ᠤᠷᠡᠨ ᠵᠢᠷᠤᠭ ᠤᠨ ᠭᠢᠴᠢᠶᠡᠯ ᠤᠨ ᠲᠠᠩᠬᠢᠮ ᠢ ᠰᠢᠯᠢᠳᠡᠭᠵᠢᠬᠦᠯᠬᠦ ᠲᠤᠬᠠᠢ ᠦᠭᠦᠯᠡᠭᠦ ᠨᠢ
ᠨᠡᠶᠢᠲᠡᠯᠡᠭᠰᠡᠨ ᠴᠠᠭ᠄
2023/12/13
                        ᠤᠶᠢᠷᠤᠪ

教学研究8.png

      ᠪᠦᠲᠦᠮᠵᠢᠲᠠᠢ ᠤᠷᠠᠨ ᠵᠢᠷᠤᠭ ᠤᠨ ᠵᠢᠭᠠᠨ ᠰᠤᠷᠭᠠᠯᠲᠠ ᠪᠠᠷ ᠳᠠᠮᠵᠢᠭᠤᠯᠤᠨ ᠰᠤᠷᠤᠭᠴᠢᠳ ᠤᠨ ᠭᠤᠸ᠎ᠡ

ᠰᠠᠶᠢᠬᠠᠨ ᠤ ᠲᠤᠬᠠᠢ ᠦᠵᠡᠯᠲᠠ ᠲᠠᠨᠢᠯᠲᠠ᠂ ᠮᠡᠷᠭᠡᠵᠢᠯ ᠤᠨ ᠴᠢᠳᠠᠪᠤᠷᠢ᠂ ᠦᠨᠳᠦᠷ ᠵᠡᠷᠭᠡ ᠶᠢᠨ ᠬᠡᠪ ᠰᠤᠷᠲᠠᠯ ᠢ ᠨᠢ

ᠬᠦᠮᠦᠵᠢᠭᠦᠯᠵᠦ᠂ ᠰᠤᠷᠤᠭᠴᠢᠳ ᠤᠨ ᠳᠦᠷᠰᠦᠯᠡᠨ ᠪᠤᠳᠤᠬᠤ ᠴᠢᠳᠠᠪᠤᠷᠢ ᠪᠠ ᠵᠤᠬᠢᠶᠠᠨ ᠪᠦᠲᠦᠭᠡᠬᠦ ᠵᠤᠷᠢᠭ

ᠰᠠᠨᠠᠭ᠎ᠠ ᠶᠢ ᠤᠯᠠᠮ ᠨᠢᠭᠡᠨ ᠠᠯᠬᠤᠮ ᠪᠠᠳᠠᠷᠠᠭᠤᠯᠵᠤ ᠴᠢᠳᠠᠳᠠᠭ᠃

      ᠨᠢᠭᠡ᠂ ᠮᠠᠲ᠋ᠧᠷᠢᠶᠠᠯ ᠢᠶᠠᠨ ᠨᠠᠷᠢᠨ ᠤᠶᠢᠯᠠᠭᠠᠵᠦ᠂ ᠤᠷᠠᠨ ᠵᠢᠷᠤᠭ ᠤᠨ ᠬᠢᠴᠢᠶᠡᠯ ᠤᠨ ᠲᠠᠩᠬᠢᠮ ᠤᠨ ᠵᠢᠭᠠᠨ

ᠰᠤᠷᠭᠠᠯᠲᠠ ᠶᠢ ᠰᠢᠯᠢᠳᠡᠭᠵᠢᠭᠦᠯᠦᠨ᠎ᠠ

      ᠤᠷᠠᠨ ᠵᠢᠷᠤᠭ ᠤᠨ ᠬᠢᠴᠢᠶᠡᠯ ᠢ ᠲᠦᠭᠡᠮᠡᠯᠵᠢᠭᠦᠯᠬᠦ ᠭᠡᠳᠡᠭ ᠨᠢ ᠤᠷᠠᠨ ᠵᠢᠷᠤᠭ ᠤᠨ ᠬᠢᠴᠢᠶᠡᠯ ᠤᠨ ᠲᠠᠩᠬᠢᠮ ᠤᠨ

ᠵᠢᠭᠠᠨ ᠰᠤᠷᠭᠠᠯᠲᠠ ᠶᠢ ︽ᠬᠤᠤᠰ ᠰᠠᠭᠤᠷᠢᠯᠠᠬᠤ︾ ᠡᠭᠦᠷᠭᠡ ᠪᠤᠯᠤᠨ ᠭᠡᠪ ᠴᠢᠨᠠᠷ ᠤᠨ ᠰᠤᠷᠭᠠᠨ ᠬᠦᠮᠦᠵᠢᠯ ᠤᠨ

ᠱᠠᠭᠠᠷᠳᠠᠯᠭ᠎ᠠ ᠶᠢ ᠵᠢᠭᠠᠵᠦ ᠪᠠᠶᠢᠨ᠎ᠠ᠃ ᠲᠡᠭᠦᠨ ᠤ ᠬᠠᠮᠤᠭ ᠤᠨ ᠴᠢᠬᠤᠯᠠ ᠤᠨᠴᠠᠯᠢᠬ ᠭᠡᠪᠡᠯ ᠤᠷᠹᠠᠨ ᠵᠢᠷᠤᠭ ᠤᠨ

ᠵᠢᠭᠠᠨ ᠰᠤᠷᠭᠠᠯᠳᠠ ᠶᠢ ᠭᠡᠪ ᠴᠢᠨᠠᠷ ᠤᠨ ᠰᠤᠷᠭᠠᠨ ᠭᠦᠮᠦᠵᠢᠯ ᠤᠨ ᠱᠠᠭᠠᠷᠳᠠᠯᠭ᠎ᠠ ᠳᠤ ᠵᠤᠬᠢᠴᠠᠭᠤᠯᠬᠤ ᠶᠠᠪᠤᠳᠠᠯ

ᠪᠤᠯᠤᠨ᠎ᠠ᠃

      ᠶᠠᠭᠤᠨ ᠤ ᠡᠮᠦᠨ᠎ᠠ ᠵᠢᠭᠠᠬᠤ ᠮᠠᠲ᠋ᠧᠷᠢᠶᠠᠯ ᠢᠶᠠᠨ ᠤᠷᠠᠨ ᠵᠢᠷᠤᠭ ᠤᠨ ᠲᠦᠷᠦᠯ ᠵᠦᠢᠯ ᠢ  ᠨᠢ ᠦᠨᠳᠦᠰᠦᠯᠡᠨ

ᠲᠦᠷᠦᠯᠵᠢᠭᠦᠯᠭᠦ ᠶᠢᠨ ᠬᠠᠮᠳᠤ᠂ ᠡᠨᠡ ᠬᠦ ᠲᠦᠷᠦᠯᠵᠢᠭᠦᠯᠦᠨ ᠬᠤᠪᠢᠶᠠᠭᠰᠠᠨ ᠮᠠᠲ᠋ᠧᠷᠢᠶᠠᠯ ᠤᠨ ᠪᠦᠬᠦᠯᠢ ᠴᠤᠭᠴᠠ ᠶᠢᠨ

ᠠᠭᠤᠯᠭ᠎ᠠ ᠪᠠᠨ ᠲᠤᠳᠤᠷᠬᠠᠢ ᠪᠤᠯᠭᠠᠵᠤ᠂ ᠨᠢᠭᠡ ᠪᠦᠬᠦᠯᠢ ᠴᠤᠭᠴᠠᠲᠦ ᠲᠦᠷᠦᠯ ᠵᠦᠢᠯ ᠳᠤ ᠨᠢᠭᠡ ᠵᠢᠭᠠᠨ ᠰᠤᠳᠤᠯᠬᠤ

ᠰᠡᠳᠤᠪ ᠲᠤᠭᠲᠠᠭᠠᠨ᠎ᠠ᠃ ᠢᠩᠬᠢᠬᠦ ᠨᠢ ᠰᠤᠷᠤᠭᠴᠢᠳ ᠨᠢᠭᠡ ᠬᠡᠰᠡᠭ ᠢ ᠨᠢ ᠤᠶᠢᠯᠠᠭᠠᠪᠠᠯ᠂ ᠨᠢᠭᠡ ᠪᠦᠬᠦᠯᠢ

ᠴᠤᠭᠴᠠ ᠶᠢ ᠪᠦᠭᠦᠳᠠ ᠶᠢ ᠤᠶᠢᠯᠠᠭᠠᠵᠦ ᠴᠢᠳᠠᠬᠤ ᠦᠢᠯᠡᠳᠦᠯ ᠲᠠᠢ ᠪᠠᠶᠢᠳᠠᠭ᠃

      ᠪᠠᠭ᠎ᠠ ᠰᠤᠷᠭᠠᠭᠤᠯᠢ ᠶᠢᠨ ᠳᠡᠭᠡᠷ᠎ᠠ ᠤᠨ ᠤ ᠰᠤᠷᠤᠭᠴᠢᠳ ᠲᠤ ᠤᠷᠠᠨ ᠵᠢᠷᠤᠭ ᠤᠨ ᠵᠤᠬᠢᠶᠠᠨ ᠪᠦᠲᠦᠭᠡᠬᠦ ᠪᠠᠷ

ᠭᠤᠤᠯᠳᠠᠯᠭ᠎ᠠ ᠪᠤᠯᠭᠠᠵᠤ ︽ᠬᠤᠤᠰ ᠰᠠᠭᠤᠷᠢᠯᠠᠬᠤ︾ ᠰᠢᠨ᠎ᠠ ᠰᠡᠳᠬᠢᠴᠠ ᠶᠢ ᠲᠠᠭᠠᠯᠳᠤᠭᠤᠯᠤᠨ          

ᠲᠤᠭᠤᠰᠢᠯᠠᠭᠤᠯᠵᠠᠢ᠃ ᠬᠢᠴᠢᠶᠡᠯ ᠪᠦᠬᠦᠨ ᠳᠤ ᠬᠢᠴᠢᠶᠡᠯ ᠤᠨ ᠲᠡᠪᠲᠡᠷ ᠲᠤ ᠦᠭᠭᠦᠭᠳᠡᠭᠰᠡᠨ ᠠᠭᠤᠯᠭ᠎ᠠ ᠶᠢ

ᠦᠨᠳᠦᠰᠦᠯᠡᠨ ᠬᠡᠳᠦᠨ ᠵᠦᠢᠯ ᠤᠨ ᠵᠤᠬᠢᠶᠠᠨ ᠪᠦᠲᠦᠭᠡᠬᠦ ᠰᠡᠳᠤᠪ ᠳᠤᠷᠠᠳᠤᠨ᠂ ᠰᠤᠷᠤᠭᠴᠢᠳ ᠢ ᠡᠳᠡᠭᠡᠷ ᠰᠡᠳᠤᠪ ᠢ

ᠦᠨᠳᠦᠰᠦᠯᠡᠨ ᠰᠡᠳᠬᠢᠨ ᠪᠤᠳᠤᠯᠬᠢᠯᠠᠭᠤᠯᠬᠤ ᠬᠡᠷᠡᠭᠲᠠᠢ᠃ ᠤᠴᠢᠷ ᠨᠢ ᠡᠳᠡᠭᠡᠷ ᠰᠠᠳᠤᠪ ᠨᠢ ᠭᠠᠭᠴᠠ ᠰᠡᠳᠤᠪ ᠪᠢᠰᠢ

ᠤᠴᠢᠷ ᠠᠴᠠ ᠠᠳᠠᠯᠢ ᠪᠤᠰᠦ ᠬᠡᠪ ᠴᠢᠨᠠᠷ ᠪᠠ ᠠᠳᠠᠯᠢ ᠪᠤᠰᠤ ᠴᠢᠳᠠᠪᠦᠷᠢᠲᠠᠢ ᠰᠤᠷᠤᠭᠴᠢᠳ ᠲᠤ ᠪᠦᠷ ᠴᠢᠯᠦᠭᠡᠲᠠᠢ

ᠰᠤᠩᠭᠤᠬᠤ ᠤᠷᠴᠢᠨ ᠢ ᠪᠦᠷᠢᠯᠳᠦᠭᠦᠯᠦᠨ ᠦᠭᠭᠦᠭᠰᠡᠨ ᠪᠠᠶᠢᠳᠠᠭ᠃ ᠡᠨᠡ ᠬᠦ ᠠᠷᠭ᠎ᠠ ᠨᠢ ᠬᠢᠴᠢᠶᠡᠯ ᠤᠨ

ᠮᠠᠲ᠋ᠧᠷᠢᠶᠠᠯ ᠢᠶᠠᠷ ᠦᠨᠳᠦᠰᠦᠯᠡᠯ ᠪᠤᠯᠭᠠᠨ ᠵᠢᠭᠠᠨ ᠰᠤᠷᠭᠠᠯᠲᠠ ᠬᠢᠬᠦ ᠦᠨᠳᠦᠰᠦᠨ ᠶᠤᠰᠤ ᠶᠢ ᠪᠠᠷᠢᠮᠳᠠᠯᠠᠬᠤ ᠶᠢᠨ

ᠲᠠᠭᠠᠤ ᠳᠤ ᠪᠠᠰᠠ ᠵᠢᠭᠠᠨ ᠰᠤᠷᠭᠠᠯᠲᠠ ᠶᠢᠨ ᠠᠮᠵᠢᠯᠲᠠ ᠶᠢ 100% ᠳᠤ ᠬᠦᠷᠭᠡᠵᠦ ᠴᠢᠳᠠᠨ᠎ᠠ᠃

      ᠪᠤᠳᠠᠲᠠᠢ ᠬᠡᠷᠡᠭᠵᠢᠭᠦᠯᠬᠦ ᠠᠷᠭ᠎ᠠ ᠭᠡᠪᠡᠯ ᠶᠠᠭᠤᠨ ᠤ ᠤᠷᠢᠳ ᠰᠤᠷᠤᠭᠴᠢᠳ ᠲᠤ ᠬᠢᠴᠢᠶᠡᠯ ᠤᠨ ᠨᠤᠮ ᠳᠡᠭᠡᠷᠡᠬᠢ

ᠵᠢᠱᠢᠶ᠎ᠡ ᠵᠢᠷᠤᠭ ᠪᠠ ᠪᠠᠭᠰᠢ ᠠᠴᠠ ᠪᠡᠯᠡᠳᠬᠡᠭᠰᠡᠨ ᠰᠢᠯᠢᠳᠡᠭ ᠪᠦᠲᠦᠭᠡᠯ ᠢ ᠰᠤᠨᠢᠷᠬᠠᠭᠤᠯᠤᠨ᠎ᠠ᠃ ᠰᠤᠷᠤᠭᠴᠢᠳ ᠲᠤ

ᠡᠳᠡᠭᠡᠷ ᠠᠳᠠᠯᠢ ᠪᠤᠰᠦ ᠤᠷᠠᠨ ᠵᠢᠷᠤᠭ ᠤᠨ ᠪᠦᠲᠦᠭᠡᠯ ᠨᠢ ᠪᠦᠭᠦᠳᠡ ᠨᠢᠭᠡ ᠲᠦᠷᠦᠯ ᠤᠨ ᠤᠷᠠᠯᠢᠭ ᠤᠨ ᠭᠡᠯᠪᠡᠷᠢ

ᠪᠤᠯᠬᠤ ᠶᠢ ᠲᠠᠨᠢᠭᠤᠯᠤᠨ᠎ᠠ᠃ ᠡᠭᠦᠨ ᠢᠶᠠᠷ ᠳᠠᠮᠵᠢᠭᠤᠯᠤᠨ ᠤᠷᠠᠯᠢᠭ ᠤᠨ ᠢᠯᠡᠷᠡᠬᠦ ᠬᠡᠯᠪᠡᠷᠢ ᠳᠤ ᠤᠯᠠᠨ ᠲᠠᠯᠠᠲᠦ

ᠴᠢᠨᠠᠷᠲᠠᠢ ᠪᠠᠶᠢᠳᠠᠭ ᠭᠡᠰᠡᠨ ᠢ ᠮᠠᠳᠠᠭᠦᠯᠵᠤ ᠪᠤᠯᠤᠨ᠎ᠠ᠃ ᠳᠠᠷᠠᠭ᠎ᠠ ᠨᠢ ︽ᠴᠡᠴᠡᠭ ᠪᠦᠭᠦᠨ ᠢ ᠵᠡᠷᠭᠡᠪᠠᠷ ᠳᠡᠯᠭᠡᠷᠡᠭᠦᠯᠵᠦ᠂

ᠡᠷᠳᠡᠮᠲᠡᠨ ᠪᠦᠭᠦᠨ ᠢ ᠴᠢᠯᠦᠭᠡᠳᠠᠢ ᠤᠷᠤᠯᠳᠤᠭᠤᠯᠬᠤ︾ ᠵᠤᠷᠢᠭ ᠰᠠᠨᠠᠭ᠎ᠠ ᠪᠠᠷ ᠰᠤᠷᠤᠭᠴᠢᠳ ᠤᠨ ᠤᠷᠮ᠎ᠠ

ᠰᠡᠳᠬᠢᠯᠭᠡ ᠶᠢ ᠬᠦᠭᠵᠢᠭᠡᠨ᠂ ᠰᠤᠷᠤᠭᠴᠢᠳ ᠢ ᠬᠢᠴᠢᠶᠡᠯ ᠤᠨ ᠲᠠᠩᠬᠢᠮ ᠳᠤ ᠳᠠᠷᠤᠭᠠᠰᠤ ᠦᠭᠡᠢ ᠪᠠᠷ ᠪᠠᠶᠡᠷ

ᠬᠦᠷ ᠲᠠᠢ ᠪᠠᠷ ᠦᠪᠡᠷ ᠦᠪᠡᠷ ᠤᠨ ᠤᠨᠴᠠᠯᠢᠭ ᠠᠪᠢᠶᠡᠰ ᠢᠶᠠᠨ ᠬᠦᠢᠴᠡᠳ ᠪᠠᠳᠠᠷᠠᠭᠤᠯᠬᠤ ᠶᠢ ᠬᠦᠬᠢᠭᠦᠯᠵᠦ      

ᠴᠢᠳᠠᠨ᠎ᠠ᠃ ᠡᠨᠡ ᠬᠦ ᠠᠷᠭ᠎ᠠ ᠪᠠᠷᠢᠯ ᠨᠢ ᠮᠦᠨ ᠴᠦ ᠪᠠᠭᠰᠢ ᠶᠢᠨ ᠵᠢᠯᠤᠭᠤᠳᠬᠤ ᠴᠢᠳᠠᠪᠤᠷᠢ ᠶᠢ ᠭᠦᠢᠴᠡᠳ

ᠪᠠᠳᠠᠷᠠᠭᠤᠯᠵᠤ ᠴᠢᠳᠠᠬᠤ ᠪᠤᠯᠤᠨ᠎ᠠ᠃ ᠪᠠᠭᠰᠢ ᠶᠢᠨ ᠵᠢᠯᠤᠭᠤᠳᠬᠤ ᠭᠤᠤᠯᠳᠠᠯᠭ᠎ᠠ ᠨᠢ ᠦᠨᠳᠦᠰᠦᠨ ᠰᠠᠭᠤᠷᠢ ᠮᠡᠳᠡᠯᠭᠡ

ᠪᠤᠯᠤᠨ ᠤᠷ᠎ᠠ ᠮᠡᠷᠭᠡᠵᠢᠯ᠂ ᠵᠢᠷᠤᠭ ᠤᠨ ᠪᠠᠭᠠᠵᠢ ᠭᠡᠷᠡᠭᠰᠡᠯ ᠢ ᠬᠡᠷᠡᠭᠯᠡᠬᠦ ᠠᠷᠭ᠎ᠠ ᠪᠠᠷᠢᠯ ᠵᠡᠷᠭᠡ ᠪᠤᠯᠬᠤ ᠶᠤᠮ᠃ ᠡᠨᠡ ᠬᠦ

ᠵᠢᠭᠠᠨ ᠰᠤᠷᠭᠠᠯᠲᠠ ᠶᠢᠨ ᠠᠷᠭ᠎ᠠ ᠪᠠᠷᠢᠯ ᠨᠢ ᠵᠤᠬᠢᠶᠠᠨ ᠪᠦᠲᠦᠭᠡᠯᠲᠠ ᠪᠠᠷ ︽ᠬᠤᠤᠰ ᠰᠠᠭᠤᠷᠢᠯᠠᠬᠤ︾ ᠶᠢ

ᠳᠠᠭᠠᠭᠤᠯᠬᠤ ᠬᠠᠷᠠᠯᠲᠠ ᠪᠠᠨ ᠪᠠᠶᠡᠯᠡᠭᠦᠯᠵᠦ ᠴᠢᠳᠠᠬᠤ ᠪᠤᠯᠤᠨ᠎ᠠ᠃ ᠰᠤᠷᠤᠭᠴᠢᠳ ᠤᠷᠠᠨ ᠵᠢᠷᠤᠭ ᠰᠤᠨᠢᠷᠬᠠᠬᠤ

ᠳᠤᠮᠲᠠ ᠪᠠᠨ ᠬᠠᠷᠢᠯᠴᠠᠨ ᠦᠵᠡᠯ ᠰᠠᠨᠠᠭ᠎ᠠ ᠪᠠᠨ ᠰᠤᠯᠢᠯᠴᠠᠬᠤ ᠪᠠᠷ ᠳᠡᠮᠵᠢᠨ ᠮᠠᠰᠢ ᠲᠦᠷᠭᠡᠨ ᠢᠶᠠᠷ ᠵᠤᠬᠢᠶᠠᠨ

ᠪᠦᠲᠦᠭᠡᠬᠦ ᠤᠷᠤᠯᠳᠤᠯᠭ᠎ᠠ ᠶᠢᠨ ᠰᠡᠳᠬᠢᠭᠳᠡᠯ ᠲᠦᠷᠦᠭᠳᠡᠬᠦ ᠪᠤᠯᠤᠨ᠎ᠠ᠃ ᠡᠨᠡ ᠬᠦ ᠰᠠᠭᠤᠷᠢᠨ ᠳᠡᠭᠡᠷ᠎ᠠ

ᠰᠤᠷᠤᠭᠴᠢᠳ ᠤᠨ ᠦᠪᠡᠷ ᠤᠨ ᠵᠤᠬᠢᠶᠠᠨ ᠪᠦᠲᠦᠭᠡᠭᠰᠡᠨ ᠵᠢᠷᠤᠭ ᠢ ᠦᠨᠳᠦᠰᠦᠯᠡᠨ ᠪᠠᠭᠰᠢ ᠠᠴᠠ ᠵᠢᠯᠤᠭᠤᠳᠤᠯᠭ᠎ᠠ

ᠦᠭᠪᠡᠯ ᠵᠢᠭᠠᠨ ᠰᠤᠷᠭᠠᠯᠲᠠ ᠶᠢᠨ ᠦᠷ᠎ᠠ ᠪᠦᠲᠦᠮᠵᠢ ᠤᠯᠠᠮ ᠦᠨᠳᠦᠷ ᠪᠦᠲᠦᠮᠵᠢᠲᠠᠢ ᠪᠠᠶᠢᠳᠠᠭ᠃ ᠲᠤᠰ ᠬᠦᠮᠦᠨ ᠤ

ᠤᠯᠠᠨ ᠵᠦᠢᠯ ᠤᠨ ᠤᠷᠠᠨ ᠵᠢᠷᠤᠭ ᠤᠨ ᠵᠢᠭᠠᠨ ᠰᠤᠷᠭᠠᠯᠳᠠ ᠶᠢᠨ ᠠᠵᠢᠯ ᠤᠨ ᠳᠤᠷᠰᠢᠯᠭ᠎ᠠ ᠪᠠᠷ ᠳᠡᠮᠵᠢᠨ᠂

ᠰᠤᠷᠤᠭᠴᠢᠳ ᠬᠢᠴᠢᠶᠡᠯ ᠤᠨ ᠲᠠᠩᠬᠢᠮ ᠳᠤ ᠳᠡᠰᠬᠠᠯ ᠢᠶᠠᠨ ᠲᠦᠷᠭᠡᠨ ᠪᠦᠭᠡᠳ ᠠᠮᠵᠢᠯᠲᠠ ᠲᠠᠢ ᠪᠡᠶᠡᠯᠡᠭᠦᠯᠬᠦ ᠪᠤᠯᠵᠤ᠂

ᠪᠠᠭᠰᠢ ᠠᠴᠠ ᠤᠯᠠᠨ ᠠᠷᠪᠢᠨ ᠲᠠᠶᠢᠯᠪᠦᠷᠢᠯᠠᠯᠲᠠ ᠬᠢᠬᠦ ᠴᠢᠬᠤᠯᠠ ᠦᠭᠡᠢ ᠪᠠᠷ ᠦᠪᠡᠷ ᠤᠨ ᠡᠭᠦᠷᠭᠡ ᠪᠠᠨ

ᠠᠮᠵᠢᠯᠲᠠ ᠲᠠᠢ ᠪᠡᠶᠡᠯᠡᠭᠦᠯᠵᠦ ᠴᠢᠳᠠᠬᠤ ᠪᠤᠯᠤᠭᠰᠠᠨ ᠪᠠᠶᠢᠨ᠎ᠠ᠃

      ᠪᠠᠭ᠎ᠠ ᠰᠤᠷᠭᠠᠭᠤᠯᠢ ᠶᠢᠨ ᠳᠤᠤᠷ᠎ᠠ ᠤᠨ ᠳᠤ ᠬᠢᠴᠢᠶᠡᠯ ᠲᠦᠷᠤᠯ ᠢ ᠬᠤᠭᠤᠷᠤᠳᠤᠨᠬᠢ ᠨᠢ ᠠᠭᠤᠰᠤᠯᠴᠠᠭᠤᠯᠬᠤ

ᠵᠢᠴᠢ ᠨᠢᠭᠡ ᠬᠢᠴᠢᠶᠡᠯᠯᠡᠭᠡ ᠶᠢ ᠤᠯᠠᠨ ᠵᠦᠢᠯ ᠤᠨ ᠠᠷᠭ᠎ᠠ ᠪᠠᠷᠢᠯ ᠢ ᠠᠰᠢᠭᠯᠠᠨ ᠬᠢᠴᠢᠶᠡᠯᠯᠡᠭᠦ ᠳᠤᠷᠰᠢᠯᠲᠠ ᠶᠢ

ᠶᠠᠪᠤᠭᠳᠠᠭᠤᠯᠤᠭᠰᠠᠨ ᠪᠠᠶᠢᠨ᠎ᠠ᠃ ᠪᠢᠳᠠ ᠤᠷᠠᠨ ᠵᠢᠷᠤᠭ ᠬᠢᠭᠡᠳ ᠴᠠᠬᠢᠯᠭᠠᠨᠵᠢᠯᠠᠭᠰᠠᠨ ᠵᠢᠭᠠᠨ ᠰᠤᠷᠭᠠᠯᠲᠠ ᠶᠢ

ᠬᠠᠷᠢᠯᠴᠠᠨ ᠠᠭᠤᠰᠤᠯᠴᠠᠭᠤᠯᠵᠦ᠂ ᠤᠷᠠᠨ ᠵᠢᠷᠤᠭ ᠪᠤᠯᠤᠨ ᠳᠠᠭᠤᠤ ᠬᠦᠭᠵᠢᠮ ᠢ ᠬᠠᠷᠢᠯᠴᠠᠨ ᠬᠠᠪᠰᠣᠷᠭᠠᠨ᠂ ᠳᠡᠬᠢᠨ

ᠳᠠᠭᠤᠤ ᠬᠦᠭᠵᠢᠮ ᠪᠤᠯᠤᠨ ᠴᠠᠬᠢᠯᠭᠠᠨᠵᠢᠯᠠᠭᠰᠠᠨ ᠵᠢᠭᠠᠨ ᠰᠤᠷᠭᠠᠯᠲᠠ ᠶᠢ ᠬᠠᠮᠲᠦ ᠳᠤ ᠨᠢ ᠤᠷᠠᠨ ᠵᠢᠷᠤᠭ ᠤᠨ

ᠬᠢᠴᠢᠶᠠᠯ ᠤᠨ ᠲᠠᠩᠬᠢᠮ ᠳᠤ ᠠᠭᠤᠰᠤᠯᠴᠠᠭᠤᠯᠤᠨ ᠬᠠᠪᠰᠤᠷᠭᠠᠭᠰᠠᠨ ᠳᠤ ᠬᠡᠤᠭᠡᠳ ᠤᠨ ᠤᠷᠮ᠎ᠠ ᠰᠡᠳᠬᠢᠯᠭᠡ ᠶᠢ

ᠶᠡᠭᠡᠭᠡᠨ ᠬᠦᠭᠵᠢᠭᠡᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠶᠡᠭᠡ ᠪᠠᠷ

ᠳᠡᠭᠡᠭᠰᠢᠯᠡᠭᠦᠯᠦᠭᠰᠡᠨ ᠪᠠᠶᠢᠨ᠎ᠠ᠃ ᠪᠠᠭ᠎ᠠ ᠰᠤᠷᠭᠠᠭᠤᠯᠢ ᠶᠢᠨ ᠬᠡᠤᠬᠡᠳ ᠤᠨ ᠰᠤᠨᠢᠭᠤᠴᠢ ᠰᠡᠳᠬᠢᠯᠭᠡ ᠶᠢᠨ

ᠤᠨᠴᠠᠯᠢᠭ ᠲᠤ ᠨᠢ ᠳᠤᠬᠢᠷᠠᠭᠤᠯᠤᠨ᠂ ᠬᠢᠴᠢᠶᠡᠯ ᠤᠨ ᠲᠠᠩᠬᠢᠮ ᠳᠤ ᠭᠡᠷᠡᠭᠯᠡᠬᠦ ᠬᠡᠰᠡᠭ ᠵᠢᠷᠤᠭ ᠢ ᠡᠯᠭᠦᠮᠡᠯ ᠵᠢᠷᠤᠭ

ᠪᠤᠯᠭᠠᠬᠤ᠂ ᠬᠤᠸᠠᠨᠳᠧᠩ ᠹᠢᠯᠢᠮ ᠪᠤᠯᠭᠠᠬᠤ᠂ ᠵᠢᠷᠤᠭ ᠳᠦᠷᠰᠦ ᠶᠢᠨ ᠹᠢᠯᠢᠮ ᠪᠤᠯᠭᠠᠨ ᠰᠤᠷᠤᠭᠴᠢᠳ ᠲᠤ

ᠰᠤᠨᠢᠷᠬᠠᠭᠤᠯᠬᠤ ᠪᠠᠷ ᠳᠠᠮᠵᠢᠭᠤᠯᠤᠨ ᠰᠤᠷᠤᠭᠴᠢᠳ ᠤᠨ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠦᠭᠵᠢᠭᠡᠵᠦ᠂

ᠲᠠᠳᠠ ᠡᠳᠡᠭᠡᠷ ᠵᠢᠷᠤᠭ ᠢ ᠰᠤᠨᠢᠷᠬᠠᠭᠰᠠᠨ ᠤ ᠲᠠᠷᠠᠭ᠎ᠠ ᠵᠤᠬᠢᠶᠠᠨ ᠪᠦᠲᠦᠭᠡᠬᠦ ᠤᠷᠮᠠᠰᠢᠯ ᠨᠢ ᠨᠡᠮᠡᠭᠳᠠᠭᠦ          

ᠪᠤᠯᠤᠨ᠎ᠠ᠃ ᠪᠠᠶᠠᠷ ᠪᠠᠶᠠᠰᠬᠤᠯᠠᠩᠲᠠᠢ ᠵᠢᠭᠠᠨ ᠰᠤᠷᠭᠠᠯᠲᠠ ᠶᠢᠨ ᠬᠠᠷᠠᠯᠲᠠ ᠳᠤ ᠬᠦᠷᠭᠡᠬᠦ ᠶᠢᠨ ᠲᠦᠯᠦᠭᠡ ᠪᠠᠭᠰᠢ ᠠᠴᠠ

ᠪᠠᠰᠠ ᠳᠦᠷᠰᠦᠯᠢᠭ ᠬᠦᠳᠡᠯᠤᠯ ᠪᠠᠷᠢᠯ᠂ ᠠᠮᠠᠨ ᠤᠩᠰᠢᠯᠭ᠎ᠠ᠂ ᠤᠨᠢᠰᠤᠭ᠎ᠠ᠂ ᠦᠷᠭᠦᠯᠵᠢᠯᠡᠭᠰᠡᠨ ᠵᠢᠷᠤᠭᠲᠦ ᠦᠯᠢᠭᠡᠷ

ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠠᠰᠢᠭᠯᠠᠨ ᠰᠤᠷᠤᠭᠴᠢᠳ ᠢ ᠰᠤᠨᠤᠰᠬᠤ᠂ ᠦᠵᠡᠬᠦ᠂ ᠶᠡᠷᠢᠬᠤ᠂

ᠬᠦᠳᠡᠯᠬᠦ ᠪᠠᠷ ᠲᠠᠮᠵᠢᠨ ᠭᠦᠷ ᠬᠦᠭᠵᠢᠶᠠᠨᠲᠦ ᠪᠠᠶᠢᠳᠠᠯ ᠤᠨ ᠳᠤᠤᠷ᠎ᠠ ᠦᠪᠡᠷ ᠦᠪᠡᠷ ᠤᠨ ᠴᠢᠳᠠᠪᠤᠷᠢ ᠪᠠᠨ

ᠪᠠᠳᠠᠷᠠᠭᠤᠯᠬᠤ ᠶᠢ ᠵᠤᠷᠢᠬᠵᠢᠭᠤᠯᠪᠠ᠃ ᠮᠢᠨᠦ ᠵᠢᠭᠠᠨ ᠰᠤᠷᠭᠠᠯᠲᠠ ᠶᠢᠨ ᠳᠤᠮᠳᠠ ᠪᠠᠭᠰᠢ ᠪᠤᠯ ᠵᠦᠭᠯᠡᠭᠦᠷ ᠤᠨ

ᠦᠢᠯᠡᠳᠦᠯ ᠭᠠᠷᠭᠠᠵᠤ᠂ ᠰᠤᠷᠤᠭᠴᠢᠳ ᠢ ᠬᠠᠪᠰᠤᠷᠤᠨ᠂ ᠰᠤᠷᠤᠯᠴᠠᠯᠭ᠎ᠠ ᠳᠤ ᠨᠢ ᠳᠤᠬᠢᠶᠠᠯᠳᠤᠭᠰᠠᠨ ᠬᠦᠴᠢᠷ

ᠪᠡᠷᠬᠡᠰᠢᠶᠡᠯ ᠢ ᠨᠢ ᠰᠢᠢᠳᠪᠦᠷᠢᠯᠡᠨ ᠦᠭᠴᠦ᠂ ᠰᠤᠷᠤᠭᠴᠢᠳ ᠤᠨ ᠦᠪᠡᠷ ᠤᠨ ᠤᠷᠠᠯᠠᠨ ᠰᠡᠳᠬᠢᠬᠦ ᠳᠤ

ᠵᠢᠯᠤᠭᠤᠳᠤᠯᠭ᠎ᠠ ᠶᠢᠨ ᠦᠢᠯᠡᠳᠦᠯ ᠦᠵᠡᠭᠦᠯᠦᠨ ᠲᠠᠳᠠᠨ ᠢ ᠲᠠᠰᠤᠷᠠᠯᠳᠠ ᠦᠭᠡᠢ ᠵᠤᠷᠢᠬᠵᠢᠭᠤᠯᠬᠤ ᠶᠠᠪᠤᠳᠠᠯ          

ᠪᠤᠯᠤᠨ᠎ᠠ᠃

      ᠵᠢᠭᠠᠨ ᠰᠤᠷᠭᠠᠯᠲᠠ ᠶᠢᠨ ᠳᠤᠮᠳᠠ ᠳᠤᠤᠷ᠎ᠠ ᠤᠨ ᠠᠴᠠ ᠳᠡᠭᠡᠷ᠎ᠠ ᠤᠨ ᠳᠤ ᠰᠢᠯᠵᠢᠭᠦ ᠦᠶᠡᠰ ᠰᠠᠴᠤᠷᠠᠭ

ᠬᠡᠯᠪᠡᠷᠢ ᠪᠠᠷ ᠦᠷᠭᠡᠳᠬᠡᠬᠦ ᠮᠠᠲᠦ ᠶᠢᠨ ᠰᠢᠨ᠎ᠠ ᠵᠦᠢᠯ ᠤᠨ ᠠᠷᠭ᠎ᠠ ᠬᠡᠯᠪᠡᠷᠢ ᠶᠢ ᠭᠡᠷᠡᠭᠯᠡᠪᠠ᠃ ᠡᠨᠡ ᠬᠦ ᠠᠷᠭ᠎ᠠ ᠨᠢ

ᠰᠤᠷᠤᠭᠴᠢᠳ ᠤᠨ ᠬᠦᠷᠤᠯᠴᠡᠬᠦ ᠮᠡᠳᠡᠷᠡᠮᠵᠢ ᠳᠤ ᠳᠤᠬᠢᠷᠠᠭᠤᠯᠤᠯᠲᠠ ᠬᠢᠵᠦ᠂ ᠬᠦᠷᠦᠯᠴᠡᠬᠦ ᠮᠡᠳᠡᠷᠡᠮᠵᠢ ᠪᠠᠷ

ᠳᠠᠮᠵᠢᠭᠤᠯᠤᠨ ᠶᠡᠭᠡ ᠲᠡᠷᠢᠬᠢᠨ ᠳᠤ ᠰᠡᠲᠡᠯᠲᠠ ᠦᠭᠴᠦ ᠶᠠᠷᠦ ᠪᠤᠰᠦ ᠶᠢᠨ ᠤᠷᠠᠯᠢᠭ ᠤᠨ ᠢᠯᠡᠷᠠᠯ ᠳᠤ ᠬᠦᠷᠭᠡᠬᠦ

ᠶᠠᠪᠤᠴᠠ ᠪᠤᠯᠤᠨ᠎ᠠ᠃ ᠡᠭᠦᠨ ᠢ ᠡᠷᠬᠢᠭᠦᠯᠭᠡ ᠬᠡᠯᠪᠡᠷᠢ ᠶᠢᠨ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠭᠡᠵᠦ ᠬᠡᠯᠠᠵᠤ

ᠪᠠᠰᠠ ᠪᠤᠯᠤᠨ᠎ᠠ᠃ ᠡᠷᠭᠢᠭᠦᠯᠭᠡ ᠬᠡᠯᠪᠡᠷᠢ ᠶᠢᠨ ᠵᠢᠭᠠᠨ ᠰᠤᠷᠭᠠᠯᠲᠠ ᠶᠢᠨ ᠠᠷᠭ᠎ᠠ ᠪᠠᠷᠢᠯ ᠨᠢ ᠭᠤᠷᠪᠠᠨ ᠠᠯᠬᠤᠮ ᠢᠶᠠᠷ

ᠰᠤᠷᠤᠭᠴᠢᠳ ᠲᠤ ᠪᠤᠯᠪᠠᠰᠤᠷᠠᠯ ᠬᠦᠷᠲᠠᠭᠡᠵᠦ ᠪᠤᠯᠳᠠᠭ᠂ ᠨᠢᠭᠡ ᠳᠤ᠂ ᠬᠦᠷᠦᠯᠴᠡᠬᠦ ᠮᠡᠳᠡᠷᠡᠮᠵᠢ ᠪᠠᠷ ᠳᠠᠮᠵᠢᠭᠤᠯᠤᠨ

ᠪᠤᠳᠠᠰ ᠤᠨ ᠭᠡᠯᠪᠡᠷᠢ ᠲᠦᠷᠰᠦ ᠶᠢ ᠤᠶᠢᠯᠠᠭᠠᠵᠤ ᠪᠤᠯᠤᠨ᠎ᠠ᠃ ᠬᠤᠶᠠᠷ ᠲᠤ᠂ ᠬᠦᠷᠦᠯᠴᠡᠬᠦ ᠮᠡᠳᠡᠷᠡᠮᠵᠢ ᠪᠠᠷ

ᠳᠠᠮᠵᠢᠭᠤᠯᠤᠨ ᠪᠤᠳᠠᠰ ᠤᠨ ᠦᠩᠭᠡ ᠪᠤᠳᠤᠭ ᠢ ᠮᠠᠭᠠᠳᠯᠠᠵᠤ ᠪᠤᠯᠤᠨ᠎ᠠ᠃ ᠭᠤᠷᠪᠠ ᠳᠤ᠂ ᠬᠦᠷᠦᠯᠴᠡᠬᠦ ᠮᠡᠳᠡᠷᠡᠮᠵᠢ ᠪᠠᠷ

ᠪᠤᠳᠠᠰ ᠤᠨ ᠪᠦᠲᠦᠴᠡ ᠶᠢ ᠮᠠᠭᠠᠳᠯᠠᠵᠤ ᠪᠤᠯᠤᠨ᠎ᠠ᠃ ᠡᠨᠠ ᠭᠤᠷᠪᠠᠨ ᠠᠯᠬᠤᠮ ᠤᠨ ᠮᠠᠭᠠᠳᠯᠠᠯᠲᠠ ᠪᠠᠷ

ᠰᠤᠷᠤᠭᠴᠢᠳ ᠤᠨ ᠡᠨᠡ ᠬᠦ ᠪᠤᠳᠠᠰ ᠤᠨ ᠲᠤᠬᠠᠢ ᠲᠠᠨᠢᠯᠲᠠ ᠨᠢ ᠠᠯᠬᠤᠮ ᠠᠯᠬᠤᠮ ᠢᠶᠠᠷ ᠭᠦᠨᠵᠡᠭᠡᠶᠢᠷᠡᠨ ᠴᠡᠭᠡᠵᠢᠯᠡᠬᠦ

ᠴᠢᠳᠠᠪᠤᠷᠢ᠂ ᠵᠠᠳᠠᠯᠤᠯᠲᠠ ᠬᠢᠬᠦ ᠴᠢᠳᠠᠪᠤᠷᠢ᠂ ᠤᠶᠢᠯᠠᠭᠠᠬᠤ ᠴᠢᠳᠠᠪᠤᠷᠢ᠂ ᠪᠤᠳᠠᠰ ᠤᠨ ᠲᠤᠬᠠᠢ ᠲᠠᠨᠢᠯᠲᠠ ᠶᠢ ᠨᠠᠯᠢᠶᠠᠳ

ᠭᠡᠮᠵᠢᠶᠠᠨ ᠳᠤ ᠲᠡᠭᠡᠭᠰᠢᠯᠠᠭᠦᠯᠵᠤ ᠴᠢᠳᠠᠨ᠎ᠠ᠃

      ᠤᠷᠠᠨ ᠵᠢᠷᠤᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠷᠭ᠎ᠠ ᠪᠠᠷᠢᠯ ᠨᠢ ᠤᠤᠯ ᠤᠨ

ᠬᠠᠷᠠᠭᠠᠨ ᠰᠡᠷᠡᠯ ᠢᠶᠠᠷ ᠵᠢᠷᠤᠭ ᠳᠦᠷᠰᠦ ᠶᠢ ᠰᠢᠭᠤᠳ ᠳᠦᠷᠰᠦᠯᠡᠨ ᠵᠢᠷᠤᠬᠤ ᠶᠡᠷᠤᠳᠠ ᠶᠢᠨ ᠬᠡᠯᠪᠡᠷᠢ ᠶᠢ

ᠬᠤᠪᠢᠷᠠᠭᠤᠯᠤᠨ᠂ ᠤᠯᠠᠠ ᠵᠦᠢᠯ ᠤᠨ ᠵᠢᠷᠤᠭᠴᠢᠯᠠᠬᠤ ᠠᠪᠢᠶᠠᠰ ᠴᠢᠳᠠᠪᠤᠷᠢ ᠶᠢᠨ ᠬᠡᠯᠪᠡᠷᠢ ᠶᠢ ᠬᠦᠭᠵᠢᠭᠦᠯᠦᠨ᠂ ᠤᠷᠠᠨ

ᠵᠢᠷᠤᠭ ᠤᠨ ᠭᠡᠷᠡᠯ ᠰᠡᠭᠦᠳᠡᠷ ᠢ ᠵᠤᠬᠢᠴᠠᠭᠤᠯᠬᠤ᠂ ᠦᠩᠭᠡ ᠪᠤᠳᠤᠭ ᠤᠷᠤᠭᠤᠯᠬᠤ ᠶᠡᠷᠤ ᠶᠢᠨ ᠮᠡᠳᠡᠯᠭᠡ ᠶᠢ

ᠬᠠᠮᠲᠦ ᠳᠤ ᠨᠢ ᠵᠢᠭᠠᠨ ᠰᠤᠷᠭᠠᠵᠤ ᠴᠢᠳᠠᠨ᠎ᠠ᠃ ᠡᠨᠡ ᠬᠦ ᠠᠷᠭ᠎ᠠ ᠪᠠᠷᠢᠯ ᠢᠶᠠᠷ ᠵᠢᠭᠠᠨ ᠰᠤᠷᠭᠠᠯᠲᠠ ᠬᠢᠬᠦ ᠨᠢ

ᠰᠤᠷᠤᠭᠴᠢᠳ ᠤᠨ ᠲᠤᠭᠲᠠᠩᠭᠤᠢ ᠪᠤᠳᠠᠰ ᠢ ᠳᠦᠷᠰᠦᠯᠢᠭ ᠵᠢᠷᠤᠭᠴᠢᠯᠠᠬᠤ ᠮᠡᠳᠡᠯᠭᠡ ᠶᠢᠨ ᠬᠡᠮᠵᠢᠶ᠎ᠠ ᠶᠢ

ᠳᠡᠭᠡᠭᠰᠢᠯᠡᠭᠦᠯᠵᠤ ᠴᠢᠳᠠᠨ᠎ᠠ᠃ ᠡᠨᠡ ᠪᠤᠯ ᠨᠢᠭᠡᠨ ᠵᠦᠢᠯ ᠤᠨ ᠭᠤᠸ᠎ᠡ ᠰᠠᠶᠢᠬᠠᠨ ᠤ ᠪᠠᠭ᠋ᠠᠷᠬᠠᠯ ᠪᠤᠯᠤᠨ ᠭᠤᠸ᠎ᠡ

ᠰᠠᠶᠢᠬᠠᠨ ᠤ ᠴᠢᠳᠠᠪᠤᠷᠢ ᠶᠢ ᠪᠤᠯᠪᠠᠰᠤᠷᠠᠭᠤᠯᠬᠤ ᠵᠢᠭᠠᠨ ᠰᠤᠷᠭᠠᠯᠲᠠ ᠶᠢᠨ ᠳᠤᠷᠰᠢᠯᠲᠠ ᠪᠤᠯᠤᠨ᠎ᠠ᠃

      ᠦᠢᠯᠡᠳᠦᠯᠭᠡ ᠭᠡᠷᠡᠴᠢᠯᠡᠭᠰᠡᠨ ᠨᠢ ᠡᠨᠡ ᠬᠦ ᠵᠢᠭᠠᠨ ᠰᠤᠷᠭᠠᠯᠲᠠ ᠶᠢᠨ ᠦᠭᠡᠷᠡᠴᠢᠯᠡᠯᠲᠠ ᠨᠢ ᠬᠢᠴᠢᠶᠡᠯ ᠤᠨ

ᠲᠠᠩᠬᠢᠮ ᠤᠨ ᠠᠭᠤᠷ ᠠᠮᠢᠰᠬᠤᠯ ᠢ ᠠᠮᠢᠳᠤᠯᠢᠭ ᠬᠦᠭᠵᠢᠶᠠᠨ ᠲᠠᠢ ᠪᠤᠯᠭᠠᠵᠤ᠂ ᠰᠤᠷᠤᠭᠴᠢᠳ ᠤᠨ ᠮᠡᠳᠡᠯᠭᠡ ᠬᠦᠷᠲᠡᠬᠦ

ᠬᠡᠪᠴᠢᠶ᠎ᠠ ᠶᠢ ᠦᠷᠭᠡᠳᠬᠡᠨ᠂ ᠤᠷ᠎ᠠ ᠠᠪᠢᠶᠠᠰ ᠢᠶᠠᠨ ᠪᠠᠳᠠᠷᠠᠭᠤᠯᠬᠤ ᠳᠤ ᠦᠨᠳᠦᠷ ᠪᠦᠲᠦᠮᠵᠢᠲᠠᠢ ᠪᠠᠶᠢᠵᠤ᠂ ᠤᠷᠠᠨ

ᠵᠢᠷᠤᠭ ᠤᠨ ᠬᠡᠪ ᠴᠢᠨᠠᠷ ᠨᠢ ᠪᠦᠬᠦ ᠲᠠᠯ᠎ᠠ ᠪᠠᠷ ᠬᠦᠭᠵᠢᠬᠦ ᠪᠦᠭᠡᠳ ᠲᠡᠭᠡᠭᠰᠢᠯᠡᠬᠦᠯᠦᠨ᠎ᠡ᠃ ᠮᠢᠨᠤ ᠦᠵᠡᠬᠦ ᠪᠠᠷ ᠡᠩ ᠤᠨ

ᠤᠷᠠᠨ ᠵᠢᠷᠤᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠨᠢ ᠵᠦᠪᠬᠡᠨ ᠬᠢᠴᠢᠶᠡᠯ ᠤᠨ ᠨᠤᠮ ᠳᠤ ᠪᠠᠨ

ᠬᠢᠵᠠᠭᠠᠷᠯᠠᠭᠳᠠᠵᠤ ᠪᠤᠯᠬᠤ ᠦᠭᠡᠢ᠂ ᠬᠠᠷᠢᠨ ᠦᠭᠡᠷᠡᠴᠢᠯᠠᠯᠲᠠ ᠲᠠᠢ᠂ ᠰᠢᠨ᠎ᠠ ᠶᠢ ᠡᠭᠦᠳᠬᠦ ᠦᠵᠡᠯ ᠰᠠᠨᠠᠭ᠎ᠠ ᠶᠢ

ᠡᠷᠢᠯᠬᠢᠯᠡᠨ ᠰᠤᠳᠤᠯᠵᠤ᠂ ᠳᠤᠷᠰᠢᠬᠤ ᠬᠡᠷᠡᠭᠲᠠᠢ᠃ ᠢᠩᠭᠢᠪᠡᠯ ᠰᠠᠶ᠋ᠢ ᠵᠢᠭᠠᠨ ᠰᠤᠷᠭᠠᠯᠲᠠ ᠶᠢᠨ ᠬᠦᠳᠦᠯᠪᠦᠷᠢ ᠪᠠ

ᠵᠢᠭᠠᠬᠤ ᠮᠠᠲ᠋ᠧᠷᠢᠶᠠᠯ ᠤᠨ ᠪᠦᠬᠦ ᠲᠠᠯ᠎ᠠ ᠶᠢᠨ ᠡᠭᠦᠷᠭᠡ ᠶᠢ ᠤᠯᠠᠮ ᠰᠠᠶᠢᠲᠦᠷ ᠪᠠᠶᠡᠯᠡᠭᠦᠯᠵᠦ ᠴᠢᠳᠠᠬᠤ ᠪᠤᠯᠤᠨ᠎ᠠ᠃

      ᠬᠤᠶᠠᠷ᠂ ᠤᠨᠴᠠᠯᠢᠬᠲᠦ ᠬᠢᠴᠢᠶᠡᠯ ᠢ ᠢᠯᠡᠭᠦᠦ ᠳᠤᠬᠢᠷᠠᠭᠤᠯᠤᠨ᠂ ᠵᠢᠭᠠᠨ ᠰᠤᠷᠭᠠᠯᠲᠠ ᠶᠢᠨ ᠦᠷ᠎ᠡ

ᠪᠦᠲᠦᠮᠵᠢ ᠶᠢ ᠳᠡᠭᠡᠭᠰᠢᠯᠡᠭᠦᠯᠦᠨ᠎ᠠ

      ᠬᠢᠴᠢᠶᠡᠯ ᠤᠷᠤᠬᠤ ᠳᠤ ᠪᠠᠨ ᠤᠨᠴᠠᠯᠢᠭ ᠲᠠᠢ ᠪᠠᠶᠢᠬᠤ ᠪᠤᠯ ᠨᠢᠭᠡ ᠵᠦᠢᠯ ᠤᠨ ᠤᠨᠴᠠᠭᠠᠢ ᠲᠤᠪᠤᠶᠢᠯᠭᠠᠬᠤ

ᠵᠤᠬᠢᠰᠲᠠᠢ ᠲᠠᠯ᠎ᠠ ᠪᠤᠯᠤᠨ᠎ᠠ᠃ ᠮᠢᠨᠤ ᠦᠵᠡᠭᠦ ᠪᠠᠷ᠂ ᠤᠨᠴᠠᠯᠢᠭ ᠲᠠᠢ ᠬᠢᠴᠢᠶᠡᠯ ᠨᠢ ᠵᠢᠭᠠᠨ ᠰᠤᠷᠭᠠᠯᠲᠠ ᠶᠢᠨ

ᠬᠡᠯᠪᠡᠷᠢ ᠶᠢ ᠦᠭᠡᠷᠡᠴᠢᠯᠡᠭᠦ ᠪᠠ ᠰᠢᠨᠠᠳᠭᠡᠭᠦ ᠰᠢᠨ᠎ᠠ ᠠᠷᠭ᠎ᠠ ᠪᠠᠷᠢᠯ ᠪᠤᠯᠤᠨ᠎ᠠ᠃

      ᠤᠨᠴᠠᠯᠢᠬᠲᠦ ᠬᠢᠴᠢᠶᠡᠯ ᠨᠢ ᠨᠢᠭᠡ ᠵᠦᠢᠯ ᠤᠨ ᠤᠷ᠎ᠠ ᠮᠡᠷᠭᠡᠵᠢᠯ ᠤᠨ ᠲᠤᠭᠯᠠᠯᠲᠠ ᠶᠢᠨ ᠬᠡᠯᠪᠡᠷᠢᠲᠦ ᠵᠢᠭᠠᠨ

ᠰᠤᠷᠭᠠᠯᠲᠠ ᠮᠦᠨ᠃ ᠤᠨᠴᠠᠯᠢᠬᠲᠦ ᠵᠢᠭᠠᠨ ᠰᠤᠷᠭᠠᠯᠲᠠ ᠶᠢᠨ ᠶᠠᠪᠤᠴᠠ ᠳᠤ ᠰᠤᠷᠤᠭᠴᠢᠳ ᠢᠶᠠᠷ ᠭᠤᠤᠯᠳᠠᠯᠭ᠎ᠠ ᠲᠠᠢ

ᠲᠠᠯ᠎ᠠ ᠶᠢ ᠨᠢ ᠡᠷᠢᠭᠦᠯᠵᠤ ᠲᠡᠭᠦᠨ ᠤ ᠡᠷᠬᠢᠨ ᠲᠤᠭᠤᠷᠢᠨ ᠳᠤ ᠵᠢᠷᠤᠬᠤ ᠤᠷ᠎ᠠ ᠮᠡᠷᠭᠡᠵᠢᠯ ᠢᠶᠠᠨ ᠢᠯᠡᠷᠡᠭᠦᠯᠬᠦ

ᠴᠢᠳᠠᠪᠤᠷᠢ ᠶᠢ ᠬᠦᠮᠦᠵᠢᠭᠦᠯᠦᠨ᠎ᠠ᠃ ᠰᠤᠷᠤᠭᠴᠢᠳ ᠢ ᠵᠢᠷᠤᠭ ᠤᠨ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠬᠡᠯᠪᠡᠷᠢ ᠶᠢ

ᠤᠶᠢᠯᠠᠭᠠᠭᠤᠯᠬᠤ ᠪᠠᠷ ᠳᠠᠮᠵᠢᠭᠤᠯᠤᠨ ᠲᠡᠭᠦᠨ ᠢ ᠠᠰᠢᠭᠯᠠᠵᠤ ᠦᠪᠡᠷ ᠤᠨ ᠰᠡᠳᠬᠢᠭᠦᠢ ᠪᠠᠨ ᠤᠷᠤᠰᠤᠮ᠎ᠠ ᠠᠮᠢᠳᠤᠯᠢᠭ

ᠢᠯᠡᠷᠡᠭᠦᠯᠵᠦ ᠴᠢᠳᠠᠬᠤ ᠬᠡᠮᠵᠢᠶᠠᠨ ᠳᠤ ᠬᠦᠷᠭᠡᠨ᠎ᠠ᠃ ᠰᠤᠷᠤᠭᠴᠢᠳ ᠢ ᠪᠠᠶ᠎ᠠ ᠪᠠᠨ ᠲᠠᠭᠠᠭᠠᠨ ᠪᠤᠳᠠᠰ᠂ ᠦᠵᠡᠭᠳᠠᠯ᠂

ᠵᠢᠮ᠎ᠠ ᠶᠤᠰᠤ᠂ ᠤᠨᠴᠠᠯᠢᠭ ᠰᠢᠨᠵᠢ ᠵᠡᠷᠭᠡ ᠳᠤ ᠲᠠᠨᠢᠯᠲᠠ ᠲᠠᠢ ᠪᠤᠯᠭᠠᠨ᠎ᠠ᠃ ᠵᠢᠱᠢᠶᠡᠯᠡᠪᠡᠯ᠂ ᠪᠠᠭᠠᠴᠤᠳ ᠬᠡᠤᠬᠡᠳ ᠤᠨ

ᠤᠷᠠᠨ ᠵᠢᠷᠤᠭ ᠤᠨ ᠪᠦᠲᠦᠭᠡᠯ᠂ ᠤᠷᠠᠨ ᠪᠢᠴᠢᠯᠭᠡ᠂ ᠭᠠᠷ ᠤᠷᠠᠯᠠᠯ ᠳᠤ ᠪᠤᠳᠤᠭ ᠤᠷᠤᠭᠤᠯᠬᠤ᠂ ᠵᠢᠷᠤᠵᠤ

ᠲᠦᠯᠦᠪᠯᠡᠬᠦ ᠵᠡᠷᠭᠡ ᠪᠠᠷ ᠳᠠᠮᠵᠢᠭᠤᠯᠤᠨ ᠤᠯᠠᠨ ᠵᠦᠢᠯ ᠤᠨ ᠲᠠᠷᠠᠬᠠᠢ ᠪᠤᠲᠠᠷᠬᠠᠢ ᠰᠡᠳᠤᠪ ᠤᠨ ᠬᠡᠯᠪᠡᠷᠢ ᠪᠠᠷ ᠠᠪᠢᠶᠠᠰ

ᠪᠢᠯᠢᠭ ᠢ ᠨᠢ ᠪᠠᠳᠠᠷᠠᠭᠤᠯᠤᠨ᠎ᠠ᠃ ᠡᠨᠡ ᠬᠦ ᠠᠷᠭ᠎ᠠ ᠬᠡᠯᠪᠡᠷᠢ ᠨᠢ ᠤᠷᠠᠨ ᠵᠢᠷᠤᠭ ᠤᠨ ᠬᠢᠴᠢᠶᠡᠯ ᠤᠨ ᠴᠠᠭ ᠢ ᠵᠤᠬᠢᠰᠲᠠᠢ

ᠠᠰᠢᠭᠯᠠᠵᠤ ᠴᠢᠳᠠᠬᠤ ᠪᠦᠭᠡᠳ ᠬᠢᠵᠠᠭᠠᠷᠲᠠᠢ ᠤᠷᠠᠨ ᠵᠢᠷᠤᠭ ᠤᠨ ᠤᠷᠴᠢᠨ ᠳᠤᠭᠤᠷᠢᠨ ᠤ ᠤᠷᠤᠨ ᠵᠠᠢ ᠶᠢ

ᠬᠠᠮᠤᠭ ᠤᠨ ᠶᠡᠭᠡ ᠬᠡᠮᠵᠢᠶᠠᠨ ᠳᠤ ᠵᠤᠬᠢᠰᠲᠠᠢ ᠠᠰᠢᠭᠯᠠᠵᠤ ᠴᠢᠳᠠᠳᠠᠭ᠃

      ᠭᠤᠷᠪᠠ᠂ ᠦᠨᠳᠦᠰᠦᠲᠡᠨ ᠤ ᠵᠠᠩ ᠦᠢᠯᠠ ᠶᠢᠨ ᠬᠢᠴᠢᠶᠡᠯ ᠲᠦᠷᠦᠯ ᠢ ᠲᠤᠬᠢᠷᠠᠭᠤᠯᠵᠤ᠂ ᠤᠯᠠᠨ ᠵᠦᠢᠯ ᠤᠨ

ᠴᠢᠳᠠᠪᠤᠷᠢ ᠶᠢ ᠭᠦᠭᠵᠢᠭᠡᠨ᠎ᠠ

      ᠦᠨᠳᠦᠰᠦᠲᠡᠨ ᠤ ᠵᠠᠩ ᠦᠢᠯᠠ ᠶᠢᠨ ᠬᠢᠴᠢᠶᠡᠯ ᠨᠢ ᠭᠤᠤᠯᠳᠠᠭᠤ ᠲᠤᠰ ᠭᠠᠵᠠᠷ ᠤᠷᠤᠨ ᠤ ᠤᠨᠴᠠᠭᠠᠢ

ᠪᠠᠶᠢᠳᠠᠯ ᠳᠤ ᠳᠤᠬᠢᠷᠠᠭᠤᠯᠤᠭᠰᠠᠨ ᠨᠢᠭᠡ ᠵᠦᠢᠯ ᠤᠨ ᠭᠤᠸ᠎ᠡ ᠰᠠᠶᠢᠬᠠᠨ ᠤ ᠵᠢᠭᠠᠨ ᠰᠤᠷᠭᠠᠯᠲᠠ ᠪᠤᠯᠤᠨ᠎ᠠ᠃ ᠨᠢᠭᠡ

ᠲᠦᠷᠦᠯ ᠤᠨ ᠬᠡᠪ ᠴᠢᠨᠠᠷ ᠤᠨ ᠴᠢᠳᠠᠪᠤᠷᠢ ᠶᠢ ᠳᠡᠯᠭᠡᠨ ᠦᠵᠡᠬᠦᠯᠬᠦ ᠵᠢᠭᠠᠨ ᠰᠤᠷᠭᠠᠯᠲᠠ ᠪᠤᠯᠤᠨ᠎ᠠ᠃ ᠦᠨᠳᠦᠰᠦᠲᠡᠨ ᠤ

ᠵᠠᠩ ᠦᠢᠯᠠ ᠶᠢᠨ ᠬᠢᠴᠢᠶᠡᠯ ᠳᠤᠮᠳᠠ ᠰᠤᠷᠤᠭᠴᠢᠳ ᠡᠯ᠎ᠠ ᠵᠦᠢᠯ ᠤᠨ ᠮᠠᠲ᠋ᠧᠷᠢᠶᠠᠯ ᠢᠶᠠᠷ ᠨᠠᠭᠠᠬᠤ᠂ ᠨᠡᠶᠢᠯᠡᠭᠦᠯᠦᠨ

ᠴᠤᠭᠯᠠᠭᠤᠯᠬᠤ᠂ ᠱᠤᠭᠤᠬᠤ᠂ ᠵᠠᠯᠭᠠᠵᠤ ᠨᠡᠶᠢᠯᠡᠭᠦᠯᠬᠦ᠂ ᠭᠦᠷᠦᠵᠦ ᠨᠡᠭᠡᠭᠦ᠂ ᠤᠶᠤᠵᠤ ᠰᠢᠪᠡᠬᠦ ᠵᠡᠷᠭᠡ ᠠᠷᠭ᠎ᠠ

ᠪᠠᠷᠢᠯ ᠢᠶᠠᠷ ᠭᠠᠵᠠᠷ ᠤᠷᠤᠨ ᠤ ᠤᠨᠴᠠᠯᠢᠭ ᠲᠠᠢ ᠦᠨᠳᠦᠰᠦᠲᠡᠨ ᠤ ᠵᠠᠩ ᠦᠢᠯᠠ ᠶᠢᠨ ᠭᠡᠷᠡᠭᠯᠡᠭᠡᠨ ᠤ ᠪᠠᠭᠠᠵᠢ ᠬᠡᠷᠡᠭᠰᠡᠯ

ᠪᠤᠯᠤᠨ ᠡᠳ᠋ ᠪᠤᠳᠠᠰ ᠢ ᠦᠢᠯᠠᠳᠴᠤ ᠲᠡᠭᠦᠨ ᠤ ᠲᠤᠮᠳᠠ ᠠᠴᠠ ᠭᠤᠸ᠎ᠠ ᠰᠠᠶᠢᠬᠠᠨ ᠤ ᠭᠦᠷᠳᠡᠭᠡᠯ ᠤᠯᠵᠤ ᠪᠤᠯᠤᠨ᠎ᠠ᠃

      ᠡᠳᠡᠭᠡᠷ ᠮᠠᠲ᠋ᠧᠷᠢᠶᠠᠯ ᠤᠨ ᠤᠯᠨᠩᠬᠢ ᠨᠢ ᠰᠤᠷᠤᠭᠴᠢᠳ ᠦᠪᠡᠷ ᠤᠨ ᠭᠠᠷ ᠢᠶᠠᠷ ᠢᠶᠠᠨ ᠤᠷᠠᠯᠠᠵᠤ          

ᠪᠦᠲᠦᠭᠡᠳᠡᠭ᠃ ᠲᠠᠶᠢᠮᠦ ᠪᠤᠯᠬᠤᠷ ᠤᠯᠠᠨ ᠬᠡᠯᠪᠡᠷᠢ ᠶᠢᠨ ᠪᠤᠰᠤᠭ᠎ᠠ ᠪᠠᠶᠠᠲᠦ᠂ ᠬᠠᠪᠲᠠᠭᠠᠢ ᠶᠢᠨ ᠵᠢᠷᠤᠭ ᠲᠦᠷᠰᠦ

ᠵᠤᠬᠢᠶᠠᠭᠰᠠᠨ ᠨᠢ ᠲᠠᠳᠠᠨ ᠤ ᠪᠤᠰᠤᠳ ᠤᠯᠠᠨ ᠠᠷᠪᠢᠨ ᠴᠢᠳᠠᠪᠤᠷᠢ ᠶᠢ ᠨᠢ ᠬᠦᠮᠦᠵᠢᠬᠦᠯᠳᠡᠭ᠃ ᠡᠳᠡᠭᠡᠷ ᠢ ᠬᠢᠬᠦ

ᠶᠠᠪᠤᠴᠠ ᠳᠤᠮᠳᠠ ᠡᠷᠬᠡᠪᠰᠢ ᠰᠡᠳᠬᠢᠨ ᠪᠤᠳᠤᠬᠤ᠂ ᠮᠠᠲ᠋ᠧᠷᠢᠶᠠᠯ ᠰᠤᠩᠭᠤᠬᠤ᠂ ᠵᠢᠷᠤᠵᠤ ᠲᠦᠯᠦᠪᠯᠡᠬᠦ᠂ ᠬᠢᠵᠦ

ᠪᠦᠲᠦᠭᠡᠬᠦ ᠵᠡᠷᠭᠡ ᠤᠯᠠᠨ ᠶᠠᠪᠤᠴᠠ ᠶᠢ ᠦᠩᠭᠡᠷᠡᠭᠡᠨ᠎ᠠ᠃ ᠪᠢᠳᠠ ᠪᠠᠰᠠ ᠲᠠᠳᠠᠨ ᠤ ᠲᠤᠳᠤᠷᠠᠬᠢ ᠰᠢᠯᠢᠳᠡᠭ

ᠪᠦᠲᠦᠭᠡᠯ ᠢ ᠨᠢ ᠰᠤᠩᠭᠤᠨ ᠦᠵᠡᠬᠦᠯᠬᠡ ᠬᠢᠵᠦ ᠰᠤᠷᠤᠭᠴᠢᠳ ᠲᠤ ᠰᠤᠨᠢᠷᠬᠠᠭᠤᠯᠳᠠᠭ᠃

      ᠤᠷᠠᠨ ᠵᠢᠷᠤᠭ ᠤᠨ ᠬᠢᠴᠢᠶᠡᠯ ᠨᠢ ᠤᠳᠤᠬᠠᠨ ᠳᠤ ᠠᠪᠴᠤ ᠦᠵᠠᠪᠠᠯ᠂ ᠰᠤᠷᠭᠠᠭᠤᠯᠢ ᠶᠢᠨ ᠰᠤᠷᠭᠠᠨ

ᠭᠦᠮᠦᠵᠢᠯ ᠳᠤ ᠲᠤᠳᠠᠭᠳᠠᠵᠤ ᠪᠤᠯᠤᠰᠢ ᠦᠭᠡᠢ ᠬᠢᠴᠢᠶᠡᠯ ᠲᠦᠷᠤᠯ ᠤᠨ ᠨᠢᠭᠡ ᠪᠤᠯᠵᠤ ᠭᠡᠤᠭᠡᠳ ᠤᠨ ᠪᠦᠳᠤᠭᠡᠯᠴᠢ

ᠰᠡᠳᠬᠢᠭᠦᠢ ᠶᠢ ᠭᠦᠭᠵᠢᠭᠦᠯᠦᠨ᠂ ᠴᠢᠨᠠᠭᠰᠢᠳᠠ ᠤᠯᠠᠨ ᠲᠦᠷᠤᠯ ᠤᠨ ᠬᠢᠴᠢᠶᠡᠯ ᠤᠨ ᠰᠤᠷᠤᠯᠴᠠᠯᠭ᠎ᠠ ᠳᠤ ᠴᠢᠬᠤᠯᠠ

ᠬᠠᠪᠰᠤᠷᠤᠮᠵᠢ ᠪᠤᠯᠵᠤ ᠪᠤᠢ᠃ ᠲᠠᠶᠢᠮᠦ ᠪᠤᠯᠬᠤᠷ ᠤᠷᠠᠨ ᠵᠢᠷᠤᠭ ᠤᠨ ᠬᠢᠴᠢᠶᠡᠯ ᠢ ᠴᠢᠬᠤᠯᠠᠴᠢᠯᠠᠨ ᠵᠢᠭᠠᠬᠤ ᠨᠢ

ᠵᠦᠢᠳᠠᠢ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠵᠡᠬᠦᠨ ᠥᠵᠤᠮᠤᠴᠢᠨ ᠬᠤᠰᠢᠭᠤᠨ ᠤ

                                ᠬᠤᠶᠠᠳᠤᠭᠠᠷ ᠪᠠᠭ᠎ᠠ ᠰᠤᠷᠭᠠᠭᠤᠯᠢ

                                ︵ᠠᠯᠳᠠᠨᠰᠦ᠋ᠭᠡ ᠨᠠᠶᠢᠷᠠᠭᠤᠯᠪᠠ︶

                                2023.4 ᠳ᠋ᠦ᠋ᠭᠡᠷ ᠬᠤᠭᠤᠴᠠᠭ᠎ᠠ

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map