ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠳᠣᠪᠴᠢᠶ᠎ᠠ ︽ᠬᠤᠶᠠᠷ ᠢ ᠬᠥᠩᠭᠡᠷᠡᠭᠦᠯᠬᠦ︾ ᠠᠵᠢᠯ ᠤᠨ ᠬᠤᠯᠪᠤᠭᠠᠲᠤ ᠬᠤᠷᠠᠯ ᠤᠨ ᠲᠣᠭᠲᠠᠴᠠ ᠶᠢᠨ 2023 ᠣᠨ ᠤ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠬᠤ ᠶᠢᠨ ᠬᠠᠮᠲᠤ ᠪᠥᠬᠦ ᠠᠶᠢᠮᠠᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ  ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2023/12/14
      ᠰᠤᠷᠭᠠᠨ ᠬᠥᠮᠦᠵᠢᠯ ᠤᠨ ᠶᠠᠮᠤᠨ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠭᠡᠯ ᠥᠭᠬᠦ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ 2023 ᠣᠨ ᠤ 10 ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ︽ᠬᠤᠶᠠᠷ ᠢ ᠬᠥᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠰᠤᠷᠭᠠᠭᠤᠯᠢ  ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 1-2 ᠤᠨ ᠡᠳᠦᠷ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠬᠤᠶᠠᠷ ᠢ           ᠬᠥᠩᠭᠡᠷᠡᠭᠦᠯᠬᠦ︾ ᠠᠵᠢᠯ ᠤᠨ ᠬᠤᠯᠪᠤᠭᠠᠲᠤ ᠬᠤᠷᠠᠯ ᠤᠨ ᠲᠣᠭᠲᠠᠴᠠ ᠶᠢᠨ 2023 ᠣᠨ ᠤ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠬᠤ ᠶᠢᠨ ᠬᠠᠮᠲᠤ ᠪᠦᠬᠦ ᠠᠶᠢᠮᠠᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠠᠩᠭᠢ ᠶᠢ           ᠡᠷᠬᠢᠯᠡᠪᠡ᠃ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︶ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠲᠠᠰᠤᠭ ᠭᠠᠵᠠᠷ ᠤᠨ ᠬᠠᠷᠢᠭᠤᠴᠠᠯᠭᠠᠲᠠᠨ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠵᠡᠷᠭᠡ 80 ᠬᠥᠮᠦᠨ ᠬᠤᠷᠠᠯ ᠳᠤ ᠣᠷᠣᠯᠴᠠᠵᠠᠢ᠃

W020231205558328792856.jpg

      ᠬᠤᠷᠠᠯ ᠳᠡᠭᠡᠷ᠎ᠡ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠬᠤᠶᠠᠷ ᠢ          

ᠬᠥᠩᠭᠡᠷᠡᠭᠦᠯᠬᠦ︾ ᠠᠵᠢᠯ ᠤᠨ ᠬᠠᠷᠢᠭᠤᠴᠠᠯᠭᠠᠲᠠᠨ ᠠᠴᠠ ᠣᠶᠢᠷ᠎ᠠ ᠶᠢᠨ ᠬᠤᠭᠤᠴᠠᠭᠠᠨ ᠤ ︽ᠬᠤᠶᠠᠷ ᠢ          

ᠬᠥᠩᠭᠡᠷᠡᠭᠦᠯᠬᠦ︾ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ

ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠢ

ᠵᠣᠬᠢᠶᠠᠨ ᠪᠠᠶᠢᠭᠤᠯᠤᠨ ᠥᠷᠨᠢᠭᠦᠯᠪᠡ᠃ ᠡᠨᠡ ᠤᠳᠠᠭᠠᠨ ᠤ ᠪᠣᠯᠪᠠᠰᠤᠷᠠᠯ ᠤᠨ ᠠᠭᠤᠯᠭ᠎ᠠ ᠶᠢ ᠬᠤᠶᠠᠷ ᠬᠤᠪᠢᠶᠠᠪᠠ᠂

ᠨᠢᠭᠡ ᠳᠤ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠦᠷ

ᠬᠡᠷᠡᠭᠵᠢᠭᠦᠯᠬᠦ ᠠᠷᠭ᠎ᠠ︾ ᠳᠤ ᠲᠠᠶᠢᠯᠤᠮᠵᠢ ᠬᠢᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ

ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠪᠠᠶᠢᠭᠤᠯᠭ᠎ᠠ᠂ ᠬᠠᠷᠢᠶᠠᠯᠠᠯ ᠪᠠ ᠬᠡᠷᠡᠭᠯᠡᠯᠲᠡ᠂ ᠬᠠᠤᠯᠢ ᠠᠴᠠ ᠵᠥᠷᠢᠴᠡᠭᠰᠡᠨ

ᠦᠢᠯᠡ ᠠᠵᠢᠯᠯᠠᠭ᠎ᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠲᠣᠷᠭᠠᠬᠤ ᠵᠢᠷᠤᠮ ᠪᠠ ᠭᠦᠢᠴᠡᠳᠬᠡᠬᠦ ᠵᠡᠷᠭᠡ

ᠠᠭᠤᠯᠭ᠎ᠠ ᠶᠢ ᠰᠤᠷᠤᠯᠴᠠᠪᠠ᠃ ᠬᠤᠶᠠᠷ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ

ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠳᠠᠭᠤᠷᠢᠶᠠᠮᠠᠯ ᠰᠣᠷᠢᠯᠲᠠ ᠶᠢ ᠲᠣᠭᠤᠷᠢᠨ ᠦᠵᠡᠵᠦ᠂ ᠬᠡᠷᠡᠭ ᠤᠨ

ᠳᠠᠩᠰᠠ ᠡᠪᠬᠡᠮᠡᠯ ᠢ ᠵᠣᠬᠢᠶᠠᠬᠤ᠂ ᠪᠢᠴᠢᠭ ᠬᠠᠷ᠎ᠠ ᠶᠢ ᠲᠤᠭᠤᠷᠪᠢᠬᠤ ᠵᠡᠷᠭᠡ ᠠᠭᠤᠯᠭ᠎ᠠ ᠶᠢ ᠰᠤᠷᠤᠯᠴᠠᠪᠠ᠃ ᠠᠶᠢᠮᠠᠭ

 ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠶᠢᠯᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠤᠰᠬᠠᠢ ᠮᠡᠷᠭᠡᠵᠢᠯᠲᠡᠨ ᠤ

ᠳᠤᠭᠤᠶᠢᠯᠠᠩ ᠤᠨ ᠬᠡᠰᠢᠭᠦᠨ ᠵᠠᠩ ᡁᠢ ᠭᠠᠩ ᠢ ᠤᠷᠢᠵᠤ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ

ᠵᠠᠰᠠᠭ ᠵᠠᠬᠢᠷᠭᠠᠨ ᠤ ᠰᠢᠢᠳᠬᠡᠯ ᠤᠨ ᠲᠦᠷ ᠬᠡᠷᠡᠭᠵᠢᠭᠦᠯᠬᠦ ᠠᠷᠭ᠎ᠠ︾ ᠳᠤ ᠲᠠᠶᠢᠯᠤᠮᠵᠢ ᠬᠢᠯᠭᠡᠵᠦ᠂ ᠬᠡᠷᠡᠭ ᠤᠨ

ᠵᠢᠱᠢᠶ᠎ᠡ ᠶᠢ ᠵᠠᠳᠠᠯᠬᠤ ᠶᠢᠨ ᠬᠠᠮᠲᠤ ᠬᠠᠤᠯᠢ ᠬᠡᠷᠡᠭᠵᠢᠭᠦᠯᠬᠦ ᠠᠵᠢᠯᠲᠠᠨ ᠢ ᠵᠢᠯᠣᠭᠤᠳᠤᠨ ᠰᠢᠢᠳᠬᠡᠯ ᠤᠨ ᠴᠤᠪᠤᠷᠠᠯ ᠢ

ᠣᠶᠢᠯᠠᠭᠠᠭᠤᠯᠵᠤ᠂ ᠬᠡᠷᠡᠭ ᠤᠨ ᠳᠠᠩᠰᠠ ᠡᠪᠬᠡᠮᠡᠯ ᠢ ᠵᠣᠬᠢᠶᠠᠬᠤ ᠶᠢ ᠰᠤᠷᠤᠯᠴᠠᠪᠠ᠃

     ᠡᠨᠡ ᠤᠳᠠᠭᠠᠨ ᠤ ᠬᠤᠷᠠᠯ ᠪᠠ ᠪᠣᠯᠪᠠᠰᠤᠷᠠᠯ ᠢᠶᠠᠷ ᠳᠠᠮᠵᠢᠨ᠂ ᠰᠢᠯᠢ ᠶᠢᠨ ᠭᠤᠣᠯ ᠠᠶᠢᠮᠠᠭ ᠤᠨ ᠰᠤᠷᠭᠠᠭᠤᠯᠢ ᠶᠢᠨ

ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠳᠬᠡᠯ ᠤᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ

ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ

ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂

ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠳᠤ ᠢᠳᠡᠪᠬᠢᠲᠡᠢ ᠠᠴᠢ

ᠬᠤᠯᠪᠣᠭᠳᠠᠯ ᠲᠠᠢ ᠶᠤᠮ᠃

     

W020231205558329356417.jpg

        ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠪᠦᠦ ᠭᠧ ᠮᠢᠩ︶

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map