ᠲᠤᠭᠠᠨ ᠤ ᠤᠬᠠᠭᠠᠨ ᠤ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠲᠤᠬᠠᠢ
ᠨᠡᠶᠢᠲᠡᠯᠡᠭᠰᠡᠨ ᠴᠠᠭ᠄
2023/12/13
                          ᠯᠢ ᠰᠢᠤ ᠯᠠᠨ

教学研究9.png

      2022 ᠣᠨ ᠤ ᠬᠡᠪᠯᠡᠯ ᠤᠨ ︽ᠲᠤᠭᠠᠨ ᠤ ᠤᠬᠠᠭᠠᠨ ᠤ ᠬᠢᠴᠢᠶᠡᠯ ᠤᠨ ᠪᠠᠷᠢᠮᠵᠢᠶ᠎ᠠ︾ ᠳᠤ ᠰᠤᠷᠤᠭᠴᠢ ᠶᠢᠨ

ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠳᠤ ᠳᠤᠤᠷᠠᠬᠢ ᠭᠤᠷᠪᠠᠨ ᠲᠠᠯ᠎ᠠ ᠶᠢ ᠪᠠᠭᠲᠠᠭᠠᠨ᠎ᠠ ᠭᠡᠵᠡᠢ᠃ ᠳᠠᠷᠤᠢ᠂

ᠲᠤᠭᠠᠨ ᠤ ᠤᠬᠠᠭᠠᠨ ᠤ ᠬᠠᠷᠠᠴᠠ ᠪᠠᠷ ᠪᠤᠳᠠᠳᠤ ᠶᠢᠷᠲᠢᠨᠴᠦ ᠶᠢ ᠬᠠᠷᠠᠬᠤ᠂ ᠲᠤᠭᠠᠨ ᠤ ᠤᠬᠠᠭᠠᠨ ᠤ ᠰᠡᠳᠭᠢᠭᠦᠢ ᠪᠠᠷ

ᠪᠤᠳᠠᠳᠤ ᠶᠢᠷᠲᠢᠨᠴᠦ ᠶᠢ ᠰᠡᠳᠬᠢᠬᠦ᠂ ᠲᠤᠭᠠᠨ ᠤ ᠤᠬᠠᠭᠠᠨ ᠤ ᠦᠭᠡ ᠬᠡᠯᠡ ᠪᠠᠷ ᠪᠤᠳᠠᠳᠤ ᠶᠢᠷᠲᠢᠨᠴᠦ ᠶᠢ ᠢᠯᠡᠳᠭᠡᠬᠦ

ᠪᠤᠯᠤᠨ᠎ᠠ᠃ ᠪᠠᠭ᠎ᠠ ᠰᠤᠷᠭᠠᠭᠤᠯᠢ ᠶᠢᠨ ᠱᠠᠲᠤᠨ ᠳᠤ ᠰᠤᠷᠤᠭᠴᠢ ᠶᠢᠨ ᠲᠤᠭᠠᠨ  ᠤ ᠤᠬᠠᠭᠠᠨ ᠤ ᠭᠤᠤᠯᠯᠠᠭᠴᠢ ᠬᠡᠪ

ᠪᠤᠯᠪᠠᠰᠤᠷᠠᠯ ᠤᠨ ᠢᠯᠡᠷᠡᠯ ᠳᠤ ᠲᠤᠭᠠᠨ ᠤ ᠰᠡᠷᠡᠯ᠂ ᠬᠡᠮᠵᠢᠭᠦ ᠰᠡᠷᠡᠯ᠂ ᠲᠡᠮᠲᠡᠭ ᠤᠨ ᠤᠬᠠᠮᠰᠠᠷ᠂ ᠪᠣᠳᠤᠯᠭ᠎ᠠ ᠶᠢᠨ

ᠴᠢᠳᠠᠪᠤᠷᠢ᠂ ᠭᠧᠤᠮᠧᠲᠷᠢ ᠶᠢᠨ ᠦᠵᠡᠭᠳᠡᠮᠡᠯ᠂ ᠤᠭᠲᠠᠷᠭᠤᠢ ᠶᠢᠨ ᠦᠵᠡᠯᠲᠡ᠂ ᠮᠦᠷᠳᠡᠬᠦ ᠤᠬᠠᠮᠰᠠᠷ᠂ ᠲᠤᠭ᠎ᠠ

ᠪᠠᠷᠢᠮᠲᠠ ᠶᠢᠨ ᠤᠬᠠᠮᠰᠠᠷ᠂ ᠵᠠᠭᠪᠤᠷ ᠤᠨ ᠤᠬᠠᠮᠰᠠᠷ᠂ ᠬᠡᠷᠡᠭᠯᠡᠭᠡᠨ ᠤ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ

ᠵᠡᠷᠭᠡ ᠪᠠᠶᠢᠳᠠᠬ᠃ ᠲᠡᠭᠡᠪᠡᠯ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠤᠭᠠᠨ ᠤ ᠤᠬᠠᠭᠠᠨ ᠤ ᠭᠤᠤᠯᠯᠠᠭᠴᠢ ᠭᠡᠪ

ᠪᠤᠯᠪᠠᠰᠤᠷᠠᠯ ᠢ ᠭᠡᠷᠬᠢᠨ ᠭᠦᠮᠦᠵᠢᠭᠦᠯᠭᠦ ᠪᠤᠢ︖

      ᠨᠢᠭᠡ᠂ ᠰᠤᠷᠤᠭᠴᠢ ᠶᠢᠨ ᠬᠡᠮᠵᠢᠬᠦ ᠰᠡᠷᠡᠯ ︵量感︶ ᠢ ᠬᠦᠭᠵᠢᠭᠦᠯᠬᠦ ᠳᠤ ᠶᠠᠭᠤ  ᠶᠢ ᠠᠩᠬᠠᠷᠬᠤ

ᠬᠡᠷᠡᠭᠲᠡᠢ ᠪᠤᠢ︖

      ᠰᠤᠷᠤᠭᠴᠢᠳ ᠤᠨ ᠬᠡᠮᠵᠢᠬᠦ ᠰᠡᠷᠡᠯ ᠪᠤᠯ ᠲᠦᠷᠦᠯᠬᠢ ᠪᠠᠶᠢᠭᠰᠠᠨ ᠪᠢᠰᠢ᠂ ᠪᠠᠰᠠ ᠪᠠᠭᠰᠢ ᠠᠴᠠ ᠵᠢᠭᠠᠵᠤ

ᠭᠠᠷᠭᠠᠭᠰᠠᠨ ᠪᠢᠰᠢ᠂ ᠬᠠᠷᠢᠨ ᠲᠠᠰᠤᠷᠠᠯᠲᠠ ᠦᠭᠡᠢ ︽ᠤᠬᠠᠵᠤ ᠤᠢᠢᠯᠠᠭᠠᠬᠤ ︵感悟︶︾ ᠶᠠᠪᠤᠴᠠ ᠶᠢ

ᠦᠩᠭᠡᠷᠡᠭᠡᠨ᠎ᠡ᠃ ᠰᠤᠷᠤᠭᠴᠢᠳ ᠰᠤᠷᠤᠯᠴᠠᠬᠤ ᠪᠤᠶᠤ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠲᠤᠷᠰᠢᠯᠭ᠎ᠠ

ᠬᠤᠷᠠᠮᠳᠤᠭᠤᠯᠤᠨ᠂ ᠬᠡᠮᠵᠢᠬᠦ ᠰᠡᠷᠠᠯ ᠢ ᠪᠦᠷᠢᠯᠳᠦᠭᠦᠯᠬᠦ ᠪᠦᠭᠡᠳ ᠬᠦᠭᠵᠢᠭᠦᠯᠦᠨ᠎ᠡ᠃

      1. ᠪᠡᠶ᠎ᠡ ᠪᠠᠷ ᠢᠶᠠᠨ ᠬᠡᠮᠵᠢᠬᠦ ᠶᠠᠪᠤᠴᠠ ᠶᠢᠨ ᠳᠤᠮᠳᠠ ᠬᠡᠮᠵᠢᠬᠦ ᠰᠡᠷᠡᠯ ᠢ ᠠᠭᠠᠵᠢᠮ ᠢᠶᠠᠷ ᠪᠦᠷᠢᠯᠳᠦᠭᠦᠯᠭᠦ᠃

      ᠡᠩ ᠲᠡᠷᠢᠭᠦᠨ ᠳᠤ ᠰᠤᠷᠤᠭᠴᠢᠳ ᠪᠤᠳᠠᠳᠤ ᠠᠬᠤᠢ ᠤᠷᠴᠢᠨ ᠳᠠᠬᠢ ᠲᠤᠭᠠᠨ ᠤ ᠤᠬᠠᠭᠠᠨ ᠤ ᠬᠦᠳᠡᠯᠭᠡᠭᠡᠨ ᠤ

ᠳᠤᠮᠳᠠ ᠠᠴᠠ ᠪᠡᠶ᠎ᠡ ᠪᠠᠷ ᠢᠶᠠᠨ ᠬᠡᠮᠵᠢᠬᠦ ᠶᠠᠪᠤᠴᠠ ᠶᠢ ᠦᠩᠭᠡᠷᠡᠭᠡᠨ᠎ᠡ᠃ ᠡᠨᠡ ᠶᠠᠪᠤᠴᠠ ᠳᠤ ᠬᠡᠮᠵᠢᠬᠦ ᠰᠡᠷᠡᠯ ᠤᠨ

ᠬᠠᠷᠢᠶᠠᠯᠠᠭᠳᠠᠬᠤ ᠴᠢᠨᠠᠷ ᠢ ᠰᠡᠷᠡᠨ ᠮᠡᠳᠡᠨ᠎ᠡ᠃ ︽ᠬᠤᠭᠤᠴᠠᠭᠠᠨ ᠤ ᠨᠢᠭᠡᠴᠢ ᠶᠢᠨ ᠪᠤᠳᠠᠳᠠᠢ ᠶᠡᠭᠡ ᠪᠠᠭ᠎ᠠ ᠶᠢ

ᠤᠢᠢᠯᠠᠭᠠᠬᠤ︾ ᠪᠠᠷ ᠵᠢᠱᠢᠶᠡᠯᠡᠪᠡᠯ᠂ ᠨᠢᠭᠡ ᠮᠢᠨᠦ᠋ᠲ ᠢ ᠤᠢᠢᠯᠠᠭᠠᠶ᠎ᠠ ᠭᠡᠪᠡᠯ ᠰᠤᠷᠤᠭᠴᠢᠳ ᠢ ᠵᠤᠷᠢᠬᠵᠢᠭᠤᠯᠤᠨ

ᠰᠧᠺᠦ᠋ᠨ᠋ᠳ᠋ ᠤᠨ ᠵᠡᠭᠦᠦ ᠶᠢᠨ ᠡᠷᠭᠢᠯᠳᠦᠬᠦ ᠶᠢ ᠳᠠᠭᠠᠯᠳᠤᠨ ᠲᠢᠭ ᠲᠠᠭ ᠲᠢᠭ ᠲᠠᠭ ᠭᠡᠰᠡᠨ ᠢ ᠰᠤᠨᠤᠰᠤᠨ ᠠᠯᠠᠭ᠎ᠠ

ᠲᠠᠰᠢᠨ ᠲᠤᠭᠠᠯᠠᠨ᠂ ᠨᠢᠭᠡ ᠰᠧᠺᠦ᠋ᠨ᠋ᠳ᠋ ᠨᠢᠭᠡ ᠰᠧᠺᠦ᠋ᠨ᠋ᠳ᠋ ᠢᠶᠠᠷ 60 ᠰᠧᠺᠦ᠋ᠨ᠋ᠳ᠋ ᠪᠤᠯᠲᠠᠯ᠎ᠠ ᠲᠤᠭᠠᠯᠠᠨ᠂ ᠨᠢᠭᠡ

ᠰᠧᠺᠦ᠋ᠨ᠋ᠳ᠋ ᠨᠢᠭᠡ ᠰᠧᠺᠦ᠋ᠨ᠋ᠳ᠋ ᠢᠶᠠᠷ ᠨᠢᠭᠡ ᠮᠢᠨᠦ᠋ᠲ ᠢ ᠬᠡᠮᠵᠢᠬᠦ ᠶᠠᠪᠤᠴᠠ ᠶᠢ ᠦᠩᠭᠡᠷᠡᠭᠡᠨ᠎ᠡ᠃ ᠪᠠᠰᠠ ᠰᠢᠨ᠎ᠡ ᠵᠢᠯ ᠤᠨ

ᠦᠳᠡᠰᠢᠯᠡᠭᠡ ᠶᠢᠨ ᠬᠤᠭᠤᠴᠠᠭᠠᠨ ᠤ ᠲᠣᠩᠭᠤᠷᠠᠭᠤᠯᠤᠨ ᠲᠤᠭᠠᠯᠠᠬᠤ ︵倒计时︶ ᠰᠢᠩᠭᠡᠭᠡᠯᠲᠡ ᠶᠢ

ᠦᠵᠡᠭᠦᠯᠵᠦ᠂ 10 ᠰᠧᠺᠦ᠋ᠨ᠋ᠳ᠋ ᠢᠶᠠᠷ ᠪᠠᠷᠢᠮᠵᠢᠶ᠎ᠠ ᠪᠤᠯᠭᠠᠵᠤ᠂ ᠰᠤᠷᠤᠭᠴᠢᠳ ᠢ ᠵᠤᠷᠢᠬᠵᠢᠭᠤᠯᠤᠨ ᠲᠦᠰᠦᠭᠡᠯᠡᠭᠦᠯᠵᠤ᠂

︽ᠨᠢᠭᠡ ᠮᠢᠨᠦ᠋ᠲ︾ ᠢ ᠪᠠᠰᠠ ᠨᠢᠭᠡ ᠤᠳᠠᠭ᠎ᠠ ᠪᠡᠶᠡᠴᠢᠯᠡᠨ ᠤᠢᠢᠯᠠᠭᠠᠵᠤ᠂ ᠠᠮᠢᠳᠤᠷᠠᠯ ᠪᠠ ᠬᠤᠭᠤᠴᠠᠭᠠᠨ ᠤ

ᠬᠤᠭᠤᠷᠤᠨᠳᠤᠬᠢ ᠬᠤᠯᠪᠤᠭᠳᠠᠯ ᠢ ᠤᠢᠢᠯᠠᠭᠠᠵᠤ᠂ ᠬᠤᠭᠤᠴᠠᠭᠠᠨ ᠤ ᠤᠷᠲᠤ ᠣᠬᠤᠷ ᠢ ᠰᠡᠷᠡᠨ ᠮᠡᠳᠡᠨ᠎ᠡ᠃

      2. ᠳᠦᠷᠰᠦᠯᠡᠨ ᠪᠤᠳᠤᠯᠲᠠ ︵想象︶᠂ ᠮᠦᠷᠳᠡᠬᠦ ᠵᠡᠷᠭᠡ ᠬᠦᠳᠡᠯᠭᠡᠭᠡᠨ ᠤ ᠳᠤᠮᠳᠠ ᠬᠡᠮᠵᠢᠬᠦ ᠰᠡᠷᠡᠯ ᠢ

ᠬᠦᠭᠵᠢᠭᠦᠯᠭᠦ

      ᠰᠤᠷᠤᠭᠴᠢ ᠰᠤᠷᠤᠯᠴᠠᠬᠤ ᠶᠠᠪᠤᠴᠠ ᠶᠢᠨ ᠳᠤᠮᠳᠠ ᠪᠤᠢ ᠪᠦᠬᠦᠢ ︽ᠬᠡᠮᠵᠢᠬᠦ︾ ᠶᠢ ᠰᠢᠭᠤᠳ ᠰᠡᠷᠡᠨ ᠮᠡᠳᠡᠵᠤ

ᠳᠡᠶᠢᠯᠳᠡᠭ ᠪᠢᠰᠢ᠂ ᠵᠢᠱᠢᠶᠡᠯᠡᠪᠡᠯ᠂ ᠳᠤᠨ᠂ ᠡᠧᠺᠲ᠋ᠤᠷ᠂ ᠺᠢᠯᠤᠮᠧᠲᠷ᠂ ᠺᠦᠧᠡᠳ᠋ ᠺᠢᠯᠤᠮᠧᠲᠷ ᠵᠡᠷᠭᠡ᠃ ᠡᠨᠡ

ᠮᠡᠲᠤ ᠶᠢᠨ ᠲᠣᠩ ᠶᠡᠭᠡ ᠬᠡᠮᠵᠢᠶᠡᠨ ᠤ ᠨᠢᠭᠡᠴᠢ ᠶᠢ ᠭᠡᠮᠵᠢᠭᠦ ᠰᠠᠷᠠᠯ ᠢ ᠪᠣᠯ ᠵᠠᠪᠠᠯ ᠳᠦᠷᠰᠦᠯᠡᠨ ᠪᠣᠳᠤᠯᠲᠠ ᠪᠠ

ᠮᠦᠷᠳᠡᠯᠲᠡ ᠶᠢᠨ ᠳᠤᠮᠳᠠ ᠬᠦᠮᠦᠵᠢᠬᠦᠯᠳᠡᠭ᠃

      ︽ᠡᠧᠺᠲ᠋ᠤᠷ︾ ᠤᠨ ᠵᠢᠭᠠᠨ ᠰᠤᠷᠭᠠᠯᠲᠠ ᠪᠠᠷ ᠵᠢᠱᠢᠶᠡᠯᠡᠶ᠎ᠡ᠃ ᠰᠤᠷᠤᠭᠴᠢᠳ ︽ᠨᠢᠭᠡ ᠡᠧᠺᠲ᠋ᠤᠷ ᠬᠡᠳᠦᠢ

ᠶᠡᠭᠡ︾ ᠭᠡᠰᠡᠨ ᠢ ᠰᠢᠭᠤᠳ ᠬᠡᠮᠵᠢᠵᠦ ᠳᠡᠶᠢᠯᠬᠦ ᠦᠭᠡᠢ᠃ ᠡᠨᠡ ᠦᠶᠡᠰ ᠰᠤᠷᠤᠭᠴᠢᠳ ᠢ ︽ᠺᠦᠸᠠᠳ᠋ ᠮᠧᠲᠷ︾ ᠤᠨ

ᠰᠠᠭᠤᠷᠢᠨ ᠳᠡᠭᠡᠷ᠎ᠡ ᠲᠦᠷᠰᠦᠯᠡᠨ ᠪᠤᠳᠤᠭᠤᠯᠵᠤ ᠮᠦᠷᠳᠡᠭᠦᠯᠦᠨ᠎ᠡ᠃ ᠰᠤᠷᠤᠭᠴᠢᠳ ᠢ ᠪᠡᠶ᠎ᠠ ᠶᠢᠨ ᠲᠠᠮᠢᠷ ᠤᠨ

ᠲᠠᠯᠠᠪᠤᠷ ᠲᠤ ᠲᠠᠯ᠎ᠠ ᠶᠢᠨ ᠤᠷᠲᠤ ᠨᠢ 10 ᠮᠧᠲᠷ ᠤᠨ ᠲᠡᠭᠰᠢ ᠳᠦᠷᠪᠡᠯᠵᠢᠨ ᠬᠦᠷᠢᠶ᠎ᠡ ᠲᠠᠲᠠᠭᠤᠯᠵᠤ᠂ 100

ᠺᠦᠸᠡᠳ᠋ ᠮᠧᠲᠷ ᠤᠨ ᠶᠡᠭᠡ ᠪᠠᠭ᠎ᠠ ᠶᠢ ᠰᠡᠷᠡᠨ ᠮᠡᠳᠡᠭᠦᠯᠦᠨ᠎ᠡ᠃ ᠡᠨᠡ ᠲᠡᠭᠰᠢ ᠳᠦᠷᠪᠡᠯᠵᠢᠨ ᠤ ᠰᠠᠭᠤᠷᠢᠨ ᠳᠡᠭᠡᠷ᠎ᠡ

ᠰᠤᠷᠤᠭᠴᠢᠳ ᠢ ᠵᠤᠷᠢᠬᠵᠢᠭᠤᠯᠤᠨ ᠲᠦᠷᠰᠦᠯᠡᠨ ᠪᠤᠳᠤᠭᠤᠯᠵᠤ ᠮᠦᠷᠳᠡᠭᠦᠯᠦᠨ ᠨᠢᠭᠡ ᠡᠧᠺᠲ᠋ᠤᠷ 100 ᠡᠨᠡ

ᠮᠡᠲᠤ ᠶᠢᠨ ᠲᠡᠭᠰᠢ ᠳᠦᠷᠪᠡᠯᠵᠢᠨ ᠢᠶᠠᠷ ᠪᠦᠷᠢᠯᠳᠦᠬᠦ ᠶᠢ ᠤᠯᠤᠨ᠎ᠠ᠃ ᠲᠡᠭᠡᠭᠡᠳ ᠨᠢᠭᠡ ᠡᠧᠺᠲ᠋ᠤᠷ ᠪᠠ 100 ᠺᠦᠸᠠᠳ᠋

ᠮᠧᠲᠷ ᠤᠨ ᠬᠤᠭᠤᠷᠤᠨᠳᠤᠬᠢ ᠲᠠᠬᠢᠨ ᠲᠤᠭᠠᠨ ᠤ ᠬᠤᠯᠪᠤᠭᠳᠠᠯ ᠢ ᠣᠯᠵᠤ᠂ ᠠᠩᠬ᠎ᠠ ᠠᠯᠬᠤᠮ ︽ᠡᠧᠺᠲ᠋ᠤᠷ︾ ᠤᠨ

ᠪᠤᠳᠠᠳᠠᠢ ᠶᠡᠭᠡ ᠪᠠᠭ᠎ᠠ ᠶᠢ ᠰᠡᠷᠡᠨ ᠮᠡᠳᠡᠭᠦᠯᠦᠨ᠎ᠡ᠃

      ᠪᠠᠰᠠ ᠣᠢᠢᠷ᠎ᠠ ᠤᠷᠴᠢᠮ ᠪᠠᠶᠢᠭ᠎ᠠ ᠪᠤᠳᠠᠰ ᠢᠶᠠᠷ ᠵᠢᠱᠢᠶᠡᠯᠡᠵᠤ ᠪᠤᠯᠤᠨ᠎ᠠ᠃ ᠠᠩᠭᠢ ᠶᠢᠨ ᠭᠡᠷ ᠪᠤᠯ 50

ᠺᠦᠸᠠᠳ᠋ ᠮᠧᠲᠷ᠂ ᠨᠢᠭᠡ ᠡᠧᠺᠲ᠋ᠤᠷ ᠪᠣᠯ 200 ᠲᠠᠰᠤᠯᠭ᠎ᠠ ᠠᠩᠭᠢ ᠶᠢᠨ ᠭᠡᠷ ᠲᠠᠢ ᠲᠡᠩᠴᠡᠨ᠎ᠡ᠃ ᠰᠠᠭᠰᠤᠨ

ᠪᠦᠮᠪᠦᠭᠡᠨ ᠤ ᠲᠠᠯᠠᠪᠠᠢ 400 ᠺᠦᠸᠠᠳ᠋ ᠮᠧᠲᠷ᠂ ᠲᠡᠭᠡᠪᠡᠯ ᠨᠢᠭᠡ ᠡᠧᠺᠲ᠋ᠤᠷ 25 ᠰᠠᠭᠰᠤᠨ ᠪᠦᠮᠪᠦᠭᠡ ᠶᠢᠨ

ᠲᠠᠯᠠᠪᠠᠢ ᠲᠠᠢ ᠲᠡᠩᠴᠡᠨ᠎ᠡ᠃

      3. ᠪᠠᠷᠤᠭᠴᠠᠭᠠᠯᠠᠨ ᠲᠦᠰᠦᠭᠡᠯᠡᠬᠦ ᠪᠠ ᠠᠳᠠᠯᠢᠳᠬᠠᠬᠤ ᠳᠤᠮᠳᠠ ᠬᠡᠮᠵᠢᠬᠦ ᠰᠡᠷᠡᠯ ᠢ ᠴᠢᠩᠭᠠᠳᠬᠠᠬᠤ

      ᠬᠡᠮᠵᠢᠬᠦ ᠰᠡᠷᠡᠯ ᠪᠣᠯ ᠬᠡᠮᠵᠢᠬᠦ ᠪᠠᠭᠠᠵᠢ ᠶᠢ ᠠᠰᠢᠭᠯᠠᠬᠤ ᠦᠭᠡᠢ ᠤᠷᠢᠳᠠᠯ ᠳᠤᠤᠷ᠎ᠠ᠂ ᠬᠡᠮᠵᠢᠬᠦ ᠤᠨᠤᠪᠴᠢᠲᠠᠢ

ᠰᠡᠷᠡᠯ ᠪᠠᠶᠢᠬᠤ ᠳᠡᠭᠡᠷ᠎ᠡ ᠨᠡᠩ ᠤᠯᠠᠨ ᠢᠯᠡᠷᠡᠳᠡᠭ᠃ ᠵᠢᠭᠠᠨ ᠰᠤᠷᠭᠠᠯᠲᠠ ᠶᠢᠨ ᠳᠤᠮᠳᠠ ᠤᠯᠠᠨ ᠬᠡᠯᠪᠡᠷᠢ ᠶᠢᠨ

ᠪᠠᠷᠤᠭᠴᠠᠭᠠᠯᠠᠨ ᠲᠦᠰᠦᠭᠡᠯᠡᠬᠦ ᠬᠦᠳᠡᠯᠭᠡᠭᠡᠨ ᠢ ᠦᠷᠨᠢᠭᠦᠯᠵᠦ ᠪᠤᠯᠤᠨ᠎ᠠ᠃ ᠵᠢᠱᠢᠶᠡᠯᠡᠪᠡᠯ᠂ ᠠᠩᠭᠢ ᠶᠢᠨ ᠭᠡᠷ ᠤᠨ

ᠤᠷᠲᠤ᠂ ᠲᠠᠯᠠᠪᠠᠢ ᠵᠡᠷᠭᠡ ᠶᠢ ᠪᠠᠷᠤᠭᠴᠠᠭᠠᠯᠠᠨ ᠲᠦᠰᠦᠭᠡᠯᠡᠨ᠎ᠡ᠃ ᠪᠠᠰᠠ ᠠᠩᠭᠢ ᠶᠢᠨ ᠭᠡᠷ ᠤᠨ ᠡᠭᠦᠳᠡᠨ ᠬᠠᠵᠠᠭᠤ ᠳᠤ

ᠣᠴᠢᠵᠦ᠂ ᠠᠩᠭᠢ ᠶᠢᠨ ᠭᠡᠷ ᠤᠨ ᠡᠭᠦᠳᠡᠨ ᠦᠨᠳᠦᠷ ᠬᠤᠶᠠᠷ ᠮᠧᠲᠷ ᠪᠠᠶᠢᠨ᠎ᠠ᠂ ᠲᠡᠭᠡᠪᠡᠯ ᠪᠠᠭᠰᠢ ᠶᠢᠨ ᠪᠡᠶ᠎ᠡ ᠶᠢᠨ

ᠦᠨᠳᠦᠷ ᠬᠡᠳᠦᠢ ᠪᠠᠶᠢᠬᠤ ᠪᠤᠢ ᠭᠡᠵᠦ ᠪᠠᠷᠤᠭᠴᠠᠭᠠᠯᠠᠭᠤᠯᠵᠤ ᠪᠤᠯᠤᠨ᠎ᠠ᠃ ᠪᠠᠰᠠ ᠬᠦᠳᠡᠯᠭᠡᠭᠡᠨ ᠤ ᠳᠤᠮᠳᠠ ᠪᠤᠳᠠᠳᠤ

ᠠᠬᠤᠢ ᠪᠠᠶᠢᠳᠠᠯ ᠢᠶᠠᠨ ᠦᠨᠳᠦᠰᠦᠯᠡᠵᠦ᠂ ᠲᠤᠬᠢᠷᠠᠮᠵᠢᠲᠠᠢ ᠪᠠᠷᠤᠭᠴᠠᠭᠠᠯᠠᠨ ᠲᠦᠰᠦᠭᠡᠯᠡᠬᠦ ᠠᠷᠭ᠎ᠠ ᠶᠢ ᠰᠤᠩᠭᠤᠵᠤ᠂

ᠶᠡᠷᠦ ᠳᠤ ᠪᠠᠨ ᠬᠡᠷᠡᠭᠯᠡᠳᠡᠭ ᠬᠠᠷᠢᠴᠠᠩᠭᠤᠢ ᠪᠡᠶ᠎ᠡ ᠪᠠᠷ ᠠᠳᠠᠯᠢᠳᠬᠠᠨ ᠪᠠᠷᠤᠭᠴᠠᠭᠠᠯᠠᠵᠤ᠂ ᠪᠠᠷᠤᠭᠴᠠᠭᠠᠯᠠᠨ ᠲᠦᠰᠦᠭᠡᠯᠡᠬᠦ

ᠪᠠ ᠪᠤᠳᠠᠳᠤ ᠬᠡᠮᠵᠢᠯᠲᠡ ᠶᠢ ᠠᠳᠠᠯᠢᠳᠬᠠᠨ᠂ ᠪᠠᠷᠤᠭᠴᠠᠭᠠᠯᠠᠨ ᠲᠦᠰᠦᠭᠡᠯᠡᠬᠦ ᠤᠨᠤᠪᠴᠢ ᠶᠢᠨ ᠬᠡᠮᠵᠢᠶ᠎ᠡ ᠪᠠᠨ

ᠳᠡᠭᠡᠭᠰᠢᠯᠡᠭᠦᠯᠵᠦ᠂ ᠪᠠᠷᠤᠭᠴᠠᠭᠠᠯᠠᠨ ᠲᠦᠰᠦᠭᠡᠯᠡᠬᠦ ᠲᠤᠷᠰᠢᠯᠲᠠ ᠪᠠᠨ ᠲᠠᠰᠤᠷᠠᠯᠲᠠ ᠦᠭᠡᠢ ᠬᠤᠷᠠᠮᠳᠤᠭᠤᠯᠤᠨ᠂

︽ᠬᠡᠮᠵᠢᠶ᠎ᠡ︾ ᠶᠢᠨ ᠶᠡᠭᠡ ᠪᠠᠭ᠎ᠠ ᠶᠢ ᠰᠡᠷᠡᠨ ᠮᠡᠳᠡᠵᠤ᠂ ᠲᠤᠭᠠᠨ ᠤ ᠤᠬᠠᠭᠠᠨ ᠤ ᠰᠡᠷᠡᠯ ᠢ ᠪᠦᠷᠢᠯᠳᠦᠭᠦᠯᠵᠦ᠂ ᠬᠡᠮᠵᠢᠬᠦ

ᠰᠡᠷᠡᠯ ᠢ ᠨᠡᠮᠡᠭᠳᠡᠭᠦᠯᠳᠡᠭ᠃

      ᠬᠤᠶᠠᠷ᠂ ᠰᠤᠷᠤᠭᠴᠢ ᠶᠢᠨ ᠲᠤᠭᠠᠨ ᠤ ᠰᠡᠷᠡᠯ ᠢ ᠬᠦᠭᠵᠢᠭᠦᠯᠬᠦ ᠳᠤ ᠶᠠᠭᠤ ᠶᠢ ᠠᠩᠬᠠᠷᠬᠤ ᠴᠢᠬᠤᠯᠠᠲᠠᠢ ᠪᠤᠢ︖

      1. ᠪᠤᠳᠠᠳᠤ ᠣᠷᠴᠢᠨ ᠠᠴᠠ ᠲᠤᠭᠠᠨ ᠤ ᠤᠳᠬ᠎ᠠ ᠶᠢ ᠤᠢᠢᠯᠠᠭᠠᠬᠤ

      ᠪᠠᠭ᠎ᠠ ᠰᠤᠷᠭᠠᠭᠤᠯᠢ ᠶᠢᠨ ᠱᠠᠲᠤᠨ ᠳᠤ ᠭᠤᠤᠯᠳᠠᠭᠤ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ᠂

ᠪᠤᠲᠠᠷᠬᠠᠢ ᠶᠢ ᠲᠠᠨᠢᠳᠠᠭ᠂ ᠡᠳᠡᠭᠡᠷ ᠲᠤᠭᠠᠨ ᠤ ᠡᠬᠦᠰᠦᠯᠲᠡ ᠬᠦᠭᠵᠢᠯᠲᠡ ᠪᠣᠯ ᠬᠦᠮᠦᠨ ᠲᠦᠷᠦᠯᠬᠢᠲᠡᠨ ᠤ

ᠠᠮᠢᠳᠤᠷᠠᠯ ᠤᠨ ᠦᠢᠯᠡᠳᠦᠯᠭᠡ ᠠᠴᠠ ᠢᠷᠡᠯᠲᠡᠢ᠃ ᠡᠶᠢᠮᠦ ᠠᠴᠠ ᠵᠢᠭᠠᠨ ᠰᠤᠷᠭᠠᠬᠤ ᠶᠠᠪᠤᠴᠠ ᠶᠢᠨ ᠳᠤᠮᠳᠠ

ᠰᠤᠷᠤᠭᠴᠢᠳ ᠲᠤ ᠪᠤᠳᠠᠳᠤ ᠶᠢᠷᠲᠢᠨᠴᠦ ᠲᠠᠢ ᠨᠢᠭᠲᠠ ᠬᠤᠯᠪᠤᠭ᠎ᠠ ᠲᠠᠢ ᠰᠤᠷᠤᠯᠴᠠᠬᠤ ᠮᠠᠲ᠋ᠧᠷᠢᠶᠠᠯ ᠬᠠᠩᠭᠠᠨ ᠦᠭᠴᠦ᠂

ᠲᠤᠭ᠎ᠠ ᠬᠡᠮᠵᠢᠭᠳᠡᠭᠦᠨ ᠪᠣᠶᠣ ᠲᠤᠭ᠎ᠠ ᠬᠡᠮᠵᠢᠭᠳᠡᠭᠦᠨ ᠤ ᠬᠤᠯᠪᠤᠭᠳᠠᠯ ᠠᠴᠠ ᠲᠤᠭᠠᠨ ᠤ ᠬᠡᠶᠢᠰᠪᠦᠷᠢᠯᠡᠬᠦ ᠶᠠᠪᠤᠴᠠ ᠶᠢ

ᠦᠩᠭᠡᠷᠡᠭᠦᠯᠵᠦ᠂ ᠲᠤᠭᠠᠨ ᠤ ᠤᠬᠠᠭᠳᠠᠬᠤᠨ ᠢ ᠤᠬᠠᠬᠤ ᠪᠠ ᠡᠵᠡᠮᠰᠢᠵᠦ᠂ ᠲᠤᠭᠠᠨ ᠤ ᠰᠡᠷᠡᠯ ᠢ          

ᠪᠦᠷᠢᠯᠳᠦᠭᠦᠯᠳᠡᠭ᠃ ᠬᠠᠮᠲᠤ ᠳᠤ ᠨᠢ ᠪᠤᠳᠠᠳᠤ ᠣᠷᠴᠢᠨ ᠠᠴᠠ ᠨᠢᠭᠡ ᠲᠤᠭ᠎ᠠ ᠣᠯᠵᠤ᠂ ᠰᠤᠷᠤᠭᠴᠢᠳ ᠢ ᠪᠤᠳᠠᠳᠤ

ᠣᠷᠴᠢᠨ ᠳᠠᠬᠢ ᠲᠤᠭ᠎ᠠ ᠬᠡᠮᠵᠢᠭᠳᠡᠭᠦᠨ ᠲᠠᠢ ᠬᠤᠯᠪᠤᠭᠳᠠᠭᠤᠯᠤᠨ ᠪᠤᠳᠤᠬᠤ ᠶᠢ ᠵᠣᠷᠢᠬᠵᠢᠭᠤᠯᠤᠨ᠎ᠠ᠃

      ᠵᠢᠭᠠᠨ ᠰᠤᠷᠭᠠᠯᠲᠠ ᠶᠢᠨ ᠳᠤᠮᠳᠠ ᠪᠠᠭᠰᠢ ᠠᠴᠠ ᠰᠤᠷᠤᠭᠴᠢᠳ ᠲᠤ ᠡᠯᠪᠡᠭ ᠳᠡᠯᠪᠡᠭ ᠪᠤᠳᠠᠳᠤ ᠣᠷᠴᠢᠨ ᠢ

ᠬᠠᠩᠭᠠᠨ ᠦᠭᠴᠦ᠂ ᠲᠤᠭᠠᠨ ᠤ ᠤᠳᠬ᠎ᠠ ᠶᠢ ᠣᠢᠢᠯᠠᠭᠠᠬᠤ ᠳᠤ ᠬᠠᠪᠰᠤᠷᠤᠮᠵᠢ ᠦᠵᠡᠭᠦᠯᠦᠨ᠎ᠡ᠃

      2. ᠠᠰᠠᠭᠤᠳᠠᠯ ᠰᠢᠢᠳᠪᠦᠷᠢᠯᠡᠬᠦ ᠳᠤᠮᠳᠠ ᠵᠤᠬᠢᠰᠲᠠᠢ ᠪᠠᠷᠤᠭᠴᠠᠭᠠᠯᠠᠨ ᠪᠣᠳᠤᠨ᠎ᠠ᠃

      ᠪᠠᠷᠤᠭᠴᠠᠭᠠᠯᠠᠨ ᠪᠣᠳᠤᠬᠤ ᠪᠣᠯ ᠲᠤᠭᠠᠨ ᠤ ᠰᠡᠷᠡᠯ ᠤᠨ ᠴᠢᠬᠤᠯᠠ ᠪᠦᠷᠢᠯᠳᠦᠭᠦᠨ ᠬᠡᠰᠡᠭ ᠪᠣᠯᠤᠨ᠎ᠠ᠃ ᠮᠦᠨ

ᠴᠦ ᠰᠤᠷᠤᠭᠴᠢᠳ ᠤᠨ ᠲᠤᠭ᠎ᠠ ᠪᠠ ᠲᠤᠭ᠎ᠠ ᠬᠡᠮᠵᠢᠭᠳᠡᠭᠦᠨ ᠤ ᠬᠤᠯᠪᠤᠭᠳᠠᠯ ᠵᠢᠴᠢ ᠪᠣᠳᠤᠯᠭ᠎ᠠ ᠶᠢᠨ ᠦᠷ᠎ᠡ ᠳ᠋ᠦᠩ ᠢ

ᠪᠦᠬᠦ ᠲᠠᠯ᠎ᠠ ᠪᠠᠷ ᠡᠵᠡᠮᠰᠢᠬᠦ ᠶᠢ ᠲᠤᠰᠬᠠᠨ᠎ᠠ᠃ ᠡᠶᠢᠮᠦ ᠠᠴᠠ ᠪᠠᠷᠤᠭᠴᠠᠭᠠᠯᠠᠨ ᠪᠣᠳᠤᠬᠤ ᠵᠢᠭᠠᠨ ᠰᠤᠷᠭᠠᠯᠲᠠ ᠶᠢ

ᠬᠦᠨᠳᠦᠳᠭᠡᠬᠦ ᠴᠢᠬᠤᠯᠠ ᠲᠠᠢ᠃ ᠣᠨᠴᠠᠭᠠᠢᠢᠯᠠᠨ ᠪᠣᠳᠠᠳᠤ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤᠮᠳᠠᠬᠢ

ᠪᠠᠷᠤᠭᠴᠠᠭᠠᠯᠠᠨ ᠪᠣᠳᠤᠬᠤ ᠶᠢ ᠠᠩᠬᠠᠷᠬᠤ ᠭᠡᠷᠡᠭᠳᠠᠢ᠃ ᠡᠶᠢᠮᠦ ᠠᠴᠠ ᠵᠢᠭᠠᠨ ᠰᠤᠷᠭᠠᠯᠲᠠ ᠳᠤ ᠰᠤᠷᠤᠭᠴᠢᠳ ᠲᠤ

ᠢᠯᠡᠭᠦᠦ ᠰᠢᠭ ᠵᠠᠪᠰᠢᠶᠠᠨ ᠦᠭᠴᠦ᠂ ᠪᠣᠳᠠᠳᠤ ᠠᠬᠤᠢ ᠣᠷᠴᠢᠨ ᠲᠠᠢ ᠤᠶᠠᠯᠳᠤᠭᠤᠯᠵᠤ᠂ ᠪᠠᠷᠤᠭᠴᠠᠭᠠᠯᠠᠨ

ᠪᠣᠳᠤᠬᠤ ᠶᠢ ᠠᠰᠢᠭᠯᠠᠵᠤ ᠠᠰᠠᠭᠤᠳᠠᠯ ᠰᠢᠢᠳᠪᠦᠷᠢᠯᠡᠬᠦ ᠳᠤ ᠬᠠᠪᠰᠤᠷᠤᠮᠵᠢ ᠦᠵᠡᠭᠦᠯᠦᠨ᠎ᠡ᠃ ᠬᠤᠶᠠᠳᠤᠭᠠᠷ

ᠰᠤᠷᠤᠯᠭ᠎ᠠ ᠶᠢᠨ ᠱᠠᠳᠤᠨ ᠳᠤ ᠭᠤᠤᠯᠳᠠᠯᠭ᠎ᠠ ᠨᠢ ᠲᠤᠬᠢᠷᠠᠮᠵᠢᠲᠠᠢ ᠨᠢᠭᠡᠴᠢ ᠶᠢ ᠰᠤᠩᠭᠤᠵᠤ᠂ ᠰᠤᠷᠤᠭᠴᠢᠳ ᠢᠶᠠᠷ

ᠳᠦᠭᠦᠮ ᠪᠠᠷᠤᠭᠴᠠᠭᠠᠯᠠᠯᠲᠠ ᠬᠢᠯᠭᠡᠵᠦ᠂ ᠪᠠᠷᠤᠭᠴᠠᠭᠠᠯᠠᠯᠲᠠ ᠶᠢᠨ ᠠᠮᠢᠳᠤᠷᠠᠯ ᠳᠤᠮᠳᠠᠬᠢ ᠦᠢᠯᠡᠳᠦᠯ ᠢ ᠪᠡᠶᠡᠴᠢᠯᠡᠨ

ᠣᠢᠢᠯᠠᠭᠠᠨ᠎ᠠ᠃

      3. ᠬᠤᠪᠢᠷᠠᠯᠲᠠ ᠶᠢᠨ ᠵᠢᠮ᠎ᠡ ᠶᠣᠰᠤ ᠶᠢ ᠪᠡᠶᠡᠴᠢᠯᠡᠨ ᠣᠢᠢᠯᠠᠭᠠᠬᠤ ᠪᠦᠭᠡᠳ ᠲᠤᠭ᠎ᠠ ᠪᠠᠷ ᠢᠯᠡᠳᠭᠡᠵᠦ

ᠴᠢᠳᠠᠬᠤ

      ᠡᠩ ᠲᠡᠷᠢᠭᠦᠨ ᠳᠤ ᠰᠤᠷᠤᠭᠴᠢᠳ ᠲᠤ ᠬᠤᠪᠢᠷᠠᠯᠲᠠ ᠶᠢᠨ ᠵᠢᠮ᠎ᠡ ᠶᠣᠰᠣ ᠶᠢ ᠰᠡᠷᠡᠨ ᠮᠡᠳᠡᠭᠦᠯᠦᠨ᠎ᠡ᠃

ᠵᠢᠱᠢᠶᠡᠯᠡᠪᠡᠯ᠂ ᠰᠤᠷᠤᠭᠴᠢᠳ ᠴᠡᠴᠡᠭ ᠤᠨ ᠫᠧᠩᠰᠡ ᠶᠢ ︵ᠨᠢᠭᠡ ᠤᠯᠠᠭᠠᠨ᠂ ᠨᠢᠭᠡ ᠰᠢᠷ᠎ᠠ︶ ᠵᠡᠷᠭᠡᠴᠡᠭᠦᠯᠦᠨ

ᠲᠠᠯᠪᠢᠵᠤ᠂ ᠬᠦᠮᠦᠨ ᠢ ᠮᠦᠷᠯᠡᠨ ᠵᠢᠭᠰᠠᠭᠠᠬᠤ ᠳᠤ ᠨᠢᠭᠡ ᠡᠷᠡᠭᠲᠡᠢ ᠨᠢᠭᠡ ᠡᠮᠡᠭᠲᠡᠢ ᠭᠡᠵᠦ ᠵᠢᠭᠰᠠᠭᠠᠬᠤ᠂ ᠬᠦᠭᠵᠢᠮ ᠤᠨ

ᠠᠶᠠᠰ ᠤᠨ ᠴᠣᠬᠢᠯᠭ᠎ᠠ ᠨᠢᠭᠡ ᠴᠢᠩᠭ᠎ᠠ ᠨᠢᠭᠡ ᠪᠠᠭᠤᠷᠠᠢ ᠪᠠᠶᠢᠬᠤ ᠳᠤᠮᠳᠠ ᠠᠴᠠ ᠠᠳᠠᠯᠢ ᠬᠤᠪᠢᠷᠠᠯᠲᠠ ᠶᠢᠨ ᠵᠢᠮ᠎ᠡ

ᠶᠣᠰᠤ ᠶᠢ ᠰᠡᠷᠡᠨ ᠮᠡᠳᠡᠨ᠎ᠡ᠃ ᠡᠨᠡ ᠰᠠᠭᠤᠷᠢᠨ ᠳᠡᠭᠡᠷ᠎ᠡ ᠰᠤᠷᠤᠭᠴᠢᠳ ᠢ ᠲᠤᠭ᠎ᠠ ︽1,2,1,2︖︾ ᠪᠣᠶᠤ

ᠦᠭᠡᠷ᠎ᠡ ᠠᠷᠭ᠎ᠠ ᠪᠠᠷ ᠢᠯᠡᠳᠭᠡᠯᠭᠡᠵᠦ᠂ ᠡᠨᠡ ᠠᠷᠭ᠎ᠠ ᠪᠠᠷ ᠠᠳᠠᠯᠢ ᠵᠢᠮ᠎ᠡ ᠶᠣᠰᠤ ᠶᠢ ᠵᠢᠷᠤᠭᠴᠢᠯᠠᠵᠤ ᠪᠣᠯᠤᠨ᠎ᠠ

ᠭᠡᠳᠡᠭ ᠢ ᠪᠡᠶᠡᠴᠢᠯᠡᠨ ᠣᠢᠢᠯᠠᠭᠠᠭᠤᠯᠤᠨ᠎ᠠ᠃

      ᠭᠤᠷᠪᠠ᠂ ᠰᠤᠷᠤᠭᠴᠢᠳ ᠤᠨ ᠲᠡᠮᠲᠡᠭ ᠤᠨ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ ᠴᠢᠬᠤᠯᠠᠲᠠᠢ

ᠪᠤᠢ︖

      1. ᠲᠡᠮᠲᠡᠭ ᠢᠶᠠᠷ ᠢᠯᠡᠳᠭᠡᠬᠦ ᠶᠠᠪᠤᠴᠠ ᠶᠢ ᠦᠩᠭᠡᠷᠡᠭᠡᠵᠦ᠂ ᠰᠤᠷᠤᠭᠴᠢᠳ ᠲᠡᠮᠲᠡᠭ ᠤᠨ ᠤᠳᠬ᠎ᠠ ᠪᠠ

ᠦᠢᠯᠡᠳᠦᠯ ᠢ ᠰᠡᠷᠡᠨ ᠮᠡᠳᠡᠵᠤ᠂ ᠲᠡᠮᠲᠡᠭ ᠤᠨ ᠤᠬᠠᠮᠰᠠᠷ ᠢ ᠬᠦᠭᠵᠢᠭᠦᠯᠦᠨ᠎ᠡ᠃

      ᠵᠢᠭᠠᠨ ᠰᠤᠷᠭᠠᠯᠲᠠ ᠶᠢᠨ ᠳᠤᠮᠳᠠ ᠠᠰᠠᠭᠤᠳᠠᠯ ᠤᠨ ᠣᠷᠴᠢᠨ ᠢ ᠪᠠᠶᠢᠭᠤᠯᠬᠤ ᠪᠠᠷ ᠳᠠᠮᠵᠢᠵᠦ᠂

ᠰᠤᠷᠤᠭᠴᠢᠳ ᠢᠶᠠᠷ ᠠᠰᠠᠭᠤᠳᠠᠯ ᠤᠨ ᠣᠷᠴᠢᠨ ᠲᠤᠳᠤᠷᠠᠬᠢ ᠲᠤᠭ᠎ᠠ ᠬᠡᠮᠵᠢᠭᠳᠡᠬᠦᠨ ᠤ ᠬᠤᠯᠪᠤᠭᠳᠠᠯ ᠵᠢᠴᠢ ᠵᠢᠮ᠎ᠡ

ᠶᠣᠰᠤ ᠶᠢ ᠢᠯᠡᠳᠭᠡᠵᠦ ᠭᠠᠷᠭᠠᠬᠤ ᠶᠢ ᠵᠢᠯᠤᠭᠤᠳᠤᠨ᠎ᠠ᠃ ᠲᠡᠮᠲᠡᠭ ᠬᠡᠷᠡᠭᠯᠡᠬᠦ ᠶᠠᠪᠤᠴᠠ ᠶᠢ ᠦᠩᠭᠡᠷᠡᠭᠡᠵᠦ᠂ ᠲᠡᠭᠦᠨ ᠤ

ᠳᠤᠮᠳᠠ ᠠᠴᠠ ᠲᠡᠮᠲᠡᠭ ᠤᠨ ᠦᠢᠯᠡᠳᠦᠯ ᠢ ᠰᠡᠷᠡᠨ ᠮᠡᠳᠡᠵᠦ᠂ ᠰᠤᠷᠤᠭᠴᠢᠳ ᠤᠨ ᠲᠡᠮᠲᠡᠭ ᠤᠨ ᠤᠬᠠᠮᠰᠠᠷ ᠢ

ᠬᠦᠭᠵᠢᠭᠦᠯᠦᠨ᠎ᠡ᠃

      2. ᠲᠣᠭᠠᠨ ᠤ ᠣᠬᠠᠭᠠᠨ ᠤ ᠬᠡᠷᠡᠭᠯᠡᠭᠡᠨ ᠤ ᠶᠠᠪᠤᠴᠠ ᠳᠤ ᠲᠡᠮᠲᠡᠭ ᠢᠶᠠᠷ ᠢᠯᠡᠳᠭᠡᠬᠦ ᠡᠩ ᠤᠨ ᠴᠢᠨᠠᠷ ᠢ

ᠪᠡᠶᠡᠴᠢᠯᠡᠨ ᠦᠩᠭᠡᠷᠡᠭᠡᠵᠦ᠂ ᠲᠡᠮᠲᠡᠭ ᠤᠨ ᠤᠬᠠᠮᠰᠠᠷ ᠢ ᠳᠡᠭᠡᠭᠰᠢᠯᠡᠭᠦᠯᠦᠨ᠎ᠡ᠃

      ᠰᠤᠷᠤᠭᠴᠢᠳ ᠲᠡᠮᠲᠡᠭ ᠬᠡᠷᠡᠭᠯᠡᠬᠦ ᠶᠠᠪᠤᠴᠠ ᠳᠤ ᠳᠤᠤᠷᠠᠬᠢ ᠬᠤᠶᠠᠷ ᠲᠠᠯ᠎ᠠ ᠪᠠᠷ ᠪᠡᠶᠡᠴᠢᠯᠡᠨ ᠦᠩᠭᠡᠷᠡᠭᠡᠬᠦ

ᠬᠡᠷᠡᠭᠲᠡᠢ᠃ ᠲᠡᠮᠲᠡᠭ ᠢᠶᠠᠷ ᠢᠯᠡᠳᠭᠡᠬᠦ ᠳᠤ ᠡᠩ ᠤᠨ ᠴᠢᠨᠠᠷᠲᠠᠢ᠂ ᠲᠡᠮᠲᠡᠭ ᠢᠶᠠᠷ ︽ᠳ᠋ᠦᠢᠰᠢᠶᠠᠠᠩ︾ ᠪᠤᠯᠭᠠᠵᠤ᠂ ᠪᠣᠳᠤᠵᠤ᠂

ᠮᠦᠷᠳᠡᠵᠦ᠂ ᠣᠯᠤᠭᠰᠠᠨ ᠦᠷ᠎ᠠ ᠳ᠋ᠦᠩ ᠨᠢ ᠪᠠᠰᠠ ᠡᠩ ᠤᠨ ᠴᠢᠨᠠᠷ ᠲᠠᠢ ᠪᠠᠶᠢᠬᠤ ᠬᠡᠷᠡᠭᠲᠡᠢ᠃ ᠵᠢᠱᠢᠶᠠᠯᠡᠪᠡᠯ᠂

ᠪᠣᠳᠤᠯᠭ᠎ᠠ ᠶᠢᠨ ᠵᠢᠮ᠎ᠡ ᠬᠠᠤᠯᠢ ᠶᠢ ᠦᠰᠦᠭ ᠢᠶᠠᠷ ᠢᠯᠡᠳᠭᠡᠬᠦ ᠳᠤᠮᠳᠠ ᠪᠠᠭᠰᠢ ᠤᠷᠢᠳ ᠢᠶᠠᠷ ᠨᠡᠮᠡᠬᠦ ᠦᠢᠯᠡᠳᠦᠯ ᠤᠨ

ᠪᠠᠶᠢᠷᠢ ᠰᠤᠯᠢᠬᠤ ᠬᠠᠤᠯᠢ ᠶᠢ ᠦᠪᠡᠷ ᠤᠨ ᠬᠢᠨᠢ ᠠᠷᠭ᠎ᠠ ᠪᠠᠷ ᠢᠯᠡᠳᠭᠡᠯᠭᠡᠨ᠂ ᠳᠠᠷᠠᠭ᠎ᠠ ᠨᠢ ᠰᠠᠨᠠᠯ            

ᠰᠤᠯᠢᠯᠴᠠᠭᠤᠯᠤᠨ᠎ᠠ᠃ ᠰᠤᠷᠤᠭᠴᠢᠳ ᠤᠨ ᠠᠷᠭ᠎ᠠ ᠳᠤᠤᠷᠠᠬᠢ ᠳᠦᠷᠪᠡᠨ ᠲᠦᠷᠦᠯ ᠢᠶᠠᠷ ᠢᠷᠡᠨ᠎ᠡ᠃ ︵1︶ ᠪᠤᠳᠠᠳᠠᠢ

ᠲᠤᠭ᠎ᠠ ᠪᠠᠷ ᠵᠢᠱᠢᠶ᠎ᠡ ᠲᠠᠲᠠᠨ᠎ᠠ᠃ ︵2︶ ᠦᠰᠦᠭ ᠪᠢᠴᠢᠭ ︽ᠠ ᠲᠤᠭ᠎ᠠ᠂ ᠡ ᠲᠤᠭ᠎ᠠ ᠁︾ ᠪᠠᠷ          

ᠢᠯᠡᠳᠭᠡᠨ᠎ᠡ᠃ ︵3︶ ︽■▲︾ ᠲᠡᠮᠲᠡᠭ ᠢᠶᠠᠷ ᠢᠯᠡᠳᠭᠡᠨ᠎ᠡ᠃  ︵4︶ ᠦᠰᠦᠭ ︽a,b,c, ᠁︾ ᠢᠶᠠᠷ

ᠢᠯᠡᠳᠭᠡᠨ᠎ᠡ᠃ ᠵᠠᠯᠭᠠᠭᠠᠳ ᠪᠠᠭᠰᠢ ᠠᠴᠠ ᠰᠤᠷᠤᠭᠴᠢᠳ ᠢ ᠵᠤᠬᠢᠶᠠᠨ ᠪᠠᠶᠢᠭᠤᠯᠵᠤ ᠶᠠᠷᠢᠯᠴᠠᠭᠤᠯᠵᠤ᠂ ᠡᠳᠡᠭᠡᠷ

ᠠᠷᠭ᠎ᠠ ᠠᠴᠠ ᠨᠢᠭᠡ ᠶᠢ ᠰᠤᠩᠭᠤᠵᠤ ᠤᠯᠠᠨ ᠳᠤ ᠲᠠᠨᠢᠯᠴᠠᠭᠤᠯᠤᠨ᠎ᠠ᠃ ᠶᠠᠷᠢᠯᠴᠠᠬᠤ ᠪᠠᠷ ᠳᠠᠮᠵᠢᠵᠤ᠂ ︵2︶ ︵3︶ ︵4︶

ᠪᠣᠯ ︽ᠶᠠᠮᠠᠷᠪᠠ ᠲᠤᠭ᠎ᠠ︾ ᠶᠢ ᠢᠯᠡᠳᠭᠡᠬᠦ ᠶᠢ ᠮᠡᠳᠡᠵᠦ᠂ ︽ᠡᠩ ᠤᠨ ᠴᠢᠨᠠᠷ︾ ᠢ ᠨᠢ ᠲᠣᠪᠤᠶᠢᠯᠭᠠᠨ᠎ᠠ᠃ ᠬᠠᠷᠢᠯᠴᠠᠨ

ᠠᠳᠠᠯᠢᠳᠬᠠᠪᠠᠯ ᠦᠰᠦᠭ ᠢᠶᠠᠷ ᠢᠯᠡᠳᠭᠡᠬᠦ ᠨᠢ ᠬᠠᠮᠤᠭ ᠤᠨ ᠳᠦᠭᠦᠮ᠂ ᠤᠯᠠᠮ ᠨᠢᠭᠡ ᠠᠯᠬᠤᠮ ᠪᠤᠳᠤᠬᠤ ᠪᠠ

ᠮᠦᠷᠳᠡᠬᠦ ᠳᠤ ᠳᠦᠭᠦᠮ᠃ ᠲᠡᠭᠡᠪᠡᠯ ︽ᠡᠩ ᠤᠨ ᠴᠢᠨᠠᠷ ᠲᠠᠢ ᠦᠷ᠎ᠡ ᠳ᠋ᠦᠩ ᠢ ᠲᠡᠮᠲᠡᠭ ᠢᠶᠠᠷ ᠢᠯᠡᠳᠭᠡᠬᠦ︾ ᠳᠤ

ᠬᠠᠮᠤᠭ ᠤᠨ ᠬᠦᠨᠵᠡᠭᠡᠢ ᠲᠠᠨᠢᠯᠲᠠ ᠲᠠᠢ ᠪᠣᠯᠤᠨ᠎ᠠ᠃

      3. ᠲᠣᠭᠠᠨ ᠤ ᠤᠬᠠᠭᠠᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠲᠡᠮᠲᠡᠭ ᠤᠨ ᠤᠬᠠᠮᠰᠠᠷ ᠢ

ᠠᠩᠬ᠎ᠠ ᠠᠯᠬᠤᠮ ᠪᠦᠷᠢᠯᠳᠦᠭᠦᠯᠭᠦ

      ᠵᠢᠭᠠᠨ ᠰᠤᠷᠭᠠᠯᠳᠠ ᠳᠤ ᠲᠤᠬᠢᠷᠠᠮᠵᠢᠲᠠᠢ ᠠᠰᠠᠭᠤᠳᠠᠯ ᠤᠨ ᠣᠷᠴᠢᠨ ᠢ ᠪᠠᠶᠢᠭᠤᠯᠵᠤ᠂ ᠰᠤᠷᠤᠭᠴᠢᠳ ᠢ

ᠵᠢᠯᠤᠭᠤᠳᠴᠤ ᠠᠰᠠᠭᠤᠳᠠᠯ ᠢ ᠢᠯᠠᠷᠡᠭᠦᠯᠵᠦ᠂ ᠠᠰᠠᠭᠤᠳᠠᠯ ᠢ ᠳᠤᠷᠠᠳᠴᠤ᠂ ᠠᠰᠠᠭᠤᠳᠠᠯ ᠢ ᠵᠠᠳᠠᠯᠬᠤ ᠪᠠ

ᠰᠢᠢᠳᠪᠦᠷᠢᠯᠡᠬᠦ ᠪᠦᠬᠦᠢ ᠯᠡ ᠶᠠᠪᠤᠴᠠ ᠶᠢ ᠦᠩᠭᠡᠷᠡᠭᠡᠵᠦ᠂ ︽ᠲᠡᠮᠲᠡᠭ ᠢᠶᠠᠷ ᠢᠯᠡᠳᠭᠡᠬᠦ︾ ᠪᠠᠷ ᠰᠢᠢᠳᠪᠦᠷᠢᠯᠡᠬᠦ

ᠠᠷᠭ᠎ᠠ ᠪᠠᠨ ᠪᠤᠯᠭᠠᠵᠤ᠂ ᠡᠨᠡ ᠶᠠᠪᠤᠴᠠ ᠳᠤ ᠰᠠᠨᠠᠭᠠᠴᠢᠯᠠᠭ᠎ᠠ ᠠᠴᠠ ᠬᠡᠷᠡᠭᠯᠡᠬᠦ ᠤᠬᠠᠮᠰᠠᠷ ᠢ ᠬᠦᠭᠵᠢᠭᠦᠯᠦᠨ᠎ᠡ᠃

      ᠳᠦᠷᠪᠡ᠂ ᠰᠤᠷᠤᠭᠴᠢ ᠶᠢᠨ ᠪᠣᠳᠤᠯᠭ᠎ᠠ ᠶᠢᠨ ᠴᠢᠳᠠᠪᠦᠷᠢ ᠶᠢ ᠬᠦᠭᠵᠢᠭᠦᠯᠬᠦ ᠳᠤ ᠶᠠᠭᠤ  ᠶᠢ ᠠᠩᠬᠠᠷᠬᠤ

ᠴᠢᠬᠤᠯᠠᠲᠠᠢ ᠪᠤᠢ︖

      1. ᠰᠤᠷᠤᠭᠴᠢ ᠶᠢ ᠬᠠᠪᠰᠤᠷᠴᠤ᠂ ᠲᠤᠭ᠎ᠠ ᠪᠠ ᠪᠣᠳᠤᠯᠭ᠎ᠠ ᠶᠢᠨ ᠤᠳᠬ᠎ᠠ ᠶᠢ ᠭᠦᠢᠴᠡᠳ ᠤᠬᠠᠵᠤ᠂ ᠪᠣᠳᠤᠬᠤ

ᠠᠷᠭ᠎ᠠ ᠪᠠ ᠪᠣᠳᠤᠬᠤ ᠶᠣᠰᠤᠨ ᠤ ᠬᠤᠭᠤᠷᠤᠨᠳᠤᠬᠢ ᠬᠠᠷᠢᠴᠠᠭ᠎ᠠ  ᠶᠢ ᠭᠦᠢᠴᠡᠳ ᠤᠬᠠᠬᠤ᠂ ᠲᠣᠭᠠᠨ ᠤ ᠤᠳᠬ᠎ᠠ ᠪᠠ

ᠬᠤᠯᠪᠤᠭᠳᠠᠯ ᠵᠢᠴᠢ ᠪᠣᠳᠤᠯᠭ᠎ᠠ ᠶᠢᠨ ᠤᠳᠬ᠎ᠠ ᠪᠠ ᠬᠤᠯᠪᠤᠭᠳᠠᠯ ᠪᠣᠯ ᠪᠣᠳᠤᠬᠤ ᠶᠤᠰᠤ᠂ ᠪᠤᠳᠤᠬᠤ ᠠᠷᠭ᠎ᠠ ᠶᠢᠨ

ᠴᠢᠬᠤᠯᠠ ᠰᠠᠭᠤᠷᠢ᠃ ᠡᠶᠢᠮᠦ ᠠᠴᠠ ᠵᠢᠭᠠᠨ ᠰᠤᠷᠭᠠᠯᠲᠠ ᠳᠤ ᠲᠣᠭᠠᠨ ᠤ ᠤᠳᠬ᠎ᠠ ᠶᠢ ᠰᠤᠷᠤᠯᠴᠠᠬᠤ᠂ ᠤᠨᠴᠠᠭᠠᠢᠢᠯᠠᠨ

ᠲᠣᠭᠠᠨ ᠤ ᠣᠷᠤᠨ᠂ ᠲᠤᠭᠠᠯᠠᠯᠭ᠎ᠠ ᠶᠢᠨ ᠨᠢᠭᠡᠴᠢ ᠶᠢᠨ ᠰᠤᠷᠤᠯᠴᠠᠯᠭ᠎ᠠ ᠶᠢ ᠴᠢᠬᠤᠯᠠᠴᠢᠯᠠᠨ᠎ᠠ᠃ ᠪᠦᠬᠦᠯᠢ ᠲᠤᠭ᠎ᠠ᠂

ᠠᠷᠪᠠᠲᠤ ᠶᠢᠨ ᠪᠤᠲᠠᠷᠬᠠᠢ᠂ ᠪᠤᠲᠠᠷᠬᠠᠢ ᠭᠡᠰᠡᠨ ᠦᠬᠡᠢ ᠪᠦᠷ ᠲᠣᠭᠠᠯᠠᠯᠭ᠎ᠠ ᠶᠢᠨ ᠨᠢᠭᠡᠴᠢ ᠶᠢᠨ ︽ᠬᠤᠷᠠᠮᠳᠤᠯ︾ ᠭᠡᠵᠦ

ᠦᠵᠡᠵᠦ ᠪᠣᠯᠤᠨ᠎ᠠ᠃ ᠬᠠᠷᠢᠨ ᠲᠣᠭᠠᠨ ᠤ ᠶᠡᠭᠡ ᠪᠠᠭ᠎ᠠ ᠶᠢ ᠠᠳᠠᠯᠢᠳᠬᠠᠬᠤ ᠨᠢ ᠲᠣᠭᠠᠨ ᠤ ᠣᠷᠤᠨ ᠳᠤ

ᠰᠠᠭᠤᠷᠢᠯᠠᠳᠠᠭ᠃ ᠪᠣᠳᠤᠯᠭ᠎ᠠ ᠶᠢᠨ ᠤᠳᠬ᠎ᠠ ᠶᠢ ᠰᠤᠷᠤᠯᠴᠠᠬᠤ ᠳᠤ ᠪᠤᠳᠠᠳᠤ ᠣᠷᠴᠢᠨ ᠠᠴᠠ ᠲᠣᠭᠠᠨ ᠤ ᠳᠦᠷᠪᠡᠨ

ᠪᠣᠳᠤᠯᠭ᠎ᠠ ᠶᠢᠨ ᠶᠠᠪᠤᠴᠠ ᠶᠢ ᠬᠡᠶᠢᠰᠪᠦᠷᠢᠯᠡᠬᠦ ᠶᠢ ᠴᠢᠬᠤᠯᠠᠴᠢᠯᠠᠵᠤ᠂ ᠪᠣᠳᠤᠯᠭ᠎ᠠ ᠶᠢᠨ ᠤᠭ ᠬᠡᠯᠪᠡᠷᠢ ᠶᠢᠨ ᠬᠤᠷᠠᠮᠳᠤᠯ ᠢ

ᠴᠢᠬᠤᠯᠠᠴᠢᠯᠠᠨ᠎ᠠ᠃ ᠡᠨᠡ ᠰᠠᠭᠤᠷᠢᠨ ᠳᠡᠭᠡᠷ᠎ᠡ ᠰᠤᠷᠤᠭᠴᠢ ᠪᠣᠳᠤᠯᠭ᠎ᠠ ᠶᠢᠨ ᠬᠤᠭᠤᠷᠤᠨᠳᠤᠬᠢ ᠬᠠᠷᠢᠴᠠᠭ᠎ᠠ ᠶᠢ ᠰᠡᠷᠡᠨ

ᠮᠡᠳᠡᠵᠤ᠂ ᠬᠠᠰᠤᠬᠤ ᠪᠣᠯ ᠨᠡᠮᠡᠬᠦ ᠶᠢᠨ ᠤᠷᠪᠠᠭᠤ ᠪᠣᠳᠤᠯᠭ᠎ᠠ᠂ ᠬᠤᠪᠢᠶᠠᠬᠤ ᠪᠣᠯ ᠦᠷᠡᠵᠢᠭᠦᠯᠬᠦ ᠶᠢᠨ ᠤᠷᠪᠠᠭᠤ

ᠪᠣᠳᠤᠯᠭ᠎ᠠ ᠭᠡᠳᠡᠭ ᠢ ᠮᠡᠳᠡᠨ᠎ᠡ᠃

      2. ᠪᠦᠬᠦᠯᠢ ᠴᠤᠭᠴᠠ ᠠᠴᠠ ᠲᠦᠰᠦᠪᠯᠡᠬᠦ ᠶᠢ ᠴᠢᠬᠤᠯᠠᠴᠢᠯᠠᠵᠤ᠂ ᠪᠣᠳᠤᠯᠭ᠎ᠠ ᠶᠢᠨ ᠨᠢᠭᠡᠲᠦᠯᠲᠦ ᠴᠢᠨᠠᠷ ᠢ

ᠰᠡᠷᠡᠨ ᠮᠡᠳᠡᠭᠦᠯᠭᠦ

      ᠲᠣᠭᠠᠨ ᠤ ᠪᠣᠳᠤᠯᠭ᠎ᠠ ᠶᠢᠨ ᠵᠢᠭᠠᠨ ᠰᠤᠷᠭᠠᠯᠲᠠ ᠳᠤ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ ᠪᠠ

ᠪᠤᠲᠠᠷᠬᠠᠢ ᠶᠢᠨ ᠳᠦᠷᠪᠡᠨ ᠪᠣᠳᠤᠯᠭ᠎ᠠ ᠶᠢᠨ ᠨᠢᠭᠡᠲᠦᠯᠲᠡᠢ ᠲᠦᠯᠦᠪᠯᠡᠬᠦ ᠶᠢ ᠴᠢᠬᠤᠯᠠᠴᠢᠯᠠᠵᠤ᠂ ᠪᠣᠳᠤᠯᠭ᠎ᠠ ᠶᠢᠨ

ᠨᠢᠭᠡᠲᠦᠯᠲᠤ ᠴᠢᠨᠠᠷ ᠢ ᠰᠡᠷᠡᠨ ᠮᠡᠳᠡᠭᠦᠯᠦᠨ᠎ᠡ᠃

      ᠪᠣᠳᠤᠯᠭ᠎ᠠ ᠶᠢᠨ ᠶᠣᠰᠤ ᠪᠠ ᠪᠣᠳᠤᠬᠤ ᠠᠷᠭ᠎ᠠ ᠶᠢ ᠪᠦᠬᠦᠯᠢ ᠴᠤᠭᠴᠠ ᠠᠴᠠ ᠤᠬᠠᠬᠤ ᠪᠠ ᠡᠵᠡᠮᠰᠢᠵᠦ᠂

ᠪᠤᠳᠤᠬᠤ ᠠᠷᠭ᠎ᠠ ᠶᠢᠨ ᠶᠡᠷᠦᠩᠬᠡᠢ ᠴᠢᠨᠠᠷ ᠢ ᠲᠠᠨᠢᠵᠤ᠂ ᠰᠤᠷᠤᠭᠴᠢ ᠶᠢᠨ ᠪᠣᠳᠤᠯᠭ᠎ᠠ ᠶᠢᠨ ᠴᠢᠳᠠᠪᠦᠷᠢ ᠪᠠ ᠮᠦᠷᠳᠡᠬᠦ

ᠤᠬᠠᠮᠰᠠᠷ ᠢ ᠳᠡᠭᠡᠭᠰᠢᠯᠡᠭᠦᠯᠦᠨ᠎ᠡ᠃

      ᠵᠢᠭᠠᠨ ᠰᠤᠷᠭᠠᠯᠲᠠ ᠳᠤ᠂ ᠠᠷᠪᠠᠲᠤ ᠶᠢᠨ ᠪᠤᠲᠠᠷᠬᠠᠢ᠂ ᠪᠤᠲᠠᠷᠬᠠᠢ᠂ ᠪᠦᠬᠦᠯᠢ ᠲᠣᠭᠠᠨ ᠤ ᠪᠣᠳᠤᠯᠭ᠎ᠠ ᠶᠢᠨ

ᠬᠤᠭᠤᠷᠤᠨᠳᠤᠬᠢ ᠬᠤᠯᠪᠤᠭᠳᠠᠯ ᠢ ᠨᠡᠪᠲᠡᠷᠡᠭᠦᠯᠬᠦ ᠶᠢ ᠴᠢᠬᠤᠯᠠᠴᠢᠯᠠᠵᠤ᠂ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ᠂

ᠪᠣᠲᠠᠷᠬᠠᠢ ᠶᠢᠨ ᠨᠢᠭᠡᠲᠦᠯᠲᠤ ᠴᠢᠨᠠᠷ ᠤᠨ ᠦᠨᠳᠦᠷᠴᠡ ᠳᠤ ᠵᠤᠭᠰᠤᠵᠤ᠂ ᠪᠦᠬᠦᠢ ᠯᠡ ᠪᠠᠭ᠎ᠠ ᠰᠤᠷᠭᠠᠭᠤᠯᠢ ᠶᠢᠨ

ᠱᠠᠲᠤᠨ ᠤ ᠪᠣᠳᠤᠯᠭ᠎ᠠ  ᠶᠢᠨ ᠵᠢᠭᠠᠨ ᠰᠤᠷᠭᠠᠯᠲᠠ ᠶᠢ ᠦᠵᠡᠨ᠎ᠡ᠃ ᠵᠢᠱᠢᠶᠡᠯᠡᠪᠡᠯ᠂ ᠨᠡᠮᠡᠵᠦ ᠬᠠᠰᠤᠬᠤ ᠵᠢᠭᠠᠨ

ᠰᠤᠷᠭᠠᠯᠲᠠ ᠳᠤ᠂ ᠠᠷᠪᠠᠲᠤ ᠶᠢᠨ ᠪᠣᠲᠠᠷᠬᠠᠢ᠂ ᠪᠣᠲᠠᠷᠬᠠᠢ ᠶᠢᠨ ᠨᠡᠮᠡᠵᠤ ᠬᠠᠰᠤᠬᠤ ᠦᠢᠯᠡᠳᠦᠯ ᠪᠠ ᠪᠦᠬᠦᠯᠢ

ᠲᠣᠭᠠᠨ ᠤ ᠨᠡᠮᠡᠵᠦ ᠬᠠᠰᠤᠬᠤ ᠦᠢᠯᠡᠳᠦᠯ ᠤᠨ ᠬᠤᠭᠤᠷᠤᠨᠳᠤᠬᠢ ᠬᠤᠯᠪᠤᠭᠳᠠᠯ ᠤᠨ ᠪᠤᠳᠤᠬᠤ ᠠᠷᠭ᠎ᠠ ᠶᠢᠨ ᠴᠦᠮ᠎ᠡ

ᠪᠣᠯ ᠲᠣᠭᠠᠨ ᠤ ᠣᠷᠤᠨ ᠪᠠ ᠲᠣᠭᠠᠯᠠᠯᠭ᠎ᠠ ᠶᠢᠨ ᠨᠢᠭᠡᠴᠢ ᠪᠣᠯᠬᠤ ᠭᠡᠰᠡᠨ ᠢ ᠰᠤᠷᠤᠭᠴᠢ ᠳᠤ ᠮᠡᠳᠡᠭᠦᠯᠵᠦ᠂ ᠨᠡᠮᠡᠵᠤ

ᠬᠠᠰᠤᠬᠤ ᠦᠢᠯᠡᠳᠦᠯ ᠤᠨ ᠨᠢᠭᠡᠳᠦᠯᠲᠤ ᠴᠢᠨᠠᠷ ᠢ ᠠᠩᠬ᠎ᠠ ᠠᠯᠬᠤᠮ ᠤᠢᠢᠯᠠᠭᠠᠭᠤᠯᠵᠤ᠂ ᠰᠤᠷᠤᠭᠴᠢ ᠶᠢᠨ

ᠪᠣᠳᠤᠯᠭ᠎ᠠ ᠶᠢᠨ ᠴᠢᠳᠠᠪᠦᠷᠢ ᠶᠢ ᠬᠦᠭᠵᠢᠭᠦᠯᠦᠨ᠎ᠡ᠃ ᠦᠷᠡᠵᠢᠭᠦᠯᠵᠦ ᠬᠤᠪᠢᠶᠠᠬᠤ ᠦᠢᠯᠡᠳᠦᠯ ᠤᠨ ᠵᠢᠭᠠᠨ

ᠰᠤᠷᠭᠠᠯᠲᠠ ᠳᠤ ᠪᠦᠬᠦᠯᠢ ᠲᠤᠭ᠎ᠠ᠂ ᠠᠷᠪᠠᠲᠤ ᠶᠢᠨ ᠪᠤᠲᠠᠷᠬᠠᠢ᠂ ᠪᠤᠲᠠᠷᠬᠠᠢ ᠶᠢᠨ ᠪᠣᠳᠤᠯᠭ᠎ᠠ ᠶᠢᠨ ᠡᠩ ᠤᠨ ᠠᠷᠭ᠎ᠠ ᠳᠤ

ᠬᠦᠴᠦ ᠲᠠᠯᠪᠢᠨ᠂ ᠲᠣᠭᠠᠨ ᠤ ᠤᠳᠬ᠎ᠠ ᠶᠢᠨ ᠨᠢᠭᠡᠳᠦᠯᠲᠦ ᠴᠢᠨᠠᠷ ᠤᠨ ᠰᠠᠭᠤᠷᠢᠨ ᠳᠡᠭᠡᠷ᠎ᠡ ᠪᠣᠳᠤᠬᠤ ᠠᠷᠭ᠎ᠠ ᠶᠢᠨ

ᠨᠢᠭᠡᠳᠦᠯᠲᠦ ᠴᠢᠨᠠᠷ ᠢ ᠰᠡᠷᠡᠨ ᠮᠡᠳᠡᠵᠦ᠂ ᠪᠣᠳᠤᠯᠭ᠎ᠠ ᠶᠢᠨ ᠨᠢᠭᠡᠲᠦᠯᠲᠤ ᠴᠢᠨᠠᠷ ᠢ ᠲᠠᠨᠢᠨ᠎ᠠ᠃

      3. ᠪᠣᠳᠤᠯᠭ᠎ᠠ ᠶᠢᠨ ᠬᠡᠷᠡᠭᠯᠡᠭᠡ ᠶᠢ ᠠᠩᠬᠠᠷᠴᠤ᠂ ᠰᠤᠷᠤᠭᠴᠢ ᠶᠢᠨ ᠲᠣᠬᠢᠷᠠᠮᠵᠢᠲᠠᠢ ᠠᠷᠭ᠎ᠠ ᠪᠣᠳᠤᠯᠭ᠎ᠠ

ᠰᠤᠩᠭᠤᠵᠤ ᠠᠰᠠᠭᠤᠳᠠᠯ ᠰᠢᠢᠳᠪᠦᠷᠢᠯᠡᠬᠦ ᠶᠢ ᠵᠤᠷᠢᠬᠵᠢᠭᠤᠯᠬᠤ

      ᠪᠤᠳᠠᠳᠤ ᠵᠢᠭᠠᠨ ᠰᠤᠷᠭᠠᠯᠲᠠ ᠳᠤ᠂ ᠰᠤᠷᠤᠭᠴᠢ ᠶᠢᠨ ᠪᠤᠳᠠᠳᠤ ᠠᠰᠠᠭᠤᠳᠠᠯ ᠢ ᠰᠢᠢᠳᠪᠦᠷᠢᠯᠡᠬᠦ᠂ ᠰᠤᠷᠠᠭ

ᠵᠠᠩᠬᠢ ᠬᠤᠷᠠᠮᠳᠤᠭᠤᠯᠬᠤ ᠪᠠ ᠰᠤᠩᠭᠤᠬᠤ᠂ ᠲᠤᠭ᠎ᠠ ᠬᠡᠮᠵᠢᠭᠳᠡᠭᠦᠨ ᠤ ᠬᠤᠯᠪᠤᠭᠳᠠᠯ ᠢ ᠵᠠᠳᠠᠯᠬᠤ᠂ ᠪᠣᠳᠤᠯᠭ᠎ᠠ ᠶᠢ

ᠠᠰᠢᠭᠯᠠᠨ ᠠᠰᠠᠭᠤᠳᠠᠯ ᠢ ᠰᠢᠢᠳᠪᠦᠷᠢᠯᠡᠬᠦ ᠪᠠ ᠦᠷ᠎ᠡ ᠳ᠋ᠦᠩ ᠤᠨ ᠪᠤᠲᠠᠳᠠᠢ ᠤᠳᠬ᠎ᠠ ᠳᠤ ᠲᠠᠶᠢᠯᠪᠦᠷᠢᠯᠠᠯᠲᠠ ᠬᠢᠬᠦ ᠶᠢ

ᠵᠤᠷᠢᠬᠵᠢᠭᠤᠯᠤᠨ᠎ᠠ᠃ ᠡᠨᠡ ᠶᠠᠪᠤᠴᠠ ᠳᠤ ᠰᠤᠷᠤᠭᠴᠢ ᠶᠢᠨ ᠲᠤᠬᠢᠷᠠᠮᠵᠢᠲᠠᠢ ᠠᠷᠭ᠎ᠠ ᠪᠣᠳᠤᠯᠭ᠎ᠠ ᠰᠤᠩᠭᠤᠵᠤ

ᠠᠰᠠᠭᠤᠳᠠᠯ ᠢ ᠰᠢᠢᠳᠪᠦᠷᠢᠯᠡᠬᠦ ᠶᠢ ᠵᠣᠷᠢᠬᠵᠢᠭᠤᠯᠤᠨ᠎ᠠ᠃ ᠵᠢᠱᠢᠶᠡᠯᠡᠪᠡᠯ᠂ ᠵᠢᠷᠤᠭ ᠵᠢᠷᠤᠬᠤ᠂ ᠬᠦᠰᠦᠨᠦᠭᠲᠦ ᠵᠤᠬᠢᠶᠠᠬᠤ

ᠵᠡᠷᠭᠡ ᠠᠷᠭ᠎ᠠ ᠶᠢ ᠬᠡᠷᠡᠭᠯᠡᠵᠦ᠂ ᠲᠤᠷᠰᠢᠵᠤ᠂ ᠮᠠᠭᠠᠳᠯᠠᠵᠤ ᠪᠠᠶᠢᠭᠠᠳ ᠳᠦᠭᠦᠮ ᠬᠡᠯᠪᠡᠷᠢ ᠠᠴᠠ ᠵᠢᠮ᠎ᠡ ᠶᠣᠰᠤ ᠶᠢ

ᠣᠯᠬᠤ ᠵᠡᠷᠭᠡ᠃

      ᠲᠠᠪᠤ᠂ ᠰᠤᠷᠤᠭᠴᠢ ᠶᠢᠨ ᠭᠧᠤᠮᠧᠲᠷᠢ ᠶᠢᠨ ᠦᠵᠡᠭᠳᠡᠮᠡᠯ ᠢ ᠬᠦᠭᠵᠢᠭᠦᠯᠬᠦ ᠳᠤ ᠶᠠᠭᠤ ᠶᠢ ᠠᠩᠬᠠᠷᠬᠤ

ᠴᠢᠬᠤᠯᠠᠲᠠᠢ ᠪᠤᠢ︖

      1. ︽ᠬᠢᠬᠦ ᠶᠢᠨ ᠳᠤᠮᠳᠠ ᠰᠤᠷᠬᠤ︾ ᠢ ᠤᠷᠢᠶᠠᠯᠠᠵᠤ᠂ ᠲᠣᠭᠠᠨ ᠤ ᠤᠬᠠᠭᠠᠨ ᠤ ᠬᠦᠳᠡᠯᠭᠡᠭᠡᠨ ᠤ ᠳᠤᠮᠳᠠ

ᠰᠤᠷᠤᠭᠴᠢ ᠶᠢᠨ ᠭᠧᠤᠮᠧᠲᠷᠢ ᠶᠢᠨ ᠦᠵᠡᠭᠳᠡᠮᠡᠯ ᠢ ᠬᠦᠮᠦᠵᠢᠭᠦᠯᠭᠦ

      ᠵᠢᠷᠤᠭ ᠤᠨ ᠤᠨᠴᠠᠯᠢᠭ ᠪᠠ ᠵᠢᠷᠤᠭ ᠤᠨ ᠬᠤᠭᠤᠷᠤᠨᠳᠤᠬᠢ ᠬᠤᠯᠪᠤᠭᠳᠠᠯ ᠢ ᠰᠦᠪᠡᠭᠴᠢᠯᠡᠬᠦ ᠳᠤ᠂ ᠰᠤᠷᠤᠭᠴᠢ

ᠵᠠᠪᠠᠯ ᠤᠯᠠᠨ ᠵᠦᠢᠯ ᠤᠨ ᠲᠤᠭᠠᠨ ᠤ ᠤᠬᠠᠭᠠᠨ ᠤ ᠬᠦᠳᠡᠯᠭᠡᠭᠡᠨ ᠳᠤ ᠤᠷᠤᠯᠴᠠᠬᠤ ᠴᠢᠬᠤᠯᠠᠲᠠᠢ᠃ ᠡᠨᠡ ᠪᠣᠯ ᠪᠠᠭ᠎ᠠ

ᠰᠤᠷᠭᠠᠭᠤᠯᠢ ᠶᠢᠨ ᠵᠢᠷᠤᠭ ᠳᠦᠷᠰᠦ ᠰᠤᠷᠤᠯᠴᠠᠬᠤ ᠴᠢᠬᠤᠯᠠ ᠤᠨᠴᠠᠯᠢᠭ᠃ ᠡᠳᠡᠭᠡᠷ ᠬᠦᠳᠡᠯᠭᠡᠭᠡᠨ ᠨᠢ ᠪᠠᠶᠢᠴᠠᠭᠠᠬᠤ᠂

ᠦᠢᠯᠠᠳᠤᠯᠭᠡᠵᠢᠭᠦᠯᠭᠦ᠂ ᠳᠦᠷᠰᠦᠯᠡᠨ ᠪᠤᠳᠤᠬᠤ᠂ ᠮᠦᠷᠳᠡᠬᠦ᠂ ᠢᠯᠡᠳᠭᠡᠬᠦ ᠵᠡᠷᠭᠡ ᠶᠢ ᠪᠠᠭᠲᠠᠭᠠᠨ᠎ᠠ᠃ ᠵᠢᠱᠢᠶᠡᠯᠡᠪᠡᠯ᠂

ᠵᠢᠷᠤᠭ ᠢ ᠲᠦᠷᠦᠯ ᠬᠤᠪᠢᠶᠠᠬᠤ ᠳᠤ ᠰᠤᠷᠤᠭᠴᠢ ᠶᠢ ᠬᠠᠪᠰᠤᠷᠤᠨ ᠲᠠᠰᠤᠷᠠᠯᠲᠠ ᠦᠬᠡᠢ ᠵᠢᠷᠤᠭ ᠢ ᠠᠳᠠᠯᠢᠳᠬᠠᠨ

ᠤᠨᠴᠠᠯᠢᠭ ᠢ ᠨᠢ ᠬᠤᠷᠢᠶᠠᠩᠭᠤᠢᠢᠯᠠᠵᠤ ᠭᠠᠷᠭᠠᠨ᠎ᠠ᠃ ᠲᠦᠷᠦᠯ ᠬᠤᠪᠢᠶᠠᠬᠤ ᠶᠠᠪᠤᠴᠠ ᠳᠤ᠂ ᠲᠦᠷᠦᠯ ᠬᠤᠪᠢᠶᠠᠬᠤ

ᠪᠠᠷᠢᠮᠵᠢᠶ᠎ᠠ ᠶᠢ ᠪᠤᠳᠤᠯᠬᠢᠯᠠᠵᠤ᠂ ᠵᠢᠷᠤᠭ  ᠤᠨ ᠶᠡᠷᠦᠩᠬᠡᠢ ᠴᠢᠨᠠᠷ ᠢ ᠬᠤᠷᠢᠶᠠᠩᠭᠤᠢᠢᠯᠠᠵᠤ᠂ ᠠᠳᠠᠯᠢ ᠪᠤᠰᠤ ᠵᠢᠷᠤᠭ ᠢ

ᠠᠳᠠᠯᠢᠳᠬᠠᠨ᠂ ᠲᠦᠷᠦᠯ ᠬᠤᠪᠢᠶᠠᠬᠤ᠂ ᠦᠷ᠎ᠡ ᠳ᠋ᠦᠩ ᠢ ᠢᠯᠡᠳᠭᠡᠵᠤ ᠭᠠᠷᠭᠠᠬᠤ ᠵᠡᠷᠭᠡ ᠶᠢ ᠤᠷᠭᠠᠨᠢᠭ ᠢᠶᠠᠷ

ᠤᠶᠠᠯᠳᠤᠭᠤᠯᠤᠨ᠎ᠠ᠃

      2. ᠲᠤᠭ᠎ᠠ ᠲᠦᠷᠰᠦ ᠶᠢ ᠤᠶᠠᠯᠳᠤᠭᠤᠯᠬᠤ ᠶᠢ ᠠᠩᠬᠠᠷᠴᠤ᠂ ᠬᠤᠯᠪᠤᠭᠳᠠᠯ ᠤᠨ ᠳᠤᠮᠳᠠ ᠠᠴᠠ

ᠭᠧᠤᠮᠧᠲᠷᠢ ᠶᠢᠨ ᠦᠵᠡᠭᠳᠡᠮᠡᠯ ᠤᠨ ᠦᠢᠯᠡᠳᠦᠯ ᠢ ᠪᠡᠶᠡᠴᠢᠯᠡᠨ ᠤᠢᠢᠯᠠᠭᠠᠭᠤᠯᠬᠤ

      ᠦᠨᠡᠨ ᠳᠤ ᠪᠠᠨ ᠭᠧᠤᠮᠧᠲᠷᠢ ᠶᠢᠨ ᠦᠵᠡᠭᠳᠡᠮᠡᠯ ᠵᠦᠪᠬᠡᠨ ︽ᠵᠢᠷᠤᠭ ᠲᠦᠷᠰᠦ ᠪᠠ ᠭᠧᠤᠮᠧᠲᠷᠢ︾ ᠶᠢᠨ

ᠰᠤᠷᠤᠯᠴᠠᠯᠭ᠎ᠠ ᠳᠤ ᠯᠡ ᠪᠠᠶᠢᠬᠤ ᠪᠢᠰᠢ᠂ ᠪᠦᠬᠦᠢ ᠯᠡ ᠲᠤᠭᠠᠨ ᠤ ᠤᠬᠠᠭᠠᠨ ᠢ ᠰᠤᠷᠤᠯᠴᠠᠬᠤ ᠶᠠᠪᠤᠴᠠ ᠳᠤ ᠴᠢᠬᠤᠯᠠ

ᠦᠢᠯᠡᠳᠦᠯ ᠦᠵᠡᠭᠦᠯᠵᠦ ᠪᠠᠶᠢᠨ᠎ᠠ᠃ ᠵᠢᠭᠠᠨ ᠰᠤᠷᠭᠠᠯᠲᠠ ᠳᠤ ᠲᠦᠷᠰᠦ ᠪᠠ ᠲᠣᠭᠠᠨ ᠤ ᠬᠤᠯᠪᠤᠭᠳᠠᠯ ᠢ          

ᠪᠠᠶᠢᠭᠤᠯᠤᠨ᠎ᠠ᠃ ᠵᠢᠱᠢᠶᠡᠯᠡᠪᠡᠯ᠂ ᠵᠢᠷᠤᠭ ᠢ ᠠᠰᠢᠭᠯᠠᠵᠤ ᠲᠣᠭᠠᠨ ᠤ ᠤᠬᠠᠭᠳᠠᠬᠤᠨ ᠪᠠ ᠪᠣᠳᠤᠯᠭ᠎ᠠ ᠶᠢᠨ ᠶᠤᠰᠤ ᠶᠢ

ᠣᠢᠢᠯᠠᠭᠠᠵᠤ᠂ ᠵᠢᠷᠤᠭ ᠢ ᠦᠨᠳᠦᠰᠦᠯᠡᠵᠤ᠂ ᠲᠤᠭ᠎ᠠ ᠬᠡᠮᠵᠢᠭᠳᠡᠭᠦᠨ ᠤ ᠬᠤᠯᠪᠤᠭᠳᠠᠯ ᠪᠠ ᠠᠰᠠᠭᠤᠳᠠᠯ ᠢ ᠰᠢᠢᠳᠪᠦᠷᠢᠯᠡᠵᠤ᠂

ᠵᠢᠷᠤᠭ ᠢᠶᠠᠷ ᠬᠤᠪᠢᠰᠬᠤ ᠬᠡᠮᠵᠢᠭᠳᠡᠬᠦᠨ ᠤ ᠬᠤᠭᠤᠷᠤᠨᠳᠤᠬᠢ ᠬᠤᠯᠪᠤᠭᠳᠠᠯ  ᠢ ᠵᠢᠷᠤᠭᠴᠢᠯᠠᠬᠤ ᠵᠡᠷᠭᠡ᠃

      3. ᠲᠠᠳᠬᠠᠯ ᠢ ᠬᠦᠮᠦᠵᠢᠬᠦᠯᠬᠦ ᠶᠢ ᠴᠢᠬᠤᠯᠠᠴᠢᠯᠠᠵᠤ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ

ᠰᠤᠷᠤᠭᠴᠢ ᠶᠢ ᠠᠭᠠᠵᠢᠮ ᠢᠶᠠᠷ ᠵᠢᠷᠤᠭ ᠵᠢᠷᠤᠬᠤ᠂ ᠬᠦᠰᠦᠨᠦᠭᠲᠦ ᠪᠠᠶᠢᠭᠤᠯᠬᠤ ᠵᠡᠷᠭᠡ ᠳᠠᠳᠬᠠᠯ ᠲᠠᠢ ᠪᠣᠯᠭᠠᠬᠤ

      ᠵᠢᠭᠠᠨ ᠰᠤᠷᠭᠠᠯᠲᠠ ᠳᠤᠮᠳᠠ ᠪᠠᠨ ᠰᠤᠷᠤᠭᠴᠢ ᠶᠢ ᠵᠤᠷᠢᠬᠵᠢᠭᠤᠯᠤᠨ᠂ ᠵᠢᠷᠤᠭ ᠵᠢᠷᠤᠬᠤ᠂ ᠬᠦᠰᠦᠨᠦᠭᠲᠦ

ᠪᠠᠶᠢᠭᠤᠯᠬᠤ ᠵᠡᠷᠭᠡ ᠠᠷᠭ᠎ᠠ ᠪᠠᠷ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠰᠡᠳᠭᠢᠮᠵᠢ ᠶᠢ

ᠰᠦᠪᠡᠭᠴᠢᠯᠡᠨ᠂ ᠴᠠᠭ ᠢᠮᠠᠭᠲᠠ ᠵᠢᠷᠤᠭ ᠵᠢᠷᠤᠬᠤ᠂ ᠬᠦᠰᠦᠨᠦᠭᠲᠦ ᠪᠠᠶᠢᠭᠤᠯᠬᠤ ᠳᠠᠳᠬᠠᠯ ᠢ          

ᠬᠦᠮᠦᠵᠢᠭᠦᠯᠦᠨ᠎ᠡ᠃ ᠵᠢᠷᠤᠭ ᠵᠢᠷᠤᠵᠤ ᠪᠠᠶᠢᠭᠠᠳ ᠪᠣᠳᠤᠯᠢᠶᠠᠨᠲᠠᠢ ᠲᠣᠭᠠᠨ ᠤ ᠠᠰᠠᠭᠤᠳᠠᠯ ᠢ ᠳᠦᠭᠦᠮ ᠲᠤᠳᠤᠷᠬᠠᠢ

ᠪᠣᠯᠭᠠᠵᠤ᠂ ᠠᠬᠤᠢ ᠣᠷᠴᠢᠨ ᠲᠤᠳᠤᠷᠠᠬᠢ ᠲᠤᠭ᠎ᠠ ᠬᠡᠮᠵᠢᠭᠳᠡᠭᠦᠨ ᠤ ᠬᠤᠯᠪᠤᠭᠳᠠᠯ ᠢ ᠪᠣᠯᠪᠠᠰᠤᠷᠠᠭᠤᠯᠵᠤ᠂ ᠰᠢᠭᠤᠳ

ᠢᠯᠡᠳᠭᠡᠵᠤ ᠴᠢᠳᠠᠨ᠎ᠠ᠃ ᠬᠦᠰᠦᠨᠦᠭᠲᠦ ᠪᠠᠶᠢᠭᠤᠯᠬᠤ ᠪᠠᠷ ᠳᠠᠮᠵᠢᠵᠤ᠂ ᠰᠤᠷᠤᠭᠴᠢ ᠪᠠᠷ ᠠᠰᠠᠭᠤᠳᠠᠯ ᠤᠨ ᠬᠤᠯᠪᠤᠭᠳᠠᠯ

ᠪᠦᠬᠦᠢ ᠰᠤᠷᠠᠭ ᠵᠠᠩᠭᠢ ᠶᠢ ᠡᠮᠬᠢᠳᠭᠡᠯᠭᠡᠵᠦ᠂ ᠡᠬᠦᠨ ᠤ ᠰᠠᠭᠤᠷᠢᠨ ᠳᠡᠭᠡᠷ᠎ᠡ ᠠᠰᠠᠭᠤᠳᠠᠯ ᠢ ᠰᠢᠢᠳᠪᠦᠷᠢᠯᠡᠬᠦ

ᠰᠡᠳᠬᠢᠮᠵᠢ ᠶᠢ ᠡᠷᠢᠭᠦᠯᠵᠦ᠂ ᠨᠦᠭᠦᠭᠡ ᠲᠠᠯ᠎ᠠ ᠪᠠᠷ ᠳᠡᠰ ᠳᠠᠷᠠᠭ᠎ᠠ ᠲᠠᠢ ᠲᠤᠭᠠᠴᠢᠨ ᠵᠢᠭᠰᠠᠭᠠᠵᠤ᠂ ᠠᠰᠠᠭᠤᠳᠠᠯ ᠢ

ᠰᠢᠢᠳᠪᠦᠷᠢᠯᠡᠨ᠎ᠡ᠃

      ᠵᠢᠷᠭᠤᠭ᠎ᠠ᠂ ᠰᠤᠷᠤᠭᠴᠢ ᠶᠢᠨ ᠦᠵᠡᠯᠲᠡ ᠶᠢ ᠬᠦᠭᠵᠢᠭᠦᠯᠬᠦ ᠳᠤ ᠶᠠᠭᠤ ᠶᠢ ᠠᠩᠬᠠᠷᠬᠤ ᠬᠡᠷᠡᠭᠲᠡᠢ ᠪᠤᠢ︖

      1. ᠪᠡᠶᠡᠲᠤ ᠶᠢᠨ ᠵᠢᠷᠤᠭ ᠲᠦᠷᠰᠦ ᠪᠠ ᠬᠠᠪᠲᠠᠭᠠᠢ ᠶᠢᠨ ᠵᠢᠷᠤᠭ ᠳᠦᠷᠰᠦ ᠶᠢᠨ ᠬᠤᠭᠤᠷᠤᠨᠳᠤᠬᠢ

ᠬᠤᠪᠢᠷᠠᠭᠠᠯᠲᠠ ᠶᠢ ᠠᠩᠬᠠᠷᠬᠤ

      ᠪᠡᠶᠡᠲᠤ ᠶᠢᠨ ᠵᠢᠷᠤᠭ ᠳᠦᠷᠰᠦ ᠶᠢ ᠬᠠᠪᠲᠠᠭᠠᠢ ᠶᠢᠨ ᠵᠢᠷᠤᠭ ᠳᠦᠷᠰᠦ ᠪᠣᠯᠭᠠᠵᠤ ᠬᠤᠪᠢᠷᠠᠭᠠᠪᠠᠯ᠂

ᠬᠠᠪᠲᠠᠭᠠᠢ ᠶᠢᠨ ᠵᠢᠷᠤᠭ ᠲᠦᠷᠰᠦ ᠨᠢ ᠳᠠᠷᠤᠢ ᠪᠡᠶᠡᠲᠤ ᠶᠢᠨ ᠵᠢᠷᠤᠭ ᠳᠦᠷᠰᠦ ᠶᠢ ᠵᠢᠷᠤᠭᠴᠢᠯᠠᠵᠤ          

ᠴᠢᠳᠠᠨ᠎ᠠ᠃ ᠪᠡᠶᠡᠲᠤ ᠶᠢᠨ ᠵᠢᠷᠤᠭ ᠳᠦᠷᠰᠦ ᠶᠢ ᠬᠠᠪᠲᠠᠭᠠᠢ ᠶᠢᠨ ᠵᠢᠷᠤᠭ ᠳᠦᠷᠰᠦ ᠪᠣᠯᠭᠠᠵᠤ ᠬᠤᠪᠢᠷᠠᠭᠠᠪᠠᠯ᠂

ᠬᠠᠪᠲᠠᠭᠠᠢ ᠶᠢᠨ ᠵᠢᠷᠤᠭ ᠳᠦᠷᠰᠦ ᠨᠢ ᠳᠠᠷᠤᠢ ᠪᠡᠶᠡᠲᠤ ᠶᠢᠨ ᠵᠢᠷᠤᠭ ᠳᠦᠷᠰᠦ ᠶᠢ ᠵᠢᠷᠤᠭᠴᠢᠯᠠᠵᠤ          

ᠴᠢᠳᠠᠨ᠎ᠠ᠃ ᠪᠡᠶᠡᠲᠤ ᠶᠢᠨ ᠵᠢᠷᠤᠭ ᠳᠦᠷᠰᠦ ᠪᠠ ᠬᠠᠪᠲᠠᠭᠠᠢ ᠶᠢᠨ ᠵᠢᠷᠤᠭ ᠳᠦᠷᠰᠦ ᠶᠢᠨ ᠬᠤᠭᠤᠷᠤᠨᠳᠤᠬᠢ

ᠬᠤᠯᠪᠤᠭᠳᠠᠯ ᠪᠣᠯ ᠤᠭᠲᠠᠷᠭᠤᠢ  ᠶᠢᠨ ᠦᠵᠡᠯᠲᠡ ᠪᠦᠷᠢᠯᠳᠦᠬᠦ ᠶᠢᠨ ᠴᠢᠬᠤᠯᠠ ᠲᠠᠯ᠎ᠠ ᠪᠣᠯᠣᠨ᠎ᠠ᠃ ᠪᠤᠳᠠᠳᠠᠢ ᠪᠠᠷ

ᠬᠡᠯᠡᠪᠡᠯ ᠠᠳᠠᠯᠢ ᠪᠣᠰᠤ ᠲᠠᠯ᠎ᠠ ᠠᠴᠠ ᠪᠡᠶᠡᠲᠤ ᠶᠢᠨ ᠵᠢᠷᠤᠭ ᠳᠦᠷᠰᠦ ᠶᠢ ᠠᠵᠢᠭᠯᠠᠵᠤ᠂ ᠪᠡᠶᠡᠲᠤ ᠶᠢᠨ ᠵᠢᠷᠤᠭ

ᠳᠦᠷᠰᠦ ᠶᠢ ᠬᠠᠶᠢᠴᠢᠯᠠᠨ ᠳᠡᠯᠭᠡᠵᠤ ᠬᠠᠪᠲᠠᠭᠠᠢ ᠶᠢᠨ ᠵᠢᠷᠤᠭ ᠳᠦᠷᠰᠦ ᠪᠣᠯᠭᠠᠨ᠎ᠠ᠃ ᠪᠠᠰᠠ ᠬᠠᠪᠲᠠᠭᠠᠢ ᠶᠢᠨ ᠵᠢᠷᠤᠭ

ᠳᠦᠷᠰᠦ ᠶᠢ ᠠᠳᠠᠯᠢ ᠪᠣᠰᠤ ᠲᠠᠯ᠎ᠠ ᠠᠴᠠ ᠠᠵᠢᠭᠯᠠᠨ᠂ ᠪᠡᠶᠡᠲᠦ ᠶᠢᠨ ᠵᠢᠷᠤᠭ ᠳᠦᠷᠰᠦ ᠶᠢ ᠨᠢ ᠰᠡᠷᠭᠦᠭᠡᠨ᠂ ᠬᠠᠪᠲᠠᠭᠠᠢ

 ᠶᠢᠨ ᠳᠡᠯᠭᠡᠮᠡᠯ ᠵᠢᠷᠤᠭ ᠢ ᠨᠤᠭᠤᠯᠵᠤ ᠪᠡᠶᠡᠲᠤ ᠶᠢᠨ ᠵᠢᠷᠤᠭ ᠳᠦᠷᠰᠦ ᠪᠤᠯᠭᠠᠵᠤ᠂ ᠬᠠᠪᠲᠠᠭᠠᠢ ᠶᠢᠨ ᠵᠢᠷᠤᠭ ᠳᠦᠷᠰᠦ ᠶᠢ

ᠵᠡᠷᠭᠡᠴᠡᠭᠡ ᠰᠢᠯᠵᠢᠭᠦᠯᠵᠦ ᠡᠷᠬᠢᠯᠲᠡ ᠬᠢᠯᠭᠡᠵᠦ ᠪᠠᠶᠢᠭᠠᠳ ᠪᠡᠶᠡᠲᠤ ᠶᠢᠨ ᠵᠢᠷᠤᠭ ᠳᠦᠷᠰᠦ ᠶᠢ ᠣᠯᠤᠨ᠎ᠠ᠃

      ᠵᠢᠭᠠᠨ ᠰᠤᠷᠭᠠᠯᠲᠠ ᠳᠤᠮᠳᠠ ᠪᠠᠨ ᠢᠯᠡᠭᠦᠤ ᠰᠢᠭ ᠬᠤᠪᠢᠷᠠᠭᠠᠬᠤ ᠬᠦᠳᠡᠯᠭᠡᠭᠡᠨ ᠢ ᠦᠷᠨᠢᠭᠦᠯᠵᠦ᠂

ᠰᠤᠷᠤᠭᠴᠢ ᠶᠢ ᠬᠦᠳᠡᠯᠭᠡᠭᠡᠨ ᠤ ᠳᠤᠮᠳᠠ ᠳᠦᠷᠰᠦᠯᠡᠨ ᠪᠤᠳᠤᠭᠤᠯᠵᠤ ᠤᠭᠲᠠᠷᠭᠤᠢ ᠶᠢᠨ ᠦᠵᠡᠯᠲᠡ ᠶᠢ 

ᠬᠦᠭᠵᠢᠭᠦᠯᠦᠨ᠎ᠡ᠃

      2. ᠮᠦᠷᠳᠡᠯᠲᠡ ᠪᠠ ᠲᠦᠷᠰᠦᠯᠡᠨ ᠪᠤᠳᠤᠯᠲᠠ ᠶᠢᠨ ᠶᠠᠪᠤᠴᠠ ᠳᠤ ᠰᠤᠷᠤᠭᠴᠢ ᠶᠢᠨ ᠤᠭᠲᠠᠷᠭᠤᠢ ᠶᠢᠨ

ᠦᠵᠡᠯᠲᠠ ᠶᠢ ᠬᠦᠭᠵᠢᠭᠦᠯᠭᠦ

      ᠠᠵᠢᠭᠯᠠᠬᠤ ᠪᠠ ᠣᠷᠤᠯᠳᠤᠬᠤ ᠪᠣᠯ ᠣᠭᠲᠠᠷᠭᠤᠢ ᠶᠢᠨ ᠦᠵᠡᠯᠲᠡ ᠶᠢ ᠬᠦᠭᠵᠢᠭᠦᠯᠬᠦ ᠰᠠᠭᠤᠷᠢ᠂ ᠮᠦᠷᠳᠡᠬᠦ ᠪᠠ

ᠳᠦᠷᠰᠦᠯᠡᠨ ᠪᠤᠳᠤᠬᠤ ᠪᠣᠯ ᠤᠭᠲᠠᠷᠭᠤᠢ ᠶᠢᠨ ᠦᠵᠡᠯᠲᠡ ᠶᠢ ᠬᠦᠭᠵᠢᠬᠦᠯᠬᠦ ᠴᠢᠬᠤᠯᠠ ᠠᠷᠭ᠎ᠠ᠃ ᠵᠢᠭᠠᠨ

ᠰᠤᠷᠭᠠᠯᠲᠠ ᠳᠤ ᠤᠷᠢᠳ ᠢᠶᠠᠷ ᠰᠤᠷᠤᠭᠴᠢ ᠪᠣᠳᠤᠯᠬᠢᠯᠠᠵᠤ᠂ ᠮᠠᠭᠠᠳᠯᠠᠵᠤ᠂ ᠳᠠᠷᠠᠭ᠎ᠠ ᠨᠢ ᠦᠵᠡᠵᠤ ᠦᠵᠡᠨ᠎ᠡ᠂ ᠬᠢᠵᠤ

ᠦᠵᠡᠨ᠎ᠡ᠂ ᠪᠤᠳᠠᠳᠠᠢ ᠣᠯᠵᠤ ᠦᠵᠡᠭᠰᠡᠨ ᠪᠠ ᠳᠦᠷᠰᠦᠯᠡᠨ ᠪᠣᠳᠤᠯᠲᠠ ᠶᠢᠨ ᠬᠤᠭᠤᠷᠤᠨᠳᠤ ᠠᠳᠠᠯᠢᠳᠬᠠᠪᠠᠯ ᠰᠠᠶ᠋ᠢ

ᠰᠤᠷᠤᠭᠴᠢ ᠶᠢᠨ ᠳᠦᠷᠰᠦᠯᠡᠨ ᠪᠣᠳᠤᠬᠤ ᠲᠤᠷᠰᠢᠯᠭ᠎ᠠ ᠬᠤᠷᠠᠮᠳᠤᠵᠤ᠂ ᠵᠢᠷᠤᠭ ᠳᠦᠷᠰᠦ ᠶᠢᠨ ᠬᠤᠭᠤᠷᠤᠨᠳᠤᠬᠢ

ᠰᠢᠨᠵᠢ ᠶᠢ ᠢᠯᠭᠠᠨ ᠡᠵᠡᠮᠰᠢᠬᠦ ᠴᠢᠳᠠᠪᠦᠷᠢ ᠶᠢ ᠳᠡᠭᠡᠭᠰᠢᠯᠡᠭᠦᠯᠵᠦ᠂ ᠤᠭᠲᠠᠷᠭᠤᠢ ᠶᠢᠨ ᠦᠵᠡᠯᠲᠡ ᠶᠢ          

ᠬᠦᠭᠵᠢᠭᠦᠯᠦᠨ᠎ᠡ᠃

      3. ᠰᠤᠷᠤᠭᠴᠢ ᠶᠢ ᠵᠤᠷᠢᠬᠵᠢᠭᠤᠯᠤᠨ ᠬᠦᠳᠡᠯᠦᠩᠭᠦᠢ ᠪᠠᠶᠢᠳᠠᠯ ᠳᠤ ᠵᠢᠷᠤᠭ ᠲᠦᠷᠰᠦ ᠶᠢ ᠲᠠᠨᠢᠬᠤ

      ᠵᠢᠷᠤᠭ ᠳᠦᠷᠰᠦ ᠳᠤ ᠠᠪᠴᠤ ᠬᠡᠯᠡᠪᠡᠯ᠂ ᠰᠤᠷᠤᠭᠴᠢᠳ ᠲᠠᠶᠢᠪᠤᠩ ᠪᠠᠶᠢᠳᠠᠯ ᠳᠤ ᠲᠠᠨᠢᠬᠤ ᠪᠠᠷ ᠪᠠᠷᠠᠬᠤ ᠦᠬᠡᠢ᠂

ᠬᠦᠳᠡᠯᠦᠩᠭᠦᠢ ᠪᠠᠶᠢᠳᠠᠯ ᠳᠤ ᠪᠠᠰᠠ ᠲᠠᠨᠢᠨ᠎ᠠ᠃ ᠵᠢᠭᠠᠨ ᠰᠤᠷᠭᠠᠯᠲᠠ ᠳᠤ ᠪᠠᠨ ᠲᠠᠶᠢᠪᠤᠩ ᠪᠠᠶᠢᠳᠠᠯ ᠳᠤ ᠪᠠᠶᠢᠬᠤ ᠪᠠ

ᠬᠦᠳᠡᠯᠦᠩᠭᠦᠢ ᠪᠠᠶᠢᠳᠠᠯ ᠳᠤ ᠪᠠᠶᠢᠬᠤ ᠶᠢ ᠬᠠᠪᠰᠤᠷᠭᠠᠨ᠎ᠠ᠃ ᠵᠢᠱᠢᠶᠡᠯᠡᠪᠡᠯ᠂ ᠲᠡᠭᠰᠢ ᠳᠦᠷᠪᠡᠯᠵᠢᠨ᠂ ᠤᠷᠲᠤ

ᠳᠦᠷᠪᠡᠯᠵᠢᠨ᠂ ᠲᠤᠭᠤᠷᠢᠭ ᠵᠡᠷᠭᠡ ᠶᠢ ᠨᠤᠭᠤᠯᠬᠤ ᠪᠠᠷ ᠳᠠᠮᠵᠢᠵᠤ ᠲᠡᠳᠡᠭᠡᠷ ᠤᠨ ᠲᠡᠭᠰᠢ ᠭᠡᠮᠲᠤ ᠴᠢᠨᠠᠷ ᠢ ᠮᠡᠳᠡᠬᠦ᠂

ᠪᠠᠰᠠ ᠣᠷᠤᠯᠳᠤᠬᠤ᠂ ᠦᠵᠡᠭᠦᠯᠭᠡ ᠬᠢᠬᠦ ᠵᠡᠷᠭᠡ ᠪᠠᠷ ᠰᠤᠷᠤᠭᠴᠢ ᠳᠤ ᠤᠢᠢᠯᠠᠭᠠᠭᠤᠯᠬᠤ᠂ ᠲᠤᠬᠠᠢᠢᠯᠠᠪᠠᠯ ᠤᠷᠲᠤ

ᠳᠦᠷᠪᠡᠯᠵᠢᠨ ᠪᠡᠶ᠎ᠡ ᠪᠣᠯ ᠤᠷᠲᠤ ᠳᠦᠷᠪᠡᠯᠵᠢᠨ ᠵᠡᠷᠭᠡᠴᠡᠭᠡ ᠰᠢᠯᠵᠢᠭᠡᠳ ᠤᠯᠵᠠᠢ ᠭᠡᠵᠤ ᠦᠵᠡᠵᠦ          

ᠪᠣᠯᠤᠨ᠎ᠠ᠃ ᠪᠦᠭᠡᠷᠡᠩᠬᠡᠢ ᠪᠠᠭᠠᠨ᠎ᠠ ᠶᠢ ᠤᠷᠲᠤ ᠳᠦᠷᠪᠡᠯᠵᠢᠨ ᠤ ᠨᠢᠭᠡ ᠲᠠᠯ᠎ᠠ ᠶᠢ ᠲᠠᠭᠠᠭᠤᠯᠵᠤ ᠡᠷᠭᠢᠭᠦᠯᠦᠭᠡᠳ ᠤᠯᠵᠠᠢ

ᠭᠡᠵᠤ ᠦᠵᠡᠵᠦ ᠪᠣᠯᠤᠨ᠎ᠠ᠃ ᠱᠤᠷᠤᠯᠵᠢᠨ ᠢ ᠪᠣᠯ ᠲᠡᠭᠰᠢ ᠳᠦᠷᠪᠡᠯᠵᠢᠨ ᠤ ᠨᠢᠭᠡ ᠡᠭ᠍ᠴᠡ ᠲᠠᠯ᠎ᠠ ᠶᠢ ᠳᠠᠭᠠᠭᠤᠯᠵᠤ

ᠡᠷᠭᠢᠭᠦᠯᠦᠭᠡᠳ ᠤᠯᠵᠠᠢ ᠭᠡᠵᠤ ᠦᠵᠡᠵᠦ ᠪᠣᠯᠤᠨ᠎ᠠ᠃

      ᠳᠤᠯᠤᠭ᠎ᠠ᠂ ᠰᠤᠷᠤᠭᠴᠢ ᠶᠢᠨ ᠮᠦᠷᠳᠡᠬᠦ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ ᠴᠢᠬᠤᠯᠠᠲᠠᠢ

ᠪᠤᠢ︖

      1. ᠰᠤᠷᠤᠭᠴᠢ ᠶᠢᠨ ᠮᠦᠷᠳᠡᠬᠦ ᠤᠬᠠᠮᠰᠠᠷ ᠤᠨ ᠬᠦᠭᠵᠢᠯᠲᠡ ᠪᠣᠯ ᠪᠦᠬᠦᠢ ᠯᠡ ᠪᠠᠭ᠎ᠠ ᠰᠤᠷᠭᠠᠭᠤᠯᠢ ᠶᠢᠨ

ᠲᠣᠭᠠᠨ ᠤ ᠤᠬᠠᠭᠠᠨ ᠢ ᠰᠤᠷᠤᠯᠴᠠᠬᠤ ᠶᠠᠪᠤᠴᠠ ᠳᠤ ᠨᠡᠪᠲᠡᠷᠡᠭᠦ

      ᠲᠤᠭ᠎ᠠ ᠪᠠ ᠠᠯᠭᠧᠪᠷᠡ᠂ ᠵᠢᠷᠤᠭ ᠳᠦᠷᠰᠦ ᠪᠠ ᠭᠧᠤᠮᠧᠲᠷᠢ᠂ ᠪᠦᠷᠢᠳᠭᠡᠯ ᠪᠠ ᠳᠤᠬᠢᠶᠠᠯᠳᠦᠮᠵᠢ᠂

ᠶᠡᠷᠦᠩᠬᠡᠶᠢᠯᠡᠯ ᠪᠠ ᠭᠡᠷᠡᠭᠯᠡᠭᠡ ᠳᠦᠷᠪᠡᠨ ᠤᠷᠴᠢᠨ ᠲᠤᠳᠤᠷ᠎ᠠ᠂ ᠡᠬᠢᠨ ᠠᠴᠠ ᠠᠳᠠᠭ ᠲᠤ ᠬᠦᠷᠲᠡᠯ᠎ᠡ ᠰᠤᠷᠤᠭᠴᠢ ᠶᠢᠨ

ᠮᠦᠷᠳᠡᠬᠦ ᠤᠬᠠᠮᠰᠠᠷ ᠤᠨ ᠪᠦᠷᠢᠯᠳᠦᠬᠦ ᠪᠠ ᠬᠦᠭᠵᠢᠯᠲᠡ ᠶᠢ ᠴᠢᠬᠤᠯᠠᠴᠢᠯᠠᠨ᠎ᠠ᠃ ᠡᠯ᠎ᠡ ᠵᠦᠢᠯ ᠤᠨ ᠲᠣᠭᠠᠨ ᠤ

ᠤᠬᠠᠭᠠᠨ ᠤ ᠬᠦᠳᠡᠯᠭᠡᠭᠡᠨ ᠤ ᠳᠤᠮᠳᠠ ᠮᠦᠷᠳᠡᠬᠦ ᠤᠬᠠᠮᠰᠠᠷ ᠢ ᠬᠦᠮᠦᠵᠢᠭᠦᠯᠵᠦ᠂ ᠳᠠᠬᠢᠨ ᠳᠠᠪᠲᠠᠨ ᠰᠤᠷᠤᠯᠴᠠᠬᠤ

ᠶᠠᠪᠤᠴᠠ ᠶᠢᠨ ᠳᠤᠮᠳᠠ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ᠂ ᠮᠦᠷᠳᠡᠬᠦ ᠤᠬᠠᠮᠰᠠᠷ ᠢ

ᠪᠦᠷᠢᠯᠳᠦᠭᠦᠯᠦᠨ᠎ᠡ᠃

      2. ᠰᠤᠷᠤᠭᠴᠢ ᠶᠢ ᠵᠤᠷᠢᠬᠵᠢᠭᠤᠯᠤᠨ ︽ᠲᠠᠭᠠᠬᠤ᠂ ᠭᠡᠷᠡᠴᠢᠯᠡᠬᠦ︾ ᠪᠦᠬᠦᠢ ᠯᠡ ᠶᠠᠪᠤᠴᠠ ᠶᠢ ᠲᠠᠰᠤᠷᠠᠯᠲᠠ

ᠦᠭᠡᠢ ᠦᠩᠭᠡᠷᠡᠭᠡᠭᠦ

      ᠲᠠᠭᠠᠬᠤ᠂ ᠭᠡᠷᠡᠴᠢᠯᠡᠬᠦ ᠪᠣᠯ ᠮᠦᠷᠳᠡᠬᠦ ᠤᠬᠠᠮᠰᠠᠷ ᠢ ᠬᠦᠭᠵᠢᠭᠦᠯᠬᠦ ᠳᠤ ᠲᠣᠩ ᠴᠢᠬᠤᠯᠠ ᠦᠢᠯᠠᠳᠤᠯ

ᠦᠵᠠᠭᠦᠯᠦᠨ᠎ᠠ᠃ ᠪᠠᠭᠰᠢ ᠠᠴᠠ ᠲᠣᠩ ᠣᠯᠠᠨ ᠲᠣᠭᠠᠨ ᠤ ᠤᠬᠠᠭᠠᠨ ᠤ ᠬᠦᠳᠡᠯᠭᠡᠭᠡᠨ ᠲᠦᠰᠦᠪᠯᠡᠵᠦ᠂ ᠰᠤᠷᠤᠭᠴᠢ

ᠲᠠᠰᠤᠷᠠᠯᠲᠠ ᠦᠬᠡᠢ ᠲᠠᠭᠠᠬᠤ ᠠᠴᠠ ᠭᠡᠷᠡᠴᠢᠯᠡᠬᠦ ᠪᠦᠬᠦ ᠶᠠᠪᠤᠴᠠ ᠶᠢ ᠪᠡᠶᠡᠴᠢᠯᠡᠨ ᠦᠩᠭᠡᠷᠡᠭᠡᠨ᠎ᠡ᠃ ᠰᠤᠷᠤᠭᠴᠢ

ᠠᠵᠢᠭᠯᠠᠬᠤ᠂ ᠲᠤᠷᠰᠢᠬᠤ᠂ ᠬᠤᠷᠢᠶᠠᠩᠭᠤᠢᠢᠯᠠᠬᠤ᠂ ᠠᠳᠠᠯᠢᠳᠬᠠᠬᠤ ᠪᠠᠷ ᠳᠠᠮᠵᠢᠵᠤ᠂ ᠤᠯᠤᠭᠰᠠᠨ ᠲᠠᠭᠠᠮᠠᠭᠯᠠᠯ ᠢᠶᠠᠨ

ᠨᠢᠭᠡ ᠠᠯᠬᠤᠮ ᠭᠡᠷᠡᠴᠢᠯᠡᠨ᠎ᠡ᠃ ᠡᠬᠦᠨ ᠤ ᠲᠤᠲᠤᠷ᠎ᠠ ᠬᠤᠷᠢᠶᠠᠩᠭᠤᠢᠢᠯᠠᠬᠤ᠂ ᠠᠳᠠᠯᠢᠳᠬᠠᠬᠤ ᠪᠣᠯ ᠲᠠᠭᠠᠮᠠᠭᠯᠠᠯ ᠤᠨ

ᠭᠤᠣᠯ ᠠᠷᠭ᠎ᠠ᠃ ᠬᠤᠷᠢᠶᠠᠩᠭᠤᠢᠢᠯᠠᠨ ᠮᠦᠷᠳᠡᠬᠦ ᠪᠣᠯ ᠤᠨᠴᠠᠭᠠᠢ ᠪᠠᠷ ᠤᠷᠢᠳᠠᠯ ᠪᠣᠯᠭᠠᠵᠤ᠂ ᠡᠩ ᠤᠨ ᠦᠷ᠎ᠡ

ᠳ᠋ᠦᠩ ᠢ ᠮᠦᠷᠳᠡᠨ ᠭᠠᠷᠭᠠᠨ᠎ᠠ᠃

      ᠠᠳᠠᠯᠢᠳᠬᠠᠨ ᠮᠦᠷᠳᠡᠬᠦ ᠪᠣᠯ ᠬᠤᠶᠠᠷ ᠪᠣᠶᠤ ᠬᠤᠶᠠᠷ ᠲᠦᠷᠦᠯ ᠤᠨ ᠡᠲᠡᠭᠡᠳ ᠤᠨ ᠶᠠᠮᠠᠷ ᠨᠢᠭᠡᠨ

ᠬᠠᠷᠢᠶᠠᠯᠠᠭᠳᠠᠬᠤ ᠴᠢᠨᠠᠷ ᠨᠢ ᠠᠳᠠᠯᠢ ᠪᠤᠶᠤ ᠠᠳᠠᠯᠢᠪᠲᠤᠷ ᠠᠴᠠ ᠲᠡᠳᠡᠨ ᠤ ᠨᠦᠭᠦᠭᠡ ᠨᠢᠭᠡ ᠬᠠᠷᠢᠶᠠᠯᠠᠭᠳᠠᠬᠤ

ᠴᠢᠨᠠᠷ ᠨᠢ ᠠᠳᠠᠯᠢ ᠪᠤᠶᠤ ᠠᠳᠠᠯᠢᠪᠲᠤᠷ ᠪᠣᠯᠬᠤ ᠶᠢ ᠮᠦᠷᠳᠡᠨ ᠭᠠᠷᠭᠠᠬᠤ ᠨᠢᠭᠡᠨ ᠵᠦᠢᠯ ᠤᠨ ᠮᠦᠷᠳᠡᠯᠲᠡ          

ᠪᠤᠯᠤᠨ᠎ᠠ᠃ ᠠᠳᠠᠯᠢᠳᠬᠠᠬᠤ ᠨᠢ ᠦᠷ᠎ᠡ ᠳ᠋ᠦᠩ ᠤᠨ ᠠᠳᠠᠯᠢᠳᠬᠠᠯ ᠪᠠᠶᠢᠵᠤ ᠪᠣᠯᠤᠨ᠎ᠠ᠂ ᠪᠠᠰᠠ ᠠᠷᠭ᠎ᠠ ᠶᠢᠨ

ᠠᠳᠠᠯᠢᠳᠬᠠᠯ ᠪᠠᠶᠢᠵᠤ ᠪᠣᠯᠤᠨ᠎ᠠ᠃ ᠰᠤᠷᠤᠭᠴᠢ ᠲᠠᠭᠠᠮᠠᠭᠯᠠᠯ ᠳᠤᠷᠠᠳᠤᠭᠰᠠᠨ ᠤ ᠳᠠᠷᠠᠭ᠎ᠠ ᠭᠡᠷᠡᠴᠢᠯᠡᠬᠦ ᠶᠢ          

ᠱᠠᠭᠠᠷᠳᠠᠨ᠎ᠠ᠃ ᠪᠠᠭ᠎ᠠ ᠰᠤᠷᠭᠠᠭᠤᠯᠢ ᠶᠢᠨ ᠰᠤᠷᠤᠭᠴᠢ ᠦᠷᠭᠦᠯᠵᠢ ᠨᠢᠭᠡ ᠪᠦᠯᠦᠭ ᠵᠢᠱᠢᠶ᠎ᠡ ᠲᠠᠲᠠᠬᠤ᠂ ᠠᠮᠢᠳᠤᠷᠠᠯ ᠤᠨ

ᠪᠤᠳᠠᠳᠤ ᠦᠵᠡᠭᠳᠡᠯ ᠢ ᠠᠰᠢᠭᠯᠠᠬᠤ᠂ ᠵᠢᠷᠤᠭ ᠳᠦᠷᠰᠦ ᠪᠠᠷ ᠬᠠᠪᠰᠤᠷᠤᠮᠵᠢ ᠪᠣᠯᠭᠠᠬᠤ ᠵᠡᠷᠭᠡ ᠠᠷᠭ᠎ᠠ ᠪᠠᠷ

ᠲᠠᠶᠢᠯᠪᠦᠷᠢᠯᠠᠯᠲᠠ ᠬᠢᠬᠦ᠂ ᠪᠠᠰᠠ ᠤᠬᠠᠭᠳᠠᠬᠤᠨ ᠤ ᠠᠷᠭ᠎ᠠ ᠪᠠᠷ ᠲᠠᠶᠢᠯᠪᠦᠷᠢᠯᠠᠯᠲᠠ ᠬᠢᠳᠡᠭ᠃ ᠭᠡᠷᠡᠴᠢᠯᠡᠬᠦ ᠠᠷᠭ᠎ᠠ ᠨᠢ

ᠴᠤ ᠤᠯᠠᠨ ᠪᠠᠶᠢᠳᠠᠭ᠂ ᠲᠡᠮᠲᠡᠭ ᠢᠶᠠᠷ ᠲᠣᠳᠤᠷᠬᠠᠢᠢᠯᠠᠬᠤ᠂ ᠪᠠᠶᠢᠭᠠᠯᠢᠯᠢᠬ ᠦᠭᠡ ᠬᠡᠯᠡ᠂ ᠵᠢᠷᠤᠭ ᠢᠶᠠᠷ

ᠲᠠᠶᠢᠯᠪᠦᠷᠢᠯᠠᠯᠲᠠ ᠬᠢᠬᠦ ᠵᠡᠷᠭᠡ᠃

      3. ᠰᠤᠷᠤᠭᠴᠢ ᠶᠢᠨ ᠳᠡᠰ ᠳᠠᠷᠠᠭ᠎ᠠ ᠲᠠᠢ ᠢᠯᠡᠳᠭᠡᠬᠦ᠂ ᠭᠡᠷᠡᠴᠢ ᠪᠠᠷᠢᠮᠲᠠ ᠲᠠᠢ ᠬᠡᠯᠡᠬᠦ ᠶᠢ ᠵᠤᠷᠢᠬᠵᠢᠭᠤᠯᠬᠤ

      ᠮᠦᠷᠳᠡᠬᠦ ᠤᠬᠠᠮᠰᠠᠷ ᠢ ᠬᠦᠭᠵᠢᠭᠦᠯᠬᠦ ᠪᠣᠯ ᠰᠤᠷᠤᠭᠴᠢ ᠶᠢᠨ ᠲᠣᠭᠠᠨ ᠤ ᠤᠬᠠᠭᠠᠨ ᠤ ᠢᠯᠡᠳᠭᠡᠬᠦ

ᠴᠢᠳᠠᠪᠦᠷᠢ ᠶᠢ ᠠᠬᠢᠭᠤᠯᠵᠤ᠂ ᠲᠤᠭᠠᠨ ᠤ ᠤᠬᠠᠭᠠᠨ ᠢᠶᠠᠷ ᠢᠯᠡᠳᠭᠡᠬᠦ ᠨᠢ ᠪᠠᠰᠠ ᠰᠤᠷᠤᠭᠴᠢ ᠶᠢᠨ ᠮᠦᠷᠳᠡᠬᠦ

ᠤᠬᠠᠮᠰᠠᠷ ᠤᠨ ᠪᠦᠷᠢᠯᠳᠦᠬᠦ ᠳᠤ ᠬᠠᠪᠰᠤᠷᠤᠮᠵᠢ ᠪᠣᠯᠤᠨ᠎ᠠ᠃ ᠡᠶᠢᠮᠦ ᠠᠴᠠ ᠠᠵᠢᠭᠯᠠᠬᠤ᠂ ᠲᠤᠷᠰᠢᠬᠤ᠂ ᠲᠠᠭᠠᠮᠠᠭᠯᠠᠬᠤ᠂

ᠪᠠᠲᠣᠯᠠᠬᠤ ᠵᠡᠷᠭᠡ ᠲᠣᠭᠠᠨ ᠤ ᠤᠬᠠᠭᠠᠨ ᠤ ᠬᠦᠳᠡᠯᠭᠡᠬᠡᠨ ᠳᠤᠮᠳᠠ ᠰᠤᠷᠤᠭᠴᠢ ᠶᠢᠨ ᠠᠭᠠᠵᠢᠮ ᠢᠶᠠᠷ ᠦᠪᠡᠷ ᠤᠨ

ᠪᠦᠷᠢᠯᠳᠦᠭᠰᠡᠨ ᠶᠠᠪᠤᠴᠠ ᠪᠣᠶᠣ ᠰᠡᠳᠭᠢᠭᠰᠡᠨ ᠦᠷ᠎ᠡ ᠳ᠋ᠦᠩ ᠢᠶᠠᠨ ᠲᠤᠳᠤᠷᠬᠠᠢ ᠢᠯᠡᠳᠭᠡᠬᠦ ᠳᠠᠳᠬᠠᠯ ᠢ

ᠬᠦᠮᠦᠵᠢᠭᠦᠯᠵᠦ᠂ ᠬᠡᠯᠡᠬᠦ ᠳᠤ ᠶᠤᠰᠦᠲᠠᠢ᠂ ᠪᠢᠴᠢᠬᠦ ᠳᠤ ᠭᠡᠷᠡᠴᠢ ᠲᠠᠢ ᠪᠠᠶᠢᠯᠭᠠᠬᠤ ᠬᠡᠷᠡᠭᠲᠡᠢ᠃

      ᠨᠠᠢᠮᠠ᠂ ᠰᠤᠷᠤᠭᠴᠢ ᠶᠢᠨ ᠲᠤᠭ᠎ᠠ ᠪᠠᠷᠢᠮᠲᠠ ᠶᠢᠨ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ

ᠴᠢᠬᠤᠯᠠᠲᠠᠢ ᠪᠤᠢ︖

      1. ᠪᠤᠳᠠᠳᠤ ᠠᠰᠠᠭᠤᠳᠠᠯ ᠳᠤ ᠴᠢᠭᠯᠡᠭᠦᠯᠵᠦ᠂ ᠲᠤᠭ᠎ᠠ ᠪᠠᠷᠢᠮᠲᠠ ᠶᠢᠨ ᠤᠳᠬ᠎ᠠ ᠶᠢ ᠪᠡᠶᠡᠴᠢᠯᠡᠨ ᠤᠢᠢᠯᠠᠭᠠᠬᠤ

      ᠲᠤᠭ᠎ᠠ ᠪᠠᠷᠢᠮᠲᠠ ᠪᠣᠯ ᠦᠨᠡᠨ ᠠᠮᠢᠳᠤᠷᠠᠯ ᠠᠴᠠ ᠢᠷᠡᠯᠲᠡᠢ᠂ ᠡᠶᠢᠮᠦ ᠠᠴᠠ ᠦᠨᠡᠨ ᠪᠣᠳᠠᠳᠠᠢ ᠠᠰᠠᠭᠤᠳᠠᠯ ᠤᠨ

ᠣᠷᠴᠢᠨ ᠢ ᠪᠠᠶᠢᠭᠤᠯᠵᠤ᠂ ᠠᠰᠠᠭᠤᠳᠠᠯ ᠤᠨ ᠣᠷᠴᠢᠨ ᠢ ᠵᠠᠳᠠᠯᠬᠤ ᠪᠠᠷ ᠳᠠᠮᠵᠢᠵᠤ᠂ ᠠᠭᠠᠵᠢᠮ ᠢᠶᠠᠷ ᠲᠤᠭ᠎ᠠ ᠪᠠᠷᠢᠮᠲᠠ

ᠪᠦᠷᠢᠳᠭᠡᠬᠦ ᠵᠢᠭᠠᠨ ᠰᠤᠷᠭᠠᠯᠲᠠ ᠶᠠᠪᠤᠭᠳᠠᠭᠤᠯᠤᠨ᠎ᠠ᠃ ᠦᠨᠡᠨ ᠪᠤᠳᠠᠳᠠᠢ ᠲᠤᠭ᠎ᠠ ᠪᠠᠷᠢᠮᠲᠠ ᠶᠢᠨ ᠣᠷᠴᠢᠨ ᠢᠶᠠᠷ

ᠳᠠᠮᠵᠢᠵᠤ᠂ ᠲᠤᠭ᠎ᠠ ᠪᠠᠷᠢᠮᠲᠠ ᠵᠠᠳᠠᠯᠬᠤ ᠠᠷᠭ᠎ᠠ ᠪᠣᠳᠤᠯᠭ᠎ᠠ ᠶᠢᠨ ᠰᠠᠭᠤᠷᠢᠨ ᠲᠡᠭᠡᠷ᠎ᠡ᠂ ᠰᠤᠷᠤᠭᠴᠢ ᠪᠠᠷ ᠲᠤᠭ᠎ᠠ

ᠪᠠᠷᠢᠮᠲᠠ ᠶᠢᠨ ᠠᠮᠢᠳᠤᠷᠠᠯ ᠳᠤᠮᠳᠠᠬᠢ ᠦᠢᠯᠡᠳᠦᠯ ᠪᠠ ᠨᠦᠯᠦᠭᠡ ᠶᠢ ᠪᠡᠶᠡᠴᠢᠯᠡᠨ ᠣᠢᠢᠯᠠᠭᠠᠭᠤᠯᠵᠤ᠂ ᠲᠤᠭ᠎ᠠ

ᠪᠠᠷᠢᠮᠲᠠ ᠶᠢ ᠬᠡᠷᠡᠭᠯᠡᠵᠦ ᠴᠢᠳᠠᠬᠤ ᠪᠣᠯᠭᠠᠨ᠎ᠠ᠃ ᠠᠭᠠᠵᠢᠮ ᠢᠶᠠᠷ ᠲᠤᠭ᠎ᠠ ᠪᠠᠷᠢᠮᠲᠠ ᠶᠢᠨ ᠴᠢᠬᠤᠯᠠ ᠴᠢᠨᠠᠷ ᠢ ᠪᠡᠶᠡᠴᠢᠯᠡᠨ

ᠣᠢᠢᠯᠠᠭᠠᠵᠤ᠂ ᠠᠭᠠᠵᠢᠮ ᠢᠶᠠᠷ ᠲᠤᠭ᠎ᠠ ᠪᠠᠷᠢᠮᠲᠠ ᠪᠦᠷᠢᠳᠭᠡᠬᠦ ᠤᠬᠠᠮᠰᠠᠷ ᠢ ᠪᠦᠷᠢᠯᠳᠦᠭᠦᠯᠦᠨ᠎ᠡ᠃ ᠡᠶᠢᠮᠦ ᠠᠴᠠ

ᠪᠠᠭᠰᠢ ᠠᠴᠠ ᠠᠰᠠᠭᠤᠳᠠᠯ  ᠤᠨ ᠣᠷᠴᠢᠨ ᠢ ᠲᠦᠰᠦᠪᠯᠡᠵᠦ᠂ ᠰᠤᠷᠤᠭᠴᠢ ᠪᠠᠷ ᠲᠤᠭ᠎ᠠ ᠪᠠᠷᠢᠮᠲᠠ ᠪᠦᠷᠢᠳᠭᠡᠬᠦ

ᠤᠬᠠᠮᠰᠠᠷ ᠢ ᠪᠡᠶᠡᠴᠢᠯᠡᠨ ᠦᠩᠭᠡᠷᠡᠭᠡᠨ᠎ᠡ᠃ ᠲᠤᠭ᠎ᠠ ᠪᠠᠷᠢᠮᠲᠠ ᠲᠠᠢ ᠤᠴᠠᠷᠠᠪᠠᠯ᠂ ᠡᠳᠡᠭᠡᠷ ᠲᠤᠭ᠎ᠠ ᠪᠠᠷᠢᠮᠲᠠ ᠨᠢ ᠶᠠᠮᠠᠷ

ᠠᠰᠠᠭᠤᠳᠠᠯ ᠢ ᠰᠢᠢᠳᠪᠦᠷᠢᠯᠡᠬᠦ ᠶᠤᠮ ᠪᠠᠶᠢᠨ᠎ᠠ ᠭᠡᠳᠡᠭ ᠢ ᠶᠠᠷᠢᠯᠴᠠᠭᠤᠯᠤᠨ᠎ᠠ᠃ ᠪᠠᠰᠠ ᠰᠤᠷᠤᠭᠴᠢ ᠪᠠᠷ ᠪᠦᠷᠢᠳᠭᠡᠯ ᠤᠨ

ᠬᠡᠷᠡᠭᠯᠡᠯᠲᠡ ᠶᠢᠨ ᠵᠢᠱᠢᠶ᠎ᠡ ᠶᠢ ᠬᠤᠷᠠᠮᠳᠤᠭᠤᠯᠵᠤ᠂ ᠶᠡᠷᠦᠩᠬᠡᠶᠢᠯᠡᠬᠦ ᠦᠢᠯᠡᠳᠦᠯᠭᠡ ᠶᠢᠨ ᠬᠦᠳᠡᠯᠭᠡᠭᠡᠨ ᠦᠷᠨᠢᠭᠦᠯᠵᠦ᠂

ᠪᠦᠷᠢᠳᠭᠡᠯ ᠤᠨ ᠦᠢᠯᠡᠳᠦᠯ ᠢ ᠪᠡᠶᠡᠴᠢᠯᠡᠨ ᠤᠢᠢᠯᠠᠭᠠᠭᠤᠯᠤᠨ᠎ᠠ᠃

      2. ᠪᠦᠷᠢᠳᠭᠡᠯ ᠤᠨ ᠶᠠᠪᠤᠴᠠ ᠶᠢ ᠦᠩᠭᠡᠷᠡᠭᠡᠵᠦ᠂ ᠪᠦᠷᠢᠳᠭᠡᠯ ᠤᠨ ᠠᠷᠭ᠎ᠠ ᠶᠢ ᠰᠤᠷᠤᠯᠴᠠᠬᠤ

      ᠪᠤᠳᠠᠳᠤ ᠤᠷᠴᠢᠨ᠂ ᠪᠤᠳᠠᠳᠤ ᠠᠰᠠᠭᠤᠳᠠᠯ ᠠᠴᠠ ᠭᠠᠷᠳᠠᠵᠤ᠂ ᠰᠤᠷᠤᠭᠴᠢ ᠶᠢ ᠵᠢᠯᠤᠭᠤᠳᠤᠨ ᠪᠦᠷᠢᠨ ᠪᠦᠲᠦᠨ

ᠲᠤᠭ᠎ᠠ ᠪᠠᠷᠢᠮᠲᠠ ᠴᠤᠭᠯᠠᠭᠤᠯᠬᠤ ᠪᠣᠶᠣ ᠡᠮᠬᠢᠳᠭᠡᠬᠦ ᠶᠠᠪᠤᠴᠠ ᠶᠢ ᠦᠩᠭᠡᠷᠡᠭᠡᠵᠦ᠂ ᠲᠤᠭ᠎ᠠ ᠪᠠᠷᠢᠮᠲᠠ ᠴᠤᠭᠯᠠᠭᠤᠯᠬᠤ

ᠴᠢᠬᠤᠯᠠ ᠴᠢᠨᠠᠷ ᠢ ᠰᠡᠷᠡᠨ ᠮᠡᠳᠡᠬᠦ ᠶᠢᠨ ᠳᠠᠭᠠᠤ ᠲᠤᠬᠢᠷᠠᠮᠵᠢᠲᠠᠢ ᠠᠷᠭ᠎ᠠ ᠶᠢ ᠰᠤᠩᠭᠤᠵᠤ᠂ ᠲᠤᠭ᠎ᠠ ᠪᠠᠷᠢᠮᠲᠠ

ᠴᠤᠭᠯᠠᠭᠤᠯᠵᠤ ᠡᠮᠬᠢᠳᠭᠡᠬᠦ ᠶᠢ ᠰᠤᠷᠴᠤ᠂ ᠲᠣᠬᠢᠷᠠᠮᠵᠢᠲᠠᠢ ᠪᠦᠷᠢᠳᠭᠡᠯ ᠤᠨ ᠵᠢᠷᠤᠭ ᠬᠦᠰᠦᠨᠦᠭ ᠢ ᠬᠡᠷᠡᠭᠯᠡᠵᠦ ᠲᠤᠭ᠎ᠠ

ᠪᠠᠷᠢᠮᠲᠠ ᠶᠢ ᠢᠯᠡᠳᠭᠡᠵᠤ ᠭᠠᠷᠭᠠᠬᠤ᠂ ᠲᠤᠭ᠎ᠠ ᠪᠠᠷᠢᠮᠲᠠ ᠶᠢᠨ ᠪᠤᠳᠠᠳᠤ ᠤᠳᠬ᠎ᠠ ᠶᠢ ᠵᠤᠬᠢᠰᠲᠠᠢ ᠲᠠᠶᠢᠯᠪᠦᠷᠢᠯᠠᠵᠤ

ᠴᠢᠳᠠᠨ᠎ᠠ᠃ ᠡᠨᠡ ᠶᠠᠪᠤᠴᠠ ᠳᠤ ᠰᠤᠷᠤᠭᠴᠢ ᠳᠤ ᠲᠤᠭ᠎ᠠ ᠪᠠᠷᠢᠮᠲᠠ ᠴᠤᠭᠯᠠᠭᠤᠯᠵᠤ ᠡᠮᠬᠢᠳᠭᠡᠬᠦ ᠵᠠᠳᠠᠯᠬᠤ ᠠᠷᠭ᠎ᠠ ᠶᠢ

ᠦᠨᠡᠨ ᠬᠦ ᠣᠢᠢᠯᠠᠭᠠᠭᠤᠯᠵᠤ᠂ ᠠᠰᠠᠭᠤᠳᠠᠯ ᠤᠨ ᠤᠷᠴᠢᠨ ᠢ ᠦᠨᠳᠦᠰᠦᠯᠡᠵᠦ ᠵᠤᠬᠢᠰᠲᠠᠢ ᠰᠤᠩᠭᠤᠵᠤ᠂ ᠲᠤᠭ᠎ᠠ

ᠪᠠᠷᠢᠮᠲᠠ ᠶᠢᠨ ᠤᠬᠠᠮᠰᠠᠷ ᠪᠠ ᠠᠩᠬ᠎ᠠ ᠠᠯᠬᠤᠮ ᠤᠨ ᠬᠡᠷᠡᠭᠯᠡᠭᠡᠨ ᠤ ᠤᠬᠠᠮᠰᠠᠷ ᠢ ᠪᠦᠷᠢᠯᠳᠦᠭᠦᠯᠦᠨ᠎ᠡ᠃

      3. ᠲᠤᠭ᠎ᠠ ᠪᠠᠷᠢᠮᠲᠠ ᠶᠢᠨ ᠲᠠᠰᠢᠷᠠᠮ ᠤᠨ ᠴᠢᠨᠠᠷ ᠢ ᠰᠡᠷᠡᠨ ᠮᠡᠳᠡᠵᠦ᠂ ᠲᠠᠰᠢᠷᠠᠮ ᠤᠨ ᠦᠵᠡᠭᠳᠡᠯ ᠡᠭᠦᠰᠬᠦ ᠶᠢᠨ

ᠪᠤᠯᠤᠯᠴᠠᠭᠠᠳᠤ ᠴᠢᠨᠠᠷ ᠢ ᠤᠢᠢᠯᠠᠭᠠᠬᠤ᠃

      ᠲᠤᠭ᠎ᠠ ᠪᠠᠷᠢᠮᠲᠠ ᠶᠢᠨ ᠲᠠᠰᠢᠷᠠᠮ ᠤᠨ ᠴᠢᠨᠠᠷ ᠤᠨ ᠭᠤᠤᠯ ᠢᠯᠡᠷᠡᠯ ᠨᠢ ᠭᠡᠪᠡᠯ᠂ ᠨᠢᠭᠡ ᠲᠠᠯ᠎ᠠ ᠪᠠᠷ᠂

ᠠᠳᠠᠯᠢᠬᠠᠨ ᠬᠡᠷᠡᠭ ᠤᠴᠢᠷ ᠤᠨ ᠤᠳᠠᠭ᠎ᠠ ᠪᠤᠯᠭᠠᠨ ᠤ ᠴᠤᠭᠯᠠᠭᠤᠯᠤᠭᠰᠠᠨ ᠲᠤᠭ᠎ᠠ ᠪᠠᠷᠢᠮᠲᠠ ᠨᠢ ᠠᠳᠠᠯᠢ ᠪᠤᠰᠤ ᠪᠤᠯᠬᠤ

ᠪᠣᠯᠤᠯᠴᠠᠭ᠎ᠠ ᠲᠠᠢ᠃ ᠨᠦᠭᠦᠭᠡ ᠲᠠᠯ᠎ᠠ ᠪᠠᠷ᠂ ᠲᠤᠭ᠎ᠠ ᠪᠠᠷᠢᠮᠲᠠ ᠬᠦᠢᠴᠡᠳ ᠪᠠᠶᠢᠪᠠᠰᠤ᠂ ᠲᠡᠭᠦᠨ ᠤ ᠳᠤᠮᠳᠠ ᠠᠴᠠ

ᠵᠢᠮ᠎ᠡ ᠶᠤᠰᠤ ᠶᠢ ᠢᠯᠡᠷᠡᠬᠦᠯᠵᠦ ᠲᠡᠶᠢᠯᠦᠨ᠎ᠡ᠃ ᠵᠢᠱᠢᠶᠡᠯᠡᠪᠡᠯ᠂ 2022 ᠤᠨ ᠤ ᠬᠢᠴᠢᠶᠡᠯ ᠤᠨ ᠪᠠᠷᠢᠮᠵᠢᠶᠠᠨ ᠤ

ᠳᠤᠮᠳᠠᠬᠢ ︽ᠰᠤᠷᠭᠠᠭᠤᠯᠢ ᠳᠤ ᠶᠠᠪᠤᠬᠤ ᠬᠤᠭᠤᠴᠠᠭ᠎ᠠ︾ ᠪᠠᠷ ᠵᠢᠱᠢᠶᠡᠯᠡᠪᠡᠯ᠂ ᠰᠤᠷᠤᠭᠴᠢ ᠡᠳᠦᠷ ᠪᠦᠷᠢ ᠶᠢᠨ

ᠰᠤᠷᠭᠠᠭᠤᠯᠢ ᠳᠤ ᠶᠠᠪᠤᠬᠤ ᠳᠤ ᠬᠡᠷᠡᠭᠯᠡᠬᠦ ᠬᠤᠭᠤᠴᠠᠭ᠎ᠠ ᠪᠠᠨ ᠦᠪᠡᠷ ᠢᠶᠠᠨ ᠲᠡᠮᠲᠡᠭᠯᠡᠨ᠎ᠡ᠃ ᠬᠡᠷᠪᠡ ᠨᠢᠭᠡ

ᠮᠢᠨᠦ᠋ᠲ ᠢᠶᠠᠷ ᠨᠢᠭᠡᠴᠢ ᠪᠤᠯᠭᠠᠵᠤ ᠲᠠᠮᠲᠡᠭᠯᠡᠪᠡᠯ᠂ ᠡᠳᠦᠷ ᠪᠦᠷᠢ ᠶᠢᠨ ᠰᠤᠷᠭᠠᠭᠤᠯᠢ ᠳᠤ ᠶᠠᠪᠤᠬᠤ ᠳᠤ ᠬᠡᠷᠡᠭᠰᠡᠬᠦ

ᠬᠤᠭᠤᠴᠠᠭ᠎ᠠ ᠨᠢ ᠠᠳᠠᠯᠢ ᠦᠬᠡᠢ᠃ ᠬᠡᠷᠪᠡ ᠲᠡᠮᠲᠡᠭᠯᠡᠭᠰᠡᠨ ᠡᠳᠦᠷ ᠨᠢ ᠭᠦᠢᠴᠡᠳ ᠠᠷᠪᠢᠨ ᠪᠣᠯᠬᠤ ᠦᠶᠡᠰ᠂ ᠲᠤᠭ᠎ᠠ

ᠪᠠᠷᠢᠮᠲᠠ ᠨᠢ ᠲᠣᠭᠲᠠᠪᠦᠷᠢᠲᠠᠢ ᠪᠣᠯᠴᠢᠬᠠᠨ᠎ᠠ᠂ ︽ᠶᠡᠭᠡ ᠲᠦᠯᠦᠪ︾ ᠬᠡᠳᠦᠢ ᠬᠤᠭᠤᠴᠠᠭ᠎ᠠ ᠬᠡᠷᠡᠭᠯᠡᠬᠦ ᠶᠢ          

ᠮᠡᠳᠡᠨ᠎ᠡ᠃ ᠡᠨᠡ ᠬᠦᠳᠡᠯᠭᠡᠭᠡᠨ ᠤ ᠶᠠᠪᠤᠴᠠ ᠳᠤ ᠰᠤᠷᠤᠭᠴᠢ ᠶᠢ ᠵᠢᠯᠤᠭᠤᠳᠤᠨ ᠲᠤᠭ᠎ᠠ ᠪᠠᠷᠢᠮᠲᠠ ᠶᠢᠨ ᠲᠠᠰᠢᠷᠠᠮ ᠤᠨ

ᠴᠢᠨᠠᠷ ᠢ ᠰᠡᠷᠡᠨ ᠮᠡᠳᠡᠭᠦᠯᠵᠦ᠂ ᠲᠤᠭ᠎ᠠ ᠪᠠᠷᠢᠮᠲᠠ ᠶᠢᠨ ᠦᠨ᠎ᠡ ᠦᠷᠳᠡᠭ ᠢ ᠪᠡᠶᠡᠴᠢᠯᠡᠨ ᠣᠢᠢᠯᠠᠭᠠᠭᠤᠯᠤᠨ᠎ᠠ᠃

      ᠶᠢᠰᠦ᠂ ᠰᠤᠷᠤᠭᠴᠢ ᠶᠢᠨ ᠵᠠᠭᠪᠤᠷ ᠤᠨ ᠤᠬᠠᠮᠰᠠᠷ ᠢ ᠬᠦᠭᠵᠢᠬᠦᠯᠬᠦ ᠳᠤ ᠶᠠᠭᠤ ᠶᠢ ᠠᠩᠬᠠᠷᠬᠤ ᠬᠡᠷᠡᠭᠲᠡᠢ ᠪᠤᠢ︖

      1. ᠪᠤᠳᠠᠳᠤ ᠠᠰᠠᠭᠤᠳᠠᠯ ᠤᠨ ᠤᠷᠴᠢᠨ ᠢ ᠨᠠᠷᠢᠯᠢᠬ ᠵᠤᠬᠢᠶᠠᠨ ᠪᠠᠶᠢᠭᠤᠯᠵᠤ ᠰᠤᠷᠤᠭᠴᠢ ᠪᠠᠷ ᠪᠤᠳᠠᠳᠠᠢ

ᠠᠰᠠᠭᠤᠳᠠᠯ ᠢ ᠰᠢᠢᠳᠪᠦᠷᠢᠯᠡᠬᠦ ᠶᠠᠪᠤᠴᠠ ᠶᠢ ᠦᠩᠭᠡᠷᠡᠬᠦᠯᠭᠦ

      ᠲᠣᠭᠠᠨ ᠤ ᠤᠬᠠᠭᠠᠨ ᠤ ᠵᠠᠭᠪᠤᠷ ᠪᠠᠶᠢᠭᠤᠯᠬᠤ ᠪᠣᠯ ᠲᠣᠭᠠᠨ ᠤ ᠤᠬᠠᠭᠠᠨ ᠪᠠ ᠠᠮᠢᠳᠤᠷᠠᠯ ᠤᠨ

ᠬᠤᠭᠤᠷᠤᠨᠳᠤᠬᠢ ᠬᠦᠬᠦᠷᠭᠡ ᠪᠣᠯᠤᠨ᠎ᠠ᠃ ᠵᠠᠭᠪᠤᠷ ᠤᠨ ᠤᠬᠠᠮᠰᠠᠷ ᠢ ᠬᠦᠭᠵᠢᠭᠦᠯᠬᠦ ᠪᠣᠯ ᠰᠤᠷᠤᠭᠴᠢ ᠶᠢᠨ ᠲᠣᠭᠠᠨ ᠤ

ᠤᠬᠠᠭᠠᠨ ᠪᠠ ᠭᠠᠳᠠᠭᠠᠳᠤ ᠶᠢᠷᠲᠢᠨᠴᠦ ᠶᠢᠨ ᠬᠤᠭᠤᠷᠤᠨᠳᠤᠬᠢ ᠬᠤᠯᠪᠤᠭ᠎ᠠ ᠶᠢ ᠪᠡᠶᠡᠴᠢᠯᠡᠨ ᠦᠩᠭᠡᠷᠡᠭᠡᠬᠦ ᠦᠨᠳᠦᠰᠦᠨ

ᠠᠷᠭ᠎ᠠ ᠵᠠᠮ ᠮᠦᠨ᠃ ᠵᠢᠭᠠᠨ ᠰᠤᠷᠭᠠᠯᠲᠠ ᠳᠤᠮᠳᠠ ᠪᠠᠨ ᠪᠤᠳᠠᠳᠤ ᠠᠰᠠᠭᠤᠳᠠᠯ ᠤᠨ ᠤᠷᠴᠢᠨ ᠢ ᠪᠠᠶᠢᠭᠤᠯᠵᠤ

ᠰᠤᠷᠤᠭᠴᠢ ᠶᠢ ᠵᠣᠷᠢᠬᠵᠢᠭᠤᠯᠤᠨ ᠪᠤᠳᠠᠳᠤ ᠠᠬᠤᠢ ᠤᠷᠴᠢᠨ ᠠᠴᠠ ᠲᠣᠭᠠᠨ ᠤ ᠤᠬᠠᠭᠠᠨ ᠤ ᠠᠰᠠᠭᠤᠳᠠᠯ ᠢ

ᠬᠡᠶᠢᠰᠪᠦᠷᠢᠯᠡᠨ ᠭᠠᠷᠭᠠᠵᠤ᠂ ᠲᠣᠭᠠᠨ ᠤ ᠤᠬᠠᠭᠠᠨ ᠤ ᠮᠡᠳᠡᠯᠭᠡ ᠪᠠ ᠠᠷᠭ᠎ᠠ ᠪᠠᠨ ᠬᠡᠷᠡᠭᠯᠡᠨ᠋ ᠦᠷ᠎ᠡ ᠳ᠋ᠦᠩ ᠢ ᠲᠤᠷᠰᠢᠨ

ᠭᠠᠷᠭᠠᠨ᠎ᠠ᠃ ᠡᠨᠡ ᠰᠠᠭᠤᠷᠢᠨ ᠲᠡᠭᠡᠷ᠎ᠡ ᠪᠤᠳᠠᠲᠠᠢ ᠠᠬᠤᠢ ᠤᠷᠴᠢᠨ ᠳᠤ ᠪᠠᠨ ᠪᠤᠴᠠᠵᠤ ᠰᠢᠯᠭᠠᠨ ᠪᠠᠶᠢᠴᠠᠭᠠᠬᠤ ᠪᠦᠭᠡᠳ

ᠦᠷ᠎ᠡ ᠳ᠋ᠦᠩ ᠤᠨ ᠪᠤᠳᠠᠳᠠᠢ ᠤᠳᠬ᠎ᠠ ᠶᠢ ᠲᠠᠶᠢᠯᠪᠦᠷᠢᠯᠡᠨ᠎ᠠ᠃

      2. ᠨᠡᠶᠢᠲᠡᠯᠢᠭ ᠵᠢᠱᠢᠶ᠎ᠡ ᠶᠢ ᠠᠰᠢᠭᠯᠠᠨ᠂ ᠲᠣᠭᠠᠨ ᠤ ᠤᠬᠠᠭᠠᠨ ᠤ ᠵᠠᠭᠪᠤᠷ ᠢᠶᠠᠷ ᠨᠢᠭᠡ ᠪᠦᠯᠦᠭ

ᠠᠰᠠᠭᠤᠳᠠᠯ ᠢ ᠰᠢᠢᠳᠪᠦᠷᠢᠯᠡᠵᠤ ᠪᠣᠯᠤᠨ᠎ᠠ ᠭᠡᠳᠡᠭ ᠢ ᠰᠤᠷᠤᠭᠴᠢ ᠳᠤ ᠰᠡᠷᠡᠨ ᠮᠡᠳᠡᠭᠦᠯᠭᠦ

      2022 ᠣᠨ ᠤ ᠬᠢᠴᠢᠶᠡᠯ ᠤᠨ ᠪᠠᠷᠢᠮᠵᠢᠶ᠎ᠠ ᠳᠡᠭᠡᠷ᠎ᠡ ᠦᠷᠬᠦᠯᠵᠢ ᠬᠠᠷᠠᠭᠳᠠᠳᠠᠭ ᠲᠤᠭ᠎ᠠ ᠬᠡᠮᠵᠢᠭᠳᠡᠬᠦᠨ ᠤ

ᠬᠤᠯᠪᠤᠭᠳᠠᠯ᠄ ᠶᠡᠷᠦᠩᠬᠡᠢ ᠬᠡᠮᠵᠢᠭᠳᠡᠬᠦᠨ = ᠬᠡᠰᠡᠭ ᠬᠡᠮᠵᠢᠭᠳᠡᠬᠦᠨ + ᠬᠡᠰᠡᠭ ᠬᠡᠮᠵᠢᠭᠳᠡᠬᠦᠨ᠃               

ᠶᠡᠷᠦᠩᠬᠡᠢ ᠦᠨ᠎ᠡ = ᠨᠢᠭᠡᠴᠢ ᠦᠨ᠎ᠡ × ᠲᠤᠭ᠎ᠠ ᠬᠡᠮᠵᠢᠭᠳᠡᠬᠦᠨ᠃ ᠵᠠᠮ ᠤᠨ ᠤᠷᠲᠤ = ᠬᠤᠷᠳᠤᠴᠠ ×

ᠬᠤᠭᠤᠴᠠᠭ᠎ᠠ᠃ ᠵᠠᠮ ᠤᠨ ᠤᠷᠲᠤ = ᠬᠤᠷᠳᠤᠴᠠ × ᠬᠤᠭᠤᠴᠠᠭ᠎ᠠ ᠪᠠᠷ ᠵᠢᠱᠢᠶᠡᠯᠡᠪᠡᠯ᠂ ᠳᠤᠤᠷᠠᠬᠢ ᠮᠡᠲᠤ ᠭᠤᠷᠪᠠᠨ

ᠲᠠᠯ᠎ᠠ ᠪᠠᠷ ᠠᠩᠬᠠᠷᠬᠤ ᠬᠡᠷᠡᠭᠲᠡᠢ᠃ ᠨᠢᠭᠡ᠂ ᠡᠯᠪᠡᠭ ᠪᠠᠶᠠᠯᠢᠭ ᠪᠤᠳᠠᠳᠤ ᠠᠬᠤᠢ ᠤᠷᠴᠢᠨ ᠢ ᠵᠤᠬᠢᠶᠠᠨ ᠪᠠᠶᠢᠭᠤᠯᠵᠤ᠂

ᠰᠤᠷᠤᠭᠴᠢ ᠶᠢ ᠵᠣᠷᠢᠬᠵᠢᠭᠤᠯᠤᠠ ᠪᠤᠳᠠᠳᠤ ᠠᠰᠠᠭᠤᠳᠠᠯ ᠢ ᠰᠢᠢᠳᠪᠦᠷᠢᠯᠡᠨ᠎ᠡ᠃ ᠵᠢᠱᠢᠶᠡᠯᠡᠪᠡᠯ᠂ ᠬᠤᠶᠠᠷ ᠲᠠᠮᠢᠷᠴᠢᠨ ᠤ

ᠬᠡᠨ ᠤ ᠬᠢᠨᠢ ᠭᠦᠶᠦᠬᠦ ᠨᠢ ᠬᠤᠷᠳᠤᠨ ᠢ ᠠᠳᠠᠯᠢᠳᠬᠠᠨ᠎ᠠ᠃ ᠬᠤᠶᠠᠷ᠂ ᠪᠤᠳᠠᠳᠤ ᠠᠰᠠᠭᠤᠳᠠᠯ ᠤᠨ ᠰᠠᠭᠤᠷᠢᠨ ᠳᠡᠭᠡᠷ᠎ᠡ

ᠰᠤᠷᠤᠭᠴᠢ ᠶᠢ ᠵᠣᠷᠢᠬᠵᠢᠭᠤᠯᠤᠨ ᠶᠠᠭᠠᠬᠢᠵᠤ ︽ᠬᠤᠷᠳᠤᠨ ᠤᠳᠠᠭᠠᠨ︾ ᠢ ᠵᠢᠷᠤᠭᠴᠢᠯᠠᠬᠤ ᠶᠢ ᠶᠠᠷᠢᠯᠴᠠᠭᠤᠯᠤᠨ᠎ᠠ᠃

ᠲᠠᠷᠠᠭ᠎ᠠ  ᠨᠢ ︽ᠬᠤᠷᠳᠤᠨ ᠤᠳᠠᠭᠠᠨ︾ ᠨᠢ ᠵᠠᠮ ᠤᠨ ᠤᠷᠲᠤ ᠬᠤᠭᠤᠴᠠᠭ᠎ᠠ ᠲᠠᠢ ᠬᠤᠯᠪᠤᠭᠳᠠᠯ ᠲᠠᠢ  ᠶᠢ ᠪᠡᠶᠡᠴᠢᠯᠡᠨ

ᠣᠢᠢᠯᠠᠭᠠᠵᠤ᠂ ᠦᠷᠭᠦᠯᠵᠢ ᠨᠢᠭᠡᠴᠢ ᠬᠤᠭᠤᠴᠠᠭᠠᠨ ᠲᠤᠳᠤᠷᠠᠬᠢ ᠵᠠᠮ ᠤᠨ ᠤᠷᠲᠤ  ᠪᠠᠷ ᠵᠢᠷᠤᠭᠴᠢᠯᠠᠬᠤ ᠶᠢ ᠰᠡᠷᠡᠨ

ᠮᠡᠳᠡᠨ᠎ᠡ᠃

      3. ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠦᠳᠡᠯᠭᠡᠭᠡᠨ ᠢ ᠨᠡᠬᠡᠭᠡᠵᠦ᠂ ᠲᠤᠭᠠᠨ ᠤ

ᠤᠬᠠᠭᠠᠨ ᠤ ᠬᠡᠷᠡᠭᠯᠡᠭᠡ ᠶᠢ ᠲᠣᠪᠤᠶᠢᠯᠭᠠᠬᠤ

      ᠪᠠᠭᠰᠢ ᠠᠴᠠ ᠵᠣᠷᠢᠯᠭ᠎ᠠ ᠲᠠᠢ ᠨᠢᠭᠡ ᠪᠦᠯᠦᠭ ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠢᠴᠢᠶᠡᠯ

ᠦᠷᠨᠢᠭᠦᠯᠵᠦ᠂ ᠰᠤᠷᠤᠭᠴᠢ ᠶᠢᠨ ᠲᠣᠭᠠᠨ ᠤ ᠬᠡᠷᠡᠭᠯᠡᠭᠡᠨ ᠤ ᠲᠠᠨᠢᠯᠲᠠ  ᠶᠢ ᠡᠯᠪᠡᠭ ᠪᠣᠯᠭᠠᠵᠤ᠂ ᠶᠡᠷᠦᠩᠬᠡᠶᠢᠯᠡᠨ ᠬᠡᠷᠡᠭᠯᠡᠬᠦ

ᠮᠡᠳᠡᠯᠭᠡ ᠪᠠ ᠠᠷᠭ᠎ᠠ ᠶᠢ ᠬᠡᠷᠡᠭᠯᠡᠵᠦ ᠠᠰᠠᠭᠤᠳᠠᠯ ᠢ ᠰᠢᠢᠳᠪᠦᠷᠢᠯᠡᠬᠦ ᠶᠠᠪᠤᠴᠠ ᠶᠢ ᠦᠩᠭᠡᠷᠡᠭᠡᠨ᠎ᠡ᠃ ᠬᠠᠮᠤᠭ ᠤᠨ

ᠴᠢᠬᠤᠯᠠ ᠨᠢ ᠡᠨᠡ ᠬᠦ ᠶᠠᠪᠤᠴᠠ ᠳᠤ ᠲᠣᠭᠠᠨ ᠤ ᠤᠬᠠᠭᠠᠨ ᠤ ᠪᠠᠳᠠᠷᠠᠭᠤᠯᠬᠤ ᠴᠢᠬᠤᠯᠠ ᠦᠢᠯᠡᠳᠦᠯ ᠢ ᠰᠡᠷᠡᠨ          

ᠮᠡᠳᠡᠨ᠎ᠡ᠃

      ᠠᠷᠪᠠ᠂ ᠰᠤᠷᠤᠭᠴᠢ ᠶᠢᠨ ᠬᠡᠷᠡᠭᠯᠡᠭᠡᠨ ᠤ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ ᠬᠡᠷᠡᠭᠲᠡᠢ          

ᠪᠤᠢ︖

      1. ᠪᠤᠳᠠᠳᠤ ᠠᠬᠤᠢ ᠶᠢᠨ ᠦᠨ᠎ᠡ ᠦᠷᠳᠡᠭ ᠢ ᠡᠷᠢᠵᠤ᠂ ᠰᠤᠷᠤᠭᠴᠢ ᠳᠤ ᠪᠤᠳᠠᠳᠤ ᠶᠢᠷᠲᠢᠨᠴᠦ ᠶᠢ

ᠲᠠᠨᠢᠭᠤᠯᠵᠤ᠂ ᠪᠤᠳᠠᠳᠤ ᠠᠰᠠᠭᠤᠳᠠᠯ ᠢ ᠰᠢᠢᠳᠪᠦᠷᠢᠯᠡᠭᠦᠯᠭᠦ

      ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠴᠢᠶᠡᠯ ᠤᠨ ᠲᠤᠭᠤᠰᠢᠯᠠᠯᠲᠠ ᠳᠤ ᠮᠡᠳᠡᠯᠭᠡ ᠰᠤᠷᠤᠯᠴᠠᠬᠤ ᠪᠠ

ᠰᠤᠷᠤᠭᠴᠢ ᠶᠢᠨ ᠲᠤᠷᠰᠢᠯᠭ᠎ᠠ᠂ ᠪᠤᠳᠠᠳᠤ ᠠᠮᠢᠳᠤᠷᠠᠯ᠂ ᠨᠡᠶᠢᠭᠡᠮ ᠤᠨ ᠦᠢᠯᠡᠳᠦᠯᠭᠡ ᠶᠢᠨ ᠬᠤᠭᠤᠷᠤᠨᠳᠤᠬᠢ

ᠬᠠᠷᠢᠴᠠᠭ᠎ᠠ ᠶᠢ ᠴᠢᠩᠭᠠᠳᠬᠠᠵᠤ᠂ ᠪᠤᠳᠠᠳᠤ ᠠᠰᠠᠭᠤᠳᠠᠯ ᠤᠨ ᠤᠷᠴᠢᠨ ᠢ ᠵᠤᠬᠢᠶᠠᠨ ᠪᠠᠶᠢᠭᠤᠯᠬᠤ ᠶᠢ ᠴᠢᠬᠤᠯᠠᠴᠢᠯᠠᠵᠤ᠂

ᠰᠤᠷᠤᠭᠴᠢ ᠶᠢᠨ ᠪᠤᠳᠠᠳᠤ ᠶᠢᠷᠲᠢᠨᠴᠦ ᠶᠢ ᠲᠠᠨᠢᠵᠦ᠂ ᠪᠤᠳᠠᠳᠤ ᠠᠰᠠᠭᠤᠳᠠᠯ ᠢ ᠰᠢᠢᠳᠪᠦᠷᠢᠯᠡᠬᠦ ᠴᠢᠳᠠᠪᠦᠷᠢ ᠶᠢ

ᠨᠡᠮᠡᠭᠳᠡᠬᠦᠯᠭᠦ ᠱᠠᠭᠠᠷᠳᠠᠯᠭ᠎ᠠ ᠳᠤ ᠰᠢᠨ᠎ᠡ ᠨᠢᠭᠡ ᠡᠭᠡᠯᠵᠢ ᠶᠢᠨ ᠬᠢᠴᠢᠶᠡᠯ ᠤᠨ ᠦᠭᠡᠷᠡᠴᠢᠯᠡᠯᠲᠡ ᠶᠢ ᠲᠦᠯᠬᠢᠨ

ᠠᠬᠢᠭᠤᠯᠬᠤ ᠴᠢᠬᠤᠯᠠ ᠠᠷᠭ᠎ᠠ ᠪᠤᠯᠤᠨ᠎ᠠ᠃

      2. ᠰᠤᠷᠤᠭᠴᠢ ᠳᠤ ᠪᠤᠳᠠᠳᠤ ᠠᠮᠢᠳᠤᠷᠠᠯ ᠤᠨ ᠳᠤᠮᠳᠠ ᠬᠠᠳᠠᠭᠠᠯᠠᠭᠳᠠᠵᠤ ᠪᠠᠶᠢᠭ᠎ᠠ ᠲᠤᠭ᠎ᠠ ᠬᠡᠮᠵᠢᠭᠳᠡᠬᠦᠨ ᠪᠠ

ᠵᠢᠷᠤᠭ ᠳᠦᠷᠰᠦ ᠶᠢᠨ ᠬᠤᠭᠤᠷᠤᠨᠳᠤᠬᠢ ᠬᠤᠯᠪᠤᠭᠳᠠᠯ ᠪᠦᠬᠦᠢ ᠠᠰᠠᠭᠤᠳᠠᠯ ᠢ ᠰᠡᠷᠡᠨ ᠮᠡᠳᠡᠭᠦᠯᠭᠦ

      ᠵᠢᠭᠠᠨ ᠰᠤᠷᠭᠠᠯᠲᠠ ᠳᠤᠮᠳᠠ᠂ ᠮᠡᠳᠡᠯᠭᠡ ᠶᠢᠨ ᠢᠷᠡᠯᠲᠡ ᠶᠢᠨ ᠠᠬᠤᠢ ᠪᠠᠶᠢᠳᠠᠯ ᠪᠠ ᠮᠡᠳᠡᠯᠭᠡ ᠶᠢᠨ ᠪᠤᠳᠠᠳᠤ

ᠬᠡᠷᠡᠭᠯᠡᠭᠡ ᠶᠢ ᠴᠢᠳᠠᠬᠤ ᠶᠢᠨ ᠬᠢᠷᠢ ᠳᠤ ᠢᠯᠡᠷᠡᠭᠦᠯᠵᠦ᠂ ᠰᠤᠷᠤᠭᠴᠢ ᠪᠠᠷ ᠮᠡᠳᠡᠯᠭᠡ ᠶᠢᠨ ᠪᠦᠷᠢᠯᠳᠦᠬᠦ ᠶᠠᠪᠤᠴᠠ ᠪᠠ

ᠬᠡᠷᠡᠭᠯᠡᠭᠡᠨ ᠤ ᠶᠠᠪᠤᠴᠠ ᠶᠢ ᠦᠩᠭᠡᠷᠡᠭᠡᠨ᠎ᠡ᠃ ᠪᠠᠭᠰᠢ ᠠᠴᠠ ᠰᠤᠷᠤᠭᠴᠢ ᠶᠢ ᠵᠤᠷᠢᠬᠵᠢᠭᠤᠯᠤᠨ ᠠᠮᠢᠳᠤᠷᠠᠯ ᠤᠨ

ᠳᠤᠮᠳᠠ ᠠᠴᠠ ᠲᠣᠭᠠᠨ ᠤ ᠠᠰᠠᠭᠤᠳᠠᠯ ᠢ ᠢᠯᠡᠷᠡᠬᠦᠯᠵᠦ ᠳᠤᠷᠠᠳᠴᠤ᠂ ᠠᠰᠠᠭᠤᠳᠠᠯ ᠢ ᠰᠢᠢᠳᠪᠦᠷᠢᠯᠡᠬᠦ ᠲᠦᠰᠦᠪ

ᠣᠯᠵᠤ᠂ ᠠᠰᠠᠭᠤᠳᠠᠯ ᠢ ᠰᠢᠢᠳᠪᠦᠷᠢᠯᠡᠬᠦ ᠲᠤᠬᠢᠷᠠᠮᠵᠢᠲᠠᠢ ᠠᠷᠭ᠎ᠠ ᠪᠣᠳᠤᠯᠭ᠎ᠠ ᠶᠢ ᠡᠷᠢᠭᠦᠯᠦᠨ᠎ᠡ᠃ ᠲᠣᠭᠠᠨ ᠤ

ᠤᠬᠠᠭᠠᠨ ᠤ ᠡᠲᠡᠭᠡᠳ ᠲᠤ ᠠᠪᠴᠤ ᠬᠡᠯᠡᠪᠡᠯ᠂ ᠵᠢᠭᠠᠨ ᠰᠤᠷᠭᠠᠯᠲᠠ ᠳᠤ ᠰᠤᠷᠤᠭᠴᠢ ᠪᠠᠷ ᠪᠤᠳᠠᠳᠠᠢ ᠠᠬᠤᠢ ᠪᠠᠶᠢᠳᠠᠯ ᠢ

ᠡᠷᠢᠭᠦᠯᠦᠨ᠎ᠡ᠃ ᠪᠠᠭᠰᠢ ᠠᠴᠠ ᠪᠠᠰᠠ ᠰᠤᠷᠤᠭᠴᠢᠳ ᠲᠤ ᠡᠯᠪᠡᠭ ᠪᠠᠶᠠᠯᠢᠭ ᠣᠩᠰᠢᠬᠤ ᠮᠠᠲ᠋ᠧᠷᠢᠶᠠᠯ ᠬᠠᠩᠭᠠᠵᠤ᠂

ᠰᠤᠷᠤᠭᠴᠢ ᠶᠢᠨ ᠬᠠᠷᠠᠭ᠎ᠠ ᠶᠢ ᠦᠷᠭᠡᠳᠭᠡᠵᠤ᠂ ᠲᠣᠭᠠᠨ ᠤ ᠤᠬᠠᠭᠠᠨ ᠤ ᠦᠨ᠎ᠡ ᠦᠷᠳᠡᠭ ᠢ ᠦᠵᠡᠭᠦᠯᠦᠨ᠎ᠡ᠃

      3. ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠦᠳᠡᠯᠭᠡᠭᠡᠨ ᠬᠢᠬᠦ ᠶᠢ ᠵᠣᠷᠢᠬᠵᠢᠭᠤᠯᠵᠤ᠂ ᠪᠤᠰᠤᠳ

ᠬᠢᠴᠢᠶᠡᠯ ᠲᠦᠷᠦᠯ ᠤᠨ ᠳᠤᠮᠳᠠᠬᠢ ᠲᠣᠭᠠᠨ ᠤ ᠤᠬᠠᠭᠠᠨ ᠤ ᠬᠡᠷᠡᠭᠯᠡᠭᠡ ᠶᠢ ᠪᠡᠶᠡᠴᠢᠯᠡᠨ ᠦᠩᠭᠡᠷᠡᠭᠡᠭᠦ᠃

      ᠬᠢᠴᠢᠶᠡᠯ ᠲᠦᠷᠦᠯ ᠠᠯᠤᠰᠯᠠᠭᠰᠠᠨ ᠭᠤᠤᠯ ᠰᠡᠳᠤᠪᠲᠤ ᠬᠦᠳᠡᠯᠭᠡᠭᠡᠨ ᠪᠣᠯ ᠰᠤᠷᠤᠭᠴᠢ ᠶᠢᠨ ᠬᠡᠷᠡᠭᠯᠡᠭᠡᠨ ᠤ

ᠤᠬᠠᠮᠰᠠᠷ ᠢ ᠬᠦᠭᠵᠢᠬᠦᠯᠬᠦ ᠭᠤᠤᠯ ᠠᠷᠭ᠎ᠠ ᠵᠠᠮ᠃ ᠬᠦᠳᠡᠯᠭᠡᠭᠡᠨ ᠤ ᠳᠤᠮᠳᠠ ᠨᠡᠩ ᠡᠯᠪᠡᠭ ᠪᠠᠶᠠᠯᠢᠭ᠂ ᠨᠡᠩ ᠪᠤᠳᠠᠳᠤ

ᠶᠢᠷᠲᠢᠨᠴᠦ ᠲᠠᠢ ᠤᠢᠢᠷᠠᠳᠬᠤ ᠶᠢ ᠪᠡᠶᠡᠴᠢᠯᠡᠨ ᠦᠩᠭᠡᠷᠡᠭᠡᠬᠦ ᠪᠠᠷ ᠪᠠᠷᠠᠬᠤ ᠦᠬᠡᠢ᠂ ᠲᠣᠭᠠᠨ ᠤ ᠤᠬᠠᠭᠠᠨ ᠤ ᠦᠷᠭᠡᠨ

ᠳᠡᠯᠭᠡᠷ ᠬᠡᠷᠡᠭᠯᠡᠭᠡ ᠶᠢ ᠪᠡᠶᠡᠴᠢᠯᠡᠨ ᠤᠢᠢᠯᠠᠭᠠᠵᠤ᠂ ᠨᠡᠩ ᠢᠳᠡᠪᠬᠢᠲᠡᠢ ᠰᠤᠷᠤᠯᠴᠠᠬᠤ ᠬᠦᠰᠡᠯ ᠲᠠᠢ ᠪᠤᠯᠭᠠᠨ᠎ᠠ᠃

      ᠶᠡᠷᠦᠩᠬᠡᠶᠢᠯᠡᠪᠡᠯ᠂ ᠵᠢᠭᠠᠨ ᠰᠤᠷᠭᠠᠯᠲᠠ ᠶᠢᠨ ᠳᠤᠮᠳᠠ ᠰᠤᠷᠤᠭᠴᠢ ᠠᠰᠠᠭᠤᠳᠠᠯ ᠢ ᠢᠯᠡᠷᠡᠭᠦᠯᠵᠦ᠂ ᠠᠰᠠᠭᠤᠳᠠᠯ

ᠳᠤᠷᠠᠳᠴᠤ᠂ ᠵᠠᠳᠠᠯᠵᠤ ᠰᠢᠢᠳᠪᠦᠷᠢᠯᠡᠬᠦ ᠶᠠᠪᠤᠴᠠ ᠶᠢᠨ ᠳᠤᠮᠳᠠ ᠢᠳᠡᠪᠬᠢᠲᠡᠢ ᠰᠡᠳᠬᠢᠵᠦ᠂ ᠲᠣᠭᠠᠨ ᠤ

ᠤᠬᠠᠭᠠᠨ ᠢᠶᠠᠷ ᠲᠤᠭ᠎ᠠ ᠪᠠ ᠪᠤᠰᠤᠳ ᠬᠢᠴᠢᠶᠡᠯ ᠲᠦᠷᠦᠯ ᠤᠨ ᠬᠤᠭᠤᠷᠤᠨᠳᠤᠬᠢ ᠬᠤᠯᠪᠤᠭᠳᠠᠯ ᠢ ᠪᠡᠶᠡᠴᠢᠯᠡᠨ

ᠣᠢᠢᠯᠠᠭᠠᠵᠤ᠂ ᠦᠷᠭᠦᠯᠵᠢᠯᠡᠨ ᠰᠦᠪᠡᠭᠴᠢᠯᠡᠬᠦ ᠪᠦᠬᠡᠳ ᠦᠨ᠎ᠡ ᠦᠷᠳᠡᠭ ᠲᠠᠢ ᠡᠬᠦᠳᠦᠯᠲᠡ ᠶᠢ ᠳᠤᠷᠠᠳᠴᠤ᠂

ᠲᠣᠭᠠᠨ ᠤ ᠤᠬᠠᠭᠠᠨ ᠤ ᠬᠤᠪᠢ ᠨᠡᠮᠡᠷᠢ ᠶᠢ ᠰᠡᠷᠡᠨ ᠮᠡᠳᠡᠵᠦ᠂ ᠰᠤᠷᠤᠭᠴᠢ ᠶᠢᠨ ᠬᠡᠷᠡᠭᠯᠡᠭᠡᠨ ᠤ ᠤᠬᠠᠮᠰᠠᠷ ᠢ

ᠲᠠᠰᠤᠷᠠᠯᠲᠠ ᠦᠬᠡᠢ ᠳᠡᠭᠡᠭᠰᠢᠯᠡᠭᠦᠯᠦᠨ᠎ᠡ᠃

      ᠠᠷᠪᠠᠨ ᠨᠢᠭᠡ᠂ ᠰᠤᠷᠤᠭᠴᠢ ᠶᠢᠨ ᠰᠢᠨ᠎ᠡ ᠶᠢ ᠡᠭᠦᠳᠬᠦ ᠤᠬᠠᠮᠰᠠᠷ ᠢ ᠬᠦᠭᠵᠢᠭᠦᠯᠬᠦ ᠳᠤ ᠶᠠᠭᠤ ᠶᠢ ᠠᠩᠬᠠᠷᠬᠤ

ᠬᠡᠷᠡᠭᠲᠡᠢ ᠪᠣᠢ︖

      1. ᠰᠤᠷᠤᠭᠴᠢ ᠪᠠᠷ ᠠᠰᠠᠭᠤᠳᠠᠯ ᠢ ᠢᠯᠡᠷᠡᠬᠦᠯᠵᠦ ᠠᠰᠠᠭᠤᠳᠠᠯ ᠳᠤᠷᠠᠳᠤᠭᠤᠯᠬᠤ

      ᠰᠤᠷᠤᠭᠴᠢ ᠶᠢᠨ ᠰᠢᠨ᠎ᠡ ᠶᠢ ᠡᠬᠦᠳᠬᠦ ᠤᠬᠠᠮᠰᠠᠷ ᠢ ᠬᠦᠭᠵᠢᠬᠦᠯᠬᠦ ᠳᠤ ᠤᠷᠢᠳ ᠢᠶᠠᠷ ᠰᠤᠷᠤᠭᠴᠢ ᠶᠢᠨ

ᠰᠤᠨᠢᠭᠤᠴᠢ ᠰᠡᠳᠬᠢᠯ ᠢ ᠬᠦᠮᠦᠵᠢᠬᠦᠯᠦᠨ᠂ ᠲᠠᠰᠤᠷᠠᠯᠲᠠ ᠦᠬᠡᠢ ᠠᠰᠠᠭᠤᠳᠠᠯ ᠢ ᠢᠯᠡᠷᠡᠬᠦᠯᠵᠦ ᠠᠰᠠᠭᠤᠳᠠᠯ

ᠳᠤᠷᠠᠳᠤᠭᠤᠯᠤᠨ᠎ᠠ᠃ ᠦᠪᠡᠷ ᠢᠶᠠᠨ ᠠᠰᠠᠭᠤᠳᠠᠯ ᠢ ᠢᠯᠡᠷᠡᠬᠦᠯᠵᠦ ᠠᠰᠠᠭᠤᠳᠠᠯ ᠳᠤᠷᠠᠳᠬᠤ ᠪᠣᠯ ᠰᠢᠨ᠎ᠡ ᠶᠢ ᠡᠭᠦᠳᠬᠦ

 ᠶᠢᠨ ᠰᠠᠭᠤᠷᠢ ᠪᠤᠯᠤᠨ᠎ᠠ᠃ ᠰᠤᠷᠤᠭᠴᠢ ᠶᠢᠨ ᠲᠤᠭᠠᠨ ᠤ ᠤᠬᠠᠭᠠᠨ ᠤ ᠬᠠᠷᠠᠴᠠ ᠶᠢ ᠬᠦᠮᠦᠵᠢᠬᠦᠯᠬᠦ ᠪᠠᠷ ᠳᠠᠮᠵᠢᠵᠦ᠂

ᠲᠡᠳᠡᠨ ᠢᠶᠠᠷ ᠡᠳᠦᠷ ᠲᠤᠳᠤᠮ ᠤᠨ ᠠᠮᠢᠳᠤᠷᠠᠯ᠂ ᠪᠠᠶᠢᠭᠠᠯᠢ ᠶᠢᠨ ᠦᠵᠡᠭᠳᠡᠯ ᠪᠣᠶᠤ ᠬᠢᠴᠢᠶᠡᠯ ᠲᠦᠷᠦᠯ ᠤᠨ ᠠᠬᠤᠢ

ᠪᠠᠶᠢᠳᠠᠯ ᠤᠨ ᠳᠤᠮᠳᠠ ᠬᠤᠪᠢᠰᠬᠤ ᠬᠡᠮᠵᠢᠭᠳᠡᠬᠦᠨ ᠢ ᠢᠯᠡᠷᠡᠬᠦᠯᠵᠦ᠂ ᠬᠤᠪᠢᠰᠬᠤ ᠬᠡᠮᠵᠢᠭᠳᠡᠬᠦᠨ ᠤ ᠬᠤᠭᠤᠷᠤᠨᠳᠤᠬᠢ

ᠬᠤᠯᠪᠤᠭᠳᠠᠯ ᠢ ᠵᠠᠳᠠᠯᠦᠨ ᠤᠳᠬ᠎ᠠ ᠠᠭᠤᠯᠭ᠎ᠠ ᠲᠠᠢ ᠲᠣᠭᠠᠨ ᠤ ᠤᠬᠠᠭᠠᠨ ᠤ ᠠᠰᠠᠭᠤᠳᠠᠯ ᠢ ᠢᠯᠡᠷᠡᠭᠦᠯᠬᠦ ᠪᠦᠭᠡᠳ

ᠳᠤᠷᠠᠳᠤᠨ᠎ᠠ᠃ ᠲᠤᠭᠠᠨ ᠤ ᠤᠬᠠᠭᠠᠨ ᠤ ᠬᠠᠷᠠᠴᠠ ᠶᠢ ᠬᠦᠮᠦᠵᠢᠬᠦᠯᠬᠦ ᠶᠠᠪᠤᠴᠠ ᠪᠣᠯ ᠳᠠᠷᠤᠢ ᠰᠢᠨ᠎ᠡ ᠶᠢ ᠡᠬᠦᠳᠬᠦ

ᠤᠬᠠᠮᠰᠠᠷ ᠪᠠ ᠰᠢᠨ᠎ᠡ ᠶᠢ ᠡᠭᠦᠳᠬᠦ ᠤᠤᠷ ᠴᠢᠨᠠᠷ ᠢ ᠬᠦᠮᠦᠵᠢᠭᠦᠯᠬᠦ ᠶᠠᠪᠤᠴᠠ ᠮᠦᠨ᠃ ᠰᠤᠷᠤᠭᠴᠢ ᠬᠡᠷᠪᠡ ᠲᠣᠭᠠᠨ ᠤ

ᠤᠬᠠᠭᠠᠨ ᠤ ᠬᠠᠷᠠᠴᠠ ᠲᠠᠢ ᠪᠣᠯ ᠳᠠᠷᠤᠢ ᠰᠢᠨ᠎ᠡ ᠶᠢ ᠡᠬᠦᠳᠭᠦ ᠤᠤᠷ ᠴᠢᠨᠠᠷ ᠲᠠᠢ ᠪᠣᠯᠤᠨ᠎ᠠ᠃

      2. ᠰᠤᠷᠤᠭᠴᠢ ᠶᠢ ᠵᠣᠷᠢᠬᠵᠢᠭᠤᠯᠤᠨ ᠬᠤᠷᠢᠶᠠᠩᠭᠤᠢᠢᠯᠠᠬᠤ᠂ ᠠᠳᠠᠯᠢᠳᠬᠠᠬᠤ ᠵᠡᠷᠭᠡ ᠠᠷᠭ᠎ᠠ ᠶᠢ ᠬᠡᠷᠡᠭᠯᠡᠨ

ᠢᠯᠡᠷᠡᠭᠦᠯᠬᠦ ᠪᠦᠭᠡᠳ ᠲᠠᠭᠠᠮᠠᠭᠯᠠᠯ ᠳᠤᠷᠠᠳᠬᠤ

      ᠬᠤᠷᠢᠶᠠᠩᠭᠤᠢᠢᠯᠠᠬᠤ ᠪᠠ ᠠᠳᠠᠯᠢᠳᠬᠠᠬᠤ ᠠᠷᠭ᠎ᠠ ᠶᠢ ᠬᠡᠷᠡᠭᠯᠡᠨ ᠲᠤᠭᠠᠨ ᠤ ᠤᠬᠠᠭᠠᠨ ᠤ ᠦᠭᠦᠯᠡᠯ ᠳᠤᠷᠠᠳᠬᠤ

ᠪᠦᠭᠡᠳ ᠲᠠᠭᠠᠮᠠᠭᠯᠠᠵᠤ ᠳᠠᠬᠢᠨ ᠭᠡᠷᠡᠴᠢᠯᠡᠨ᠎ᠡ᠂ ᠮᠦᠨ ᠴᠦ ᠰᠢᠨ᠎ᠡ ᠶᠢ ᠡᠭᠦᠳᠬᠦ ᠴᠢᠬᠤᠯᠠ ᠠᠷᠭ᠎ᠠ᠃ ᠱᠢ ᠨᠢᠩ

ᠵᠦᠩ 史宁中 ᠫᠷᠤᠹᠧᠰᠰᠤᠷ ᠳᠤᠷᠠᠳᠤᠭᠰᠠᠨ ᠨᠢ᠄ ︽ᠲᠣᠭᠠᠨ ᠤ ᠤᠬᠠᠭᠠᠨ ᠤ ᠵᠢᠭᠠᠨ ᠰᠤᠷᠭᠠᠯᠲᠠ ᠳᠤᠮᠳᠠ᠂

ᠴᠠᠭ ᠬᠤᠭᠤᠴᠠᠭᠠᠨ᠋ ᠤ ᠲᠠᠯ᠎ᠠ ᠠᠴᠠ ᠴᠤ᠂ ᠠᠭᠤᠯᠭ᠎ᠠ ᠶᠢᠨ ᠲᠠᠯ᠎ᠠ ᠠᠴᠠ ᠴᠤ ᠬᠤᠷᠢᠶᠠᠩᠭᠤᠢᠢᠯᠠᠨ ᠮᠦᠷᠳᠡᠬᠦ ᠶᠢ

ᠬᠦᠢᠴᠡᠳ ᠬᠦᠨᠳᠦᠳᠭᠡᠵᠦ᠂ ᠮᠦᠷᠳᠡᠬᠦ ᠵᠠᠭᠪᠤᠷ ᠤᠨ ︿ᠠᠶᠠᠨᠳᠠᠭᠠᠨ ᠤ﹀ ᠴᠢᠨᠠᠷ ᠢ ᠰᠡᠷᠡᠨ ᠮᠡᠳᠡᠭᠦᠯᠦᠨ᠎ᠡ᠃ ᠡᠨᠡ ᠪᠣᠯ

︿ᠰᠢᠨ᠎ᠡ ᠶᠢ ᠡᠭᠦᠳᠬᠦ﹀ ᠳᠤ ᠲᠦᠰᠢᠭᠯᠡᠳᠡᠭ ᠨᠢᠭᠡᠨ ᠮᠦᠷᠳᠡᠬᠦ ᠵᠠᠭᠪᠤᠷ ᠮᠦᠨ︾ ᠭᠡᠵᠡᠢ᠃

      ᠵᠢᠱᠢᠶᠡᠯᠡᠪᠡᠯ᠂ ︽ᠪᠦᠬᠡᠷᠡᠩᠬᠡᠢ ᠪᠠᠭᠠᠨ᠎ᠠ ᠪᠠ ᠱᠤᠷᠤᠯᠵᠢᠨ ︾ ᠢ ᠳᠠᠪᠲᠠᠬᠤ ᠳᠤ᠂ ᠰᠤᠷᠤᠭᠴᠢ ᠶᠢᠨ

ᠳᠤᠷᠠᠳᠤᠭᠰᠠᠨ ᠭᠤᠤᠯᠯᠠᠬᠤ ᠠᠰᠠᠭᠤᠳᠠᠯ ᠳᠤ ᠰᠠᠭᠤᠷᠢᠯᠠ — ︽ᠤᠷᠲᠤ ᠳᠦᠷᠪᠡᠯᠵᠢᠨ ᠪᠡᠶ᠎ᠡ᠂ ᠲᠡᠭᠰᠢ

ᠳᠦᠷᠪᠡᠯᠵᠢᠨ ᠪᠡᠶ᠎ᠡ ᠪᠠ ᠪᠦᠭᠡᠷᠡᠩᠬᠡᠢ ᠪᠠᠭᠠᠨ᠎ᠠ ᠠᠴᠠ ᠭᠠᠳᠠᠨ᠎ᠠ ᠠᠯᠢ ᠪᠡᠶᠡᠲᠤ ᠶᠢᠨ ᠡᠵᠡᠯᠡᠬᠦᠨ ᠨᠢ ᠪᠠᠰᠠ

ᠰᠠᠭᠤᠷᠢ ᠶᠢᠨ ᠲᠠᠯᠠᠪᠠᠢ ᠦᠷᠡᠵᠢᠭᠦᠯᠬᠦ ᠦᠨᠳᠦᠷ  ᠢᠶᠠᠷ ᠪᠤᠳᠤᠳᠠᠭ ᠪᠤᠢ︖︾ ᠭᠡᠬᠦ ᠠᠰᠠᠭᠤᠯᠲᠠ ᠳᠤᠷᠠᠳᠬᠤ ᠦᠶᠡᠰ

ᠨᠢᠭᠡᠨᠲᠡ ᠪᠠᠶᠢᠭ᠎ᠠ ᠮᠡᠳᠡᠯᠭᠡ ᠲᠤᠷᠰᠢᠯᠭ᠎ᠠ ᠪᠠᠨ ᠠᠰᠢᠭᠯᠠᠨ ᠰᠠᠭᠤᠷᠢ ᠶᠢᠨ ᠬᠡᠯᠪᠡᠷᠢ ᠳᠦᠷᠰᠦ ᠪᠠ ᠵᠡᠷᠭᠡᠴᠡᠭᠡ ᠰᠢᠯᠵᠢᠬᠦ

ᠵᠡᠷᠭᠡ ᠬᠤᠶᠠᠷ ᠲᠠᠯ᠎ᠠ ᠠᠴᠠ ᠲᠠᠭᠠᠮᠠᠭᠯᠠᠵᠤ ᠪᠠᠶᠢᠭᠠᠳ ᠦᠷ᠎ᠡ ᠳ᠋ᠦᠩ ᠢ ᠨᠢ ᠣᠯᠤᠨ᠎ᠠ᠃

      3. ᠰᠤᠷᠤᠭᠴᠢ ᠶᠢ ᠪᠦᠲᠦᠬᠡᠯᠴᠢ ᠴᠢᠨᠠᠷ ᠲᠠᠢ ᠪᠠᠷ ᠠᠰᠠᠭᠤᠳᠠᠯ ᠢ ᠰᠢᠢᠳᠪᠦᠷᠢᠯᠡᠬᠦ ᠶᠢ ᠵᠣᠷᠢᠬᠵᠢᠭᠤᠯᠬᠤ

      2022 ᠤᠨ ᠤ ᠬᠢᠴᠢᠶᠡᠯ ᠤᠨ ᠪᠠᠷᠢᠮᠵᠢᠶ᠎ᠠ ᠳᠤ ᠰᠢᠨ᠎ᠡ ᠶᠢ ᠡᠭᠦᠳᠬᠦ ᠤᠬᠠᠮᠰᠠᠷ ᠲᠤ ᠤᠨᠴᠠᠭᠠᠢᠢᠯᠠᠨ ᠵᠢᠭᠠᠵᠤ

ᠭᠠᠷᠭᠠᠭᠰᠠᠨ ᠨᠢ᠄ ︽ᠵᠣᠷᠢᠭᠲᠠᠢ ᠨᠢᠭᠡ ᠪᠦᠯᠦᠭ ᠨᠡᠬᠡᠭᠡᠯᠲᠡᠳᠤ ᠴᠢᠨᠠᠷ ᠲᠠᠢ᠂ ᠶᠡᠷᠦ ᠶᠢᠨ ᠪᠤᠰᠤ ᠴᠢᠨᠠᠷ ᠲᠠᠢ ᠪᠤᠳᠠᠳᠤ

ᠠᠰᠠᠭᠤᠳᠠᠯ ᠪᠣᠶᠤ ᠲᠣᠭᠠᠨ ᠤ ᠤᠬᠠᠭᠠᠨ ᠤ ᠠᠰᠠᠭᠤᠳᠠᠯ ᠢ ᠰᠦᠪᠡᠭᠴᠢᠯᠡᠨ᠎ᠡ︾ ᠭᠡᠵᠡᠢ᠃ ᠡᠨᠡ ᠠᠰᠠᠭᠤᠳᠠᠯ

ᠳᠤᠤᠷᠠᠬᠢ ᠮᠡᠲᠤ ᠤᠨᠴᠠᠯᠢᠭ ᠲᠠᠢ᠄ ᠲᠦᠭᠦᠮ ᠲᠠᠭᠤᠷᠢᠶᠠᠬᠤ ᠪᠣᠶᠤ ᠳᠦᠭᠦᠮ ᠬᠡᠷᠡᠭᠯᠡᠯᠲᠡ ᠳᠤ ᠲᠦᠰᠢᠭᠯᠡᠵᠦ᠂ ᠵᠠᠷᠢᠮ

ᠪᠣᠳᠤᠯᠭ᠎ᠠ ᠶᠢᠨ ᠳᠦᠷᠢᠮ ᠢ ᠰᠢᠢᠳᠪᠦᠷᠢᠯᠡᠭᠳᠡᠬᠦ ᠶᠢᠨ ᠠᠷᠭ᠎ᠠ ᠦᠭᠡᠢ ᠦᠶᠡᠰ᠂ ᠰᠤᠩᠭᠤᠵᠤ᠂ ᠬᠡᠰᠡᠭᠯᠡᠵᠦ᠂

ᠴᠢᠨᠠᠭᠰᠢᠯᠠᠭᠠᠳ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠤᠯᠭ᠎ᠠ ᠶᠢ ᠡᠬᠦᠳᠦᠨ᠎ᠡ᠃ ᠠᠰᠠᠭᠤᠳᠠᠯ ᠢ ᠰᠢᠢᠳᠪᠦᠷᠢᠯᠡᠬᠦ

ᠤᠯᠠᠨ ᠵᠦᠢᠯ ᠤᠨ ᠰᠡᠳᠭᠢᠮᠵᠢ ᠪᠠ ᠠᠷᠭ᠎ᠠ ᠪᠣᠳᠤᠯᠭ᠎ᠠ ᠲᠠᠢ ᠴᠢᠨᠠᠭᠰᠢᠯᠠᠭᠠᠳ ᠠᠰᠠᠭᠤᠳᠠᠯ ᠤᠨ ᠦᠷ᠎ᠡ ᠳ᠋ᠦᠩ ᠨᠢ ᠴᠤ

ᠴᠣᠷᠢ ᠶᠢᠨ ᠭᠠᠭᠴᠠ ᠪᠢᠰᠢ᠃ ᠡᠬᠦᠨ ᠳᠤ ᠭᠤᠤᠯᠳᠠᠯᠭ᠎ᠠ ᠲᠠᠢ ᠲᠣᠭᠠᠨ ᠤ ᠤᠬᠠᠭᠠᠨ ᠤ ᠦᠵᠡᠯ ᠰᠠᠨᠠᠭ᠎ᠠ

ᠬᠠᠳᠠᠭᠠᠯᠠᠭᠳᠠᠬᠤ ᠪᠦᠭᠡᠳ ᠲᠤᠭᠠᠨ ᠤ ᠤᠬᠠᠭᠠᠨ ᠤ ᠡᠲᠡᠭᠡᠳ ᠲᠤ ᠬᠦᠨᠵᠡᠭᠡᠢ ᠤᠢᠢᠯᠠᠭᠠᠯᠲᠠ ᠲᠠᠢ ᠪᠤᠯᠵᠤ ᠠᠳᠠᠯᠢ

ᠪᠤᠰᠤ ᠰᠤᠷᠤᠭᠴᠢ ᠠᠳᠠᠯᠢ ᠪᠣᠰᠤ ᠠᠷᠭ᠎ᠠ ᠪᠠᠷ ᠰᠢᠢᠳᠪᠦᠷᠢᠯᠡᠵᠦ ᠠᠳᠠᠯᠢ ᠪᠤᠰᠤ ᠬᠦᠭᠵᠢᠯᠲᠡ ᠲᠠᠢ ᠪᠣᠯᠤᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠤᠷᠳᠤᠰ ᠬᠤᠲᠠ ᠶᠢᠨ ᠰᠤᠷᠭᠠᠨ ᠬᠦᠮᠦᠵᠢᠯ

                                ᠵᠢᠭᠠᠬᠤ ᠶᠢ ᠰᠤᠳᠤᠯᠬᠤ ᠲᠠᠰᠤᠭ

                                ︵ᠠᠯᠳᠠᠨᠰᠦ᠋ᠭᠡ ᠨᠠᠶᠢᠷᠠᠭᠤᠯᠪᠠ︶

                               2023.4 ᠳ᠋ᠦ᠋ᠭᠡᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map