ᠪᠠᠭ᠎ᠠ ᠰᠤᠷᠭᠠᠭᠤᠯᠢ ᠳᠤ ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠢ ᠥᠷᠨᠢᠭᠦᠯᠵᠦ ᠰᠤᠷᠤᠭᠴᠢᠳ ᠤᠨ ᠬᠡᠯᠡᠨ ᠤ ᠪᠤᠲᠠᠲᠤ ᠴᠢᠳᠠᠪᠤᠷᠢ ᠶᠢ ᠲᠡᠭᠡᠭᠰᠢᠯᠡᠭᠦᠯᠬᠦ ᠲᠤᠬᠠᠢ
ᠨᠡᠶᠢᠲᠡᠯᠡᠭᠰᠡᠨ ᠴᠠᠭ᠄
2023/12/18
                         ᠤᠷᠡᠨᠪᠢᠯᠢᠭ

教学研究6.png

      ᠪᠠᠭ᠎ᠠ ᠰᠤᠷᠭᠠᠭᠤᠯᠢ ᠶᠢᠨ ᠮᠤᠩᠭᠤᠯ ᠬᠡᠯᠡᠨ ᠤ ᠵᠢᠭᠠᠨ ᠰᠤᠷᠭᠠᠯᠳᠠ ᠶᠢ ᠲᠡᠭᠡᠭᠰᠢᠯᠡᠭᠦᠯᠬᠦ  ᠳᠤ ᠰᠤᠷᠤᠭᠴᠢᠳ ᠤᠨ

ᠮᠤᠩᠭᠤᠯ ᠬᠡᠯᠡᠨ ᠤ ᠪᠤᠳᠠᠳᠤ ᠴᠢᠳᠠᠪᠤᠷᠢ ᠶᠢ ᠲᠡᠭᠡᠭᠰᠢᠯᠡᠭᠦᠯᠬᠦ ᠬᠡᠷᠡᠭᠳᠡᠢ᠃ ᠤᠶᠢᠷ᠎ᠠ ᠶᠢᠨ ᠵᠢᠯ ᠤᠨ ᠵᠢᠭᠠᠨ

ᠰᠤᠷᠭᠠᠯᠳᠠ ᠳᠤ ᠡᠨᠡ ᠲᠠᠯ᠎ᠠ ᠤᠮᠳᠤᠭᠠᠶᠢᠯᠠᠭᠳᠠᠵᠦ ᠪᠠᠶᠢᠨ᠎ᠠ᠃ ᠪᠢ ᠬᠤᠷᠢᠨ ᠬᠡᠳᠦᠨ ᠵᠢᠯ ᠤᠨ ᠮᠤᠩᠭᠤᠯ ᠬᠡᠯᠡ

ᠪᠢᠴᠢᠭ ᠤᠨ ᠪᠠᠭᠰᠢ ᠪᠤᠯᠤᠭᠰᠠᠨ ᠤ ᠬᠤᠪᠢ ᠳᠤ ᠥᠩᠭᠡᠷᠡᠭᠰᠡᠨ ᠳᠤ ᠬᠢᠵᠦ ᠪᠠᠶᠢᠭᠰᠠᠨ ᠬᠡᠳᠦ ᠤᠳᠠᠭᠠᠨ ᠤ ᠤᠯᠤᠰ

ᠣᠷᠤᠨ ᠤ ᠬᠡᠪᠴᠢᠶᠡᠨ ᠤ ᠰᠤᠳᠤᠯᠭᠠᠨ ᠳᠤ ᠪᠠᠨ ᠰᠠᠭᠤᠷᠢᠯᠠᠵᠤ 2011 ᠤᠨ ᠠᠴᠠ ᠡᠬᠢᠯᠡᠵᠦ ᠲᠤᠰ

ᠰᠤᠷᠭᠠᠭᠤᠯᠢ ᠶᠢᠨ ᠢᠶᠠᠨ ᠪᠦᠬᠦᠶ ᠯᠡ ᠠᠩᠬᠢ ᠳᠤ ᠮᠤᠩᠭᠤᠯ ᠬᠡᠯᠡ ᠪᠢᠴᠢᠭ ᠤᠨ ᠵᠢᠭᠠᠨ ᠰᠤᠷᠭᠠᠯᠳᠠ ᠶᠢᠨ

ᠰᠤᠳᠤᠯᠭᠠᠨ ᠤ ᠠᠵᠢᠯ ᠢᠶᠠᠨ ᠡᠬᠢᠯᠡᠨ ᠶᠠᠪᠤᠭᠳᠠᠭᠤᠯᠵᠦ ᠬᠤᠤᠰ ᠭᠠᠷᠠᠭ ᠤᠨ ᠭᠤᠷᠪᠠᠨ ᠪᠤᠯᠭᠠᠨ ᠤ ᠦᠳᠡ ᠶᠢᠨ

ᠬᠤᠶᠢᠨᠠᠬᠢ ᠬᠤᠶᠠᠷ ᠬᠢᠴᠢᠶᠡᠯ ᠤᠨ ᠴᠠᠭ ᠲᠤ ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠢᠶᠠᠨ ᠡᠬᠢᠯᠡᠵᠦ

ᠦᠷᠨᠢᠭᠦᠯᠦᠭᠰᠡᠨ ᠪᠠᠶᠢᠨ᠎ᠠ᠃

      ᠬᠡᠳᠦᠨ ᠵᠢᠯ ᠤᠨ ᠲᠤᠷᠰᠢ ᠮᠤᠩᠭᠤᠯ ᠬᠡᠯᠡᠨ ᠤ ᠬᠥᠳᠡᠯᠪᠦᠷᠢ ᠶᠢᠨ ᠬᠢᠴᠢᠶᠡᠯ ᠢ ᠨᠡᠮᠡᠨ ᠬᠢᠴᠢᠶᠡᠯᠯᠡᠭᠰᠡᠨ ᠠᠴᠠ

ᠣᠳᠤ ᠪᠣᠯᠬᠤ ᠳᠤ ᠰᠤᠷᠤᠭᠴᠢᠳ ᠤᠨ ᠮᠤᠩᠭᠤᠯ ᠬᠡᠯᠡᠨ ᠤ ᠤᠩᠰᠢᠬᠤ᠂ ᠪᠢᠴᠢᠬᠦ᠂ ᠶᠠᠷᠢᠬᠤ᠂ ᠰᠤᠨᠤᠰᠬᠤ ᠪᠠ

ᠰᠡᠳᠭᠢᠬᠦ ᠵᠡᠷᠭᠡ ᠪᠤᠲᠠᠲᠤ ᠴᠢᠳᠠᠪᠤᠷᠢ ᠶᠢᠨ ᠳᠡᠭᠡᠭᠰᠢᠯᠡᠯᠲᠡ ᠳᠤ ᠲᠣᠩ ᠶᠡᠭᠡ ᠦᠷ᠎ᠡ ᠠᠰᠢᠭ ᠤᠯᠵᠤ ᠰᠤᠷᠭᠠᠭᠤᠯᠢ ᠶᠢᠨ

ᠮᠣᠩᠭᠤᠯ ᠬᠡᠯᠡᠨ ᠤ ᠵᠢᠭᠠᠨ ᠰᠤᠷᠭᠠᠯᠲᠠ ᠴᠤ ᠮᠡᠳᠡᠭᠳᠡᠬᠦ᠋ᠢᠴᠡ ᠳᠡᠭᠡᠭᠰᠢᠯᠡᠵᠦ ᠲᠣᠩ ᠰᠠᠶᠢᠨ ᠦᠷ᠎ᠡ ᠪᠦᠳᠦᠮᠵᠢ ᠶᠢ

ᠣᠯᠤᠭᠰᠠᠨ ᠪᠠᠶᠢᠨ᠎ᠠ᠃ ᠲᠣᠣᠷ᠎ᠠ ᠪᠢ ᠡᠳᠡᠭᠡᠷ ᠵᠢᠯ ᠤᠨ ᠰᠤᠳᠤᠯᠭᠠᠨ ᠤ ᠦᠷ᠎ᠠ ᠪᠦᠳᠦᠭᠡᠯ ᠲᠠᠢ ᠪᠠᠨ ᠤᠶᠠᠯᠳᠤᠭᠤᠯᠵᠤ

ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠤᠨ ᠲᠤᠬᠠᠢ ᠥᠪᠡᠷ ᠤᠨ ᠦᠵᠡᠯᠲᠡ ᠪᠠᠨ ᠲᠤᠷᠠᠳᠤᠶ᠎ᠠ᠃

      ᠮᠤᠩᠭᠤᠯ ᠬᠡᠯᠡ ᠪᠤᠯ ᠶᠡᠷᠦ ᠳᠤ ᠪᠠᠨ ᠶᠡᠷᠦᠩᠬᠡᠶᠢᠯᠡᠭᠰᠡᠨ ᠴᠢᠨᠠᠷᠲᠠᠢ ᠮᠡᠳᠡᠯᠭᠡ ᠶᠢᠨ ᠠᠭᠤᠯᠤᠭᠳᠠᠬᠤᠨ ᠲᠠᠢ

ᠬᠢᠴᠢᠶᠡᠯ ᠪᠤᠯᠤᠨ᠎ᠠ᠃ ᠲᠠᠷᠤᠢ ᠰᠤᠷᠤᠭᠴᠢᠳ ᠭᠠᠭᠴᠠ ᠬᠢᠴᠢᠶᠡᠯ ᠤᠨ ᠴᠠᠭ ᠲᠤ ᠮᠤᠩᠭᠤᠯ ᠬᠡᠯᠡ ᠪᠢᠴᠢᠭ ᠰᠤᠷᠤᠭᠠᠳ

ᠳᠡᠶᠢᠯᠴᠢᠬᠡᠬᠦ ᠪᠢᠰᠢ᠂ ᠵᠠᠪᠠᠯ ᠶᠡᠷᠦᠩᠬᠡᠶᠢᠯᠡᠭᠰᠡᠨ ᠦᠢᠯᠡᠳᠦᠯᠭᠡ ᠬᠦᠳᠡᠯᠪᠦᠷᠢ ᠳᠤ ᠤᠷᠤᠯᠴᠠᠵᠦ ᠬᠢᠴᠢᠶᠡᠯ ᠤᠨ

ᠲᠤᠳᠤᠨ᠎ᠠ ᠭᠠᠳᠠᠨᠠᠬᠢ ᠶᠢ ᠤᠶᠠᠯᠳᠤᠭᠤᠯᠪᠠᠯ ᠰᠠᠶ᠋ᠢ ᠰᠤᠷᠤᠭᠴᠢᠳ ᠵᠢᠩᠬᠢᠨᠢ ᠮᠤᠩᠭᠤᠯ ᠬᠡᠯᠡ ᠪᠢᠴᠢᠭ ᠤᠨ ᠪᠤᠳᠠᠳᠤ

ᠴᠢᠳᠠᠪᠤᠷᠢ ᠲᠠᠢ ᠪᠤᠯᠵᠦ ᠴᠢᠳᠠᠳᠠᠭ᠃ ᠶᠠᠭ ᠡ᠊ᠨᠡ ᠭᠦ ᠦᠪᠡᠷᠮᠢᠴᠡ ᠪᠦᠭᠡᠳ ᠳᠤᠭᠲᠠᠮᠠᠯ ᠤᠨᠴᠠᠯᠢᠭ ᠠᠴᠠ

ᠰᠢᠯᠲᠠᠭᠠᠯᠠᠭᠳᠠᠵᠦ ᠮᠤᠩᠭᠤᠯ ᠬᠡᠯᠡ ᠪᠢᠴᠢᠭ ᠢ ᠵᠢᠭᠠᠬᠤ ᠳᠤ ᠵᠠᠪᠠᠯ ᠬᠢᠴᠢᠶᠡᠯ ᠤᠨ ᠭᠠᠳᠠᠨᠠᠬᠢ ᠲᠤᠰᠬᠠᠢ ᠴᠠᠭ ᠤᠨ

ᠬᠦᠳᠡᠯᠪᠦᠷᠢ ᠶᠢᠨ ᠬᠢᠴᠢᠶᠡᠯ ᠲᠠᠢ ᠤᠶᠠᠯᠳᠤᠭᠤᠯᠪᠠᠯ ᠰᠠᠶ᠋ᠢ ᠰᠤᠷᠤᠭᠴᠢᠳ ᠪᠤᠲᠠᠲᠤ ᠴᠢᠳᠠᠪᠦᠷᠢ ᠶᠢ ᠤᠯᠵᠦ          

ᠴᠢᠳᠠᠳᠠᠭ᠃ ᠢᠡᠭᠬᠢᠭᠡᠳ ᠪᠢ ᠰᠤᠷᠭᠠᠭᠤᠯᠢ ᠳᠤ ᠪᠠᠨ ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠢ ᠨᠡᠭᠡᠭᠡᠵᠦ

ᠰᠤᠷᠤᠭᠴᠢᠳ ᠤᠨ ᠤᠩᠰᠢᠬᠤ᠂ ᠪᠢᠴᠢᠬᠦ᠂ ᠶᠠᠷᠢᠬᠤ᠂ ᠰᠤᠨᠤᠰᠬᠤ᠂ ᠰᠡᠳᠬᠢᠬᠦ᠂ ᠲᠤᠭᠯᠠᠬᠤ ᠵᠡᠷᠭᠡ ᠪᠤᠲᠠᠲᠤ

ᠴᠢᠳᠠᠪᠤᠷᠢ ᠶᠢ ᠬᠦᠮᠦᠵᠢᠭᠦᠯᠬᠦ ᠳᠤ ᠵᠤᠷᠢᠭᠤᠯᠵᠦ ᠳᠤᠰ ᠰᠤᠳᠤᠯᠭᠠᠨ ᠢ ᠰᠤᠷᠭᠠᠭᠤᠯᠢ ᠳᠤ ᠪᠠᠨ ᠡᠬᠢᠯᠡᠵᠦ

ᠶᠠᠪᠤᠭᠳᠠᠭᠤᠯᠤᠭᠰᠠᠨ ᠪᠠᠶᠢᠨ᠎ᠠ᠃ ᠡᠨᠡ ᠪᠤᠯ ᠲᠠᠷᠤᠢ ᠲᠤᠰ ᠰᠤᠳᠤᠯᠭᠠᠨ ᠢ ᠬᠢᠬᠦ ᠪᠠᠷ ᠪᠤᠯᠤᠭᠰᠠᠨ ᠰᠢᠯᠳᠠᠭᠠᠨ ᠪᠤᠶᠤ

ᠤᠭ ᠰᠠᠨᠠᠭ᠎ᠠ ᠪᠤᠯᠤᠨ᠎ᠠ᠃

      ︽ᠮᠤᠩᠭᠤᠯ ᠬᠡᠯᠡ ᠪᠢᠴᠢᠭ ᠤᠨ ᠬᠢᠴᠢᠶᠡᠯ ᠤᠨ ᠪᠠᠷᠢᠮᠵᠢᠶ᠎ᠠ︾ ᠳᠤ ᠮᠤᠩᠭᠤᠯ ᠬᠡᠯᠡ ᠪᠢᠴᠢᠭ ᠤᠨ ᠬᠢᠴᠢᠶᠡᠯ ᠨᠢ

︽ᠰᠤᠷᠤᠭᠴᠢᠳ ᠤᠨ ᠦᠭᠡ ᠬᠡᠯᠡ᠂ ᠦᠰᠦᠭ ᠪᠢᠴᠢᠭ ᠢᠶᠠᠨ ᠬᠡᠷᠡᠭᠯᠡᠬᠦ ᠴᠢᠳᠠᠪᠦᠷᠢ ᠶᠢ ᠬᠦᠮᠦᠵᠢᠭᠦᠯᠬᠦ ᠪᠠᠷ

ᠭᠤᠣᠯᠳᠠᠭᠤᠯᠵᠤ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠂ ᠪᠤᠰᠤᠳ ᠬᠢᠴᠢᠶᠡᠯ

ᠲᠦᠷᠤᠯ ᠢ ᠰᠠᠶᠢᠨ ᠰᠤᠷᠬᠤ ᠳᠤ ᠰᠠᠭᠤᠷᠢ ᠲᠠᠯᠪᠢᠨ᠎ᠠ︾ ᠭᠡᠰᠡᠨ ᠪᠠᠶᠢᠳᠠᠭ᠃ ᠮᠦᠨ ᠴᠦ ︽ᠬᠡᠯᠡ ᠪᠢᠴᠢᠭ ᠤᠨ

ᠬᠢᠴᠢᠶᠡᠯ ᠪᠣᠯ ᠰᠤᠷᠤᠭᠴᠢᠳ ᠢ ᠲᠦᠷᠦᠯᠬᠢ ᠬᠡᠯᠡᠨ ᠤ ᠤᠩᠰᠢᠬᠤ᠂ ᠪᠢᠴᠢᠬᠦ᠂ ᠶᠠᠷᠢᠬᠤ᠂ ᠰᠣᠨᠤᠰᠬᠤ

ᠦᠢᠯᠡᠳᠦᠯᠭᠡ ᠳᠤ ᠦᠷᠭᠡᠨ ᠳᠡᠯᠭᠡᠷ ᠣᠷᠤᠯᠴᠠᠭᠤᠯᠬᠤ︾᠂ ︽ᠦᠢᠯᠡᠳᠦᠯᠭᠡᠴᠢ ᠰᠢᠨᠵᠢ᠂ ᠪᠠᠭᠠᠵᠢᠴᠢ ᠰᠢᠨᠵᠢ᠂

ᠰᠤᠶᠤᠯᠴᠢ ᠰᠢᠨᠵᠢ᠂ ᠬᠡᠷᠡᠭᠯᠡᠭᠡᠴᠢ ᠰᠢᠨᠵᠢ ᠪᠣᠯ ᠬᠡᠯᠡ ᠪᠢᠴᠢᠭ ᠤᠨ ᠬᠢᠴᠢᠶᠡᠯ ᠤᠨ ᠦᠨᠳᠦᠰᠦᠨ ᠣᠨᠴᠠᠯᠢᠭ          

ᠪᠣᠯᠤᠨ᠎ᠠ︾᠂ ︽ᠬᠡᠯᠡ ᠪᠢᠴᠢᠭ ᠤᠨ ᠬᠢᠴᠢᠶᠡᠯ ᠨᠢ ᠦᠢᠯᠡᠳᠦᠯᠭᠡᠲᠦ ᠰᠢᠨᠵᠢ ᠲᠠᠢ ᠬᠢᠴᠢᠶᠡᠯ ᠲᠦᠷᠦᠯ ᠮᠦᠨ᠂

ᠭᠤᠣᠯᠳᠠᠭᠤ ᠬᠡᠯᠡ ᠪᠢᠴᠢᠭ ᠤᠨ ᠦᠢᠯᠡᠳᠦᠯᠭᠡ ᠪᠠᠷ ᠰᠤᠷᠤᠭᠴᠢᠳ ᠤᠨ ᠬᠡᠯᠡ ᠪᠢᠴᠢᠭ ᠤᠨ ᠴᠢᠳᠠᠪᠤᠷᠢ ᠶᠢ

ᠬᠦᠮᠦᠵᠢᠭᠦᠯᠦᠨ᠎ᠡ︾᠂ ︽ᠰᠤᠷᠤᠭᠴᠢᠳ ᠢ ᠢᠯᠡᠭᠦᠦ ᠤᠩᠰᠢᠭᠤᠯᠵᠤ ᠪᠢᠴᠢᠭᠦᠯᠤᠨ᠂ ᠡᠳᠤᠷ ᠲᠤᠳᠤᠮ

ᠬᠤᠷᠠᠮᠳᠤᠭᠤᠯᠤᠨ᠂ ᠬᠡᠯᠡ ᠪᠢᠴᠢᠭ ᠤᠨ ᠠᠯᠢ ᠣᠯᠠᠨ ᠦᠢᠯᠡᠳᠦᠯᠭᠡ ᠪᠠᠷ ᠬᠡᠯᠡ ᠪᠢᠴᠢᠭ  ᠢ ᠬᠡᠷᠡᠭᠯᠡᠬᠦ ᠵᠢᠮ᠎ᠡ ᠶᠣᠰᠤ ᠶᠢ

ᠣᠶᠢᠯᠠᠭᠠᠭᠤᠯᠵᠤ ᠡᠵᠡᠮᠰᠢᠭᠦᠯᠦᠨ᠎ᠡ︾᠂ ︽ᠶᠡᠷᠦᠩᠬᠡᠶᠢᠯᠡᠵᠦ ᠰᠤᠷᠤᠯᠴᠠᠬᠤ ᠨᠢ ᠬᠡᠯᠡ ᠪᠢᠴᠢᠭ ᠤᠨ ᠬᠢᠴᠢᠶᠡᠯ

ᠬᠦᠮᠦᠵᠢᠯ ᠤᠨ ᠤᠯᠠᠮᠵᠢᠯᠠᠯ᠂ ᠣᠳᠤᠬᠢ ᠨᠡᠶᠢᠭᠡᠮ ᠤᠨ ᠰᠤᠷᠤᠯᠴᠠᠬᠤ ᠣᠨᠴᠠᠯᠢᠭ ᠲᠠᠢ ᠨᠡᠶᠢᠴᠠᠵᠤ᠂ ᠪᠠᠶ᠎ᠠ ᠪᠠᠨ

ᠳᠠᠭᠠᠭᠠᠵᠤ ᠡᠵᠡᠨ ᠮᠡᠳᠡᠭᠰᠡᠨ ᠳᠤᠷ᠎ᠠ ᠰᠣᠨᠢᠷᠬᠠᠯ ᠲᠠᠢ ᠬᠦᠳᠡᠯᠭᠡᠭᠡᠨ ᠳᠤᠮᠳᠠ᠂ ᠰᠤᠷᠤᠭᠴᠢᠳ ᠤᠨ ᠬᠡᠯᠡ ᠪᠢᠴᠢᠭ ᠤᠨ

ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ︾᠂ ︽ᠬᠡᠯᠡ ᠪᠢᠴᠢᠭ ᠤᠨ ᠬᠢᠴᠢᠶᠡᠯ ᠨᠢ ᠡᠷᠬᠡᠪᠰᠢ

ᠰᠤᠷᠤᠭᠴᠢᠳ ᠢ ᠵᠢᠯᠤᠭᠤᠳᠤᠨ᠂ ᠢᠯᠡᠭᠦᠬᠡᠨ ᠤᠩᠰᠢᠭᠤᠯᠵᠤ᠂ ᠢᠯᠡᠭᠦᠬᠡᠨ ᠬᠤᠷᠠᠮᠳᠤᠭᠤᠯᠤᠨ᠂ ᠦᠭᠡ ᠬᠡᠯᠡ᠂

ᠦᠰᠦᠭ ᠪᠢᠴᠢᠭ ᠤᠨ ᠦᠢᠯᠡᠳᠦᠯᠭᠡ ᠶᠢ ᠴᠢᠬᠤᠯᠠᠴᠢᠯᠠᠵᠤ᠂ ᠪᠤᠲᠠᠲᠠᠢ ᠦᠢᠯᠠᠳᠦᠯᠭᠡ ᠶᠢᠨ ᠳᠤᠮᠳᠠ ᠰᠤᠶᠤᠯ ᠤᠨ

ᠠᠭᠤᠯᠤᠭᠳᠠᠬᠤᠨ ᠪᠤᠯᠤᠨ ᠭᠡᠯᠡ ᠪᠢᠴᠢᠭ ᠤᠨ ᠬᠡᠷᠡᠭᠯᠡᠭᠡᠨ ᠤ ᠵᠢᠮ᠎ᠡ ᠬᠠᠥᠯᠢ ᠶᠢ ᠰᠠᠷᠠᠵᠤ ᠮᠡᠳᠡᠭᠦᠯᠦᠨ᠎ᠡ︾ ᠭᠡᠵᠦ

ᠲᠤᠰᠪᠤᠷᠢ ᠳᠤᠷᠠᠳᠤᠭᠰᠠᠨ ᠪᠠᠶᠢᠳᠠᠭ᠃

      ᠰᠤᠳᠤᠯᠭᠠᠨ ᠤ ᠬᠠᠷᠠᠯᠲᠠ ᠪᠣᠯ ᠳᠠᠷᠤᠢ ᠮᠣᠩᠭᠤᠯ ᠬᠡᠯᠡᠨ ᠤ ᠵᠢᠭᠠᠨ ᠰᠤᠷᠭᠠᠯᠲᠠ ᠳᠤ ᠬᠢᠴᠢᠶᠡᠯ ᠤᠨ ᠲᠣᠲᠤᠨ᠎ᠠ

ᠭᠠᠳᠠᠨᠠᠬᠢ ᠶᠢ ᠤᠶᠠᠯᠳᠤᠭᠤᠯᠵᠤ ᠶᠡᠷᠦᠩᠬᠡᠶᠢᠯᠡᠭᠰᠡᠨ ᠦᠢᠯᠡᠳᠦᠯᠭᠡ ᠶᠢᠨ ᠬᠢᠴᠢᠶᠡᠯᠯᠡᠭᠡ ᠪᠠᠷ ᠮᠤᠩᠭᠤᠯ ᠬᠡᠯᠡ

ᠪᠢᠴᠢᠭ ᠤᠨ ᠬᠢᠴᠢᠶᠡᠯ ᠤᠨ ᠣᠨᠴᠠᠯᠢᠭ ᠰᠢᠨᠵᠢ᠂ ᠪᠠᠭᠠᠵᠢᠴᠢ ᠰᠢᠨᠵᠢ ᠪᠣᠯᠤᠨ ᠬᠦᠮᠦᠨ ᠰᠤᠶᠤᠯ ᠤᠨ ᠰᠢᠨᠵᠢ᠂

ᠦᠢᠯᠡᠳᠦᠯᠭᠡᠲᠦ ᠰᠢᠨᠵᠢ ᠶᠢ ᠬᠦᠢᠴᠡᠳ ᠪᠠᠳᠠᠷᠠᠭᠤᠯᠵᠤ ᠲᠤᠰᠬᠠᠢ ᠬᠡᠯᠡᠨ ᠤ ᠬᠦᠳᠡᠯᠪᠦᠷᠢ ᠶᠢᠨ ᠬᠢᠴᠢᠶᠡᠯ ᠳᠠᠬᠢ

ᠪᠣᠯᠪᠠᠰᠤᠷᠠᠯ ᠢᠶᠠᠷ ᠲᠠᠮᠵᠢᠨ ᠰᠤᠷᠤᠭᠴᠢᠳ ᠤᠨ ᠤᠩᠰᠢᠬᠤ ᠴᠢᠳᠠᠪᠤᠷᠢ᠂ ᠪᠢᠴᠢᠬᠦ ᠴᠢᠳᠠᠪᠤᠷᠢ᠂ ᠰᠣᠨᠤᠰᠬᠤ ᠴᠢᠳᠠᠪᠤᠷᠢ᠂

ᠶᠠᠷᠢᠬᠤ ᠴᠢᠳᠠᠪᠤᠷᠢ᠂ ᠵᠦᠴᠦᠭᠡᠯᠡᠬᠦ ᠴᠢᠳᠠᠪᠤᠷᠢ᠂ ᠰᠤᠷᠠᠭ ᠵᠠᠩᠭᠢ ᠴᠤᠭᠯᠠᠭᠤᠯᠬᠤ ᠴᠢᠳᠠᠪᠤᠷᠢ᠂ ᠰᠡᠳᠬᠢᠬᠦ ᠴᠢᠳᠠᠪᠤᠷᠢ᠂

ᠬᠤᠷᠢᠶᠠᠩᠭᠤᠶᠢᠯᠠᠬᠤ ᠴᠢᠳᠠᠪᠤᠷᠢ ᠵᠡᠷᠭᠡ ᠪᠤᠲᠠᠲᠤ ᠬᠡᠷᠡᠭᠯᠡᠭᠡᠨ ᠤ ᠴᠢᠳᠠᠪᠤᠷᠢ ᠶᠢ ᠬᠦᠮᠦᠵᠢᠭᠦᠯᠵᠦ ᠮᠤᠩᠭᠤᠯ ᠬᠡᠯᠡ

ᠪᠢᠴᠢᠭ ᠤᠨ ᠵᠢᠭᠠᠨ ᠰᠤᠷᠭᠠᠯᠲᠠ ᠶᠢ ᠨᠡᠩ ᠦᠨᠳᠦᠷ ᠲᠦᠪᠰᠢᠨ ᠳᠤ ᠬᠦᠷᠭᠡᠬᠦ ᠪᠣᠯᠤᠨ᠎ᠠ᠃

      ᠡᠳᠡᠭᠡᠷ ᠪᠣᠯ ᠮᠦᠨ ᠴᠤ ᠰᠤᠷᠤᠭᠴᠢᠳ ᠤᠨ ᠮᠣᠩᠭᠤᠯ ᠬᠡᠯᠡᠨ ᠤ ᠪᠤᠲᠠᠲᠤ ᠴᠢᠳᠠᠪᠤᠷᠢ ᠶᠢ ᠳᠡᠭᠡᠭᠰᠢᠯᠡᠭᠦᠯᠬᠦ ᠳᠤ

ᠡᠷᠬᠡᠪᠰᠢ ᠬᠦᠳᠡᠯᠪᠤᠷᠢ ᠶᠢᠨ ᠬᠢᠴᠢᠶᠡᠯ ᠥᠷᠨᠢᠭᠦᠯᠬᠦ ᠶᠢᠨ ᠴᠢᠬᠤᠯᠠ ᠴᠢᠨᠠᠷ ᠤᠨ ᠲᠤᠰᠬᠠᠯ ᠪᠤᠯᠤᠨ᠎ᠠ᠃ ᠳᠠᠷᠤᠢ ᠲᠤᠰ

ᠰᠤᠳᠤᠯᠭᠠᠨ ᠢ ᠶᠠᠪᠤᠭᠳᠠᠭᠤᠯᠬᠤ ᠣᠨᠤᠯ ᠤᠨ ᠪᠠᠲᠤᠯᠠᠭ᠎ᠠ ᠵᠢᠴᠢ ᠬᠠᠷᠠᠯᠲᠠ ᠪᠣᠯᠤᠨ᠎ᠠ᠃

      ᠲᠡᠭᠡᠪᠡᠯ ᠪᠤᠲᠠᠲᠠᠢ ᠵᠢᠭᠠᠨ ᠰᠤᠷᠭᠠᠯᠲᠠ ᠳᠤᠮᠳᠠ ᠬᠡᠷᠬᠢᠨ ᠶᠠᠪᠤᠭᠳᠠᠭᠤᠯᠪᠠᠯ ᠵᠣᠬᠢᠬᠤ ᠪᠤᠢ ᠭᠡᠪᠡᠯ᠂ ᠡᠷᠬᠡᠪᠰᠢ

ᠲᠣᠣᠷᠠᠬᠢ ᠵᠢᠷᠭᠤᠭᠠᠨ ᠲᠠᠯ᠎ᠠ ᠶᠢ ᠪᠠᠷᠢᠮᠲᠠᠯᠠᠬᠤ ᠬᠡᠷᠡᠭᠲᠠᠢ᠃

      1. ᠰᠤᠷᠭᠠᠭᠤᠯᠢ ᠠᠴᠠ ᠬᠦᠳᠡᠯᠪᠦᠷᠢ ᠶᠢᠨ ᠬᠢᠴᠢᠶᠡᠯ ᠤᠨ ᠴᠠᠭ ᠢ ᠨᠢᠭᠡᠳᠦᠯᠲᠡᠢ ᠲᠣᠬᠢᠷᠠᠭᠤᠯᠬᠤ          

ᠬᠡᠷᠡᠭᠲᠡᠢ᠃ ᠮᠠᠨ ᠤ ᠰᠤᠷᠭᠠᠭᠤᠯᠢ ᠳᠤ ᠪᠠᠨ ᠬᠤᠤᠰ ᠭᠠᠷᠠᠭ ᠪᠣᠯᠭᠠᠨ  ᠤ ᠭᠠᠷᠠᠭ ᠤᠨ ᠭᠤᠷᠪᠠᠨ ᠤ ᠦᠳᠡ ᠶᠢᠨ

ᠬᠤᠶᠢᠨᠠᠬᠢ ᠬᠤᠶᠠᠷ ᠭᠤᠷᠪᠠᠳᠤᠭᠠᠷ ᠴᠠᠭ ᠢ ᠲᠤᠰᠬᠠᠢ ᠮᠤᠩᠭᠤᠯ ᠬᠡᠯᠡᠨ ᠤ ᠬᠦᠳᠡᠯᠪᠤᠷᠢ ᠶᠢᠨ ᠬᠢᠴᠢᠶᠠᠯ ᠪᠣᠯᠭᠠᠨ ᠪᠦᠬᠦ

ᠣᠨ ᠢᠶᠠᠷ ᠢᠶᠠᠨ ᠨᠢᠭᠡᠳᠦᠯᠲᠡᠢ ᠶᠠᠪᠤᠭᠳᠠᠭᠤᠯᠳᠠᠭ ᠪᠠᠶᠢᠨ᠎ᠠ᠃ ᠭᠡᠬᠦ ᠳᠤ ᠪᠠᠨ ᠰᠤᠷᠭᠠᠭᠤᠯᠢ ᠠᠴᠠ ᠲᠤᠰᠬᠠᠢ

ᠤᠳᠤᠷᠢᠳᠬᠤ ᠳᠤᠭᠤᠶᠢᠯᠠᠩ ᠵᠣᠬᠢᠶᠠᠨ ᠪᠠᠶᠢᠭᠤᠯᠵᠤ᠂ ᠲᠤᠬᠠᠢ ᠶᠢᠨ ᠴᠠᠭ ᠲᠤ ᠡᠯ᠎ᠡ ᠠᠩᠭᠢ ᠳᠤ ᠲᠣᠭᠤᠷᠢᠨ ᠬᠦᠷᠴᠦ᠂

ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠤᠨ ᠬᠢᠷᠢ ᠵᠡᠷᠭᠡ ᠶᠠᠪᠤᠭᠳᠠᠵᠤ ᠪᠠᠶᠢᠭ᠎ᠠ ᠶᠢ ᠲᠣᠭᠤᠷᠢᠨ          

ᠪᠠᠶᠢᠴᠠᠭᠠᠳᠠᠭ᠃

      2. ᠠᠭᠤᠯᠭ᠎ᠠ ᠶᠢᠨ ᠲᠠᠯ᠎ᠠ ᠪᠠᠷ ᠤᠨ ᠪᠣᠯᠭᠠᠨ ᠤ ᠣᠨᠴᠠᠯᠢᠭ ᠲᠤ ᠨᠢ ᠵᠣᠬᠢᠴᠠᠭᠤᠯᠤᠨ ᠶᠠᠷᠢᠶᠠᠨ ᠤ

ᠤᠷᠤᠯᠳᠤᠭᠠᠨ᠂ ᠤᠷᠠᠨ ᠲᠣᠳᠤ ᠤᠩᠰᠢᠯᠭ᠎ᠠ ᠶᠢᠨ ᠤᠷᠤᠯᠳᠤᠭᠠᠨ᠂ ᠲᠦᠷᠭᠡᠨ ᠪᠣᠯᠪᠠᠰᠤᠷᠠᠩᠭᠤᠢ ᠤᠩᠰᠢᠯᠭ᠎ᠠ ᠶᠢᠨ

ᠤᠷᠤᠯᠳᠤᠭᠠᠨ᠂ ᠤᠩᠰᠢᠬᠤ ᠪᠢᠴᠢᠭ ᠠᠴᠠ ᠬᠡᠰᠡᠭᠯᠡᠯ ᠤᠩᠰᠢᠬᠤ ᠤᠷᠤᠯᠳᠤᠭᠠᠨ᠂ ᠰᠢᠯᠦᠭ ᠤᠨ ᠤᠷᠤᠯᠳᠤᠭᠠᠨ᠂

ᠭᠤᠷᠪᠠᠨ ᠮᠢᠨᠦ᠋ᠲ ᠤᠨ ᠠᠵᠢᠯᠯᠠᠭ᠎ᠠ᠂ ᠬᠢᠴᠢᠶᠡᠯ ᠤᠨ ᠪᠢᠴᠢᠭ ᠤᠨ ᠵᠦᠴᠦᠭᠡ ᠲᠣᠭᠯᠠᠬᠤ᠂ ᠮᠠᠷᠭᠤᠯᠳᠤᠭᠠᠨ ᠬᠢᠬᠦ᠂

ᠵᠦᠢᠷ ᠰᠡᠴᠡᠨ ᠦᠭᠡ ᠬᠤᠷᠠᠮᠳᠤᠭᠤᠯᠬᠤ᠂ ᠬᠡᠯᠡᠴᠡ ᠶᠢ ᠦᠭᠦᠯᠡᠪᠦᠷᠢ ᠪᠤᠶᠤ ᠬᠡᠰᠡᠭᠯᠡᠯ ᠳᠤ ᠣᠷᠤᠭᠤᠯᠬᠤ ᠪᠣᠯᠪᠠᠰᠤᠷᠠᠯ᠂

ᠤᠩᠰᠢᠨ ᠣᠶᠢᠯᠠᠭᠠᠬᠤ ᠴᠢᠳᠠᠪᠤᠷᠢ ᠶᠢᠨ ᠰᠢᠯᠭᠠᠯᠲᠠ᠂ ᠣᠨᠴᠠᠯᠢᠭᠲᠤ ᠬᠡᠯᠡ ᠪᠢᠴᠢᠭ ᠤᠨ ᠬᠦᠳᠡᠯᠭᠡᠭᠡᠨ᠂ ᠵᠣᠬᠢᠶᠠᠨ

ᠪᠢᠴᠢᠯᠭᠡ ᠶᠢᠨ ᠪᠣᠯᠪᠠᠰᠤᠷᠠᠯ᠂ ᠳᠦᠷᠢᠮᠵᠢᠭᠦᠨ ᠪᠢᠴᠢᠯᠭᠡ ᠶᠢᠨ ᠰᠢᠯᠭᠠᠷᠠᠭᠤᠯᠤᠯᠲᠠ᠂ ᠭᠠᠷ ᠪᠢᠴᠢᠮᠡᠯ ᠰᠣᠨᠢᠨ

ᠨᠠᠶᠢᠷᠠᠭᠤᠯᠬᠤ᠂ ᠬᠡᠯᠡ ᠪᠣᠯᠪᠠᠰᠤᠷᠠᠭᠤᠯᠬᠤ ᠦᠭᠡ᠂ ᠣᠨᠢᠰᠤᠭ᠎ᠠ ᠲᠠᠭᠠᠬᠤ᠂ ᠳᠠᠭᠠᠷᠢᠯᠴᠠᠭ᠎ᠠ ᠬᠢᠬᠦ ᠵᠡᠷᠭᠡ ᠲᠤᠰᠬᠠᠢ

ᠰᠡᠳᠦᠪ ᠢᠶᠠᠷ ᠠᠩᠭᠢ ᠪᠣᠯᠭᠠᠨ ᠳᠤ ᠠᠵᠢᠯᠯᠠᠭ᠎ᠠ ᠥᠷᠨᠢᠭᠦᠯᠦᠨ᠎ᠡ᠃ ᠭᠡᠬᠦ ᠳᠤ ᠪᠠᠨ ᠠᠩᠬᠠᠷᠪᠠᠯ ᠵᠣᠬᠢᠰᠲᠠᠢ ᠨᠢ ᠠᠩᠭᠢ

ᠪᠦᠷᠢ ᠳᠤ ᠲᠦᠷᠦᠭᠦᠦ ᠨᠢᠭᠡ ᠭᠠᠷᠠᠭ ᠤᠨ ᠡᠮᠦᠨ᠎ᠡ ᠠᠴᠠ ᠪᠡᠯᠡᠳᠬᠡᠵᠦ ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ

ᠤᠷᠤᠯᠳᠤᠭᠠᠨ ᠤ ᠬᠡᠯᠪᠡᠷᠢ ᠪᠠᠷ ᠶᠠᠪᠤᠭᠳᠠᠬᠤ ᠳᠤ ᠪᠦᠬᠦ ᠰᠤᠷᠤᠭᠴᠢ ᠶᠢᠨ ᠣᠷᠤᠯᠴᠠᠬᠤ ᠶᠢ ᠪᠠᠲᠤᠯᠠᠨ᠎ᠠ᠃

      3. ᠡᠳᠡᠭᠡᠷ ᠬᠦᠳᠡᠯᠭᠡᠭᠡᠨ ᠢ ᠪᠤᠲᠠᠲᠠᠢ ᠥᠷᠨᠢᠭᠦᠯᠬᠦ ᠦᠶᠡᠰ ᠡᠯ᠎ᠡ ᠣᠨ ᠤ ᠰᠤᠷᠤᠭᠴᠢ ᠶᠢᠨ ᠴᠢᠳᠠᠪᠤᠷᠢ ᠶᠢᠨ

ᠱᠠᠭᠠᠷᠳᠠᠯᠭ᠎ᠠ ᠳᠤ ᠵᠣᠬᠢᠴᠠᠭᠤᠯᠤᠨ ᠠᠳᠠᠯᠢ ᠪᠤᠰᠤ ᠶᠢᠨ ᠱᠠᠭᠠᠷᠳᠠᠯᠭ᠎ᠠ ᠪᠤᠶᠤ ᠬᠠᠷᠠᠯᠲᠠ ᠲᠤᠭᠳᠠᠭᠠᠭᠰᠠᠨ ᠪᠠᠶᠢᠬᠤ

ᠬᠡᠷᠡᠭᠲᠡᠢ᠃ ᠶᠠᠷᠢᠶᠠᠨ ᠤ ᠤᠷᠤᠯᠳᠤᠭᠠᠨ ᠢᠶᠠᠷ ᠵᠢᠱᠢᠶᠡᠯᠡᠬᠦ ᠳᠤ᠂ ᠪᠠᠭ᠎ᠠ ᠰᠤᠷᠭᠠᠭᠤᠯᠢ ᠶᠢᠨ ᠲᠣᠣᠷ᠎ᠠ ᠣᠨ ᠳᠤ ᠪᠣᠯ

ᠥᠪᠡᠷ ᠤᠨ ᠨᠡᠷ᠎ᠡ᠂ ᠨᠤᠲᠤᠭ ᠤᠰᠤ ᠪᠠᠨ ᠲᠠᠨᠢᠯᠴᠠᠭᠤᠯᠬᠤ︔ ᠳᠤᠮᠳᠠ ᠣᠨ ᠪᠣᠯᠬᠤ ᠳᠤ ᠵᠢᠷᠤᠭ ᠦᠵᠡᠵᠦ ᠶᠠᠷᠢᠬᠤ᠂

ᠪᠢᠴᠢᠬᠦ︔ ᠳᠡᠭᠡᠷ᠎ᠡ ᠣᠨ ᠪᠣᠯ ᠳᠤᠰᠬᠠᠢ ᠰᠡᠳᠦᠪᠲᠦ ᠶᠠᠷᠢᠶ᠎ᠠ ᠢᠯᠡᠳᠭᠡᠯ ᠬᠢᠬᠦ ᠵᠡᠷᠭᠡ ᠪᠠᠷ ᠠᠯᠬᠤᠮ ᠠᠯᠬᠤᠮ ᠢᠶᠠᠷ

ᠭᠦᠨᠵᠡᠭᠡᠶᠢᠷᠡᠭᠦᠯᠬᠦ ᠬᠡᠷᠡᠭᠲᠡᠢ᠃ ᠡᠭᠦᠨ ᠳᠤ ᠣᠨ ᠪᠣᠯᠭᠠᠨ ᠳᠤ ᠨᠢᠭᠡ ᠯᠡ ᠶᠠᠩᠵᠤ ᠪᠠᠷ ᠶᠠᠮᠠᠷ ᠴᠤ ᠭᠦᠨᠴᠡ

ᠲᠠᠪᠬᠤᠷᠭ᠎ᠠ ᠪᠠᠶᠢᠬᠤ ᠦᠭᠡᠢ᠂ ᠬᠠᠷᠠᠯᠲᠠ ᠦᠭᠡᠢ  ᠪᠠᠷ ᠬᠤᠭᠤᠰᠤᠨ ᠶᠠᠷᠢᠭᠤᠯᠬᠤ ᠶᠢ ᠬᠡᠷᠰᠡᠤᠯᠡᠬᠦ ᠬᠡᠷᠡᠭᠲᠡᠢ᠃ ᠠᠳᠠᠯᠢ

ᠶᠤᠰᠤ ᠪᠠᠷ ᠤᠩᠰᠢᠯᠭ᠎ᠠ ᠶᠢᠨ ᠪᠣᠯᠪᠠᠰᠤᠷᠠᠯ ᠢᠶᠠᠷ ᠵᠢᠱᠢᠶᠡᠯᠡᠬᠦ ᠳᠤ᠂ ᠲᠣᠣᠷ᠎ᠠ ᠣᠨ ᠪᠣᠯ ᠤᠷᠤᠰᠤᠮ᠎ᠠ ᠪᠣᠯᠪᠠᠰᠤᠷᠠᠩᠭᠤᠢ

ᠤᠩᠰᠢᠬᠤ᠂ ᠳᠤᠮᠳᠠ ᠣᠨ ᠪᠣᠯ ᠰᠡᠳᠭᠢᠯᠭᠡ ᠲᠠᠢ ᠤᠷᠠᠨ ᠲᠣᠳᠤ ᠤᠩᠰᠢᠬᠤ᠂ ᠳᠡᠭᠡᠳᠦ ᠣᠨ ᠪᠣᠯ ᠪᠣᠯᠪᠠᠰᠤᠷᠠᠩᠭᠤᠢ

ᠤᠷᠠᠨ ᠲᠣᠳᠤ ᠤᠩᠰᠢᠬᠤ ᠠᠴᠠ ᠭᠠᠳᠠᠨ᠎ᠠ᠂ ᠤᠩᠰᠢᠬᠤ ᠬᠤᠷᠳᠤᠴᠠ ᠶᠢ ᠠᠩᠬᠠᠷᠤᠨ ᠬᠦᠮᠦᠵᠢᠭᠦᠯᠬᠦ ᠵᠡᠷᠭᠡ ᠪᠣᠯ

ᠲᠦᠢᠯ ᠤᠨ ᠴᠢᠬᠤᠯᠠ ᠪᠠᠶᠢᠳᠠᠭ᠃ ᠪᠠᠭ᠎ᠠ ᠰᠤᠷᠭᠠᠭᠤᠯᠢ ᠶᠢᠨ ᠰᠤᠷᠤᠭᠴᠢᠳ ᠢ ᠭᠡᠯᠡᠨ ᠤ ᠬᠤᠷᠠᠮᠳᠤᠭᠤᠯᠤᠯ ᠬᠢᠯᠭᠡᠵᠦ

ᠬᠡᠯᠡᠨ ᠤ ᠬᠡᠷᠡᠭᠯᠡᠭᠡᠨ ᠤ ᠴᠢᠳᠠᠪᠤᠷᠢ ᠶᠢ ᠨᠢ ᠲᠡᠭᠡᠭᠰᠢᠯᠡᠭᠦᠯᠬᠦ ᠪᠤᠯ ᠭᠡᠯᠡ ᠪᠢᠴᠢᠭ ᠤᠨ ᠵᠢᠭᠠᠨ ᠰᠤᠷᠭᠠᠯᠳᠠ ᠶᠢᠨ

ᠦᠨᠳᠤᠰᠤᠨ ᠵᠤᠷᠢᠯᠳᠠ ᠪᠤᠯᠬᠤ ᠶᠤᠮ᠃ ᠡᠶᠢᠮᠦ ᠠᠴᠠ ᠲᠣᠣᠷ᠎ᠠ ᠣᠨ ᠠᠴᠠ ᠡᠬᠢᠯᠡᠵᠦ ᠶᠠᠭᠠᠬᠢᠵᠤ ᠬᠤᠷᠠᠮᠳᠤᠭᠤᠯᠬᠤ

ᠬᠡᠷᠬᠢᠨ ᠱᠠᠲᠤᠴᠢ ᠴᠢᠨᠠᠷ ᠲᠠᠢ ᠭᠦᠨᠵᠡᠭᠡᠶᠢᠷᠡᠭᠦᠯᠦᠨ ᠶᠠᠪᠤᠭᠳᠠᠭᠤᠯᠬᠤ᠂ ᠳᠡᠭᠡᠷ᠎ᠡ ᠣᠨ ᠳᠤ ᠭᠡᠯᠡᠨ ᠤ ᠬᠤᠷᠠᠮᠳᠤᠭᠤᠯᠤᠯ ᠢ

ᠬᠡᠷᠬᠢᠨ ᠥᠪᠡᠷ ᠤᠨ ᠪᠣᠯᠭᠠᠵᠤ ᠬᠡᠷᠡᠭᠯᠡᠬᠦ ᠵᠡᠷᠭᠡ ᠶᠢ ᠴᠤ ᠬᠦᠳᠡᠯᠪᠦᠷᠢ ᠶᠢᠨ ᠬᠢᠴᠢᠶᠡᠯ ᠳᠡᠭᠡᠷ᠎ᠡ ᠠᠯᠬᠤᠮ ᠳᠠᠷᠠᠭ᠎ᠠ ᠲᠠᠢ

ᠶᠠᠪᠤᠭᠳᠠᠭᠤᠯᠵᠤ ᠪᠣᠯᠳᠠᠭ᠃

      4. ᠬᠦᠳᠡᠯᠪᠤᠷᠢ ᠶᠢᠨ ᠬᠢᠴᠢᠶᠡᠯ ᠢ ᠥᠷᠨᠢᠭᠦᠯᠬᠦ ᠳᠤ ᠡᠷᠬᠡᠪᠰᠢ ᠡᠩ ᠤᠨ ᠬᠢᠴᠢᠶᠡᠯ ᠲᠠᠢ ᠠᠳᠠᠯᠢ ᠦᠭᠡᠢ

ᠪᠠᠶᠢᠬᠤ ᠶᠢ ᠠᠩᠬᠠᠷᠬᠤ ᠬᠡᠷᠡᠭᠲᠡᠢ᠃ ᠡᠭᠦᠨ ᠳᠤ ᠠᠩᠭᠢ ᠶᠢᠨ ᠭᠡᠷ ᠤᠨ ᠰᠢᠷᠡᠭᠡ ᠰᠠᠨᠳᠠᠯᠢ ᠶᠢ ᠬᠤᠷᠢᠶᠠᠵᠤ ᠲᠤᠰᠬᠠᠢ

ᠤᠷᠤᠯᠳᠤᠭᠠᠨ ᠤ ᠲᠠᠯᠠᠪᠤᠷ ᠢ ᠴᠢᠮᠡᠭᠯᠡᠬᠦ᠂ ᠰᠠᠮᠪᠠᠷ᠎ᠠ ᠳᠡᠯᠭᠡᠴᠡ ᠶᠢ ᠤᠷᠠᠯᠠᠵᠤ ᠤᠷᠤᠯᠳᠤᠭᠠᠨ ᠤ ᠠᠬᠤᠢ ᠲᠠᠯᠠᠪᠠᠢ ᠶᠢᠨ

ᠠᠭᠤᠷ ᠠᠮᠢᠰᠬᠤᠯ ᠢ ᠪᠣᠢ ᠪᠣᠯᠭᠠᠬᠤ᠂ ᠲᠤᠰᠬᠠᠢ ᠬᠢᠨᠠᠭᠴᠢ ᠪᠠ ᠬᠦᠲᠦᠯᠦᠭᠴᠢ ᠶᠢ ᠲᠣᠬᠢᠷᠠᠭᠤᠯᠬᠤ᠂ ᠤᠷᠤᠯᠳᠤᠭᠠᠨ ᠤ

ᠳ᠋ᠦᠩ ᠳᠤ ᠱᠠᠩᠨᠠᠯ ᠬᠦᠬᠢᠭᠦᠯᠦᠯ ᠤᠯᠭᠤᠬᠤ᠂ ᠳ᠋ᠦᠩᠨᠡᠯᠲᠡ ᠬᠢᠬᠦ ᠵᠡᠷᠭᠡ ᠶᠢ ᠮᠤᠩᠭᠤᠯ ᠬᠡᠯᠡᠨ ᠤ ᠪᠠᠭᠰᠢ ᠪᠣᠯᠭᠠᠨ

ᠤᠷᠢᠳᠴᠢᠯᠠᠨ ᠪᠡᠯᠡᠳᠭᠡᠭᠰᠡᠨ ᠪᠠᠶᠢᠬᠤ ᠨᠢ ᠰᠤᠷᠤᠭᠴᠢᠳ ᠤᠨ ᠲᠤᠰ ᠬᠦᠳᠡᠯᠭᠡᠭᠡᠨ ᠢ ᠬᠦᠨᠳᠦᠳᠭᠡᠨ ᠢᠳᠡᠪᠬᠢᠯᠡᠨ

ᠣᠷᠤᠯᠴᠠᠬᠤ ᠤᠬᠠᠮᠰᠠᠷ ᠢ ᠳᠡᠭᠡᠭᠰᠢᠯᠡᠭᠦᠯᠳᠡᠭ ᠪᠠᠶᠢᠨ᠎ᠠ᠃ ᠪᠠᠰᠠ ᠭᠡᠷ ᠤᠨ ᠠᠬᠠᠮᠠᠳ ᠤᠨ ᠵᠦᠪᠯᠡᠯ ᠤᠨ ᠭᠡᠰᠢᠭᠦᠳ ᠤᠨ

ᠦᠢᠯᠡᠳᠦᠯ ᠢ ᠪᠠᠳᠠᠷᠠᠭᠤᠯᠵᠤ ᠭᠠᠷᠠᠭ ᠪᠣᠯᠭᠠᠨ ᠠᠳᠠᠯᠢ ᠪᠤᠰᠤ ᠭᠡᠷ ᠤᠨ ᠠᠬᠠᠮᠠᠳ ᠢ ᠤᠷᠢᠵᠤ ᠬᠢᠨᠠᠭᠴᠢ ᠪᠣᠯᠭᠠᠬᠤ

ᠪᠤᠶᠤ ᠵᠣᠬᠢᠶᠠᠨ ᠪᠠᠶᠢᠭᠤᠯᠤᠭᠴᠢ ᠪᠣᠯᠭᠠᠵᠤ ᠪᠠᠶᠢᠪᠠᠯ ᠬᠡᠥᠬᠡᠳ ᠢᠶᠠᠨ ᠣᠶᠢᠯᠠᠭᠠᠬᠤ᠂ ᠱᠠᠭᠠᠷᠳᠠᠬᠤ ᠲᠠᠯ᠎ᠠ ᠳᠤ ᠶᠡᠭᠡ

ᠲᠦᠯᠬᠢᠴᠡ ᠬᠦᠴᠦᠨ ᠪᠣᠯᠵᠤ ᠪᠠᠶᠢᠳᠠᠭ ᠭᠡᠳᠡᠭ ᠢ ᠠᠩᠬᠠᠷᠬᠤ ᠬᠡᠷᠡᠭᠲᠡᠢ᠃

      5. ᠲᠤᠰ ᠬᠦᠳᠡᠯᠪᠤᠷᠢ ᠶᠢᠨ ᠬᠢᠴᠢᠶᠡᠯ ᠤᠨ ᠢᠯᠭᠤᠮ ᠤᠷᠤᠭᠰᠢᠲᠠᠢ ᠶᠠᠪᠤᠭᠳᠠᠬᠤ ᠶᠢᠨ ᠪᠠᠰᠠ ᠨᠢᠭᠡ ᠴᠢᠬᠤᠯᠠ

ᠪᠠᠲᠤᠯᠠᠭ᠎ᠠ ᠭᠡᠪᠡᠯ ᠳᠠᠷᠤᠢ ᠮᠣᠩᠭᠤᠯ ᠬᠡᠯᠡᠨ ᠤ ᠪᠠᠭᠰᠢ ᠨᠠᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ

ᠳᠡᠭᠡᠭᠰᠢᠯᠡᠭᠦᠯᠬᠦ ᠪᠠ ᠬᠦᠳᠡᠯᠭᠡᠭᠡᠨ ᠢ ᠶᠠᠪᠤᠭᠳᠠᠭᠤᠯᠬᠤ ᠤᠬᠠᠮᠰᠠᠷ ᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃

      ᠮᠣᠩᠭᠤᠯ ᠬᠡᠯᠡᠨ ᠤ ᠪᠠᠭᠰᠢ ᠨᠠᠷ ᠪᠣᠯ ᠪᠦᠬᠦ᠋ᠢᠯᠡ ᠬᠦᠳᠡᠯᠭᠡᠭᠡᠨ ᠤ ᠶᠠᠪᠤᠴᠠ ᠳᠤ ᠬᠠᠮᠤᠭ ᠤᠨ ᠭᠤᠣᠯ

ᠵᠤᠬᠢᠶᠠᠨ ᠪᠠᠶᠢᠭᠤᠯᠤᠭᠴᠢ ᠪᠣᠯᠤᠨ᠎ᠠ᠃ ᠡᠶᠢᠮᠦ ᠠᠴᠠ ᠤᠳᠠᠭ᠎ᠠ ᠪᠣᠯᠭᠠᠨ ᠤ ᠬᠦᠳᠡᠯᠭᠡᠭᠡᠨ ᠤ ᠱᠠᠭᠠᠷᠳᠠᠯᠭ᠎ᠠ ᠶᠢ

ᠭᠦᠨᠵᠡᠭᠡᠢ ᠣᠶᠢᠯᠠᠭᠠᠭᠤᠯᠵᠤ ᠪᠠᠲᠤᠲᠠᠢ ᠬᠢᠯᠭᠡᠬᠦ ᠨᠢ ᠬᠠᠮᠤᠭ  ᠤᠨ ᠴᠢᠬᠤᠯᠠ ᠪᠠᠶᠢᠳᠠᠭ᠃ ᠡᠶᠢᠮᠦ ᠠᠴᠠ

ᠰᠤᠷᠭᠠᠭᠤᠯᠢ ᠠᠴᠠ ᠮᠣᠩᠭᠤᠯ ᠬᠡᠯᠡᠨ ᠤ ᠪᠠᠭᠰᠢ ᠨᠠᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠠᠯ᠎ᠠ ᠪᠠᠷ

ᠰᠤᠷᠤᠯᠴᠠᠯᠭ᠎ᠠ ᠪᠣᠯᠪᠠᠰᠤᠷᠠᠯ ᠢ ᠣᠯᠠᠨ ᠶᠠᠪᠤᠭᠳᠠᠭᠤᠯᠵᠤ᠂ ᠲᠤᠬᠠᠢ ᠶᠢᠨ ᠴᠠᠭ ᠲᠤ ᠨᠢ ᠵᠢᠯᠤᠭᠤᠳᠤᠨ ᠳᠠᠭᠠᠭᠤᠯᠵᠤ

ᠪᠠᠶᠢᠬᠤ ᠬᠡᠷᠡᠭᠲᠡᠢ᠃ ᠭᠡᠬᠦ ᠳᠤ ᠪᠠᠨ ᠠᠬᠠᠮᠠᠳ ᠲᠤᠷᠰᠢᠯᠭ᠎ᠠ ᠲᠠᠢ ᠪᠠᠭᠰᠢ ᠨᠠᠷ ᠢᠶᠠᠷ ᠣᠨᠣᠯ ᠤᠨ ᠵᠢᠯᠤᠭᠤᠳᠤᠯᠭ᠎ᠠ

ᠬᠢᠯᠭᠡᠬᠦ᠂ ᠦᠵᠡᠭᠦᠯᠭᠡ ᠶᠢᠨ ᠬᠢᠴᠢᠶᠡᠯ ᠣᠷᠤᠭᠤᠯᠬᠤ᠂ ᠣᠨ ᠤ ᠳᠤᠭᠤᠶᠢᠯᠠᠩ ᠲᠤᠳᠤᠷ᠎ᠠ ᠪᠠᠨ ᠬᠦᠳᠡᠯᠭᠡᠭᠡᠨ

ᠥᠷᠨᠢᠭᠦᠯᠬᠦ ᠵᠡᠷᠭᠡ ᠠᠷᠭ᠎ᠠ ᠪᠠᠷᠢᠯ ᠢ ᠠᠪᠴᠤ ᠪᠣᠯᠳᠠᠭ᠃ ᠡᠨᠡ ᠨᠢ ᠬᠠᠷᠢᠯᠴᠠᠨ ᠰᠤᠷᠤᠯᠴᠠᠵᠤ᠂ ᠣᠳᠠᠭ᠎ᠠ ᠪᠣᠯᠭᠠᠨ ᠤ

ᠬᠦᠳᠡᠯᠪᠤᠷᠢ ᠶᠢᠨ ᠴᠢᠨᠠᠷᠵᠢᠯ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠦᠨ᠎ᠡ᠃

      ᠡᠭᠦᠨ ᠠᠴᠠ ᠭᠠᠳᠠᠨ᠎ᠠ ᠪᠠᠭᠰᠢ ᠨᠠᠷ ᠤᠨ ᠤᠬᠠᠮᠰᠠᠷ ᠢ ᠳᠡᠭᠡᠭᠰᠢᠯᠡᠭᠦᠯᠬᠦ ᠴᠤ ᠲᠣᠩ ᠴᠢᠬᠤᠯᠠ          

ᠪᠠᠶᠢᠳᠠᠭ᠃ ᠨᠢᠭᠡ ᠪᠦᠯᠦᠭ ᠪᠠᠭᠰᠢ ᠨᠠᠷ ᠠᠵᠢᠯ ᠤᠨ ᠬᠦᠨᠳᠦᠴᠡ ᠠᠴᠠ ᠵᠠᠶᠢᠯᠠᠰᠬᠢᠵᠦ ᠬᠢᠴᠢᠶᠡᠯ ᠤᠨ ᠨᠣᠮ ᠤᠨ

ᠠᠭᠤᠯᠭ᠎ᠠ ᠠᠴᠠ ᠭᠠᠳᠠᠨ᠎ᠠ ᠢᠯᠡᠭᠦᠦ ᠠᠵᠢᠯᠯᠠᠭ᠎ᠠ ᠬᠦᠳᠡᠯᠪᠦᠷᠢ ᠬᠢᠬᠦ ᠶᠢ ᠬᠦᠩᠭᠡᠪᠴᠢᠯᠡᠬᠦ ᠪᠤᠶᠤ ᠬᠡᠷᠡᠭ ᠦᠭᠡᠢ ᠭᠡᠵᠦ

ᠪᠣᠳᠤᠳᠠᠭ᠃ ᠬᠡᠬᠦ ᠳᠤ ᠪᠠᠨ ᠮᠣᠩᠭᠤᠯ ᠬᠡᠯᠡᠨ ᠤ ᠬᠢᠴᠢᠶᠡᠯ ᠪᠣᠯ ᠭᠠᠭᠴᠠ ᠨᠣᠮ ᠪᠢᠴᠢᠭ ᠠᠴᠠ ᠰᠤᠷᠬᠤ ᠪᠢᠰᠢ ᠵᠠᠪᠠᠯ

ᠬᠢᠴᠢᠶᠡᠯ ᠠᠴᠠ ᠭᠠᠳᠠᠭᠰᠢ ᠥᠷᠭᠡᠳᠬᠡᠨ ᠲᠠᠯᠠᠵᠤ ᠶᠡᠷᠦᠩᠬᠡᠶᠢᠯᠡᠭᠰᠡᠨ ᠦᠢᠯᠡᠳᠦᠯᠭᠡ ᠶᠢᠨ ᠶᠠᠪᠤᠴᠠ ᠳᠤ

ᠪᠣᠯᠪᠠᠰᠤᠷᠠᠭᠤᠯᠪᠠᠯ ᠰᠠᠶ᠋ᠢ ᠠᠮᠵᠢᠯᠲᠠ ᠣᠯᠤᠨ᠎ᠠ ᠭᠡᠲᠡᠭ ᠢ ᠪᠠᠭᠰᠢ ᠨᠠᠷ ᠲᠤ ᠮᠡᠳᠡᠭᠦᠯᠵᠦ ᠤᠬᠠᠮᠰᠠᠷ ᠠᠴᠠ ᠪᠠᠨ

ᠪᠡᠶᠡᠴᠢᠯᠡᠨ ᠣᠷᠤᠯᠴᠠᠬᠤ ᠢᠳᠡᠪᠬᠢᠵᠢᠯ ᠢ ᠨᠢ ᠲᠠᠶᠢᠴᠢᠯᠠᠬᠤ ᠪᠤᠯ ᠲᠣᠩ ᠴᠢᠬᠤᠯᠠ ᠪᠠᠶᠢᠳᠠᠭ᠃

      6. ᠮᠤᠩᠭᠤᠯ ᠬᠡᠯᠡᠨ ᠤ ᠬᠦᠳᠡᠯᠪᠦᠷᠢ ᠶᠢᠨ ᠬᠢᠴᠢᠶᠡᠯ ᠤᠨ ᠲᠠᠷᠠᠭ᠎ᠠ ᠳ᠋ᠦᠩᠨᠡᠯᠲᠡ ᠶᠢᠨ ᠠᠵᠢᠯ ᠢ ᠰᠠᠶᠢᠨ ᠬᠢᠵᠦ

ᠰᠤᠷᠤᠭᠴᠢᠳ ᠤᠨ ᠪᠦᠲᠦᠭᠡᠯ ᠢ ᠬᠠᠳᠠᠭᠠᠯᠠᠬᠤ᠂ ᠵᠢᠷᠤᠭ ᠲᠦᠷᠰᠦ ᠸᠢᠴᠠᠲ ᠢᠶᠠᠷ ᠦᠷ᠎ᠡ ᠪᠦᠲᠦᠭᠡᠯ ᠢ ᠬᠠᠳᠠᠭᠠᠯᠠᠬᠤ᠂

ᠳᠡᠯᠭᠡᠨ ᠦᠵᠡᠭᠦᠯᠭᠡ ᠬᠢᠬᠦ ᠵᠡᠷᠭᠡ ᠠᠵᠢᠯ ᠢ ᠰᠠᠶᠢᠨ ᠬᠢᠬᠦ ᠨᠢ ᠳᠠᠷᠠᠭᠠᠴᠢ ᠶᠢᠨ ᠱᠠᠲᠣᠨ ᠤ ᠰᠤᠷᠤᠭᠴᠢᠳ ᠲᠤ

ᠤᠯᠠᠮᠵᠢᠯᠠᠵᠤ ᠬᠡᠷᠡᠭᠵᠢᠭᠦᠯᠬᠦ ᠳᠤ ᠲᠤᠰᠠ ᠪᠣᠯᠳᠠᠭ᠃

      ᠬᠦᠳᠡᠯᠪᠦᠷᠢ ᠶᠢᠨ ᠬᠢᠴᠢᠶᠡᠯ ᠪᠣᠯ ᠬᠡᠯᠡᠨ ᠤ ᠬᠢᠴᠢᠶᠡᠯ ᠤᠨ ᠥᠷᠭᠡᠳᠬᠡᠯ ᠪᠤᠶᠤ ᠭᠦᠨᠵᠡᠭᠡᠶᠢᠷᠡᠯ          

ᠪᠤᠯᠤᠨ᠎ᠠ᠃ ᠮᠦᠨ ᠴᠦ ᠮᠣᠩᠭᠤᠯ ᠬᠡᠯᠡᠨ ᠤ ᠵᠢᠭᠠᠨ ᠰᠤᠷᠭᠠᠯᠲᠠ ᠲᠤᠮᠳᠠᠬᠢ ᠲᠤᠲᠠᠭᠲᠠᠵᠤ ᠪᠣᠯᠤᠰᠢ ᠦᠭᠡᠢ ᠨᠢᠭᠡ

ᠪᠦᠷᠢᠯᠳᠦᠭᠦᠨ ᠪᠣᠯᠤᠨ᠎ᠠ᠃ ᠡᠯ᠎ᠡ ᠭᠠᠵᠠᠷ ᠤᠨ ᠰᠤᠷᠭᠠᠭᠤᠯᠢ ᠪᠣᠶᠤ ᠣᠷᠤᠨ ᠨᠤᠲᠤᠭ᠂ ᠠᠩᠭᠢ ᠶᠢᠨ ᠪᠤᠲᠠᠲᠠᠢ

ᠪᠠᠶᠢᠳᠠᠯ ᠢᠶᠠᠨ ᠦᠨᠳᠦᠰᠦᠯᠡᠨ ᠠᠳᠠᠯᠢ ᠪᠤᠰᠤ ᠬᠡᠯᠪᠡᠷᠢ ᠮᠠᠶ᠋ᠢᠭ ᠢᠶᠠᠷ ᠶᠠᠪᠤᠭᠳᠠᠭᠤᠯᠵᠤ ᠪᠣᠯᠳᠠᠭ᠃ ᠬᠡᠬᠦ ᠳᠤ ᠪᠠᠨ ᠪᠦᠬᠦ

ᠰᠤᠷᠭᠠᠭᠤᠯᠢ ᠪᠣᠶᠤ ᠨᠢᠭᠡ ᠠᠩᠭᠢ ᠪᠠᠷ ᠢᠶᠠᠨ ᠨᠢᠭᠡᠴᠢ ᠪᠣᠯᠭᠠᠨ ᠶᠠᠪᠤᠭᠳᠠᠭᠤᠯᠵᠤ ᠪᠤᠯᠤᠨ᠎ᠠ᠃ ᠬᠦᠳᠡᠯᠪᠦᠷᠢ ᠶᠢᠨ

ᠬᠢᠴᠢᠶᠡᠯ ᠤᠨ ᠶᠠᠪᠤᠴᠠ ᠳᠠᠬᠢ ᠪᠠᠰᠠ ᠨᠢᠭᠡ ᠴᠢᠬᠤᠯᠠ ᠭᠤᠭᠴᠤᠭ᠎ᠠ ᠪᠣᠯ ᠳᠠᠷᠤᠢ ᠬᠦᠳᠡᠯᠪᠦᠷᠢ ᠶᠢᠨ ᠵᠢᠩᠬᠢᠨᠢ ᠦᠷ᠎ᠡ

ᠪᠦᠲᠦᠭᠡᠯ ᠪᠠ ᠳ᠋ᠦᠩ ᠢ ᠬᠡᠰᠡᠭ ᠬᠤᠭᠤᠴᠠᠭ᠎ᠠ ᠪᠣᠯᠪᠠᠯ ᠪᠠᠶᠢᠴᠠᠭᠠᠨ ᠣᠶᠢᠯᠠᠭᠠᠵᠤ ᠲᠠᠰᠤᠷᠠᠯᠲᠠ ᠦᠭᠡᠢ

ᠰᠢᠯᠢᠳᠡᠭᠵᠢᠭᠦᠯᠵᠦ᠂ ᠳᠠᠷᠠᠭᠠᠴᠢ ᠶᠢᠨ ᠠᠵᠢᠯ ᠳᠤ ᠪᠠᠨ ᠨᠡᠩ ᠰᠢᠨᠡᠴᠢᠯᠡᠬᠦ ᠶᠢ ᠠᠩᠬᠠᠷᠬᠤ ᠬᠡᠷᠡᠭᠲᠡᠢ᠃

      ᠮᠣᠩᠭᠤᠯ ᠬᠡᠯᠡᠨ ᠤ ᠪᠠᠭᠰᠢ ᠨᠠᠷ ᠵᠢᠭᠠᠨ ᠰᠤᠷᠭᠠᠯᠲᠠ ᠶᠢᠨ ᠶᠠᠪᠤᠴᠠ ᠳᠤ ᠪᠠᠨ ᠡᠳᠡᠭᠡᠷ ᠵᠦᠢᠯ ᠢ ᠠᠩᠬᠠᠷᠴᠤ

ᠬᠦᠳᠡᠯᠪᠦᠷᠢ ᠶᠢᠨ ᠬᠢᠴᠢᠶᠡᠯ ᠢ ᠰᠢᠰᠲ᠋ᠧᠮ ᠲᠠᠢ᠂ ᠭᠤᠣᠯᠳᠠᠯᠭ᠎ᠠ ᠲᠠᠢ᠂ ᠬᠠᠷᠠᠯᠲᠠ ᠲᠠᠢ ᠶᠠᠪᠤᠭᠳᠠᠭᠤᠯᠵᠤ ᠴᠢᠳᠠᠪᠠᠯ

ᠠᠶᠠᠨᠳᠠᠭᠠᠨ ᠦᠨᠳᠦᠷ ᠦᠷ᠎ᠡ ᠠᠰᠢᠭ ᠢ ᠠᠪᠴᠢᠷᠠᠵᠤ᠂ ᠨᠡᠩ ᠰᠢᠯᠢᠳᠡᠭ ᠪᠠᠭᠠᠴᠤᠳ ᠢ ᠬᠦᠮᠦᠵᠢᠭᠦᠯᠵᠦ ᠴᠢᠳᠠᠨ᠎ᠠ

ᠭᠡᠳᠡᠭ ᠲᠤ ᠪᠠᠲᠤ ᠢᠲᠡᠭᠡᠵᠦ ᠪᠠᠶᠢᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠰᠢᠯᠢ ᠶᠢᠨ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ

                                  ︵ᠮᠦᠡᠭᠭᠦᠨᠴᠢᠮᠡᠭ ᠨᠠᠶᠢᠷᠠᠭᠤᠯᠪᠠ︶

                                   2023.5 ᠳ᠋ᠤᠭᠠᠷ ᠬᠤᠭᠤᠴᠠᠭ᠎ᠠ

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map