ᠪᠠᠭ᠎ᠠ ᠰᠤᠷᠭᠠᠭᠤᠯᠢ ᠶᠢᠨ ᠰᠤᠷᠤᠬᠴᠢᠳ ᠶᠢᠨ ᠬᠦᠳᠡᠯᠮᠤᠷᠢ ᠮᠡᠷᠭᠡᠵᠢᠯ ᠤᠨ ᠵᠢᠭᠠᠨ ᠰᠤᠷᠭᠠᠯᠳᠠ ᠶᠢᠨ ᠲᠤᠬᠠᠢ ᠳᠦᠭᠦᠮ ᠦᠭᠦᠯᠡᠭᠦ ᠨᠢ
ᠨᠡᠶᠢᠲᠡᠯᠡᠭᠰᠡᠨ ᠴᠠᠭ᠄
2023/12/13
                      ᠬᠤᠩ ᠭᠠᠩ

教学研究11.png

      ᠪᠠᠭ᠎ᠠ ᠰᠤᠷᠭᠠᠭᠤᠯᠢ ᠶᠢᠨ ᠬᠦᠳᠡᠯᠮᠤᠷᠢ ᠮᠡᠷᠭᠡᠵᠢᠯ ᠤᠨ ᠬᠢᠴᠢᠶᠡᠯ ᠪᠤᠯ ᠨᠢᠭᠡᠨ ᠮᠠᠰᠢ ᠴᠢᠬᠤᠯᠠ ᠬᠢᠴᠢᠶᠡᠯ

ᠪᠠᠶᠢᠵᠤ ᠰᠤᠷᠤᠬᠴᠢᠳ ᠤᠨ ᠤᠶᠢᠯᠡᠳᠦᠯᠭᠡ ᠶᠢᠨ ᠴᠢᠳᠠᠪᠤᠷᠢ ᠪᠠ ᠭᠠᠷ ᠬᠦᠳᠡᠯᠭᠦ ᠴᠢᠳᠠᠪᠤᠷᠢ ᠶᠢ ᠬᠦᠮᠤᠵᠢᠭᠦᠯᠵᠤ᠂

ᠬᠡᠤᠭᠡᠳ ᠤᠨ ᠬᠦᠮᠤᠨ ᠪᠤᠯᠬᠤ ᠤᠬᠠᠭᠠᠨ ᠳᠤ ᠶᠡᠭᠡᠭᠡᠨ ᠠᠴᠢ ᠲᠤᠰᠠ ᠦᠵᠡᠭᠦᠯᠳᠡᠭ ᠨᠢᠭᠡᠨ ᠬᠢᠴᠢᠶᠡᠯ ᠲᠦᠷᠦᠯ

ᠪᠤᠯᠬᠤ ᠶᠤᠮ᠃ ᠤᠳᠤ ᠮᠠᠨ ᠤ ᠬᠡᠤᠭᠡᠳ ᠤᠨ ᠲᠤᠮᠳᠠ ᠨᠡᠶᠢᠳᠡᠮ ᠤᠷᠤᠰᠢᠵᠤ ᠪᠠᠶᠢᠭ᠎ᠠ ᠨᠢᠭᠡᠨ ᠦᠵᠡᠭᠳᠡᠯ ᠪᠤᠯ

ᠪᠠᠭ᠎ᠠ ᠠᠴᠠ ᠪᠠᠨ ᠪᠡᠯᠡᠨᠴᠢᠯᠡᠭᠦ ᠰᠠᠳᠬᠢᠯ ᠲᠠᠢ ᠪᠤᠯᠵᠤ ᠬᠦᠮᠤᠨ ᠤ ᠭᠠᠷ ᠬᠠᠷᠠᠳᠠᠭ᠃ ᠪᠡᠯᠡᠨ ᠶᠠᠭᠤᠮᠠᠨ ᠳᠤ ᠳᠤᠷᠠᠳᠠᠢ᠂

ᠬᠦᠨᠳᠤ ᠬᠦᠴᠢᠷ ᠠᠵᠢᠯ ᠠᠴᠠ ᠲᠤᠳᠠᠭᠠᠨ ᠵᠠᠶᠢᠯᠠᠵᠤ ᠠᠵᠢᠯ ᠤᠨ ᠠᠮᠠᠷ ᠢ ᠪᠤᠳᠤᠳᠠᠭ ᠦᠵᠡᠭᠳᠡᠯ ᠬᠠ ᠶᠠ ᠦᠭᠡᠢ

ᠬᠠᠷᠠᠭᠳᠠᠵᠤ ᠪᠠᠶᠢᠨ᠎ᠠ᠃ ᠡᠶᠢᠮᠤ ᠠᠴᠠ ᠲᠡᠳᠡᠨ ᠢ ᠬᠠᠪᠰᠤᠷᠤᠨ ᠠᠵᠢᠯ ᠤᠨ ᠠᠷᠭ᠎ᠠ ᠤᠬᠠᠭᠠᠨ ᠳᠤ ᠰᠤᠷᠭᠠᠵᠤ

ᠬᠦᠳᠡᠯᠮᠤᠷᠢ ᠶᠢᠨ ᠠᠮᠲᠠ ᠶᠢ ᠮᠡᠳᠡᠷᠡᠭᠦᠯᠦᠨ ᠬᠤᠵᠢᠮ ᠤᠨ ᠤᠷᠴᠢᠨ ᠲᠤᠭᠤᠷᠢᠨ᠂ ᠠᠮᠢᠳᠤᠷᠠᠯ ᠳᠤ ᠨᠡᠩ ᠰᠠᠶᠢᠨ

ᠵᠤᠬᠢᠴᠠᠭᠤᠯᠬᠤ ᠶᠢᠨ ᠲᠤᠰᠠᠳᠠ ᠴᠢᠷᠮᠠᠶᠢᠬᠤ ᠬᠡᠷᠡᠭᠳᠡᠢ ᠪᠠᠶᠢᠨ᠎ᠠ᠃

      ᠨᠢᠭᠡ᠂ ᠬᠡᠤᠭᠡᠳ ᠢ ᠠᠮᠢᠳᠤᠷᠠᠯ ᠤᠨ ᠦᠨᠳᠦᠰᠤᠨ ᠵᠠᠩ ᠳᠠᠳᠬᠠᠯ ᠲᠠᠢ ᠪᠤᠯᠭᠠᠨ ᠬᠦᠳᠡᠯᠮᠤᠷᠢ ᠳᠤ

ᠤᠷᠤᠯᠴᠠᠭᠤᠯᠬᠤ ᠬᠡᠷᠡᠭᠳᠡᠢ᠃ ᠪᠠᠭ᠎ᠠ ᠰᠤᠷᠭᠠᠭᠤᠯᠢ ᠶᠢᠨ ᠬᠦᠳᠡᠯᠮᠤᠷᠢ ᠮᠡᠷᠭᠡᠵᠢᠯ ᠤᠨ ᠬᠢᠴᠢᠶᠡᠯ ᠤᠨ ᠵᠢᠭᠠᠬᠤ

ᠠᠭᠤᠯᠭ᠎ᠠ ᠨᠢ ᠭᠤᠤᠯᠳᠠᠭᠤ ᠤᠶᠢᠯᠡᠳᠦᠯᠭᠡ ᠶᠢᠨ ᠠᠵᠢᠯᠯᠠᠭ᠎ᠠ ᠪᠠᠶᠢᠵᠤ ᠤᠨᠤᠯ ᠤᠨ ᠮᠡᠳᠡᠯᠭᠡ ᠨᠢ ᠵᠦᠪᠬᠡᠨ ᠲᠤᠰᠠᠯᠠᠬᠤ

ᠴᠢᠨᠠᠷᠳᠠᠢ ᠪᠠᠶᠢᠳᠠᠭ᠃ ᠪᠢᠳᠡ ᠬᠦᠳᠡᠯᠮᠤᠷᠢ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠳᠠ ᠶᠢᠨ ᠶᠠᠪᠤᠴᠠ ᠳᠤ ᠪᠠᠨ

︽ᠭᠠᠷ ᠬᠦᠳᠡᠯᠦᠨ ᠤᠶᠢᠯᠡᠳᠦᠯᠭᠡᠵᠢᠭᠦᠯᠵᠤ᠂ ᠤᠨᠤᠯ ᠢ ᠤᠶᠠᠯᠳᠤᠭᠤᠯᠬᠤ︾ ᠵᠢᠭᠠᠨ ᠰᠤᠷᠭᠠᠬᠤ ᠬᠡᠪ ᠵᠠᠭᠪᠤᠷ ᠢ

ᠪᠡᠶᠡᠯᠡᠭᠦᠯᠵᠤ ᠰᠤᠷᠤᠬᠴᠢᠳ ᠢ ᠤᠶᠢᠯᠡᠳᠦᠯᠭᠡ ᠶᠢᠨ ᠠᠵᠢᠯᠯᠠᠭ᠎ᠠ ᠲᠤᠮᠳᠠ ᠬᠦᠳᠡᠯᠮᠤᠷᠢ  ᠶᠢᠨ ᠤᠷ᠎ᠠ ᠮᠡᠷᠭᠡᠰᠢᠯ ᠪᠠ

ᠠᠷᠭ᠎ᠠ ᠶᠢ ᠲᠠᠰᠤᠷᠠᠯᠳᠠ ᠦᠭᠡᠢ ᠡᠵᠡᠮᠰᠢᠭᠦᠯᠵᠤ᠂ ᠡᠭᠦᠨ ᠤ ᠤᠯᠠᠮ ᠠᠴᠠ ᠲᠡᠳᠡᠨ ᠤ ᠴᠢᠳᠠᠪᠤᠷᠢ ᠶᠢ ᠨᠡᠩ ᠰᠠᠶᠢᠨ

ᠬᠦᠮᠤᠵᠢᠭᠦᠯᠭᠦ ᠬᠡᠷᠡᠭᠳᠡᠢ᠃ 2021 ᠤᠨ ᠤ ᠪᠦᠭᠦ ᠤᠯᠤᠰ ᠤᠨ ᠬᠤᠶᠠᠷ ᠬᠤᠷᠠᠯ ᠳᠡᠭᠡᠷ᠎ᠡ ᠤᠯᠤᠰ ᠲᠦᠷᠤ ᠶᠢᠨ

ᠵᠦᠪᠯᠡᠯᠭᠡᠨ ᠤ ᠬᠡᠰᠢᠭᠦᠨ᠂ ᠵᠢᠶᠠᠩᠰᠤ ᠮᠤᠵᠢ ᠶᠢᠨ ᠰᠢᠱᠠᠨ ᠤ ᠲᠡᠭᠡᠳᠤ ᠵᠡᠷᠭᠡ ᠶᠢᠨ ᠲᠤᠮᠳᠠᠳᠤ ᠰᠤᠷᠭᠠᠭᠤᠯᠢ ᠶᠢᠨ

ᠵᠠᠬᠢᠷᠤᠯ ᠲᠠᠩ ᠵᠢᠶᠠᠩ ᠫᠧᠩ ᠤᠨ ᠰᠤᠷᠭᠠᠨ ᠬᠦᠮᠤᠵᠢᠯ ᠤᠨ ᠲᠤᠬᠠᠢ ᠦᠵᠡᠯᠳᠡ ᠨᠢ ᠰᠦᠯᠵᠢᠶᠡᠨ ᠤ ᠢᠷᠭᠡᠳ ᠤᠨ

ᠠᠩᠬᠠᠷᠤᠯ ᠢ ᠶᠡᠭᠡᠳᠡ ᠲᠠᠳᠠᠭᠰᠠᠨ ᠶᠤᠮ᠃ ᠲᠡᠷᠡ ᠰᠤᠷᠭᠠᠨ ᠬᠦᠮᠤᠵᠢᠯ ᠤᠨ ᠲᠤᠬᠠᠢ ᠳᠤᠷᠠᠳᠬᠤ ᠳᠤ ᠪᠠᠨ

ᠤᠳᠤᠬᠠᠨ ᠤ ᠬᠡᠤᠭᠡᠳ ᠤᠨ ᠬᠦᠳᠡᠯᠮᠤᠷᠢ ᠳᠤ ᠤᠷᠤᠯᠴᠠᠬᠤ ᠶᠢ ᠲᠤᠰᠬᠠᠶᠢᠯᠠᠨ ᠴᠢᠩᠭᠠᠳᠬᠠᠬᠤ᠂ ᠬᠦᠳᠡᠯᠮᠤᠷᠢ ᠶᠢᠨ

ᠲᠤᠮᠳᠠ ᠬᠦᠮᠤᠨ ᠪᠤᠯᠬᠤ ᠶᠤᠰᠤ ᠤᠬᠠᠭᠠᠨ ᠢ ᠬᠡᠤᠭᠡᠳ ᠲᠤ ᠡᠵᠡᠮᠰᠢᠭᠦᠯᠭᠦ ᠬᠡᠷᠡᠭᠳᠡᠢ ᠬᠡᠵᠤ ᠳᠤᠷᠠᠳᠤᠬᠰᠠᠨ          

ᠪᠠᠶᠢᠳᠠᠭ᠃ 2018 ᠤᠨ ᠤ ᠳᠤᠯᠤᠳᠤᠭᠠᠷ ᠰᠠᠷ᠎ᠠ ᠳᠤ ᠬᠦᠯ ᠪᠦᠮᠪᠦᠭᠡᠨ ᠤ ᠳᠡᠯᠡᠭᠡᠢ ᠶᠢᠨ ᠲᠠᠷᠢᠭᠦᠨ ᠰᠢᠯᠭᠠᠷᠠᠭᠤᠯᠬᠤ

ᠤᠷᠤᠯᠳᠤᠭᠠᠨ ᠤ ᠳᠠᠷᠠᠭ᠎ᠠ ᠶᠠᠫᠤᠨ ᠤ ᠦᠵᠡᠭᠴᠢᠳ ᠰᠠᠭᠤᠳᠠᠯ ᠤᠨ ᠢᠶᠠᠨ ᠤᠶᠢᠷ᠎ᠠ ᠤᠷᠴᠢᠮ ᠤᠨ ᠬᠤᠭ ᠨᠤᠪᠰᠢ ᠪᠠᠨ

ᠴᠡᠪᠡᠷᠯᠡᠭᠦ ᠭᠡᠳ ᠦᠯᠡᠳᠡᠵᠤ ᠪᠠᠶᠢᠯ᠎ᠠ᠂ ᠦᠪᠡᠷ ᠤᠨ ᠬᠢᠨᠢ ᠪᠠᠭ ᠢᠯᠠᠭᠳᠠᠭᠰᠠᠨ ᠳᠤ ᠲᠡᠳᠡ ᠭᠤᠨᠳᠠᠭᠤ ᠪᠠᠶᠢᠬᠰᠠᠨ ᠴᠤ

ᠡᠯᠳᠡᠪ ᠠᠷᠠᠨᠰᠢᠨ ᠭᠠᠷᠭᠠᠵᠤ ᠪᠤᠬᠢᠨᠢᠳᠤᠬᠰᠠᠨ ᠦᠭᠡᠢ ᠬᠠᠷᠢᠨ ᠬᠤᠭ ᠢᠶᠠᠨ ᠴᠡᠪᠡᠷᠯᠡᠴᠢᠭᠡᠭᠰᠡᠨ ᠪᠠᠶᠢᠳᠠᠭ᠃ ᠲᠠᠳᠠ

ᠡᠶᠢᠮᠤ ᠬᠢᠳᠠᠯ ᠢ ᠭᠠᠭᠴᠠ ᠡᠨᠡ ᠤᠳᠠᠭ᠎ᠠ ᠯᠡ ᠬᠢᠭᠰᠡᠨ ᠪᠢᠰᠢ᠂ ᠠᠷᠢᠭᠤᠨ ᠴᠡᠪᠡᠷ ᠢ ᠡᠷᠬᠢᠮᠯᠡᠭᠦ ᠪᠠᠷ ᠢᠶᠠᠨ ᠬᠡᠳᠦ᠋ᠢᠨ ᠤ

ᠳᠡᠯᠡᠭᠡᠢ ᠳᠤ ᠠᠯᠳᠠᠷᠰᠢᠭᠰᠠᠨ ᠤᠯᠤᠰ ᠶᠤᠮ᠃ ᠡᠨᠡ ᠪᠤᠯ ᠮᠠᠨ ᠤ ᠰᠤᠷᠤᠯᠴᠠᠭᠤᠰᠢᠳᠠᠢ ᠵᠦᠢᠯ ᠪᠤᠯᠬᠤ          

ᠶᠤᠮ᠃ ᠠᠵᠢᠯᠰᠠᠭ ᠪᠦᠲᠦᠭᠡᠯᠴᠢ ᠬᠦᠮᠤᠨ ᠰᠠᠶ᠋ᠢ ᠠᠮᠵᠢᠯᠳᠠ ᠤᠯᠳᠠᠭ ᠢ ᠬᠡᠤᠭᠡᠳ ᠤᠨ ᠤᠶᠤᠨ ᠲᠠᠷᠢᠬᠢᠨ ᠳᠤ ᠬᠦᠨ

ᠰᠠᠭᠤᠬᠳᠠᠭᠤᠯᠬᠤ ᠬᠡᠷᠡᠭᠳᠡᠢ᠃

      ᠬᠤᠶᠠᠷ᠂ ᠬᠢᠴᠢᠶᠡᠯ ᠬᠢᠭᠡᠳ ᠠᠮᠢᠳᠤᠷᠠᠯ ᠤᠨ ᠠᠭᠤᠰᠤᠯᠴᠠᠯ ᠢ ᠵᠠᠪᠠᠯ ᠪᠡᠶᠡᠯᠡᠭᠦᠯᠭᠦ ᠬᠡᠷᠡᠭᠳᠡᠢ᠃

ᠦᠨᠠᠨ ᠳᠤ ᠪᠠᠨ ᠪᠠᠭ᠎ᠠ ᠰᠤᠷᠭᠠᠭᠤᠯᠢ ᠶᠢᠨ ᠬᠦᠳᠡᠯᠮᠤᠷᠢ ᠮᠡᠷᠭᠡᠵᠢᠯ ᠤᠨ ᠬᠢᠴᠢᠶᠡᠯ  ᠨᠢ ᠰᠤᠷᠤᠬᠴᠢᠳ ᠤᠨ ᠡᠳᠤᠷ

ᠲᠤᠲᠤᠮ ᠤᠨ ᠠᠮᠢᠳᠤᠷᠠᠯ ᠲᠠᠢ ᠨᠢᠭᠡ ᠴᠤᠬᠴᠠ ᠪᠤᠯᠵᠤ ᠪᠠᠭᠰᠢ ᠶᠢᠨ ᠵᠢᠯᠤᠭᠤᠳᠤᠯᠭ᠎ᠠ ᠳᠤᠤᠷ᠎ᠠ ᠰᠤᠷᠤᠭᠴᠢᠳ

ᠤᠶᠢᠯᠡᠳᠦᠯᠭᠡ ᠬᠦᠳᠡᠯᠪᠤᠷᠢ ᠳᠤ ᠤᠷᠤᠯᠴᠠᠵᠤ ᠠᠮᠢᠳᠤᠷᠠᠯ ᠤᠨ ᠲᠤᠮᠳᠠᠬᠢ ᠠᠰᠠᠭᠤᠳᠠᠯ ᠢ ᠢᠯᠡᠷᠡᠭᠦᠯᠦᠨ ᠠᠰᠠᠭᠤᠳᠠᠯ ᠢ

ᠰᠢᠢᠳᠪᠤᠷᠢᠯᠡᠵᠤ᠂ ᠭᠠᠷ ᠬᠦᠳᠡᠯᠦᠨ ᠬᠢᠭᠦ ᠶᠠᠪᠤᠴᠠ ᠳᠤ ᠪᠠᠨ ᠪᠦᠲᠦᠭᠡᠯᠴᠢ ᠲᠦᠰᠦᠪᠯᠡᠯ ᠤᠨ ᠴᠢᠳᠠᠪᠤᠷᠢ ᠪᠠᠨ

ᠳᠡᠭᠡᠭᠰᠢᠯᠡᠭᠦᠯᠵᠤ᠂ ᠬᠢᠴᠢᠶᠡᠯ ᠤᠨ ᠲᠠᠩᠬᠢᠮ ᠠᠴᠠ ᠪᠠᠨ ᠭᠠᠷᠴᠤ ᠨᠡᠶᠢᠭᠡᠮ ᠲᠠᠢ ᠲᠠᠨᠢᠯᠴᠠᠬᠤ᠂ ᠦᠪᠡᠷ ᠤᠨ ᠲᠠᠨᠢᠨ

ᠮᠡᠳᠡᠭᠦᠢ ᠪᠠᠷ ᠢᠶᠠᠨ ᠳᠠᠮᠵᠢᠭᠤᠯᠤᠨ ᠡᠳ᠋ ᠪᠤᠳᠠᠰ ᠢ ᠵᠢᠷᠤᠵᠤ ᠲᠦᠯᠦᠪᠯᠡᠭᠦ ᠪᠠ ᠤᠶᠢᠯᠡᠳᠭᠦ ᠶᠢᠨ ᠬᠠᠪᠤ ᠴᠡᠩᠭᠡᠯ ᠠᠴᠢ

ᠬᠤᠯᠪᠤᠬᠳᠠᠯ ᠢ ᠦᠨᠡᠨ ᠭᠦ ᠮᠡᠳᠡᠵᠤ᠂ ᠡᠭᠦᠨ ᠤ ᠤᠯᠠᠮ ᠢᠶᠠᠷ ᠰᠤᠷᠤᠯᠴᠠᠬᠤ ᠤᠷᠮ᠎ᠠ ᠨᠢ ᠪᠠᠰᠠ ᠨᠢᠭᠡ ᠠᠯᠬᠤᠮ

ᠳᠡᠭᠡᠭᠰᠢᠯᠡᠳᠡᠭ᠃ ᠵᠢᠱᠢᠶᠡᠯᠡᠪᠡᠯ᠂ ᠬᠠᠶᠠᠭᠳᠠᠮᠡᠯ ᠬᠦᠵᠦᠷ ᠢ ᠠᠰᠢᠬᠯᠠᠨ ᠬᠠᠭᠤᠷᠠᠢ ᠵᠦᠢᠯ ᠬᠢᠭᠦ ᠰᠠᠪᠠ ᠵᠤᠬᠢᠶᠠᠬᠤ᠂

ᠬᠡᠷᠡᠭᠯᠡᠵᠤ ᠪᠠᠷᠠᠭᠰᠠᠨ ᠬᠤᠪᠴᠠᠰᠤᠨ ᠤ ᠤᠬᠢᠶᠠᠯᠭ᠎ᠠ ᠶᠢᠨ ᠯᠤᠩᠬᠤ ᠪᠠᠷ ᠬᠤᠸᠠᠷ ᠲᠡᠵᠢᠭᠡᠭᠦ ᠰᠠᠪᠠ ᠪᠤᠯᠭᠠᠬᠤ ᠭᠡᠭᠦ

ᠮᠡᠳᠤ ᠶᠢᠨ ᠤᠯᠠᠨ ᠵᠦᠢᠯ ᠤᠨ ᠬᠠᠶᠠᠭᠳᠠᠮᠡᠯ ᠵᠦᠢᠯ ᠢ ᠠᠮᠢᠳᠤᠷᠠᠯ ᠳᠤ ᠠᠰᠢᠬᠯᠠᠬᠤ ᠨᠢ ᠰᠤᠷᠤᠬᠴᠢᠳ ᠲᠤ ᠨᠢᠭᠡ

ᠲᠠᠯ᠎ᠠ ᠪᠠᠷ ᠠᠵᠢᠯᠴᠢ ᠪᠤᠷᠤᠬᠵᠢᠭᠤᠨ ᠠᠷᠪᠢᠴᠢ ᠭᠠᠮᠳᠠᠢ ᠪᠠᠶᠢᠬᠤ ᠬᠦᠮᠤᠵᠢᠯ ᠬᠦᠷᠳᠡᠭᠡᠭᠦ ᠪᠠᠷ ᠪᠠᠷᠠᠬᠤ ᠦᠭᠡᠢ

ᠨᠦᠭᠦᠭᠡ ᠲᠠᠯ᠎ᠠ ᠪᠠᠷ ᠰᠤᠷᠤᠬᠴᠢᠳ ᠢ ᠠᠮᠢᠳᠤᠷᠠᠯ ᠲᠠᠢ ᠨᠡᠩ ᠰᠠᠶᠢᠨ ᠤᠶᠢᠷᠠᠳᠤᠭᠤᠯᠵᠤ ᠪᠤᠯᠤᠨ᠎ᠠ᠃

      ᠭᠤᠷᠪᠠ᠂ ᠳᠤᠭᠤᠶᠢᠯᠠᠩ ᠤᠨ ᠬᠠᠮᠵᠢᠯᠴᠠᠭ᠎ᠠ ᠶᠢ ᠪᠡᠶᠡᠯᠡᠭᠦᠯᠵᠤ ᠰᠤᠷᠤᠬᠴᠢᠳ ᠤᠨ ᠬᠤᠷᠰᠢᠨ ᠬᠠᠮᠵᠢᠯᠴᠠᠬᠤ

ᠴᠢᠳᠠᠪᠤᠷᠢ ᠶᠢ ᠳᠡᠭᠡᠭᠰᠢᠯᠡᠭᠦᠯᠦᠨ᠎ᠡ᠃

      ᠬᠦᠳᠡᠯᠮᠤᠷᠢ ᠮᠡᠷᠭᠡᠵᠢᠯ ᠤᠨ ᠬᠢᠴᠢᠶᠡᠯ ᠨᠢ ᠵᠢᠭᠠᠨ ᠰᠤᠷᠭᠠᠯᠳᠠ ᠶᠢᠨ ᠶᠠᠪᠤᠴᠠ ᠳᠤ ᠳᠤᠭᠤᠶᠢᠯᠠᠩ ᠢᠶᠠᠷ

ᠬᠤᠷᠰᠢᠨ ᠬᠠᠮᠳᠤᠷᠠᠯᠴᠠᠬᠤ ᠬᠡᠯᠪᠡᠷᠢ ᠪᠠᠷ ᠡᠭᠦᠷᠭᠡ ᠪᠠᠨ ᠪᠡᠶᠡᠯᠡᠭᠦᠯᠵᠤ ᠰᠤᠯᠢᠯᠴᠠᠭ᠎ᠠ ᠪᠠ ᠬᠠᠮᠵᠢᠯᠴᠠᠭ᠎ᠠ ᠪᠠᠷ ᠰᠠᠶᠢᠨ

ᠰᠠᠶᠢᠬᠠᠨ ᠠᠩᠬᠢ ᠨᠢᠭᠡᠴᠢ᠂ ᠪᠦᠯᠬᠦᠮ ᠨᠢᠭᠡᠴᠢ ᠶᠢᠨ ᠠᠭᠤᠷ ᠠᠮᠢᠰᠬᠤᠯ ᠪᠠ ᠬᠠᠷᠢᠯᠴᠠᠨ ᠲᠤᠰᠠᠯᠠᠯᠴᠠᠨ ᠬᠠᠷᠢᠯᠴᠠᠨ

ᠢᠳᠡᠭᠡᠯᠴᠡᠭᠦ ᠬᠠᠷᠢᠴᠠᠭ᠎ᠠ ᠶᠢ ᠪᠠᠶᠢᠭᠤᠯᠳᠠᠬ᠃ ᠲᠡᠷᠡ ᠨᠢ ᠰᠤᠷᠤᠬᠴᠢᠳ ᠤᠨ ᠪᠦᠲᠦᠭᠡᠯᠴᠢ ᠰᠠᠳᠬᠢᠭᠦᠢ ᠶᠢ

ᠬᠦᠭᠵᠢᠭᠦᠯᠭᠦ ᠪᠠᠷ ᠪᠠᠷᠠᠬᠤ ᠦᠭᠡᠢ ᠬᠠᠮᠳᠤ ᠨᠡᠶᠢᠳᠡ ᠶᠢᠨ ᠤᠬᠠᠮᠰᠠᠷ᠂ ᠬᠠᠮᠳᠤᠷᠠᠨ ᠠᠵᠢᠯᠯᠠᠬᠤ ᠵᠤᠷᠢᠭ ᠰᠠᠨᠠᠭ᠎ᠠ  ᠶᠢ

ᠪᠤᠢ ᠪᠤᠯᠭᠠᠨ ᠦᠪᠡᠷ ᠤᠨ ᠬᠡᠪ ᠪᠤᠯᠪᠠᠰᠤᠷᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠭᠦ ᠳᠤ ᠨᠢ ᠲᠤᠰᠠ ᠳᠡᠮ

ᠪᠤᠯᠳᠠᠭ᠃

      ᠳᠦᠷᠪᠡ᠂ ᠬᠡᠷ ᠤᠨ ᠠᠬᠠᠮᠡᠳ ᠢᠶᠠᠷ ᠬᠠᠪᠰᠤᠷᠤᠮᠵᠢ ᠪᠤᠯᠭᠠᠨ᠎ᠠ᠃

      ︽ᠬᠡᠯᠡᠵᠤ ᠰᠤᠷᠭᠠᠬᠤ ᠪᠠᠷ ᠬᠢᠵᠤ ᠰᠤᠷᠭ᠎ᠠ︾ ᠬᠡᠳᠡᠭ ᠢᠶᠠᠷ ᠬᠡᠷ ᠪᠦᠯᠢ ᠪᠤᠯ ᠬᠡᠤᠭᠡᠳ ᠤᠨ ᠬᠠᠮᠤᠭ ᠤᠨ

ᠠᠩᠬᠠᠨ ᠤ ᠬᠢᠴᠢᠶᠡᠯ ᠤᠨ ᠲᠠᠩᠬᠢᠮ ᠪᠠᠶᠢᠭ᠎ᠠ ᠶᠤᠮ᠃ ᠬᠡᠷ ᠤᠨ ᠠᠬᠠᠮᠡᠳ ᠬᠡᠤᠭᠡᠳ ᠢᠶᠠᠨ ᠬᠠᠷᠠᠬᠠᠨ ᠪᠠᠭ᠎ᠠ ᠠᠴᠠ ᠨᠢ

ᠰᠠᠶᠢᠨ ᠰᠠᠶᠢᠬᠠᠨ ᠦᠵᠡᠯ ᠰᠠᠨᠠᠭ᠎ᠠ ᠪᠠ ᠠᠵᠢᠯᠯᠠᠭᠠᠨ ᠤ ᠳᠠᠳᠬᠠᠯ ᠲᠠᠢ ᠪᠤᠯᠭᠠᠬᠤ ᠶᠢ ᠴᠢᠬᠤᠯᠠᠴᠢᠯᠠᠨ ᠠᠵᠢᠯ

ᠬᠦᠳᠡᠯᠮᠤᠷᠢ ᠳᠤ ᠢᠯᠡᠭᠦᠭᠡᠨ ᠤᠷᠤᠯᠴᠠᠭᠤᠯᠵᠤ ᠤᠶᠢᠯᠡᠳᠦᠯᠭᠡ ᠶᠢᠨ ᠠᠵᠢᠯᠯᠠᠭᠠᠨ ᠤ ᠲᠤᠮᠳᠠ ᠬᠦᠮᠤᠵᠢᠭᠦᠯᠵᠤ

ᠬᠦᠳᠡᠯᠮᠤᠷᠢ ᠶᠢᠨ ᠤᠬᠠᠭᠠᠨ ᠳᠡᠮ ᠢ ᠮᠡᠳᠡᠭᠦᠯᠵᠤ ᠬᠦᠳᠡᠯᠮᠤᠷᠢ ᠶᠢ ᠬᠠᠶᠢᠷᠠᠯᠠᠬᠤ ᠬᠦᠮᠤᠵᠢᠯ ᠤᠯᠭᠤᠬᠤ          

ᠬᠡᠷᠡᠭᠳᠡᠢ᠃ ᠮᠠᠨ ᠤ ᠬᠡᠤᠭᠡᠳ ᠤᠳ ᠤᠯᠠᠩᠬᠢ ᠨᠢ ᠪᠠᠶᠢᠷᠢᠯᠠᠵᠤ ᠪᠠᠶᠢᠭ᠎ᠠ ᠪᠤᠯᠬᠤᠷ ᠰᠤᠷᠭᠠᠭᠤᠯᠢ ᠲᠠᠷᠬᠠᠭᠠᠳ

ᠬᠡᠷ ᠲᠤ ᠪᠠᠨ ᠬᠠᠷᠢᠪᠠᠯ ᠠᠪᠤ ᠡᠵᠢ ᠶᠢᠨ ᠢᠶᠠᠨ ᠠᠮᠢᠳᠤ ᠡᠷᠳᠡᠨᠢ ︽ᠠᠮᠠ ᠪᠠᠨ ᠠᠩᠭᠠᠶᠢᠪᠠᠯ ᠢᠳᠡᠭᠡᠳ ᠠᠷᠭ᠎ᠠ ᠪᠠᠨ

ᠪᠠᠷᠠᠪᠠᠯ ᠤᠨᠳᠠᠭᠠᠳ︾ ᠡᠵᠢ ᠠᠪᠤ ᠨᠢ ᠮᠠᠯ ᠲᠠᠷᠢᠶ᠎ᠠ ᠭᠡᠳ ᠨᠢᠭᠡ ᠡᠳᠤᠷ ᠶᠠᠭᠠᠷᠠᠭᠠᠳ ᠬᠡᠷ ᠲᠤ ᠪᠠᠨ ᠢᠷᠡᠭᠦ ᠳᠤ

ᠠᠶᠠᠭ᠎ᠠ ᠬᠤᠭᠤᠯᠠ ᠶᠢ ᠪᠤᠤ ᠬᠡᠯᠡ᠂ ᠤᠭᠤᠴᠢ ᠤᠰᠤ ᠦᠭᠡᠢ ᠭᠠᠷ ᠤᠳᠠᠰᠤ ᠦᠵᠠᠭᠡᠳ ᠰᠠᠭᠤᠬᠤ ᠬᠡᠤᠭᠡᠳ ᠤᠯᠠᠨ

ᠪᠠᠶᠢᠳᠠᠭ᠃ ᠡᠶᠢᠮᠤ ᠠᠴᠠ ᠬᠡᠷ ᠤᠨ ᠠᠬᠠᠮᠡᠳ ᠲᠠᠢ ᠬᠠᠮᠵᠢᠯᠴᠠᠨ ᠬᠡᠤᠭᠡᠳ ᠢ ᠬᠠᠮᠤᠭ ᠤᠨ ᠨᠠᠭᠠᠳᠤ ᠵᠠᠬ᠎ᠠ ᠶᠢᠨ ᠬᠢᠵᠤ

ᠲᠠᠶᠢᠯᠭᠦ ᠠᠵᠢᠯ ᠢᠶᠠᠨ ᠬᠢᠵᠤ ᠠᠪᠤ ᠡᠵᠢ ᠪᠠᠨ ᠬᠠᠪᠰᠤᠷᠤᠨ ᠠᠵᠢᠯᠴᠢ ᠬᠢᠴᠢᠶᠡᠩᠬᠦᠢ ᠪᠤᠯᠭᠠᠨ ᠬᠦᠮᠤᠵᠢᠭᠦᠯᠭᠦ

ᠴᠢᠬᠤᠯᠠᠳᠠᠢ᠂ ᠡᠴᠢᠭᠡ ᠡᠭᠡ ᠪᠤᠯᠤᠬᠰᠠᠳ ᠨᠢ ᠦᠰᠤ ᠬᠡᠵᠢᠭᠡ᠂ ᠬᠤᠪᠴᠠᠰᠤ ᠬᠤᠨᠠᠷ᠂ ᠬᠡᠷ ᠤᠷᠤᠨ ᠢᠶᠠᠨ ᠲᠤᠬᠳᠠᠮᠠᠯ

ᠬᠤᠭᠤᠴᠠᠭ᠎ᠠ ᠲᠠᠢ ᠤᠬᠢᠶᠠᠵᠤ ᠠᠷᠠᠴᠢᠯᠠᠬᠤ ᠳᠠᠳᠬᠠᠯ ᠦᠭᠡᠢ ᠪᠤᠯ ᠮᠡᠳᠡᠭᠡᠵᠢ ᠲᠡᠷᠡ ᠠᠶᠢᠯ ᠤᠨ ᠬᠡᠤᠭᠡᠳ ᠠᠩᠬᠢ ᠶᠢᠨ

ᠭᠡᠷ᠂ ᠰᠤᠷᠭᠠᠭᠤᠯᠢ ᠪᠠᠶᠢᠷᠢ ᠳᠤ ᠪᠠᠨ ᠲᠡᠶᠢᠮᠤ ᠠᠮᠢᠳᠤᠷᠠᠯ ᠢ ᠬᠢᠨ᠎ᠡ᠃

      ᠪᠠᠭ᠎ᠠ ᠰᠤᠷᠭᠠᠭᠤᠯᠢ ᠶᠢᠨ ᠬᠦᠳᠡᠯᠮᠤᠷᠢ ᠮᠡᠷᠭᠡᠵᠢᠯ ᠤᠨ ᠬᠢᠴᠢᠶᠡᠯ ᠨᠢ ᠪᠠᠭ᠎ᠠ ᠰᠤᠷᠭᠠᠭᠤᠯᠢ ᠶᠢᠨ ᠰᠤᠷᠭᠠᠨ

ᠭᠦᠮᠦᠵᠢᠯ ᠳᠤ ᠲᠤᠳᠠᠭᠳᠠᠵᠦ ᠪᠤᠯᠤᠰᠢ ᠦᠭᠡᠢ ᠴᠢᠬᠤᠯᠠ ᠬᠢᠴᠢᠶᠡᠯ ᠪᠤᠯᠵᠤ ᠰᠤᠷᠤᠬᠴᠢᠳ ᠤᠨ ᠰᠤᠷᠤᠯᠴᠠᠬᠤ ᠦᠷ᠎ᠡ

ᠪᠦᠲᠦᠮᠵᠢ ᠪᠠ ᠰᠠᠨᠠᠭᠠᠴᠢᠯᠠᠭᠠᠳᠤ ᠴᠢᠨᠠᠷ ᠢ ᠳᠡᠭᠡᠭᠰᠢᠯᠡᠭᠦᠯᠦᠨ ᠰᠤᠷᠤᠬᠴᠢ ᠨᠢᠭᠡ ᠪᠦᠷᠢ ᠶᠢ ᠪᠦᠭᠦ ᠲᠠᠯ᠎ᠠ ᠪᠠᠷ

ᠬᠦᠭᠵᠢᠭᠰᠡᠨ᠂ ᠦᠪᠡᠷ ᠤᠨ ᠬᠡᠰᠡᠨ ᠤᠨᠴᠠᠯᠢᠭ ᠲᠠᠢ ᠬᠦᠮᠤᠨ ᠪᠤᠯᠭᠠᠨ ᠬᠦᠮᠤᠵᠢᠭᠦᠯᠭᠦ ᠳᠤ ᠴᠢᠬᠤᠯᠠ ᠦᠢᠯᠠᠳᠤᠯ

ᠦᠵᠠᠭᠦᠯᠵᠤ ᠪᠤᠢ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠭᠠᠷᠢᠨ ᠵᠡᠭᠦᠨ ᠬᠤᠰᠢᠭᠤᠨ ᠤ ᠴᠠᠭᠠᠠᠬᠠᠳᠠ

                                ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ 

                                ︵ᠠᠯᠳᠠᠨᠰᠦ᠋ᠭᠡ ᠨᠠᠶᠢᠷᠠᠭᠤᠯᠪᠠ︶

                                2023.4 ᠳ᠋ᠦ᠋ᠭᠡᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map