ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2023/12/15
      12 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ 16 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠭᠦᠨᠵᠡᠭᠡᠢ ᠰᠤᠷᠤᠯᠴᠠᠨ ᠤᠬᠠᠪᠤᠷᠢᠯᠠᠬᠤ ᠲᠣᠭᠤᠷᠢᠨ ᠳᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠷᠭ᠎ᠠ ᠬᠡᠮᠵᠢᠶ᠎ᠡ ᠶᠢ ᠰᠡᠳᠬᠢᠨ‌‍ᠦ ᠰᠦᠪᠡᠭᠴᠢᠯᠡᠵᠦ ᠰᠣᠯᠢᠯᠴᠠᠵᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃   

1.jpg

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠭᠤᠣᠯ

ᠬᠠᠷᠢᠭᠤᠴᠠᠯᠭᠠᠲᠠᠨ ᠡᠨᠡ ᠤᠳᠠᠭᠠᠨ ᠤ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠥᠪᠡᠷ ᠪᠡᠶ᠎ᠡ ᠶᠢᠨ

ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠪᠠ᠃

      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠪᠠᠰᠠ ᠴᠤ

ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠃ ᠲᠢᠩᠬᠢᠮ ᠤᠨ

ᠪᠠᠶᠢᠭᠤᠯᠭ᠎ᠠ ᠶᠢᠨ ᠡᠯ᠎ᠡ ᠦᠨᠳᠦᠰᠦᠨ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ

ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠤᠯᠠᠮ ᠴᠠᠭᠠᠰᠢᠲᠠ ᠳᠡᠭᠡᠭᠰᠢᠯᠡᠭᠦᠯᠵᠦ᠂ ᠤᠯᠤᠰ

ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠦᠨᠳᠦᠰᠦᠨ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ

ᠨᠠᠷᠢᠨ ᠣᠶᠢᠯᠠᠭᠠᠵᠤ᠂ ᠶᠠᠮᠠᠷᠪᠠ ᠠᠵᠢᠯ ᠢ ᠬᠢᠬᠦ ᠳᠤ ᠴᠥᠮ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂

ᠡᠨᠡ ᠬᠦ ᠭᠤᠣᠯ ᠱᠤᠭᠤᠮ ᠠᠴᠠ ᠰᠠᠯᠵᠤ ᠪᠣᠯᠬᠤ ᠦᠭᠡᠢ᠃ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ

ᠠᠳᠬᠤᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠪᠢᠳᠠᠨ ᠬᠠᠮᠢᠶᠠᠷᠴᠤ ᠪᠠᠶᠢᠭ᠎ᠠ

ᠬᠦᠷᠢᠶᠡᠨ ᠤ ᠰᠤᠷᠤᠯᠴᠠᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠳᠠᠰᠤᠭ

ᠡᠯ᠎ᠡ ᠨᠢᠭᠡᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ

ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠤᠯᠤᠰ ᠲᠥᠷᠥ ᠶᠢᠨ ᠵᠣᠭᠰᠣᠴᠠ ᠨᠡᠩ ᠥᠨᠳᠥᠷ᠂ ᠪᠠᠷᠢᠮᠵᠢᠶ᠎ᠠ

ᠱᠠᠭᠠᠷᠳᠠᠯᠭ᠎ᠠ ᠨᠡᠩ ᠴᠢᠩᠭ᠎ᠠ᠂ ᠠᠵᠢᠯᠯᠠᠭ᠎ᠠ ᠨᠡᠩ ᠤᠬᠠᠮᠰᠠᠷ ᠲᠠᠢ ᠪᠠᠶᠢᠵᠤ᠂ ᠬᠤᠰᠢᠭᠤᠴᠢᠯᠠᠵᠤ᠂ ᠦᠯᠢᠭᠡᠷ ᠳᠠᠭᠤᠷᠢᠶᠠᠯ

ᠪᠣᠯᠬᠤ ᠴᠢᠬᠤᠯᠠ ᠦᠢᠯᠡᠳᠦᠯ ᠢ ᠦᠨᠡᠨ ᠬᠦ ᠪᠠᠳᠠᠷᠠᠭᠤᠯᠵᠤ᠂ ︽ᠭᠤᠣᠯ ᠰᠡᠳᠦᠪᠲᠦ ᠨᠠᠮ ᠤᠨ ᠡᠳᠦᠷ︾ ᠢᠶᠠᠷ ᠭᠤᠣᠯ

ᠠᠴᠢᠶᠠᠯᠠᠪᠤᠷᠢ ᠪᠣᠯᠭᠠᠵᠤ᠂ ︽ᠭᠤᠷᠪᠠᠨ ᠬᠤᠷᠠᠯ ᠨᠢᠭᠡ ᠬᠢᠴᠢᠶᠡᠯ︾ ᠢᠶᠠᠷ ᠭᠤᠣᠯ ᠬᠡᠯᠪᠡᠷᠢ  ᠪᠣᠯᠭᠠᠨ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ

ᠪᠠᠬᠢᠵᠢᠭᠦᠯᠬᠦ ᠬᠡᠷᠡᠭᠲᠡᠢ᠃ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠯ᠎ᠡ

ᠭᠠᠵᠠᠷ ᠳᠠᠰᠤᠭ ᠡᠯ᠎ᠡ ᠨᠢᠭᠡᠴᠢ ᠶᠢᠨ ᠬᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠤᠯᠠᠮ ᠴᠠᠭᠠᠰᠢᠲᠠ

ᠡᠭᠦᠷᠭᠡᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠭᠤᠣᠯ ᠱᠤᠭᠤᠮ ᠢ ᠲᠤᠭᠤᠰᠢᠯᠠᠭᠤᠯᠬᠤ ᠪᠠ

ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠣᠷᠭᠠᠨᠢᠭ ᠢᠶᠠᠷ ᠨᠢᠭᠡᠳᠬᠡᠵᠦ᠂ ᠪᠦᠬᠦ ᠵᠢᠯ ᠤᠨ ᠬᠠᠷᠠᠯᠲᠠ ᠪᠠ

ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠢᠷᠡᠬᠦ ᠵᠢᠯ ᠤᠨ ᠠᠵᠢᠯ ᠢᠶᠠᠨ

ᠡᠷᠲᠡᠬᠡᠨ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠪᠦᠬᠦ

ᠶᠠᠪᠤᠴᠠ ᠳᠤ  ᠠᠭᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃

   

2.jpg

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠭᠡᠰᠢᠭᠦᠨ᠂ ᠨᠢᠭᠡᠳᠦᠭᠡᠷ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ

ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠵᠢᠴᠢ

ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ  ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map