠨ ᠤ ᠤᠳᠬ᠎ᠠ ᠨᠢ ᠠᠶᠠᠨᠳᠠᠭᠠᠨ ᠢᠯᠡᠷᠡᠳᠡᠭ ᠪᠠᠶᠢᠨ᠎ᠠ᠃

      ᠤᠩᠰᠢᠯᠭ᠎ᠠ ᠬᠢᠬᠦ ᠪᠣᠯ ᠵᠤᠬᠢᠶᠠᠨ ᠪᠢᠴᠢᠯᠭᠡ ᠶᠢᠨ ᠮᠠᠲ᠋ᠧᠷᠢᠶᠠᠯ ᠬᠤᠷᠠᠮᠳᠤᠭᠤᠯᠵᠤ᠂ ᠬᠡᠯᠡᠨ ᠤ ᠮᠡᠳᠡᠷᠡᠮᠵᠢ ᠪᠠᠨ

ᠳᠡᠭᠡᠭᠰᠢᠯᠡᠭᠦᠯᠵᠦ ᠪᠠᠶᠢᠭ᠎ᠠ ᠶᠠᠪᠦᠴᠠ ᠶᠤᠮ᠃ ᠪᠠᠭᠰᠢ ᠠᠴᠠ ᠨᠢᠭᠡ ᠵᠤᠬᠢᠶᠠᠯ ᠢ ᠨᠢᠬᠡᠳᠦᠯᠲᠠᠢ ᠤᠩᠰᠢᠭᠤᠯᠤᠭᠰᠠᠨ ᠤ

ᠰᠡᠭᠦᠯᠡᠷ ᠰᠤᠷᠤᠭᠴᠢᠳ ᠲᠤ ᠨᠣᠮ ᠤᠩᠰᠢᠭᠰᠠᠨ ᠤ ᠰᠡᠭᠦᠯᠡᠷᠬᠢ ᠲᠦᠷᠦᠭᠳᠡᠯ᠂ ᠤᠶᠢᠯᠠᠭᠠᠯᠲᠠ ᠪᠠᠨ ᠬᠤᠪᠢᠶᠠᠯᠴᠠᠬᠤ

ᠲᠠᠪᠴᠠᠩ ᠢ ᠬᠠᠩᠭᠠᠬᠤ ᠬᠡᠷᠡᠭᠲᠡᠢ᠃ ᠵᠢᠱᠢᠶᠡᠯᠡᠪᠡᠯ᠂ ᠨᠢᠭᠡ ᠭᠠᠷᠠᠭ ᠲᠤ ᠨᠢᠭᠡ ᠤᠳᠠᠭᠠᠨ ᠤ ᠲᠦᠷᠦᠭᠳᠡᠯ ᠢᠶᠠᠨ

ᠬᠤᠪᠢᠶᠠᠯᠴᠠᠬᠤ ᠬᠤᠷᠠᠯ ᠬᠢᠵᠦ᠂ ᠰᠤᠷᠤᠭᠴᠢ ᠠᠴᠠ ᠡᠨᠡ ᠭᠠᠷᠠᠭ ᠲᠤ ᠤᠩᠰᠢᠭᠰᠠᠨ ᠵᠤᠬᠢᠶᠠᠯ  ᠠᠴᠠ ᠳᠤᠷ᠎ᠠ ᠶᠢᠨ

ᠨᠢᠭᠡ ᠶᠢ ᠰᠤᠩᠭᠤᠵᠤ ᠦᠪᠡᠷ ᠤᠨ ᠲᠦᠷᠦᠭᠳᠡᠯ ᠢᠶᠠᠨ ᠬᠤᠪᠢᠶᠠᠯᠴᠠᠨ᠎ᠠ᠃ ᠬᠤᠪᠢᠶᠠᠯᠴᠠᠬᠤ ᠴᠠᠭ᠂ ᠠᠭᠤᠯᠭ᠎ᠠ᠂

ᠬᠡᠯᠪᠡᠷᠢ ᠳᠤ ᠬᠢᠵᠠᠭᠠᠷᠯᠠᠯ ᠬᠢᠬᠦ ᠦᠭᠡᠢ᠂ ᠪᠠᠭᠰᠢ ᠠᠴᠠ ᠤᠯᠠᠨ ᠳ᠋ᠦᠩᠨᠡᠯᠲᠡ ᠬᠢᠬᠦ ᠦᠬᠡᠢ ᠶᠢ ᠠᠩᠬᠠᠷᠬᠤ          

ᠬᠡᠷᠡᠭᠲᠡᠢ᠃ ᠡᠨᠡ ᠭᠦ ᠶᠠᠪᠦᠴᠠ ᠪᠣᠯ ᠤᠩᠰᠢᠯᠭ᠎ᠠ ᠶᠢᠨ ᠪᠠᠳᠤᠳᠬᠠᠯ ᠪᠠᠶᠢᠵᠤ᠂ ᠰᠤᠷᠤᠭᠴᠢᠳ ᠤᠨ ᠵᠤᠬᠢᠶᠠᠨ

ᠪᠢᠴᠢᠯᠭᠡ ᠶᠢᠨ ᠴᠢᠳᠠᠪᠦᠷᠢ ᠶᠢᠨ ᠳᠡᠭᠡᠭᠰᠢᠯᠡᠯ ᠤᠨ ᠪᠠᠲᠤ ᠪᠠᠬᠢ ᠳᠡᠪᠢᠰᠭᠡᠷ ᠶᠤᠮ᠃

      ᠤᠩᠰᠢᠯᠭ᠎ᠠ ᠶᠢᠨ ᠪᠤᠭᠤᠮᠳᠠ ᠶᠢ ᠳᠠᠪᠠᠭ᠋ᠤ ᠪᠣᠯ ᠵᠤᠬᠢᠶᠠᠨ ᠪᠢᠴᠢᠯᠭᠡ ᠶᠢᠨ ᠳᠡᠭᠡᠭᠰᠢᠯᠡᠯ ᠤᠨ ᠤᠷᠢᠳᠠ ᠨᠦᠬᠦᠴᠡᠯ

ᠪᠠᠶᠢᠵᠤ᠂ ᠪᠠᠭᠰᠢ ᠰᠤᠷᠤᠭᠴᠢ ᠶᠢᠨ ᠬᠤᠷᠠᠮᠳᠤᠯᠭ᠎ᠠ ᠪᠠ ᠪᠠᠷᠢᠮᠳᠠᠯᠠᠯ  ᠳᠤ ᠲᠦᠰᠢᠭᠯᠡᠳᠡᠭ᠃ ᠤᠩᠰᠢᠯᠭ᠎ᠠ ᠶᠢ ᠰᠠᠶᠢᠲᠤᠷ

ᠬᠢᠭᠰᠡᠨ ᠰᠤᠷᠤᠭᠴᠢ ᠯᠠᠪᠲᠠᠢ ᠵᠤᠬᠢᠶᠠᠯ ᠢ ᠰᠠᠶᠢᠨ ᠪᠢᠴᠢᠨ᠎ᠡ ᠭᠡᠵᠦ ᠭᠡᠯᠡᠭᠦ ᠶᠢᠨ ᠠᠷᠭ᠎ᠠ ᠦᠭᠡᠢ᠂ ᠭᠡᠪᠡᠴᠦ ᠵᠤᠬᠢᠶᠠᠯ ᠢ

ᠰᠠᠶᠢᠨ ᠪᠢᠴᠢᠳᠡᠭ ᠰᠤᠷᠤᠭᠴᠢ ᠯᠠᠪᠲᠠᠢ ᠤᠩᠰᠢᠯᠭ᠎ᠠ ᠶᠢ ᠰᠠᠶᠢᠨ ᠬᠢᠭᠰᠡᠨ ᠪᠠᠶᠢᠨ᠎ᠠ᠃ ᠤᠳᠤᠬᠠᠨ ᠤ ᠰᠤᠷᠤᠭᠴᠢᠳ ᠤᠨ

ᠴᠢᠬᠤᠯᠠ ᠠᠰᠠᠭᠤᠳᠠᠯ ᠪᠣᠯ ᠳᠠᠷᠤᠢ ᠤᠩᠰᠢᠯᠭ᠎ᠠ ᠭᠦᠢᠴᠡᠳ ᠪᠤᠰᠤ ᠠᠴᠠ ᠪᠤᠯᠤᠭᠠᠳ ᠬᠡᠯᠡᠨ ᠤ ᠮᠡᠳᠡᠷᠡᠮᠵᠢ ᠠᠨᠠᠢ᠂

ᠤᠩᠰᠢᠨ ᠤᠶᠢᠯᠠᠭᠠᠬᠤ ᠴᠢᠳᠠᠪᠦᠷᠢ ᠪᠠ ᠵᠤᠬᠢᠶᠠᠨ ᠪᠢᠴᠢᠬᠦ ᠴᠢᠳᠠᠪᠦᠷᠢ ᠪᠠᠭᠤᠷᠠᠢ ᠶᠤᠮ᠃

      ᠬᠤᠶᠠᠷ᠂ ᠵᠤᠬᠢᠶᠠᠨ ᠪᠢᠴᠢᠯᠭᠡ ᠬᠢᠭᠡᠳ ᠠᠮᠢᠳᠤᠷᠠᠯ ᠤᠨ ᠤᠶᠠᠯᠳᠤᠯ

      ᠠᠯᠢᠪᠠ ᠵᠤᠬᠢᠶᠠᠯ ᠪᠦᠲᠦᠭᠡᠯ ᠴᠦᠮ ᠠᠮᠢᠳᠤᠷᠠᠯ ᠳᠤ ᠰᠠᠭᠤᠷᠢᠯᠠᠬᠤ ᠬᠡᠷᠡᠭᠲᠡᠢ᠃ ᠵᠤᠬᠢᠶᠠᠯ ᠪᠦᠲᠦᠭᠡᠯ ᠪᠣᠯ

ᠪᠤᠰᠤᠳᠴᠢ ᠨᠡᠶᠢᠭᠡᠮ ᠤᠨ ᠤᠷᠠᠨ ᠲᠤᠰᠬᠠᠯ ᠪᠢᠯᠡ᠃ ᠮᠠᠦ ᠲᠡᠷᠢᠭᠦᠯᠡᠭᠴᠢ ᠠᠴᠠ᠄ ︽ᠨᠡᠶᠢᠭᠡᠮ ᠤᠨ ᠠᠮᠢᠳᠤᠷᠠᠯ᠂

ᠠᠷᠠᠳ ᠲᠦᠮᠡᠨ ᠤ ᠠᠮᠢᠳᠤᠷᠠᠯ ᠪᠣᠯ ᠠᠯᠢᠪᠠ ᠤᠳᠬ᠎ᠠ ᠵᠤᠬᠢᠶᠠᠯ᠂ ᠤᠷᠠᠯᠢᠭ ᠤᠨ ᠠᠪᠤᠭᠠᠳ ᠪᠠᠷᠠᠰᠢ ᠦᠭᠡᠢ᠂

ᠬᠡᠷᠡᠭᠯᠡᠭᠡᠳ ᠳᠠᠭᠤᠰᠦᠰᠢ ᠦᠭᠡᠢ ᠴᠤᠷᠢ ᠶᠢᠨ ᠭᠠᠭᠴᠠ ᠡᠬᠢ ᠪᠤᠯᠠᠭ ᠮᠦᠨ︾ ᠭᠡᠰᠡᠨ ᠶᠤᠮ᠃ ᠰᠤᠷᠤᠭᠴᠢ ᠶᠢᠨ

ᠵᠤᠬᠢᠶᠠᠨ ᠪᠢᠴᠢᠯᠭᠡ ᠴᠦ ᠪᠤᠲᠠᠲᠤ ᠠᠮᠢᠳᠤᠷᠠᠯ ᠳᠤ ᠰᠠᠭᠤᠷᠢᠯᠠᠬᠤ ᠬᠡᠷᠡᠭᠲᠡᠢ᠃ ᠪᠤᠳᠠᠳᠤ ᠠᠮᠢᠳᠤᠷᠠᠯ ᠠᠴᠠ ᠰᠠᠯᠤᠭᠰᠠᠨ

ᠵᠤᠬᠢᠶᠠᠯ ᠪᠣᠯ ᠱᠠᠯ ᠳᠡᠮᠡᠢ ᠬᠤᠭᠤᠰᠤᠨ ᠪᠠᠶᠢᠳᠠᠭ᠃

      ᠵᠤᠬᠢᠶᠠᠨ ᠪᠢᠴᠢᠯᠭᠡ ᠶᠢ ᠠᠮᠢᠳᠤᠷᠠᠯ ᠲᠠᠢ ᠤᠶᠠᠯᠳᠤᠭᠤᠯᠬᠤ ᠭᠡᠪᠡᠯ ᠶᠠᠭᠤᠨ ᠤ ᠤᠷᠢᠳ ᠰᠤᠷᠤᠭᠴᠢ ᠪᠠᠷ

ᠠᠮᠢᠳᠤᠷᠠᠯ ᠢ ᠠᠵᠢᠭᠯᠠᠭᠤᠯᠬᠤ ᠬᠡᠷᠡᠭᠲᠡᠢ᠃ ᠠᠮᠢᠳᠤᠷᠠᠯ ᠢ ᠰᠠᠶᠢᠨ ᠠᠵᠢᠭᠯᠠᠨ᠎ᠠ ᠭᠡᠳᠡᠭ ᠪᠣᠯ ᠨᠠᠷᠢᠨ ᠵᠦᠢᠯᠡᠰ ᠢ

ᠠᠵᠢᠭᠯᠠᠨ᠎ᠠ ᠭᠡᠳᠡᠭ ᠦᠭᠡ᠃ ᠵᠤᠬᠢᠶᠠᠯ ᠪᠦᠲᠦᠭᠡᠯ ᠤᠨ ᠰᠠᠶᠢᠬᠠᠨ ᠨᠢ ᠲᠡᠭᠦᠨ ᠤ ᠨᠠᠷᠢᠨ ᠵᠦᠢᠯᠡᠰ ᠤᠨ ᠳᠦᠷᠰᠦᠯᠡᠯ

ᠪᠠ ᠨᠠᠷᠢᠨ ᠵᠦᠢᠯᠡᠰ ᠤᠨ ᠠᠵᠢᠭᠯᠠᠯᠲᠠ ᠳᠤ ᠪᠠᠨ ᠪᠠᠶᠢᠳᠠᠭ᠃ ᠪᠦᠳᠦᠭᠦᠪᠴᠢ ᠳᠦᠷᠰᠦᠯᠡᠯ ᠢ ᠬᠡᠨ ᠴᠦ ᠪᠦᠷ ᠪᠢᠴᠢᠵᠦ

ᠴᠢᠳᠠᠳᠠᠭ᠃

      ᠰᠤᠷᠤᠭᠴᠢ ᠶᠢ ᠵᠢᠯᠤᠭᠤᠳᠤᠨ ᠵᠤᠬᠢᠶᠠᠯ ᠪᠢᠴᠢᠭᠦᠯᠬᠦ ᠳᠤ ᠠᠮᠢᠳᠤᠷᠠᠯ ᠳᠤ ᠰᠠᠭᠤᠷᠢᠯᠠᠬᠤ ᠬᠡᠷᠡᠭᠲᠡᠢ᠂

ᠰᠤᠷᠤᠭᠴᠢ ᠶᠢᠨ ᠪᠡᠶ᠎ᠡ ᠪᠠᠷ ᠢᠶᠠᠨ ᠦᠩᠭᠡᠷᠡᠭᠦᠯᠦᠭᠰᠡᠨ ᠪᠤᠶᠤ ᠤᠶᠢᠷ᠎ᠠ ᠬᠠᠪᠢ ᠶᠢᠨ ᠦᠵᠡᠭᠰᠡᠨ᠂ ᠰᠤᠨᠤᠰᠤᠭᠰᠠᠨ

ᠵᠦᠢᠯ ᠪᠠᠶᠢᠪᠠᠯ ᠰᠤᠷᠤᠭᠴᠢᠳ ᠪᠢᠴᠢᠬᠦ ᠵᠦᠢᠯ ᠲᠠᠢ ᠪᠠᠶᠢᠵᠤ᠂ ᠠᠷᠭ᠎ᠠ ᠮᠤᠬᠤᠷᠳᠠᠬᠤ ᠦᠭᠡᠢ ᠶᠤᠮ᠃ ᠭᠡᠪᠠᠴᠤ ᠪᠠᠰᠠ

ᠠᠮᠢᠳᠤᠷᠠᠯ ᠢ ᠲᠡᠷᠡ ᠬᠡᠪ ᠢᠶᠠᠷ ᠨᠢ ᠲᠡᠮᠳᠡᠭᠯᠡᠬᠦ ᠪᠢᠰᠢ᠂ ᠠᠮᠢᠳᠤᠷᠠᠯ ᠤᠨ ᠦᠨᠡᠨ ᠪᠠ ᠤᠷᠠᠯᠢᠭ ᠤᠨ ᠦᠨᠡᠨ ᠤ

ᠬᠠᠷᠢᠴᠠᠭ᠎ᠠ ᠶᠢ ᠵᠤᠬᠢᠰᠲᠠᠢ ᠵᠤᠬᠢᠴᠠᠭᠤᠯᠬᠤ ᠬᠡᠷᠡᠭᠲᠡᠢ᠃ ᠡᠭᠦᠨ ᠢ ᠪᠠᠭᠰᠢ ᠠᠴᠠ ᠪᠤᠲᠠᠲᠠᠢ ᠵᠢᠯᠤᠭᠤᠳᠤᠯᠭ᠎ᠠ ᠳᠤᠮᠳᠠ

ᠠᠩᠬᠠᠷᠪᠠᠯ ᠵᠤᠬᠢᠨ᠎ᠠ᠃

      ᠭᠤᠷᠪᠠ᠂ ᠵᠤᠬᠢᠶᠠᠨ ᠪᠢᠴᠢᠯᠭᠡ ᠬᠢᠭᠡᠳ ᠳᠠᠳᠬᠠᠯ ᠤᠨ ᠤᠶᠠᠯᠳᠤᠯ

      ᠵᠤᠬᠢᠶᠠᠨ ᠪᠢᠴᠢᠯᠭᠡ ᠶᠢᠨ ᠴᠢᠳᠠᠪᠦᠷᠢ ᠶᠢᠨ ᠪᠦᠷᠢᠯᠳᠤᠯ ᠬᠢᠭᠡᠳ ᠳᠡᠭᠡᠭᠰᠢᠯᠡᠯ ᠬᠡᠳᠦᠬᠡᠨ ᠡᠳᠦᠷ ᠲᠤ

ᠪᠦᠷᠢᠯᠳᠤᠴᠢᠭᠡᠳᠡᠭ ᠪᠢᠰᠢ᠂ ᠬᠠᠷᠢᠨ ᠤᠷᠲᠤ ᠬᠤᠭᠤᠴᠠᠭᠠᠨ ᠤ ᠪᠤᠯᠪᠠᠰᠦᠷᠠᠯ ᠬᠢᠭᠡᠳ ᠬᠤᠷᠠᠮᠳᠤᠭᠤᠯᠭ᠎ᠠ ᠶᠢ

ᠱᠠᠭᠠᠷᠳᠠᠨ᠎ᠠ᠃

      ᠬᠡᠯᠡ ᠪᠢᠴᠢᠭ ᠤᠨ ᠵᠢᠭᠠᠨ ᠰᠤᠷᠭᠠᠯᠲᠠ ᠳᠤᠮᠳᠠ ᠤᠯᠠᠩᠬᠢ ᠪᠠᠭᠰᠢ ᠵᠤᠬᠢᠶᠠᠨ ᠪᠢᠴᠢᠯᠭᠡ ᠶᠢ

ᠪᠤᠯᠪᠠᠰᠦᠷᠠᠭᠤᠯᠬᠤ ᠶᠢᠨ ᠲᠤᠰᠠᠲᠠ ᠰᠤᠷᠤᠭᠴᠢ ᠪᠠᠷ ᠡᠳᠦᠷ ᠪᠤᠯᠭᠠᠨ ᠡᠳᠦᠷ ᠤᠨ ᠲᠡᠮᠳᠡᠭᠯᠡᠯ ᠪᠢᠴᠢᠭᠦᠯᠵᠦ          

ᠪᠠᠶᠢᠳᠠᠬ᠃ ᠮᠢᠨᠦ ᠦᠵᠡᠬᠦ ᠪᠠᠷ᠂ ᠡᠳᠦᠷ ᠪᠤᠯᠭᠠᠨ ᠡᠳᠦᠷ ᠤᠨ ᠲᠡᠮᠳᠡᠭᠯᠡᠯ ᠪᠢᠴᠢᠭᠦᠯᠬᠦ ᠶᠠᠪᠦᠳᠠᠯ ᠨᠢ ᠰᠤᠷᠤᠭᠴᠢ ᠶᠢᠨ

ᠵᠤᠬᠢᠶᠠᠨ ᠪᠢᠴᠢᠯᠭᠡ ᠶᠢᠨ ᠳᠡᠭᠡᠭᠰᠢᠯᠡᠯ ᠳᠤ ᠦᠴᠦᠭᠡᠨ ᠴᠦ ᠠᠰᠢᠭ ᠦᠵᠡᠭᠦᠯᠵᠦ ᠴᠢᠳᠠᠬᠤ ᠦᠭᠡᠢ᠃ ᠡᠳᠦᠷ ᠤᠨ

ᠲᠡᠮᠳᠡᠭᠯᠡᠯ ᠪᠢᠴᠢᠭᠦᠯᠬᠦ ᠨᠢ ᠶᠠᠪᠦᠬᠤ ᠲᠤᠲᠤᠮ ᠳᠤ ᠪᠠᠨ ᠦᠩᠭᠡᠨ ᠲᠠᠯ᠎ᠠ ᠶᠢᠨ ᠪᠤᠯᠵᠤ᠂ ᠰᠤᠷᠤᠭᠴᠢ ᠠᠴᠠ ᠠᠯᠪᠠ

ᠬᠠᠰᠢᠵᠤ᠂ ᠡᠳᠦᠷ ᠪᠤᠯᠭᠠᠨ ᠤ ᠪᠢᠴᠢᠬᠦ ᠵᠦᠢᠯ ᠨᠢ ᠬᠡᠪᠰᠢᠨ ᠲᠤᠭᠲᠠᠵᠤ ᠳᠠᠩᠰᠠ ᠲᠡᠮᠳᠡᠭᠯᠡᠵᠦ ᠪᠠᠶᠢᠭ᠎ᠠ

ᠦᠵᠡᠭᠳᠡᠯ ᠲᠠᠢ᠃ ᠡᠨᠡ ᠬᠦ ᠪᠠᠶᠢᠳᠠᠯ ᠳᠤ ᠬᠠᠨᠳᠤᠭᠤᠯᠤᠨ ᠪᠢ ᠤᠯᠠᠨ ᠶᠠᠩᠵᠤ ᠶᠢᠨ ᠠᠷᠭ᠎ᠠ ᠠᠪᠴᠠᠯ ᠠᠪᠤᠭᠰᠠᠨ ᠤ

ᠳ᠋ᠦᠩ ᠳᠤ᠂ ᠭᠠᠷᠠᠭ ᠤᠨ ᠰᠤᠯᠠ ᠲᠡᠮᠳᠡᠭᠯᠡᠯ ᠪᠠ ᠨᠣᠮ ᠤᠩᠰᠢᠭᠰᠠᠨ ᠲᠡᠮᠳᠡᠭᠯᠡᠯ ᠪᠢᠴᠢᠭᠦᠯᠬᠦ ᠨᠢ ᠤᠳᠤᠬᠠᠨ ᠤ

ᠰᠤᠷᠤᠭᠴᠢᠳ ᠤᠨ ᠰᠤᠷᠤᠯᠴᠠᠭ᠎ᠠ ᠶᠢᠨ ᠪᠤᠲᠠᠲᠤ ᠪᠠᠶᠢᠳᠠᠯ ᠪᠠ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠨᠡᠩ

ᠵᠤᠬᠢᠴᠠᠨ᠎ᠠ ᠭᠡᠳᠡᠭ ᠢ ᠮᠠᠳᠡᠭᠰᠡᠨ ᠶᠤᠮ᠃ ᠲᠠᠷᠠ ᠨᠢ ᠡᠳᠦᠷ ᠤᠨ ᠲᠡᠮᠳᠡᠭᠯᠡᠯ ᠲᠠᠢ ᠬᠠᠷᠢᠴᠠᠭᠤᠯᠪᠠᠯ ᠬᠡᠯᠪᠡᠷᠢ ᠬᠢᠭᠡᠳ

ᠠᠭᠤᠯᠭ᠎ᠠ ᠶᠢᠨ ᠲᠠᠯ᠎ᠠ ᠪᠠᠷ ᠳᠠᠩ ᠴᠤᠯᠭᠤᠢ ᠪᠢᠰᠢ᠂ ᠦᠷᠭᠦᠯᠵᠢ ᠶᠢᠨ ᠪᠢᠰᠢ᠃ ᠰᠤᠷᠤᠭᠴᠢᠳ ᠤᠨ ᠳᠡᠯᠭᠡᠷᠡᠭᠦᠯᠵᠦ

ᠬᠤᠷᠢᠶᠠᠩᠭᠤᠶᠢᠯᠠᠬᠤ ᠴᠢᠳᠠᠪᠦᠷᠢ ᠪᠠ ᠲᠦᠷᠦᠭᠳᠡᠯ ᠢᠶᠠᠨ ᠢᠯᠡᠳᠭᠡᠬᠦ ᠴᠢᠳᠠᠪᠦᠷᠢ ᠶᠢ ᠪᠤᠯᠪᠠᠰᠦᠷᠠᠭᠤᠯᠵᠤ ᠴᠢᠳᠠᠳᠠᠭ

ᠪᠠᠶᠢᠨ᠎ᠠ᠃ ᠪᠠᠰᠠ ᠨᠢᠭᠡᠨ ᠠᠰᠠᠭᠤᠳᠠᠯ ᠭᠡᠪᠡᠯ᠂ ᠵᠠᠷᠢᠮ ᠪᠠᠭᠰᠢ ᠦᠰᠦᠭ ᠤᠨ ᠲᠤᠭ᠎ᠠ ᠶᠢᠨ ᠱᠠᠭᠠᠷᠳᠠᠯᠭ᠎ᠠ ᠪᠤᠶᠤ

ᠬᠠᠭᠤᠳᠠᠰᠦ ᠬᠡᠮᠵᠢᠶᠡᠨ ᠤ ᠱᠠᠭᠠᠷᠳᠠᠯᠭ᠎ᠠ ᠲᠠᠯᠪᠢᠳᠠᠭ᠃ ᠮᠢᠨᠦ ᠦᠵᠡᠬᠦ ᠪᠠᠷ ᠡᠨᠡ ᠪᠣᠯ ᠵᠤᠬᠢᠰ ᠦᠭᠡᠢ ᠪᠤᠷᠤᠭᠤ

ᠠᠵᠢᠯᠯᠠᠭ᠎ᠠ᠃ ᠨᠢᠭᠡᠨ ᠵᠤᠬᠢᠶᠠᠯ ᠤᠨ ᠴᠢᠨᠠᠷ ᠴᠢᠨᠰᠠᠭ᠎ᠠ ᠶᠢ ᠡᠭᠦᠨ ᠢᠶᠠᠷ ᠪᠠᠷᠢᠮᠵᠢᠶ᠎ᠠ ᠪᠤᠯᠭᠠᠬᠤ ᠪᠣᠯ ᠦᠷᠦᠭᠡᠰᠤᠯ

ᠶᠠᠪᠦᠳᠠᠯ ᠪᠤᠯᠤᠨ᠎ᠠ᠃ ᠪᠠᠭᠰᠢ ᠠᠴᠠ ᠠᠭᠤᠯᠭ᠎ᠠ ᠳᠤ ᠬᠦᠴᠦ ᠲᠠᠯᠪᠢᠬᠤ ᠠᠴᠠ ᠪᠢᠰᠢ᠂ ᠬᠡᠯᠪᠡᠷᠢ ᠳᠤ ᠬᠦᠴᠦ

ᠲᠠᠯᠪᠢᠬᠤ ᠨᠢ ᠪᠠᠭ᠋ᠠᠨ ᠵᠤᠬᠢᠰ ᠦᠭᠡᠢ ᠶᠤᠮ᠃ ᠪᠠᠭᠰᠢ ᠠᠴᠠ ᠰᠤᠷᠤᠭᠴᠢᠳ ᠢ ᠵᠢᠯᠤᠭᠤᠳᠤᠨ ᠪᠠᠰᠠ ᠨᠢᠭᠡᠨ ᠳᠠᠳᠬᠠᠯ ᠢ

ᠪᠦᠷᠢᠯᠳᠤᠭᠦᠯᠬᠦ ᠬᠡᠷᠡᠭᠲᠡᠢ᠃ ᠳᠠᠷᠤᠢ ᠦᠪᠡᠷ ᠤᠨ ᠪᠠᠭ᠋ᠠᠷᠬᠠᠭᠰᠠᠨ ᠦᠭᠡ ᠦᠭᠦᠯᠡᠪᠦᠷᠢ᠂ ᠦᠪᠡᠷ ᠤᠨ ᠳᠤᠭᠳᠤᠯᠵᠤ᠂

ᠬᠦᠭᠰᠡᠭᠰᠡᠨ ᠤᠴᠢᠷ ᠶᠠᠪᠦᠳᠠᠯ ᠢᠶᠠᠨ ᠲᠡᠮᠳᠡᠭᠯᠡᠬᠦ ᠶᠠᠪᠦᠳᠠᠯ ᠪᠤᠯᠤᠨ᠎ᠠ᠃ ᠡᠨᠡ ᠭᠦ ᠬᠤᠷᠠᠮᠳᠤᠭᠤᠯᠭ᠎ᠠ ᠶᠢᠨ ᠳᠠᠳᠬᠠᠯ ᠪᠣᠯ

ᠵᠤᠬᠢᠶᠠᠨ ᠪᠢᠴᠢᠯᠭᠡ ᠶᠢᠨ ᠳᠡᠭᠡᠭᠰᠢᠯᠡᠯᠲᠡ ᠳᠤ ᠮᠠᠰᠢ ᠠᠰᠢᠭᠲᠠᠢ ᠪᠠᠶᠢᠳᠠᠭ᠃

      ᠪᠤᠲᠠᠲᠠᠢ ᠵᠢᠭᠠᠨ ᠰᠤᠷᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠰᠤᠷᠤᠭᠴᠢᠳ  ᠢᠶᠠᠷ ᠭᠠᠷᠠᠭ ᠤᠨ ᠰᠤᠯᠠ

ᠲᠡᠮᠳᠡᠭᠯᠡᠯ ᠪᠠ ᠨᠣᠮ ᠤᠩᠰᠢᠭᠰᠠᠨ ᠲᠡᠮᠳᠡᠭᠯᠡᠯ ᠪᠢᠴᠢᠭᠦᠯᠬᠦ ᠨᠢ ᠡᠳᠦᠷ ᠪᠤᠯᠭᠠᠨ ᠡᠳᠦᠷ ᠤᠨ ᠲᠡᠮᠳᠡᠭᠯᠡᠯ ᠪᠢᠴᠢᠭᠦᠯᠬᠦ ᠲᠠᠢ

ᠬᠠᠷᠢᠴᠠᠭᠤᠯᠪᠠᠯ ᠵᠤᠬᠢᠶᠠᠨ ᠪᠢᠴᠢᠯᠭᠡ ᠳᠤ ᠨᠡᠩ ᠲᠤᠰᠠ ᠲᠠᠢ᠃ ᠭᠡᠪᠡᠴᠦ ᠡᠨᠡ ᠭᠦ ᠪᠠᠶᠢᠳᠠᠯ ᠢ ᠡᠷᠬᠡᠪᠰᠢ ᠤᠷᠲᠤ

ᠬᠤᠭᠤᠴᠠᠭ᠎ᠠ ᠦᠷᠭᠦᠯᠵᠢ ᠶᠢᠨ ᠴᠢᠨᠠᠷ ᠲᠠᠢ ᠬᠢᠵᠦ᠂ ᠨᠢᠭᠡᠨ ᠳᠠᠳᠬᠠᠯ ᠪᠤᠯᠭᠠᠪᠠᠯ ᠵᠤᠬᠢᠨ᠎ᠠ᠃

      ᠳᠦᠷᠪᠡ᠂ ᠵᠤᠬᠢᠶᠠᠨ ᠪᠢᠴᠢᠯᠭᠡ ᠬᠢᠭᠡᠳ ᠰᠡᠳᠭᠢᠯᠭᠡ ᠶᠢᠨ ᠤᠶᠠᠯᠳᠤᠯ

      ᠤᠷᠠᠨ ᠵᠤᠬᠢᠶᠠᠯ ᠭᠡᠳᠡᠭ ᠪᠣᠯ ᠰᠡᠷᠡᠭᠳᠡᠯ ᠠᠴᠠ ᠡᠭᠦᠰᠬᠦ ᠰᠢᠨᠵᠢ ᠲᠠᠢ ᠶᠣᠮ᠃ ᠵᠤᠬᠢᠶᠠᠯ ᠪᠦᠲᠦᠭᠡᠯ

ᠵᠣᠬᠢᠶᠠᠭᠴᠢ ᠶᠢᠨ ᠵᠢᠩᠬᠢᠨᠢ ᠰᠡᠳᠭᠢᠯᠭᠡ ᠶᠢᠨ ᠤᠨᠲᠤᠷᠤᠯ ᠪᠠᠶᠢᠬᠤ ᠳᠤ ᠪᠠᠨ ᠲᠠᠭᠠᠷᠠᠨ᠎ᠠ᠃

      ᠰᠤᠷᠤᠭᠴᠢ ᠶᠢ ᠵᠢᠯᠤᠭᠤᠳᠴᠦ ᠰᠡᠳᠭᠢᠯᠭᠡ ᠲᠠᠢ ᠪᠠᠷ ᠵᠤᠬᠢᠶᠠᠯ ᠪᠢᠴᠢᠭᠦᠯᠬᠦ ᠭᠡᠪᠡᠯ ᠲᠡᠶᠢᠮᠦ ᠬᠢᠯᠪᠠᠷ ᠶᠠᠪᠦᠳᠠᠯ

ᠪᠢᠰᠢ᠃ ᠡᠮᠦᠨᠡᠬᠢ ᠶᠠᠷᠢᠭᠰᠠᠨ ᠤᠩᠰᠢᠯᠭ᠎ᠠ ᠶᠢᠨ ᠪᠠᠲᠤ ᠰᠠᠭᠤᠷᠢ ᠶᠢ ᠲᠠᠯᠪᠢᠭᠰᠠᠨ ᠤ ᠳᠠᠷᠠᠭ᠎ᠠ᠂ ᠪᠠᠭᠰᠢ ᠠᠴᠠ

ᠰᠤᠷᠤᠭᠴᠢ ᠶᠢ ᠠᠯᠬᠤᠮ ᠠᠯᠬᠤᠮ ᠢᠶᠠᠷ ᠵᠢᠯᠤᠭᠤᠳᠴᠦ᠂ ᠰᠤᠩᠭᠤᠳᠠᠭ ᠵᠤᠬᠢᠶᠠᠯ ᠤᠨ ᠰᠡᠳᠭᠢᠯ ᠤᠨ ᠯᠡᠪᠡᠷᠡᠯ ᠢ

ᠲᠠᠶᠢᠯᠦᠨ ᠪᠤᠯᠪᠠᠰᠦᠷᠠᠯ ᠬᠢᠯᠭᠡᠬᠦ ᠬᠡᠷᠡᠭᠲᠡᠢ᠃ ᠡᠭᠦᠨ ᠳᠤ ᠬᠤᠪᠢ ᠬᠦᠮᠦᠨ ᠤ ᠦᠵᠡᠬᠦ ᠪᠠᠷ ᠨᠠᠶᠢᠷᠠᠭᠤᠯᠤᠯ ᠤᠨ

ᠵᠤᠬᠢᠶᠠᠯ ᠢ ᠤᠯᠠᠨ ᠤᠩᠰᠢᠭᠤᠯᠪᠠᠯ ᠵᠤᠬᠢᠰᠲᠠᠢ᠃ ᠰᠤᠷᠤᠭᠴᠢ ᠠᠴᠠ ᠨᠠᠶᠢᠷᠠᠭᠤᠯᠤᠯ ᠤᠨ ᠵᠤᠬᠢᠶᠠᠯ ᠢ ᠤᠩᠰᠢᠭᠰᠠᠨ ᠤ

ᠰᠡᠭᠦᠯᠡᠷ ᠪᠠᠭᠰᠢ ᠠᠴᠠ ᠵᠤᠬᠢᠶᠠᠭᠴᠢ ᠶᠢᠨ ᠰᠡᠳᠭᠢᠯᠭᠡ ᠶᠢ ᠮᠦᠷᠳᠡᠵᠦ᠂ ᠵᠤᠬᠢᠶᠠᠭᠴᠢ ᠰᠡᠳᠭᠢᠯᠭᠡ ᠪᠠᠨ ᠬᠡᠷᠬᠢᠨ ᠦᠰᠦᠭ

ᠪᠢᠴᠢᠭ ᠢᠶᠠᠷ ᠲᠡᠮᠳᠡᠭᠯᠡᠭᠰᠡᠨ ᠲᠤᠬᠠᠢ ᠵᠢᠭᠠᠬᠤ ᠬᠡᠷᠡᠭᠲᠡᠢ᠃ ᠡᠭᠦᠨ ᠤ ᠰᠠᠭᠤᠷᠢᠨ ᠳᠤ ᠪᠤᠯᠪᠠᠰᠦᠷᠠᠯ ᠬᠢᠨ᠎ᠡ᠃

      ᠵᠤᠬᠢᠶᠠᠯ ᠪᠦᠲᠦᠭᠡᠯ ᠳᠤ ᠰᠡᠳᠭᠢᠯᠭᠡ ᠪᠠᠨ ᠠᠭᠤᠰᠬᠠᠵᠤ᠂ ᠵᠢᠩᠬᠢᠨᠢ ᠰᠡᠳᠭᠢᠯᠭᠡ ᠪᠠᠷ ᠢᠶᠠᠨ ᠪᠢᠴᠢᠭᠰᠡᠨ ᠪᠠᠶᠢᠪᠠᠯ

ᠠᠮᠵᠢᠯᠳᠠ ᠳᠤ ᠭᠦᠷᠭᠦ ᠪᠤᠯᠤᠯᠴᠠᠭ᠎ᠠ ᠪᠣᠢ᠃ ᠡᠰᠡ ᠲᠡᠶᠢᠮᠦ ᠪᠣᠯ ᠪᠢᠴᠢᠭᠰᠡᠨ ᠵᠤᠬᠢᠶᠠᠯ ᠨᠢ ᠬᠡᠪᠰᠢᠭᠰᠡᠨ᠂ ᠬᠤᠳᠠᠯ

ᠬᠠᠭᠤᠷᠮᠠᠭ ᠰᠠᠨᠠᠭᠳᠠᠳᠠᠭ᠃

      ᠰᠤᠷᠤᠭᠴᠢ ᠶᠢᠨ ᠵᠤᠬᠢᠶᠠᠨ ᠪᠢᠴᠢᠯᠭᠡ ᠶᠢᠨ ᠴᠢᠳᠠᠪᠦᠷᠢ ᠶᠢ ᠳᠡᠭᠡᠭᠰᠢᠯᠡᠭᠦᠯᠬᠦ ᠳᠤ ᠳᠦᠷᠪᠡᠨ ᠲᠠᠯ᠎ᠠ ᠶᠢᠨ

ᠤᠶᠠᠯᠳᠤᠯ ᠢ ᠠᠩᠬᠠᠷᠬᠤ ᠬᠡᠷᠡᠭᠲᠡᠢ᠃ ᠲᠤᠰ ᠳᠦᠷᠪᠡᠨ ᠤᠶᠠᠯᠳᠤᠯ ᠨᠢ ᠬᠠᠷᠢᠯᠴᠠᠨ ᠲᠦᠰᠢᠭᠯᠡᠯᠴᠡᠵᠦ᠂ ᠬᠠᠷᠢᠯᠴᠠᠨ

ᠬᠤᠯᠪᠤᠯᠳᠤᠭᠰᠠᠨ ᠪᠠᠶᠢᠳᠠᠭ᠃ ᠪᠠᠭᠰᠢ ᠬᠦᠲᠦᠯᠵᠦ᠂ ᠰᠤᠷᠤᠭᠴᠢ ᠤᠷᠤᠯᠴᠠᠭᠰᠠᠨ ᠵᠤᠬᠢᠶᠠᠨ ᠪᠢᠴᠢᠯᠭᠡ ᠶᠢᠨ

ᠴᠢᠳᠠᠪᠦᠷᠢ ᠶᠢ ᠳᠡᠭᠡᠭᠰᠢᠯᠡᠭᠦᠯᠬᠦ ᠳᠦᠷᠪᠡᠨ ᠤᠶᠠᠯᠳᠤᠯ ᠪᠤᠯ ᠮᠢᠨᠦ ᠤᠯᠠᠨ ᠵᠢᠯ ᠤᠨ ᠲᠤᠷᠰᠢᠬᠢ ᠰᠤᠷᠤᠭᠴᠢ

ᠵᠢᠯᠤᠭᠤᠳᠤᠭᠰᠠᠨ ᠤᠯᠤᠯᠲᠠ ᠲᠦᠷᠦᠭᠳᠡᠯ ᠶᠤᠮ᠃ ᠪᠤᠷᠤᠭᠤ ᠵᠦᠪ ᠴᠠᠯᠴᠢᠭᠰᠠᠨ ᠵᠦᠢᠯ ᠪᠠᠶᠢᠪᠠᠯ ᠲᠠ ᠪᠦᠭᠦᠨ ᠤ

ᠠᠭᠤᠴᠢᠯᠠᠬᠤ ᠶᠢ ᠬᠦᠰᠡᠵᠦ ᠪᠠᠶᠢᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ

                               ᠵᠠᠮᠴᠢᠨ ᠭᠤᠤᠯ ᠪᠠᠭ᠎ᠠ ᠰᠤᠷᠭᠠᠭᠤᠯᠢ 

                               ︵ᠠᠯᠳᠠᠨᠰᠦ᠋ᠭᠡ ᠨᠠᠶᠢᠷᠠᠭᠤᠯᠪᠠ︶

                               2023.4 ᠳ᠋ᠦ᠋ᠭᠡᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map