ᠲᠡᠦᠬᠡ ᠶᠢᠨ ᠬᠢᠴᠢᠶᠡᠯᠯᠡᠭᠡ ᠳᠤ ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠶᠢᠨ ᠴᠢᠬᠤᠯᠠ ᠴᠢᠨᠠᠷ
ᠨᠡᠶᠢᠲᠡᠯᠡᠭᠰᠡᠨ ᠴᠠᠭ᠄
2023/12/18
                      ᠬᠦᠣᠳᠡᠭᠦᠳᠡ

教学研究8.png

 

      ᠤᠯᠤᠰ ᠤᠨ ᠰᠢᠯᠭᠠᠯᠲᠠ ᠶᠢᠨ ᠥᠭᠡᠷᠡᠴᠢᠯᠡᠯᠲᠡ ᠶᠢ ᠳᠠᠭᠠᠯᠳᠤᠨ ᠲᠡᠤᠭᠡ ᠶᠢᠨ ᠬᠢᠴᠢᠶᠡᠯ ᠤᠨ ᠰᠢᠯᠭᠠᠬᠤ

ᠠᠭᠤᠯᠭ᠎ᠠ ᠳᠤ ᠴᠤ ᠨᠡᠩ ᠶᠡᠭᠡ ᠬᠤᠪᠢᠷᠠᠯᠲᠠ ᠭᠠᠷᠤᠭᠰᠠᠨ ᠪᠠᠶᠢᠨ᠎ᠠ᠃ ᠤᠯᠤᠰ ᠤᠨ ᠰᠢᠯᠭᠠᠯᠲᠠ ᠶᠢᠨ ᠠᠭᠤᠯᠭ᠎ᠠ ᠶᠢ

ᠬᠢᠴᠢᠶᠡᠯᠯᠡᠭᠡ ᠶᠢᠨ ᠥᠭᠡᠷᠡᠴᠢᠯᠡᠯᠲᠡ ᠲᠠᠢ ᠨᠢᠭᠲᠠ ᠴᠢᠩᠭ᠎ᠠ ᠤᠶᠠᠯᠳᠤᠭᠤᠯᠤᠨ᠂ ᠲᠡᠦᠬᠡ ᠶᠢᠨ ᠬᠢᠴᠢᠶᠡᠯ ᠲᠦᠷᠦᠯ ᠤᠨ

ᠰᠡᠳᠦᠪ ᠨᠢ ᠥᠩᠭᠡᠷᠡᠭᠰᠡᠨ ᠤ ᠮᠡᠳᠡᠯᠭᠡ ᠶᠢ ᠰᠢᠯᠭᠠᠬᠤ ᠠᠴᠠ ᠪᠠᠨ ᠭᠤᠣᠯᠯᠠᠭᠴᠢ ᠬᠡᠪ ᠪᠣᠯᠪᠠᠰᠤᠷᠠᠯ ᠢ ᠰᠢᠯᠭᠠᠬᠤ

ᠥᠭᠡᠳᠡ ᠰᠢᠯᠵᠢᠵᠦ᠂ ᠭᠤᠣᠯᠯᠠᠭᠴᠢ ᠬᠡᠪ ᠪᠣᠯᠪᠠᠰᠤᠷᠠᠯ ᠢ ᠰᠢᠯᠭᠠᠬᠤ ᠨᠢ ᠨᠢᠭᠡᠨᠲᠡ ᠲᠡᠦᠬᠡ ᠶᠢᠨ ᠬᠢᠴᠢᠶᠡᠯ

ᠲᠦᠷᠦᠯ ᠤᠨ ᠤᠯᠤᠰ ᠤᠨ ᠰᠢᠯᠭᠠᠯᠲᠠ ᠶᠢᠨ ᠰᠡᠳᠦᠪ ᠤᠨ ᠦᠨᠳᠦᠰᠦᠨ ᠴᠢᠭᠯᠡᠯ ᠪᠠ ᠣᠨᠴᠠᠯᠢᠭ ᠪᠣᠯᠤᠭᠰᠠᠨ          

ᠪᠠᠶᠢᠨ᠎ᠠ᠃ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠤᠯᠤᠰ ᠤᠨ ᠰᠢᠯᠭᠠᠯᠲᠠ ᠶᠢᠨ ᠲᠡᠦᠬᠡ ᠶᠢᠨ ᠰᠢᠯᠭᠠᠯᠲᠠ ᠨᠢ ᠰᠢᠨ᠎ᠡ

ᠰᠡᠪᠡᠭᠦᠨ᠂ ᠠᠮᠢᠳᠤᠯᠢᠭ ᠰᠡᠳᠬᠢᠬᠦᠢ ᠪᠠᠷ ᠰᠤᠷᠤᠭᠴᠢᠳ ᠤᠨ ᠭᠤᠣᠯᠯᠠᠭᠴᠢ ᠬᠡᠪ ᠪᠣᠯᠪᠠᠰᠤᠷᠠᠯ ᠤᠨ ᠴᠢᠳᠠᠪᠤᠷᠢ ᠶᠢ

ᠰᠢᠯᠭᠠᠵᠤ ᠪᠠᠶᠢᠨ᠎ᠠ᠃ ᠡᠶᠢᠮᠦ ᠠᠴᠠ ᠲᠡᠦᠬᠡ ᠶᠢᠨ ᠵᠢᠭᠠᠨ ᠰᠤᠷᠭᠠᠯᠲᠠ ᠶᠢᠨ ᠶᠠᠪᠤᠴᠠ ᠳᠤ ᠰᠤᠷᠤᠭᠴᠢᠳ ᠤᠨ

ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠨᠢ ᠲᠦᠢᠯ ᠤᠨ ᠴᠢᠬᠤᠯᠠ᠃ ᠡᠨᠡ ᠲᠤᠬᠠᠢ ᠨᠡᠶᠢᠰᠯᠡᠯ ᠤᠨ

ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠶᠢᠨ ᠤᠬᠠᠭᠠᠨ ᠤ ᠫᠷᠦᠹᠧᠰᠰᠤᠷ ᠰᠢᠦᠢ ᠯᠠᠨ ᠠᠴᠠ᠄ ︽ᠰᠠᠭᠤᠷᠢ

ᠰᠤᠷᠭᠠᠨ ᠬᠥᠮᠦᠵᠢᠯ ᠪᠣᠯ ᠬᠥᠮᠥᠨ ᠢ ᠬᠥᠮᠥᠵᠢᠭᠦᠯᠬᠦ ᠰᠤᠷᠭᠠᠨ ᠬᠥᠮᠦᠵᠢᠯ ᠮᠥᠨ᠂ ᠲᠡᠦᠬᠡ ᠶᠢᠨ ᠰᠤᠷᠭᠠᠨ

ᠬᠥᠮᠦᠵᠢᠯ ᠨᠢ ᠬᠥᠮᠥᠨ ᠤ ᠵᠣᠭᠰᠣᠴᠠ ᠠᠴᠠ ᠲᠡᠦᠬᠡ ᠶᠢᠨ ᠮᠡᠳᠡᠯᠭᠡ ᠶᠢ ᠣᠯᠬᠤ ᠶᠢ ᠰᠣᠷᠣᠭᠴᠢᠳ ᠤᠨ ᠠᠮᠢᠳᠤᠷᠠᠯ ᠳᠤ

ᠦᠵᠡᠭᠦᠯᠬᠦ ᠠᠴᠢ ᠬᠤᠯᠪᠣᠭᠳᠠᠯ ᠠᠴᠠ ᠣᠴᠢᠵᠤ ᠣᠶᠢᠯᠠᠭᠠᠬᠤ ᠶᠢ ᠴᠢᠬᠤᠯᠠᠴᠢᠯᠠᠳᠠᠭ᠃ ᠲᠡᠦᠬᠡ ᠶᠢᠨ ᠰᠤᠷᠭᠠᠨ

ᠬᠥᠮᠦᠵᠢᠯ ᠤᠨ ᠶᠠᠪᠤᠴᠠ ᠨᠢ ᠰᠣᠷᠣᠭᠴᠢᠳ ᠤᠨ ᠣᠶᠤᠨ ᠰᠠᠨᠠᠭ᠎ᠠ ᠶᠢ ᠴᠡᠪᠡᠷᠰᠢᠭᠦᠯᠬᠦ᠂ ᠰᠣᠷᠣᠭᠴᠢᠳ ᠤᠨ ᠦᠵᠡᠯ

ᠰᠡᠳᠬᠢᠯᠭᠡ ᠶᠢ ᠪᠣᠯᠪᠠᠰᠣᠷᠠᠭᠤᠯᠬᠤ᠂ ᠰᠣᠷᠣᠭᠴᠢᠳ ᠤᠨ ᠣᠶᠣᠨ ᠤᠬᠠᠭᠠᠨ ᠢ ᠰᠡᠩᠬᠡᠷᠡᠭᠦᠯᠬᠦ᠂ ᠰᠣᠷᠣᠭᠴᠢᠳ ᠤᠨ

ᠲᠡᠦᠬᠡ ᠶᠢᠨ ᠬᠢᠴᠢᠶᠡᠯ ᠲᠦᠷᠦᠯ ᠤᠨ ᠣᠨᠴᠠᠯᠢᠭ ᠪᠦᠬᠦᠢ ᠵᠥᠪ ᠦᠷᠲᠡᠭ ᠤᠨ ᠦᠵᠡᠯᠲᠡ ᠶᠢ ᠪᠦᠷᠢᠯᠳᠦᠭᠦᠯᠬᠦ ᠶᠠᠪᠤᠴᠠ

ᠪᠣᠯᠣᠨ᠎ᠠ᠃ ᠡᠭᠦᠨ ᠤ ᠤᠯᠠᠮ ᠠᠴᠠ ᠰᠣᠷᠣᠭᠴᠢᠳ ᠢ ᠪᠦᠬᠦᠯᠢ ᠴᠣᠭᠴᠠ ᠶᠢᠨ ᠭᠤᠣᠯᠯᠠᠭᠴᠢ ᠬᠡᠪ ᠪᠣᠯᠪᠠᠰᠤᠷᠠᠯ ᠲᠠᠢ

ᠪᠦᠬᠦ ᠲᠠᠯ᠎ᠠ ᠪᠠᠷ ᠬᠥᠭᠵᠢᠭᠰᠡᠨ ᠬᠥᠮᠥᠨ ᠪᠣᠯᠭᠠᠨ ᠬᠥᠮᠥᠵᠢᠭᠦᠯᠵᠦ᠂ ᠮᠠᠨ ᠤ ᠲᠡᠦᠬᠡ ᠶᠢᠨ ᠰᠤᠷᠭᠠᠨ ᠬᠥᠮᠦᠵᠢᠯ ᠢᠶᠠᠨ

ᠰᠣᠷᠣᠭᠴᠢᠳ ᠤᠨ ᠠᠮᠢ ᠨᠠᠰᠤ ᠶᠢ ᠪᠣᠯᠪᠠᠰᠣᠷᠠᠭᠤᠯᠬᠤ ᠶᠠᠪᠤᠴᠠ ᠪᠣᠯᠭᠠᠨ᠎ᠠ︾ ᠭᠡᠵᠦ ᠵᠢᠭᠠᠵᠤ ᠭᠠᠷᠭᠠᠭᠰᠠᠨ ᠪᠠᠶᠢᠳᠠᠭ᠃

      ᠭᠤᠣᠯᠯᠠᠭᠴᠢ ᠬᠡᠪ ᠪᠣᠯᠪᠠᠰᠤᠷᠠᠯ ᠪᠣᠯ ᠨᠢᠭᠡᠨ ᠣᠯᠠᠨ ᠡᠰᠢᠲᠦ ᠬᠡᠮᠵᠢᠴᠡ ᠶᠢᠨ ᠨᠠᠷᠢᠨ ᠪᠤᠳᠤᠯᠢᠶᠠᠨᠲᠠᠢ

ᠪᠦᠲᠦᠴᠡ ᠮᠥᠨ᠃ ᠮᠡᠳᠡᠯᠭᠡ ᠴᠢᠳᠠᠪᠤᠷᠢ ᠪᠠ ᠣᠪᠣᠷ ᠤᠨ ᠨᠢᠭᠡᠳᠦᠯ ᠪᠣᠯᠬᠤ ᠪᠠᠷ ᠪᠠᠷᠠᠬᠤ ᠦᠭᠡᠢ ᠪᠠᠰᠠ ᠴᠤ 21

ᠳ᠋ᠤᠭᠡᠷ ᠵᠠᠭᠤᠨ ᠤ ᠴᠢᠳᠠᠪᠤᠷᠢᠲᠠᠨ ᠢ ᠬᠥᠮᠥᠵᠢᠭᠦᠯᠬᠦ ᠪᠠᠷᠢᠮᠵᠢᠶ᠎ᠠ ᠮᠥᠨ᠃ ᠳᠣᠣᠷ᠎ᠠ ᠪᠢ ᠲᠡᠦᠬᠡ ᠶᠢᠨ ᠬᠢᠴᠢᠶᠡᠯᠯᠡᠭᠡ ᠳᠤ

ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠶᠢᠨ ᠴᠢᠬᠤᠯᠠ ᠴᠢᠨᠠᠷ ᠢ ᠬᠡᠳᠦᠨ ᠲᠠᠯ᠎ᠠ ᠪᠠᠷ ᠲᠦᠭᠦᠮ ᠥᠭᠦᠯᠡᠶ᠎ᠡ᠃

      ᠨᠢᠭᠡ᠂ ᠲᠡᠦᠬᠡ ᠶᠢᠨ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠪᠠ ᠲᠡᠦᠬᠡ ᠶᠢᠨ ᠪᠠᠭᠰᠢ ᠶᠢᠨ

ᠬᠤᠭᠤᠷᠣᠨᠳᠣᠬᠢ ᠬᠠᠷᠢᠴᠠᠭ᠎ᠠ ᠠᠴᠠ ᠦᠵᠡᠪᠡᠯ᠂ ᠰᠢᠨ᠎ᠡ ᠤᠯᠤᠰ ᠤᠨ ᠰᠢᠯᠭᠠᠯᠲᠠ ᠶᠢᠨ ᠥᠭᠡᠷᠡᠴᠢᠯᠡᠯᠲᠡ᠂ ᠰᠢᠨ᠎ᠡ

ᠬᠢᠴᠢᠶᠡᠯᠯᠡᠭᠡ ᠶᠢᠨ ᠥᠭᠡᠷᠡᠴᠢᠯᠡᠯᠲᠡ ᠨᠢ ᠪᠠᠭᠰᠢ ᠶᠢᠨ ᠲᠤᠰᠬᠠᠢ ᠮᠡᠷᠭᠡᠵᠢᠯ ᠪᠠ ᠲᠣᠰ ᠪᠡᠶ᠎ᠡ ᠶᠢᠨ ᠬᠥᠭᠵᠢᠯᠲᠡ᠂

ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠲᠠᠯ᠎ᠠ ᠪᠠᠷ ᠲᠡᠦᠬᠡ ᠶᠢᠨ ᠪᠠᠭᠰᠢ ᠳᠤ ᠨᠡᠩ ᠥᠨᠳᠥᠷ ᠱᠠᠭᠠᠷᠳᠠᠯᠭ᠎ᠠ 

 ᠶᠢ ᠲᠠᠯᠪᠢᠭᠰᠠᠨ ᠪᠠᠶᠢᠨ᠎ᠠ᠃

      ᠰᠤᠷᠭᠠᠨ ᠬᠥᠮᠦᠵᠢᠯ ᠪᠣᠯ ᠤᠯᠤᠰ ᠤᠨ ᠦᠨᠳᠦᠰᠦ ᠮᠥᠨ᠂ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠪᠠ

ᠰᠤᠷᠭᠠᠨ ᠬᠥᠮᠦᠵᠢᠯ ᠤᠨ ᠣᠶᠢᠯᠠᠭᠠᠭᠳᠠᠬᠤᠨ ᠨᠢ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ          

ᠨᠥᠯᠥᠭᠡᠯᠡᠳᠡᠭ᠃ ᠰᠤᠷᠤᠭᠴᠢᠳ ᠤᠨ ᠲᠡᠦᠬᠡ ᠶᠢᠨ ᠭᠤᠣᠯᠯᠠᠭᠴᠢ ᠬᠡᠪ ᠪᠣᠯᠪᠠᠰᠤᠷᠠᠯ ᠢ ᠭᠦᠮᠦᠵᠢᠭᠦᠯᠭᠦ ᠳᠤ ᠳᠡᠭᠡᠳᠦ

ᠳᠣᠮᠳᠠᠳᠣ ᠶᠢᠨ ᠲᠡᠦᠬᠡ ᠶᠢᠨ ᠪᠠᠭᠰᠢ ᠨᠠᠷ ᠵᠢᠭᠠᠨ ᠰᠤᠷᠭᠠᠯᠲᠠ ᠶᠢᠨ ᠰᠡᠳᠬᠢᠴᠡ ᠪᠠᠨ ᠬᠤᠪᠢᠷᠠᠭᠤᠯᠵᠤ᠂

ᠰᠣᠷᠣᠭᠴᠢᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ᠂ ᠬᠠᠮᠲᠤᠷᠠᠨ ᠰᠤᠷᠤᠯᠴᠠᠬᠤ ᠪᠠ ᠰᠦᠪᠡᠭᠴᠢᠯᠡᠨ

ᠰᠤᠷᠤᠯᠴᠠᠬᠤ ᠶᠢ ᠰᠠᠨᠠᠭᠠᠴᠢᠯᠠᠬᠤ ᠬᠡᠷᠡᠭᠲᠡᠢ᠃ ᠮᠡᠳᠡᠯᠭᠡ ᠶᠢᠨ ᠵᠣᠬᠢᠶᠠᠨ ᠪᠠᠶᠢᠭᠤᠯᠤᠭᠴᠢ ᠪᠠ ᠰᠣᠷᠣᠭᠴᠢᠳ ᠤᠨ

ᠦᠰᠦᠨ ᠪᠤᠶᠢᠵᠢᠯᠲᠠ ᠶᠢᠨ ᠶᠠᠪᠤᠴᠠ ᠳᠠᠬᠢ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠪᠠᠭᠰᠢ ᠨᠠᠷ

ᠰᠤᠷᠤᠭᠴᠢᠳ ᠤᠨ ᠭᠤᠤᠯᠯᠠᠭᠴᠢ ᠭᠡᠪ ᠪᠤᠯᠪᠠᠰᠤᠷᠠᠯ ᠢ ᠭᠦᠮᠦᠵᠢᠭᠦᠯᠭᠦ ᠳᠤ ᠴᠢᠬᠤᠯᠠ ᠡᠭᠦᠷᠭᠡ ᠬᠠᠷᠢᠭᠤᠴᠠᠯᠭ᠎ᠠ ᠶᠢ

ᠡᠭᠦᠷᠭᠡᠯᠡᠵᠦ ᠪᠠᠶᠢᠬᠤ ᠪᠥᠭᠡᠳ ᠳᠣᠮᠳᠠᠳᠣ ᠰᠤᠷᠭᠠᠭᠤᠯᠢ ᠶᠢᠨ ᠲᠡᠦᠬᠡ ᠶᠢᠨ ᠬᠢᠴᠢᠶᠡᠯ ᠤᠨ ᠠᠭᠤᠯᠭ᠎ᠠ᠂ ᠬᠢᠴᠢᠶᠡᠯ ᠤᠨ

ᠪᠠᠷᠢᠮᠵᠢᠶ᠎ᠠ᠂ ᠬᠢᠴᠢᠶᠡᠯᠯᠡᠭᠡ ᠶᠢᠨ ᠶᠠᠪᠤᠴᠠ ᠪᠠ ᠬᠢᠴᠢᠶᠡᠯᠯᠡᠭᠡ ᠶᠢᠨ ᠦᠨᠡᠯᠡᠯᠲᠡ ᠵᠡᠷᠭᠡ ᠵᠢᠭᠠᠨ ᠰᠤᠷᠭᠠᠯᠲᠠ ᠶᠢᠨ ᠡᠯ᠎ᠡ

ᠭᠤᠭᠴᠤᠭ᠎ᠠ ᠨᠢ ᠪᠦᠷ ᠪᠠᠭᠰᠢ ᠶᠢᠨ ᠵᠢᠭᠠᠨ ᠰᠤᠷᠭᠠᠯᠲᠠ ᠶᠢᠨ ᠣᠪᠣᠷ ᠪᠠ ᠬᠢᠷᠢ ᠲᠦᠪᠰᠢᠨ ᠢ ᠲᠤᠰᠬᠠᠳᠠᠭ᠃

      ᠭᠤᠣᠯᠯᠠᠭᠴᠢ ᠬᠡᠪ ᠪᠣᠯᠪᠠᠰᠤᠷᠠᠯ ᠤᠨ ᠣᠶᠢᠯᠠᠭᠠᠭᠳᠠᠬᠤᠨ ᠢ ᠳᠤᠷᠠᠳᠤᠭᠰᠠᠨ ᠨᠢ ᠪᠠᠭᠰᠢ ᠨᠠᠷ ᠠᠴᠠ ︽ᠶᠠᠮᠠᠷ

ᠶᠠᠩᠵᠤ ᠶᠢᠨ ᠬᠥᠮᠥᠨ ᠢ ᠬᠥᠮᠥᠵᠢᠭᠦᠯᠬᠦ︾᠂ ︽ᠬᠥᠮᠥᠨ ᠢ ᠶᠠᠭᠠᠬᠢᠵᠤ ᠬᠥᠮᠥᠵᠢᠭᠦᠯᠬᠦ︾ ᠵᠡᠷᠭᠡ ᠠᠰᠠᠭᠤᠳᠠᠯ ᠢ

ᠪᠣᠳᠣᠯᠬᠢᠯᠠᠬᠤ ᠪᠣᠯᠭᠠᠵᠠᠢ᠃ ᠡᠭᠦᠨ ᠤ ᠵᠡᠷᠭᠡ ᠪᠠᠷ ᠭᠤᠣᠯᠯᠠᠭᠴᠢ ᠬᠡᠪ ᠪᠣᠯᠪᠠᠰᠤᠷᠠᠯ ᠤᠨ ᠣᠶᠢᠯᠠᠭᠠᠭᠳᠠᠬᠤᠨ ᠨᠢ

ᠪᠠᠭᠰᠢ ᠶᠢᠨ ᠵᠢᠭᠠᠨ ᠰᠤᠷᠭᠠᠯᠲᠠ  ᠶᠢᠨ ᠴᠢᠳᠠᠪᠤᠷᠢ ᠳᠤ ᠪᠠᠰᠠ ᠨᠡᠩ ᠥᠨᠳᠥᠷ ᠱᠠᠭᠠᠷᠳᠠᠯᠭ᠎ᠠ ᠲᠠᠯᠪᠢᠭᠰᠠᠨ          

ᠪᠠᠶᠢᠨ᠎ᠠ᠃ ᠪᠠᠭᠰᠢ ᠪᠣᠯᠣᠭᠰᠠᠳ ᠡᠷᠬᠡᠪᠰᠢ ᠵᠢᠭᠠᠨ ᠰᠤᠷᠭᠠᠯᠲᠠ ᠶᠢᠨ ᠬᠡᠪ ᠵᠠᠭᠪᠤᠷ ᠪᠠ ᠮᠡᠳᠡᠯᠭᠡ ᠮᠡᠷᠭᠡᠵᠢᠯ ᠤᠨ

ᠲᠦᠪᠰᠢᠨ  ᠢᠶᠠᠨ ᠲᠠᠰᠣᠷᠠᠯᠲᠠ ᠦᠭᠡᠢ ᠰᠢᠨᠡᠳᠬᠡᠵᠦ᠂ ᠦᠷᠭᠦᠯᠵᠢᠯᠡᠨ ᠰᠤᠷᠤᠯᠴᠠᠬᠤ ᠪᠠ ᠥᠪᠡᠷ ᠢ ᠪᠠᠨ ᠡᠷᠭᠢᠴᠡᠭᠦᠯᠵᠦ

ᠲᠤᠩᠭᠠᠯᠲᠠ ᠬᠢᠬᠦ ᠳᠠᠳᠬᠠᠯ ᠲᠠᠢ ᠪᠣᠯᠬᠤ ᠬᠡᠷᠡᠭᠲᠡᠢ᠃ ᠲᠡᠦᠬᠡ  ᠶᠢᠨ ᠪᠠᠭᠰᠢ ᠭᠠᠭᠴᠠ ᠬᠦ ᠥᠪᠡᠷ ᠢᠶᠠᠨ ᠲᠡᠦᠬᠡ ᠶᠢᠨ

ᠭᠤᠣᠯᠯᠠᠭᠴᠢ ᠬᠡᠪ ᠪᠣᠯᠪᠠᠰᠤᠷᠠᠯ ᠲᠠᠢ ᠪᠠᠶᠢᠮᠠᠨᠵᠢᠨ ᠰᠠᠶ᠋ᠢ ᠰᠣᠷᠣᠭᠴᠢ ᠶᠢᠨ ᠭᠤᠣᠯᠯᠠᠭᠴᠢ ᠬᠡᠪ ᠪᠣᠯᠪᠠᠰᠤᠷᠠᠯ ᠢ

ᠬᠥᠮᠥᠵᠢᠭᠦᠯᠵᠦ᠂ ᠰᠣᠷᠣᠭᠴᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ ᠴᠢᠳᠠᠨ᠎ᠠ᠃ ᠡᠭᠦᠨ ᠳᠤ ᠪᠠᠭᠰᠢ ᠶᠢᠨ

ᠡᠷᠬᠡᠪᠰᠢ ᠪᠡᠯᠡᠳᠬᠡᠬᠦ ᠴᠢᠬᠤᠯᠠᠲᠠᠢ ᠵᠦᠢᠯ ᠭᠡᠪᠡᠯ᠄

      ① ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠢ ᠪᠡᠯᠡᠳᠬᠡᠬᠦ︔ ② ᠪᠦᠬᠦᠯᠢ

ᠴᠣᠭᠴᠠᠴᠢᠯᠠᠭᠰᠠᠨ᠂ ᠪᠦᠳᠦᠴᠡᠯᠡᠭᠰᠡᠨ ᠮᠡᠳᠡᠯᠭᠡ ᠶᠢᠨ ᠪᠦᠲᠦᠴᠡ ᠶᠢ ᠪᠡᠯᠡᠳᠬᠡᠬᠦ︔ ③ ᠵᠢᠭᠠᠨ ᠰᠤᠷᠭᠠᠬᠤ

ᠬᠠᠷᠠᠯᠲᠠ ᠪᠠᠨ ᠲᠣᠭᠲᠠᠭᠠᠨ᠂ ᠰᠤᠷᠬᠤ ᠣᠷᠴᠢᠨ ᠢ ᠪᠦᠲᠦᠭᠡᠵᠦ᠂ ᠵᠢᠭᠠᠨ ᠰᠤᠷᠭᠠᠬᠤ ᠠᠷᠭ᠎ᠠ ᠮᠠᠶ᠋ᠢᠭ ᠢᠶᠠᠨ

ᠲᠣᠭᠲᠠᠭᠠᠬᠤ ᠶᠢ ᠬᠦᠨᠳᠦᠳᠬᠡᠬᠦ︔ ④ ᠰᠣᠷᠣᠭᠴᠢᠳ  ᠤᠨ ᠬᠠᠮᠲᠤᠷᠠᠨ ᠰᠤᠷᠤᠯᠴᠠᠬᠤ᠂ ᠦᠢᠯᠡᠳᠦᠯᠭᠡ ᠶᠢᠨ ᠳᠤᠮᠳᠠ

ᠰᠦᠪᠡᠭᠴᠢᠯᠡᠬᠦ᠂ ᠪᠡᠶ᠎ᠡ ᠪᠠᠨ ᠳᠠᠭᠠᠭᠠᠨ ᠰᠤᠷᠤᠯᠴᠠᠬᠤ ᠭᠤᠣᠯ ᠴᠣᠭᠴᠠ ᠶᠢᠨ ᠪᠠᠶᠢᠷᠢ ᠰᠠᠭᠤᠷᠢ ᠶᠢ          

ᠬᠦᠨᠳᠦᠳᠬᠡᠬᠦ︔ ⑤ ᠵᠢᠭᠠᠬᠤ ᠮᠠᠲ᠋ᠧᠷᠢᠶᠠᠯ ᠢ ᠵᠢᠭᠠᠬᠤ ᠪᠢᠰᠢ᠂ ᠬᠠᠷᠢᠨ ᠵᠢᠭᠠᠬᠤ ᠮᠠᠲ᠋ᠧᠷᠢᠶᠠᠯ ᠢ ᠬᠡᠷᠡᠭᠯᠡᠬᠦ᠃ ᠪᠠᠭᠰᠢ

ᠬᠢᠴᠢᠶᠡᠯ ᠪᠡᠯᠡᠳᠬᠡᠬᠦ ᠳᠤ ᠪᠠᠨ ᠡᠷᠬᠡᠪᠰᠢ ᠰᠣᠷᠣᠭᠴᠢ ᠪᠠᠨ ᠪᠡᠯᠡᠳᠬᠡᠬᠦ ᠬᠡᠷᠡᠭᠲᠡᠢ᠃

      ︽ᠪᠠᠭᠰᠢ ᠶᠢᠨ ᠶᠠᠭᠠᠬᠢᠵᠤ ᠵᠢᠭᠠᠬᠤ︾ ᠠᠴᠠ ᠰᠣᠷᠣᠭᠴᠢ ᠶᠢᠨ ︽ᠶᠠᠭᠠᠬᠢᠵᠤ ᠰᠤᠷᠬᠤ︾ ᠪᠣᠯᠭᠠᠵᠦ

ᠬᠤᠪᠢᠷᠠᠭᠤᠯᠬᠤ ᠭᠡᠷᠡᠭᠳᠠᠢ᠃ ᠢᠩᠭᠢᠪᠡᠯ ᠰᠠᠶ᠋ᠢ ᠲᠡᠦᠬᠡ ᠶᠢᠨ ᠪᠠᠭᠰᠢ ᠶᠢᠨ ᠬᠢᠴᠢᠶᠡᠯ ᠲᠦᠷᠦᠯ ᠤᠨ ᠭᠤᠣᠯᠯᠠᠭᠴᠢ ᠬᠡᠪ

ᠪᠣᠯᠪᠠᠰᠤᠷᠠᠯ ᠢ ᠪᠦᠷᠢᠯᠳᠦᠭᠦᠯᠵᠦ ᠵᠢᠭᠠᠨ ᠰᠤᠷᠭᠠᠯᠲᠠ ᠶᠢᠨ ᠶᠠᠪᠤᠴᠠ ᠳᠤᠮᠳᠠ ᠪᠠᠨ ᠰᠣᠷᠣᠭᠴᠢᠳ ᠤᠨ ᠭᠤᠣᠯᠯᠠᠭᠴᠢ

ᠬᠡᠪ ᠪᠣᠯᠪᠠᠰᠤᠷᠠᠯ ᠢ ᠬᠥᠮᠥᠵᠢᠭᠦᠯᠵᠦ ᠳᠡᠭᠡᠭᠰᠢᠯᠡᠭᠦᠯᠵᠦ ᠴᠢᠳᠠᠨ᠎ᠠ᠃

      ᠬᠤᠶᠠᠷ᠂ ᠭᠤᠷᠮᠤᠰᠤᠨ ᠬᠠᠷᠠᠯᠲᠠ ᠠᠴᠠ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠪᠣᠯᠭᠠᠵᠤ

ᠬᠥᠭᠵᠢᠭᠦᠯᠦᠭᠰᠡᠨ ᠠᠴᠠ ᠦᠵᠡᠪᠡᠯ᠂

      ᠭᠤᠷᠮᠤᠰᠤᠨ ᠬᠠᠷᠠᠯᠲᠠ ᠭᠡᠳᠡᠭ ᠨᠢ ᠰᠤᠷᠭᠠᠨ ᠬᠥᠮᠦᠵᠢᠯ ᠤᠨ ᠣᠨᠤᠯ ᠳᠠᠬᠢ ᠨᠢᠭᠡᠨ ᠨᠡᠷ᠎ᠡ ᠲᠤᠮᠢᠶ᠎ᠠ          

ᠪᠣᠯᠣᠨ᠎ᠠ᠃ ᠲᠡᠷᠡ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠪᠤᠴᠠ ᠳᠤ ᠬᠦᠷᠪᠡᠰᠦ ᠵᠣᠬᠢᠬᠤ ᠭᠤᠷᠪᠠᠨ

ᠬᠠᠷᠠᠯᠲᠠ ᠶᠢᠨ ᠬᠡᠮᠵᠢᠯᠲᠡ ᠶᠢ ᠵᠢᠭᠠᠨ᠎ᠠ᠃ ᠳᠠᠷᠤᠢ ᠮᠡᠳᠡᠯᠭᠡ ᠪᠠ ᠤᠷ᠎ᠠ ᠮᠡᠷᠭᠡᠰᠢᠯ᠂ ᠶᠠᠪᠤᠴᠠ ᠪᠠ ᠠᠷᠭ᠎ᠠ᠂ ᠣᠪᠣᠷ

ᠰᠡᠳᠬᠢᠯᠭᠡ ᠪᠠ ᠦᠷᠲᠡᠭ ᠤᠨ ᠦᠵᠡᠯᠲᠡ ᠶᠢ ᠪᠠᠭᠲᠠᠭᠠᠨ᠎ᠠ᠃ ᠭᠤᠷᠮᠤᠰᠤᠨ ᠬᠠᠷᠠᠯᠲᠠ ᠪᠣᠯ ᠵᠢᠭᠠᠨ ᠰᠤᠷᠭᠠᠬᠤ

ᠬᠠᠷᠠᠯᠲᠠ ᠶᠢᠨ ᠭᠤᠷᠪᠠᠨ ᠲᠠᠯ᠎ᠠ ᠪᠣᠯᠬᠤ ᠠᠴᠠ ᠪᠢᠰᠢ ᠬᠠᠷᠢᠨ ᠭᠤᠷᠪᠠᠨ ᠪᠡᠶ᠎ᠡ ᠪᠠᠨ ᠳᠠᠭᠠᠭᠠᠭᠰᠠᠨ ᠵᠢᠭᠠᠨ ᠰᠤᠷᠭᠠᠬᠤ

ᠬᠠᠷᠠᠯᠲᠠ ᠪᠢᠰᠢ᠂ ᠲᠡᠳᠡᠭᠡᠷ ᠨᠢ ᠰᠠᠯᠵᠤ ᠪᠣᠯᠣᠰᠢ ᠦᠭᠡᠢ ᠨᠢᠭᠡᠳᠦᠯᠲᠡᠢ ᠪᠦᠬᠦᠯᠢ ᠴᠣᠭᠴᠠ ᠮᠥᠨ᠃

      ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠪᠣᠯ ᠬᠢᠴᠢᠶᠡᠯ ᠲᠦᠷᠦᠯ ᠪᠠ ᠰᠤᠷᠭᠠᠨ

ᠬᠥᠮᠦᠵᠢᠯ ᠤᠨ ᠣᠷᠭᠠᠨᠢᠭ ᠤᠶᠠᠯᠳᠤᠯ ᠮᠥᠨ᠂ ᠭᠤᠷᠮᠤᠰᠤᠨ ᠬᠠᠷᠠᠯᠲᠠ ᠠᠴᠠ ᠭᠤᠣᠯᠯᠠᠭᠴᠢ ᠬᠡᠪ ᠪᠣᠯᠪᠠᠰᠤᠷᠠᠯ ᠲᠡᠶᠢᠰᠢ

ᠰᠢᠯᠵᠢᠭᠰᠡᠨ ᠪᠣᠯ ᠬᠢᠴᠢᠶᠡᠯ ᠲᠦᠷᠦᠯ ᠤᠨ ᠵᠢᠭᠠᠨ ᠰᠤᠷᠭᠠᠯᠳᠠ ᠶᠢᠨ ᠳᠡᠭᠡᠳᠦ ᠬᠡᠮᠵᠢᠶᠡᠨ ᠤ ᠭᠦᠨᠵᠡᠭᠡᠢ᠂

ᠠᠭᠤᠯᠤᠭᠳᠠᠬᠤᠨ ᠤ ᠳᠡᠭᠡᠭᠰᠢᠯᠡᠯᠲᠡ ᠮᠥᠨ᠃ ᠭᠤᠣᠯᠯᠠᠭᠴᠢ ᠬᠡᠪ ᠪᠣᠯᠪᠠᠰᠤᠷᠠᠯ ᠨᠢ ᠬᠢᠴᠢᠶᠡᠯ ᠲᠦᠷᠦᠯ ᠤᠨ ᠵᠢᠭᠠᠨ

ᠰᠤᠷᠭᠠᠯᠳᠠ ᠶᠢᠨ ᠬᠡᠪ ᠵᠠᠭᠪᠤᠷ ᠪᠠ ᠰᠤᠷᠤᠯᠴᠠᠬᠤ ᠠᠷᠭ᠎ᠠ ᠮᠠᠶ᠋ᠢᠭ ᠤᠨ ᠦᠨᠳᠦᠰᠦᠨ ᠬᠤᠪᠢᠰᠤᠯᠲᠠ          

ᠮᠥᠨ᠃ ᠭᠤᠣᠯᠯᠠᠭᠴᠢ ᠬᠡᠪ ᠪᠣᠯᠪᠠᠰᠤᠷᠠᠯ ᠨᠢ ᠭᠤᠷᠮᠤᠰᠤᠨ ᠬᠠᠷᠠᠯᠲᠠ ᠠᠴᠠ ᠢᠷᠡᠯᠲᠡ ᠲᠠᠢ ᠪᠥᠭᠡᠳ ᠭᠤᠷᠮᠤᠰᠤᠨ

ᠬᠠᠷᠠᠯᠲᠠ ᠠᠴᠠ ᠨᠡᠩ ᠥᠨᠳᠥᠷ ᠪᠠᠶᠢᠳᠠᠭ᠃ ᠲᠡᠭᠦᠨ ᠤ ᠪᠦᠷᠢᠯᠳᠦᠯ ᠤᠨ ᠲᠣᠭᠲᠠᠴᠠ ᠠᠴᠠ ᠠᠪᠴᠤ ᠬᠡᠯᠡᠪᠡᠯ᠂

ᠭᠤᠣᠯᠯᠠᠭᠴᠢ ᠬᠡᠪ ᠪᠣᠯᠪᠠᠰᠤᠷᠠᠯ ᠨᠢ ᠭᠤᠷᠮᠤᠰᠤᠨ ᠬᠠᠷᠠᠯᠲᠠ ᠠᠴᠠ ᠢᠷᠡᠵᠦ᠂ ᠭᠤᠷᠮᠤᠰᠤᠨ ᠬᠠᠷᠠᠯᠲᠠ ᠶᠢ ᠤᠯᠠᠮ ᠨᠢᠭᠡ

ᠠᠯᠬᠤᠮ ᠪᠣᠯᠪᠠᠰᠤᠷᠠᠭᠤᠯᠤᠨ ᠨᠢᠭᠡᠳᠬᠡᠵᠦ᠂ ᠰᠢᠰᠲ᠋ᠧᠮ ᠲᠠᠢ ᠬᠢᠴᠢᠶᠡᠯ ᠲᠦᠷᠦᠯ ᠤᠨ ᠰᠤᠷᠤᠯᠴᠠᠯᠭ᠎ᠠ ᠪᠠᠷ ᠳᠠᠮᠵᠢᠨ

ᠣᠯᠣᠭᠰᠠᠨ ᠶᠤᠮ᠃ ᠢᠯᠡᠷᠡᠯ ᠤᠨ ᠬᠡᠯᠪᠡᠷᠢ ᠠᠴᠠ ᠠᠪᠴᠤ ᠬᠡᠯᠡᠪᠡᠯ᠂ ᠬᠢᠴᠢᠶᠡᠯ ᠲᠦᠷᠦᠯ ᠤᠨ ᠭᠤᠣᠯᠯᠠᠭᠴᠢ ᠬᠡᠪ

ᠪᠣᠯᠪᠠᠰᠤᠷᠠᠯ ᠨᠢ ᠭᠤᠷᠮᠤᠰᠤᠨ ᠬᠠᠷᠠᠯᠲᠠ ᠠᠴᠠ ᠥᠨᠳᠥᠷ ᠪᠠᠶᠢᠵᠤ᠂ ᠰᠣᠷᠣᠭᠴᠢᠳ ᠤᠨ ᠮᠡᠳᠡᠯᠭᠡ ᠶᠢᠨ ᠠᠵᠤ ᠠᠬᠤᠢ

ᠪᠠ ᠮᠡᠳᠡᠭᠡ ᠵᠠᠩᠭᠢ ᠶᠢᠨ ᠰᠢᠨ᠎ᠡ ᠴᠠᠭ ᠦᠶ᠎ᠡ ᠳᠤ᠂ ᠪᠤᠳᠤᠯᠢᠶᠠᠨᠲᠠᠢ ᠲᠣᠭᠲᠠᠪᠤᠷᠢ ᠦᠭᠡᠢ ᠣᠷᠴᠢᠨ ᠪᠠᠶᠢᠳᠠᠯ ᠳᠤ

ᠬᠠᠨᠳᠤᠬᠤ ᠳᠤ ᠪᠠᠨ ᠬᠢᠴᠢᠶᠡᠯ ᠲᠦᠷᠦᠯ ᠤᠨ ᠮᠡᠳᠡᠯᠭᠡ᠂ ᠣᠶᠢᠯᠠᠭᠠᠭᠳᠠᠬᠤᠨ ᠪᠠ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂

ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠢᠯᠡᠷᠡᠭᠦᠯᠦᠭᠰᠡᠨ ᠵᠠᠩᠭᠢᠯᠠᠭ᠎ᠠ ᠶᠢᠨ ᠴᠢᠳᠠᠪᠤᠷᠢ ᠪᠠ ᠡᠷᠬᠡᠪᠰᠢ

ᠪᠦᠷᠢᠯᠳᠦᠭᠦᠯᠬᠦ ᠴᠢᠬᠤᠯᠠᠲᠠᠢ ᠬᠡᠪ ᠴᠢᠨᠠᠷ ᠪᠣᠯᠣᠨ᠎ᠠ᠃ ᠬᠡᠯᠡᠯᠭᠡᠨ ᠦᠭᠡᠢ ᠭᠤᠷᠮᠤᠰᠤᠨ ᠬᠠᠷᠠᠯᠲᠠ ᠨᠢ ᠵᠢᠭᠠᠨ

ᠰᠤᠷᠭᠠᠯᠲᠠ ᠶᠢᠨ ᠬᠠᠮᠤᠭ ᠤᠨ ᠡᠴᠦᠰ ᠤᠨ ᠬᠠᠷᠠᠯᠲᠠ ᠪᠢᠰᠢ᠂ ᠵᠢᠭᠠᠨ ᠰᠤᠷᠭᠠᠯᠲᠠ ᠶᠢᠨ ᠡᠴᠦᠰ ᠤᠨ ᠬᠠᠷᠠᠯᠲᠠ ᠪᠤᠯ

ᠰᠤᠷᠤᠭᠴᠢᠳ ᠤᠨ ᠴᠢᠳᠠᠪᠤᠷᠢ ᠪᠠ ᠬᠡᠪ ᠴᠢᠨᠠᠷ ᠢ ᠬᠥᠮᠥᠵᠢᠭᠦᠯᠬᠦ ᠶᠠᠪᠤᠳᠠᠯ ᠪᠣᠯᠣᠨ᠎ᠠ᠃

      ᠰᠢᠨ᠎ᠡ ᠤᠯᠤᠰ ᠤᠨ ᠰᠢᠯᠭᠠᠯᠲᠠ ᠶᠢᠨ ᠥᠭᠡᠷᠡᠴᠢᠯᠡᠯᠲᠡ᠂ ᠰᠢᠨ᠎ᠡ ᠬᠢᠴᠢᠶᠡᠯᠯᠡᠭᠡ ᠶᠢᠨ ᠥᠭᠡᠷᠡᠴᠢᠯᠡᠯᠲᠡ ᠠᠴᠠ

ᠪᠣᠯᠵᠤ᠂ ᠥᠩᠭᠡᠷᠡᠭᠰᠡᠨ ᠤ ᠭᠤᠷᠮᠤᠰᠤᠨ ᠬᠠᠷᠠᠯᠲᠠ ᠳᠠᠬᠢ ᠮᠡᠳᠡᠯᠭᠡ ᠶᠢᠨ ᠪᠠᠶᠢᠷᠢ ᠰᠠᠭᠤᠷᠢ ᠪᠠ ᠦᠢᠯᠡᠳᠦᠯ ᠨᠢ

ᠲᠠᠰᠣᠷᠠᠯᠲᠠ ᠦᠭᠡᠢ ᠪᠠᠭᠤᠷᠠᠵᠤ ᠪᠠᠶᠢᠬᠤ ᠪᠥᠭᠡᠳ ᠮᠠᠰᠢ ᠣᠯᠠᠨ ᠬᠥᠮᠥᠨ ᠡᠭᠦᠨ ᠤ ᠲᠤᠬᠠᠢ ᠠᠰᠠᠭᠤᠯᠲᠠ ᠲᠠᠯᠪᠢᠵᠤ

ᠪᠠᠶᠢᠳᠠᠭ᠃ ᠮᠡᠳᠡᠯᠭᠡ  ᠨᠢ ᠭᠤᠣᠯᠯᠠᠭᠴᠢ ᠬᠡᠪ ᠪᠣᠯᠪᠠᠰᠤᠷᠠᠯ ᠪᠢᠰᠢ ᠪᠣᠯᠴᠢᠬᠠᠪᠠ ᠦᠦ︖ ᠬᠢᠴᠢᠶᠡᠯ ᠲᠦᠷᠦᠯ ᠤᠨ

ᠮᠡᠳᠡᠯᠭᠡ ᠦᠭᠡᠢ ᠪᠠᠷ ᠶᠠᠭᠠᠬᠢᠵᠤ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠲᠠᠢ ᠪᠣᠯᠵᠤ ᠳᠡᠶᠢᠯᠬᠦ         

ᠪᠣᠢ︖ ᠡ᠊ᠨᠡ ᠭᠦ ᠠᠰᠠᠭᠤᠳᠠᠯ ᠪᠣᠯ ᠦᠨᠡᠨ ᠳᠤ ᠪᠠᠨ ᠭᠤᠷᠮᠤᠰᠤᠨ ᠬᠠᠷᠠᠯᠲᠠ ᠶᠢᠨ ᠳᠣᠲᠣᠷᠠᠬᠢ ᠮᠡᠳᠡᠯᠭᠡ ᠪᠠ

ᠭᠤᠣᠯᠯᠠᠭᠴᠢ ᠬᠡᠪ ᠪᠣᠯᠪᠠᠰᠤᠷᠠᠯ ᠤᠨ ᠬᠠᠷᠢᠴᠠᠭᠠᠨ ᠤ ᠠᠰᠠᠭᠤᠳᠠᠯ ᠮᠥᠨ᠃ ᠠᠶᠢᠨᠰᠲ᠋ᠧᠨ᠄ ︽ᠰᠤᠷᠭᠠᠨ ᠬᠥᠮᠦᠵᠢᠯ ᠪᠣᠯ

ᠨᠢᠭᠡᠨᠲᠡ ᠰᠣᠷᠣᠭᠰᠠᠨ ᠶᠠᠭᠤᠮ᠎ᠠ ᠪᠦᠬᠦᠨ  ᠢᠶᠠᠨ ᠮᠠᠷᠲᠠᠭᠰᠠᠨ ᠤ ᠳᠠᠷᠠᠭ᠎ᠠ ᠦᠯᠡᠳᠡᠭᠰᠡᠨ ᠶᠠᠭᠤᠮ᠎ᠠ ᠲᠡᠳᠦᠢ          

ᠶᠤᠮ︾ ᠭᠡᠵᠦ ᠬᠡᠯᠡᠵᠦ ᠥᠩᠭᠡᠷᠡᠭᠰᠡᠨ ᠶᠤᠮ᠃ ᠡᠭᠦᠨ ᠳᠤ ᠮᠠᠷᠲᠠᠵᠤ ᠣᠷᠬᠢᠭᠰᠠᠨ ᠵᠦᠢᠯ ᠪᠣᠯ ᠪᠣᠳᠠᠲᠠᠢ ᠰᠣᠷᠣᠭᠰᠠᠨ

ᠮᠡᠳᠡᠯᠭᠡ ᠪᠠ ᠠᠭᠤᠯᠭ᠎ᠠ ᠮᠥᠨ᠃ ᠬᠠᠷᠢᠨ ᠦᠯᠡᠳᠡᠭᠰᠡᠨ ᠵᠦᠢᠯ ᠨᠢ ᠳᠠᠷᠤᠢ ᠴᠢᠳᠠᠪᠤᠷᠢ ᠪᠠ ᠬᠡᠪ ᠴᠢᠨᠠᠷ᠂

ᠲᠤᠬᠠᠶᠢᠯᠠᠪᠠᠯ ᠭᠤᠣᠯᠯᠠᠭᠴᠢ ᠬᠡᠪ ᠪᠣᠯᠪᠠᠰᠤᠷᠠᠯ ᠪᠣᠯᠣᠨ᠎ᠠ᠃

      ᠡᠶᠢᠮᠦ ᠠᠴᠠ ᠭᠤᠷᠮᠤᠰᠤᠨ ᠬᠠᠷᠠᠯᠲᠠ ᠶᠢᠨ ᠵᠢᠭᠠᠨ ᠰᠤᠷᠭᠠᠯᠲᠠ ᠳᠤ ᠮᠡᠳᠡᠯᠭᠡ ᠶᠢ ᠬᠠᠷᠢᠴᠠᠯᠠᠰᠢ ᠦᠭᠡᠢ

ᠴᠢᠬᠤᠯᠠᠴᠢᠯᠠᠵᠤ ᠪᠠᠶᠢᠭᠰᠠᠨ ᠠᠴᠠ ᠪᠠᠨ ᠭᠤᠣᠯᠯᠠᠭᠴᠢ ᠬᠡᠪ ᠪᠣᠯᠪᠠᠰᠤᠷᠠᠯ ᠳᠤ ᠴᠢᠳᠠᠪᠤᠷᠢ ᠪᠠ ᠬᠡᠪ ᠴᠢᠨᠠᠷ ᠢ

ᠴᠢᠬᠤᠯᠠᠴᠢᠯᠠᠬᠤ ᠪᠣᠯᠤᠭᠰᠠᠨ ᠨᠢ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠮᠥᠨ᠃ ᠭᠡᠬᠦ ᠳᠤ ᠪᠠᠨ ᠭᠤᠣᠯᠯᠠᠭᠴᠢ ᠬᠡᠪ

ᠪᠣᠯᠪᠠᠰᠤᠷᠠᠯ ᠳᠤ ᠮᠡᠳᠡᠯᠭᠡ ᠶᠢ ᠡᠵᠡᠮᠰᠢᠬᠦ ᠦᠭᠡᠢ ᠭᠡᠰᠡᠨ ᠦᠭᠡ ᠪᠢᠰᠢ ᠶᠤᠮ᠃ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠠᠵᠢᠯᠯᠠᠭ᠎ᠠ ᠳᠤ ᠬᠡᠷᠪᠡ ᠰᠤᠷᠤᠭᠴᠢᠳ ᠲᠤ ᠵᠣᠬᠢᠬᠤ ᠮᠡᠳᠡᠯᠭᠡ ᠶᠢ ᠡᠵᠡᠮᠰᠢᠭᠦᠯᠬᠦ ᠦᠭᠡᠢ ᠪᠣᠯ ᠵᠢᠭᠠᠨ

ᠰᠤᠷᠭᠠᠯᠲᠠ ᠶᠢᠨ ᠠᠵᠢᠯ ᠨᠢ ᠡᠬᠢ ᠦᠭᠡᠢ ᠤᠰᠤ᠂ ᠦᠨᠳᠦᠰᠦ ᠦᠭᠡᠢ ᠮᠣᠳᠣ ᠪᠣᠯᠬᠤ ᠨᠢ ᠳᠠᠮᠵᠢᠭ          

ᠦᠭᠡᠢ᠃ ᠭᠤᠣᠯᠯᠠᠭᠴᠢ ᠬᠡᠪ ᠪᠣᠯᠪᠠᠰᠤᠷᠠᠯ ᠨᠢ ᠮᠡᠳᠡᠯᠭᠡ ᠠᠴᠠ ᠰᠠᠯᠤᠭᠠᠳ ᠲᠤᠰᠠᠭᠠᠷ ᠢᠶᠠᠨ ᠣᠷᠣᠰᠢᠵᠤ ᠲᠡᠶᠢᠯᠬᠦ

ᠦᠭᠡᠢ ᠶᠤᠮ᠃ ᠰᠤᠷᠤᠭᠴᠢᠳ ᠤᠨ ᠭᠤᠣᠯᠯᠠᠭᠴᠢ ᠬᠡᠪ ᠪᠣᠯᠪᠠᠰᠤᠷᠠᠯ ᠢ ᠵᠦᠪᠬᠡᠨ ᠮᠡᠳᠡᠯᠭᠡ ᠣᠯᠭᠤᠬᠤ ᠱᠠᠲᠤᠨ ᠳᠤ

ᠵᠣᠭᠰᠣᠩᠭᠢᠷᠠᠭᠤᠯᠵᠤ ᠪᠣᠯᠬᠤ ᠦᠭᠡᠢ᠂ ᠬᠠᠷᠢᠨ ᠵᠣᠬᠢᠬᠤ ᠮᠡᠳᠡᠯᠭᠡ ᠳᠤ ᠰᠠᠭᠤᠷᠢᠯᠠᠨ ᠮᠡᠳᠡᠯᠭᠡ ᠶᠢ ᠰᠤᠷᠤᠯᠴᠠᠬᠤ ᠪᠠᠷ

ᠳᠠᠮᠵᠢᠨ ᠰᠣᠷᠣᠭᠴᠢᠳ ᠤᠨ ᠴᠢᠳᠠᠪᠤᠷᠢ ᠪᠠ ᠬᠡᠪ ᠴᠢᠨᠠᠷ ᠢ ᠬᠥᠮᠥᠵᠢᠭᠦᠯᠦᠨ ᠳᠡᠭᠡᠭᠰᠢᠯᠡᠭᠦᠯᠵᠦ᠂ ᠭᠤᠣᠯᠯᠠᠭᠴᠢ ᠬᠡᠪ

ᠪᠣᠯᠪᠠᠰᠤᠷᠠᠯ ᠤᠨ ᠥᠨᠳᠥᠷ ᠱᠠᠲᠤᠨ ᠳᠤ ᠬᠦᠷᠭᠡᠭᠰᠡᠨ ᠪᠠᠶᠢᠬᠤ ᠬᠡᠷᠡᠭᠲᠡᠢ᠃ ᠡᠭᠦᠨ ᠠᠴᠠ ᠦᠵᠡᠬᠦ ᠳᠤ ᠭᠤᠷᠮᠤᠰᠤᠨ

ᠬᠠᠷᠠᠯᠲᠠ ᠶᠢᠨ ᠮᠡᠳᠡᠯᠭᠡ ᠶᠢᠨ ᠪᠠᠶᠢᠷᠢ ᠰᠠᠭᠤᠷᠢ᠂ ᠦᠢᠯᠡᠳᠦᠯ ᠨᠢ ᠳᠣᠷᠣᠭᠰᠢᠯᠠᠵᠤ ᠪᠠᠶᠢᠪᠠᠴᠤ ᠭᠤᠣᠯᠯᠠᠭᠴᠢ ᠬᠡᠪ

ᠪᠣᠯᠪᠠᠰᠤᠷᠠᠯ ᠲᠠᠢ ᠵᠥᠷᠢᠴᠡᠯ ᠦᠭᠡᠢ ᠪᠥᠭᠡᠳ ᠡᠰᠡᠷᠭᠦᠴᠡᠯᠳᠦᠬᠦ ᠦᠭᠡᠢ ᠶᠤᠮ᠃ ᠬᠠᠷᠢᠨ ᠭᠤᠣᠯᠯᠠᠭᠴᠢ ᠬᠡᠪ

ᠪᠣᠯᠪᠠᠰᠤᠷᠠᠯ ᠨᠢ ᠭᠤᠷᠮᠤᠰᠤᠨ ᠬᠠᠷᠠᠯᠲᠠ ᠶᠢᠨ ᠬᠥᠭᠵᠢᠭᠦᠯᠦᠯᠲᠡ ᠮᠥᠨ᠃ ᠬᠢᠴᠢᠶᠡᠯ ᠲᠦᠷᠦᠯ ᠤᠨ ᠵᠢᠭᠠᠨ

ᠰᠤᠷᠭᠠᠯᠲᠠ ᠪᠣᠯ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠢ ᠪᠦᠷᠢᠯᠳᠦᠭᠦᠯᠬᠦ ᠠᠷᠭ᠎ᠠ ᠵᠠᠮ          

ᠮᠥᠨ᠃ ᠭᠡᠭᠦ ᠳᠤ ᠬᠢᠴᠢᠶᠡᠯ ᠲᠦᠷᠦᠯ ᠤᠨ ᠮᠡᠳᠡᠯᠭᠡ ᠶᠢ ᠰᠢᠭᠤᠳ ᠬᠢᠴᠢᠶᠡᠯ ᠲᠦᠷᠦᠯ ᠤᠨ ᠭᠤᠣᠯᠯᠠᠭᠴᠢ ᠬᠡᠪ

ᠪᠣᠯᠪᠠᠰᠤᠷᠠᠯ ᠪᠣᠯᠭᠠᠨ ᠬᠤᠪᠢᠷᠠᠭᠤᠯᠵᠤ ᠪᠣᠯᠬᠤ ᠦᠭᠡᠢ᠂ ᠭᠤᠷᠮᠤᠰᠤᠨ ᠬᠠᠷᠠᠯᠲᠠ ᠳᠠᠬᠢ ᠬᠢᠴᠢᠶᠡᠯ ᠲᠦᠷᠦᠯ ᠤᠨ

ᠮᠡᠳᠡᠯᠭᠡ ᠪᠣᠯ ᠵᠦᠪᠬᠡᠨ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠢ ᠪᠦᠷᠢᠯᠳᠦᠭᠦᠯᠬᠦ ᠠᠴᠢᠶᠠᠯᠠᠭᠴᠢ

ᠮᠥᠨ᠃ ᠳᠥᠭᠦᠮᠬᠡᠨ ᠢᠶᠠᠷ ᠮᠡᠳᠡᠯᠭᠡ ᠶᠢ ᠴᠡᠭᠡᠵᠢᠯᠡᠬᠦ᠂ ᠣᠶᠢᠯᠠᠭᠠᠬᠤ ᠪᠠ ᠡᠵᠡᠮᠰᠢᠬᠦ ᠨᠢ ᠭᠤᠣᠯᠯᠠᠭᠴᠢ ᠬᠡᠪ

ᠪᠣᠯᠪᠠᠰᠤᠷᠠᠯ ᠢ ᠰᠢᠭᠤᠳ ᠪᠦᠷᠢᠯᠳᠦᠭᠦᠯᠵᠦ ᠲᠡᠶᠢᠯᠬᠦ ᠦᠭᠡᠢ᠂ ᠭᠤᠷᠮᠤᠰᠤᠨ ᠬᠠᠷᠠᠯᠲᠠ ᠳᠠᠬᠢ ᠶᠠᠪᠤᠴᠠ ᠪᠠ ᠠᠷᠭ᠎ᠠ ᠨᠢ

ᠬᠡᠳᠦ᠋ᠢᠪᠡᠷ ᠴᠢᠬᠤᠯᠠ ᠦᠢᠯᠡᠳᠦᠯ ᠦᠵᠡᠭᠦᠯᠬᠦ ᠪᠣᠯᠪᠠᠴᠣ᠂ ᠪᠠᠰᠠ ᠴᠤ ᠭᠤᠣᠯᠯᠠᠭᠴᠢ ᠬᠡᠪ ᠪᠣᠯᠪᠠᠰᠤᠷᠠᠯ ᠤᠨ ᠲᠣᠰ

ᠪᠡᠶ᠎ᠡ ᠪᠢᠰᠢ ᠶᠤᠮ᠃ ᠬᠠᠷᠢᠨ ᠭᠤᠣᠯᠯᠠᠭᠴᠢ ᠬᠡᠪ ᠪᠣᠯᠪᠠᠰᠤᠷᠠᠯ ᠢ ᠪᠦᠷᠢᠯᠳᠦᠭᠦᠯᠬᠦ ᠶᠢᠨ ᠬᠥᠭᠦᠷᠭᠡ ᠮᠥᠨ᠃ ᠵᠢᠭᠠᠨ

ᠰᠤᠷᠭᠠᠯᠲᠠ ᠶᠢᠨ ᠠᠵᠢᠯᠯᠠᠭ᠎ᠠ ᠨᠢ ᠬᠢᠴᠢᠶᠡᠯ ᠲᠦᠷᠦᠯ ᠤᠨ ᠮᠡᠳᠡᠯᠭᠡ ᠶᠢ ᠪᠣᠯᠪᠠᠰᠣᠷᠠᠭᠤᠯᠵᠤ ᠰᠢᠩᠭᠡᠭᠡᠭᠰᠨᠨ ᠰᠠᠭᠤᠷᠢᠨ

ᠳᠡᠭᠡᠷ᠎ᠡ ᠬᠤᠪᠢᠷᠠᠭᠤᠯᠵᠤ ᠳᠡᠭᠡᠭᠰᠢᠯᠡᠭᠦᠯᠦᠨ ᠴᠢᠳᠠᠪᠤᠷᠢ ᠪᠣᠯᠣᠨ ᠬᠡᠪ ᠴᠢᠨᠠᠷ ᠪᠣᠯᠪᠠᠯ ᠰᠠᠶ᠋ᠢ ᠰᠤᠷᠤᠭᠴᠢᠳ

ᠭᠤᠣᠯᠯᠠᠭᠴᠢ ᠬᠡᠪ ᠪᠣᠯᠪᠠᠰᠤᠷᠠᠯ ᠲᠠᠢ ᠪᠣᠯᠵᠤ ᠴᠢᠳᠠᠨ᠎ᠠ᠃

      ᠭᠤᠷᠪᠠ᠂ ᠮᠡᠳᠡᠯᠭᠡ ᠶᠢᠨ ᠰᠤᠷᠤᠯᠴᠠᠯᠭ᠎ᠠ ᠪᠠ ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠶᠢᠨ

ᠬᠤᠭᠤᠷᠣᠨᠳᠦᠬᠢ ᠬᠠᠷᠢᠴᠠᠭ᠎ᠠ ᠠᠴᠠ ᠦᠵᠡᠪᠡᠯ᠂

      ᠮᠡᠳᠡᠯᠭᠡ ᠶᠢ ᠰᠤᠷᠤᠯᠴᠠᠬᠤ ᠶᠠᠪᠤᠴᠠ ᠳᠤ ᠰᠣᠷᠣᠭᠴᠢᠳ ᠤᠨ ᠭᠤᠣᠯᠯᠠᠭᠴᠢ ᠬᠡᠪ ᠪᠣᠯᠪᠠᠰᠤᠷᠠᠯ ᠢ

ᠬᠥᠮᠥᠵᠢᠭᠦᠯᠳᠡᠭ᠃ ᠳᠡᠭᠡᠳᠦ ᠳᠣᠮᠳᠠᠳᠣ ᠶᠢᠨ ᠲᠡᠦᠬᠡ ᠶᠢᠨ ᠬᠢᠴᠢᠶᠡᠯ ᠤᠨ ᠲᠠᠪᠤᠨ ᠶᠡᠭᠡ ᠭᠤᠣᠯᠯᠠᠭᠴᠢ ᠬᠡᠪ

ᠪᠣᠯᠪᠠᠰᠤᠷᠠᠯ ᠪᠣᠯ ᠲᠣᠰ ᠲᠣᠰ ᠴᠠᠭ ᠣᠷᠣᠨ ᠵᠠᠢ ᠶᠢᠨ ᠦᠵᠡᠯᠲᠡ᠂ ᠲᠡᠦᠬᠡ ᠶᠢᠨ ᠲᠠᠶᠢᠯᠪᠤᠷᠢᠯᠠᠯᠲᠠ᠂ ᠲᠡᠦᠬᠡ ᠶᠢᠨ

ᠪᠣᠳᠠᠰᠴᠢ ᠦᠵᠡᠯᠲᠡ᠂ ᠲᠡᠦᠬᠡᠨ ᠮᠠᠲ᠋ᠧᠷᠢᠶᠠᠯ ᠤᠨ ᠭᠡᠷᠡᠴᠢᠯᠡᠯ᠂ ᠤᠯᠤᠰ ᠭᠡᠷ ᠢᠶᠠᠨ ᠬᠠᠶᠢᠷᠠᠯᠠᠬᠤ ᠰᠡᠳᠬᠢᠯᠭᠡ          

ᠪᠣᠯᠣᠨ᠎ᠠ᠃ ᠲᠡᠦᠬᠡ ᠶᠢᠨ ᠬᠢᠴᠢᠶᠡᠯᠯᠡᠭᠡ ᠳᠤ ᠡᠨᠡ ᠲᠠᠪᠤᠨ ᠶᠡᠭᠡ ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠪᠣᠯ

ᠲᠡᠦᠬᠡ ᠶᠢᠨ ᠮᠥᠨ ᠴᠢᠨᠠᠷ ᠪᠠ ᠱᠠᠭᠠᠷᠳᠠᠯᠭ᠎ᠠ ᠮᠥᠨ᠂ ᠲᠡᠦᠬᠡ ᠪᠣᠯ ᠴᠠᠭ ᠬᠤᠭᠤᠴᠠᠭ᠎ᠠ ᠪᠠ ᠣᠷᠣᠨ ᠵᠠᠢ ᠶᠢ ᠲᠡᠭᠦᠰ

ᠰᠠᠶᠢᠬᠠᠨ ᠤᠶᠠᠯᠳᠤᠭᠤᠯᠬᠤ ᠴᠢᠬᠤᠯᠠᠲᠠᠢ᠂ ᠡᠶᠢᠮᠦ ᠠᠴᠠ ᠲᠡᠦᠬᠡ  ᠶᠢ ᠰᠤᠷᠤᠯᠴᠠᠬᠤ ᠳᠤ ᠦᠨᠳᠦᠰᠦᠨ ᠲᠡᠦᠬᠡᠨ ᠪᠣᠳᠠᠲᠤ

ᠪᠠᠶᠢᠳᠠᠯ ᠢ ᠲᠣᠳᠣᠷᠬᠠᠶᠢᠯᠠᠬᠤ ᠴᠢᠬᠤᠯᠠᠲᠠᠢ᠂ ᠭᠠᠭᠴᠠ ᠬᠦ ᠲᠡᠦᠬᠡᠨ ᠪᠣᠳᠠᠲᠤ ᠪᠠᠶᠢᠳᠠᠯ ᠢ ᠣᠶᠢᠯᠠᠭᠠᠮᠠᠨᠵᠢᠨ ᠰᠠᠶ᠋ᠢ ᠨᠡᠩ

ᠭᠦᠨᠵᠡᠭᠡᠢ ᠣᠶᠢᠯᠠᠭᠠᠬᠤ ᠪᠠ ᠵᠠᠳᠠᠯᠤᠨ ᠰᠢᠨᠵᠢᠯᠡᠬᠦ ᠶᠢᠨ ᠬᠠᠮᠲᠤ ᠡᠯ᠎ᠡ ᠵᠦᠢᠯ ᠤᠨ ᠲᠡᠦᠬᠡᠨ ᠠᠰᠠᠭᠤᠳᠠᠯ ᠢ

ᠰᠢᠢᠳᠪᠦᠷᠢᠯᠡᠵᠦ ᠴᠢᠳᠠᠨ᠎ᠠ᠃

      ᠭᠤᠣᠯᠯᠠᠭᠴᠢ ᠬᠡᠪ ᠪᠣᠯᠪᠠᠰᠤᠷᠠᠯ ᠪᠣᠯ ᠰᠢᠨ᠎ᠡ ᠬᠢᠴᠢᠶᠡᠯᠯᠡᠭᠡ ᠶᠢᠨ ᠥᠭᠡᠷᠡᠴᠢᠯᠡᠯᠲᠡ ᠶᠢ ᠭᠦᠨᠵᠡᠭᠡᠢ

ᠨᠠᠶᠢᠳᠠᠪᠤᠷᠢᠵᠢᠭᠤᠯᠤᠭᠰᠠᠨ ᠤ ᠳᠠᠷᠠᠭ᠎ᠠ ᠳᠤᠷᠠᠳᠤᠭᠰᠠᠨ ᠴᠣ ᠰᠢᠨ᠎ᠡ ᠰᠤᠷᠭᠠᠨ ᠬᠥᠮᠦᠵᠢᠯ ᠤᠨ ᠬᠠᠷᠠᠯᠲᠠ          

ᠮᠥᠨ᠃ ᠡᠭᠦᠨ ᠤ ᠵᠣᠷᠢᠯᠭ᠎ᠠ ᠨᠢ ᠪᠡᠶ᠎ᠡ ᠪᠠᠨ ᠳᠠᠭᠠᠭᠠᠵᠤ ᠬᠥᠭᠵᠢᠬᠦ ᠰᠣᠷᠣᠭᠴᠢ ᠶᠢ ᠬᠥᠮᠥᠵᠢᠭᠦᠯᠬᠦ ᠶᠢᠨ ᠲᠥᠯᠥᠭᠡ

ᠶᠤᠮ᠃ ᠬᠢᠴᠢᠶᠡᠯ ᠲᠦᠷᠦᠯ ᠪᠣᠯᠭᠠᠨ ᠤ ᠭᠤᠣᠯᠯᠠᠭᠴᠢ ᠬᠡᠪ ᠪᠣᠯᠪᠠᠰᠤᠷᠠᠯ ᠤᠨ ᠠᠭᠤᠯᠭ᠎ᠠ ᠨᠢ ᠵᠣᠬᠢᠬᠤ ᠬᠡᠮᠵᠢᠶᠡᠨ ᠤ

ᠬᠠᠨᠳᠤᠯᠭᠠᠲᠤ ᠴᠢᠨᠠᠷ ᠲᠠᠢ ᠪᠠᠶᠢᠳᠠᠭ᠃ ᠲᠡᠦᠬᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠶᠠᠪᠤᠴᠠ ᠳᠤ

ᠭᠤᠣᠯᠯᠠᠭᠴᠢ ᠬᠡᠪ ᠪᠣᠯᠪᠠᠰᠤᠷᠠᠯ ᠤᠨ ᠢᠯᠡᠷᠡᠯ ᠢ ᠠᠭᠤᠳᠠᠯᠤᠨ ᠭᠠᠷᠭᠠᠬᠤ ᠶᠢᠨ ᠬᠠᠮᠲᠤ ᠵᠢᠭᠠᠨ ᠰᠤᠷᠭᠠᠯᠲᠠ ᠶᠢᠨ

ᠶᠠᠪᠤᠴᠠ ᠳᠤ ᠪᠠᠨ ᠢᠯᠡᠷᠡᠭᠦᠯᠵᠦ᠂ ᠰᠣᠷᠣᠭᠴᠢᠳ ᠲᠤ ᠣᠶᠢᠯᠠᠭᠠᠯᠳᠠ ᠲᠥᠷᠥᠭᠳᠡᠯ ᠣᠯᠭᠤᠵᠤ᠂ ᠥᠨᠳᠥᠷ ᠦᠷ᠎ᠡ

ᠠᠰᠢᠭᠲᠤ ᠵᠢᠭᠠᠨ ᠰᠤᠷᠭᠠᠯᠲᠠ ᠶᠢ ᠪᠡᠶᠡᠯᠡᠭᠦᠯᠬᠦ ᠬᠡᠷᠡᠭᠲᠡᠢ᠃ ᠡ᠊ᠨᠳᠠ ᠲᠠᠪᠤᠨ ᠶᠡᠭᠡ ᠭᠤᠣᠯᠯᠠᠭᠴᠢ ᠬᠡᠪ ᠪᠣᠯᠪᠠᠰᠤᠷᠠᠯ ᠤᠨ

ᠠᠭᠤᠯᠭ᠎ᠠ ᠵᠢᠴᠢ ᠲᠡᠦᠬᠡ ᠶᠢᠨ ᠬᠢᠴᠢᠶᠡᠯᠯᠡᠭᠡ ᠳᠠᠬᠢ ᠪᠣᠳᠠᠲᠠᠢ ᠦᠢᠯᠡᠳᠦᠯᠭᠡᠵᠢᠭᠦᠯᠦᠯᠳᠡ ᠶᠢ ︽ᠨᠠᠨᠵᠢᠩ ᠤᠨ

ᠢᠷᠭᠡᠨ ᠤ ᠵᠠᠰᠠᠭ ᠤᠨ ᠣᠷᠳᠣᠨ ᠤ ᠨᠣᠶᠠᠷᠬᠠᠯ ᠪᠠ ᠳᠣᠮᠳᠠᠳᠣ ᠤᠯᠤᠰ ᠤᠨ ᠡᠪ ᠬᠠᠮᠲᠤ ᠨᠠᠮ ᠬᠤᠪᠢᠰᠬᠠᠯ ᠤᠨ ᠰᠢᠨ᠎ᠡ

ᠵᠠᠮ ᠢ ᠨᠡᠭᠡᠭᠡᠭᠰᠡᠨ︾ ᠭᠡᠬᠦ ᠬᠢᠴᠢᠶᠡᠯ ︵ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠬᠤ

ᠳᠤᠮᠳᠠᠳᠤ ᠭᠠᠳᠠᠭᠠᠳᠤ ᠶᠢᠨ ᠲᠡᠦᠬᠡ ᠶᠢᠨ ᠬᠥᠲᠥᠯᠪᠦᠷᠢ ᠶᠢᠨ ᠲᠣᠪᠴᠢ ᠶᠢᠨ ᠳᠡᠭᠡᠳᠦ ᠳᠡᠪᠲᠡᠷ ᠤᠨ 22 ᠳ᠋ᠤᠭᠠᠷ

ᠬᠢᠴᠢᠶᠡᠯ︶ ᠢᠶᠠᠷ ᠵᠢᠱᠢᠶ᠎ᠡ ᠪᠣᠯᠭᠠᠵᠤ ᠭᠤᠣᠯᠯᠠᠭᠴᠢ ᠬᠡᠪ ᠪᠣᠯᠪᠠᠰᠤᠷᠠᠯ ᠢ ᠨᠢᠭᠡ ᠬᠢᠴᠢᠶᠡᠯ ᠳᠤ ᠬᠡᠷᠬᠢᠨ

ᠦᠢᠯᠡᠳᠦᠯᠭᠡᠵᠢᠭᠦᠯᠬᠦ ᠲᠤᠬᠠᠢ ᠳᠦᠬᠦᠮ ᠵᠠᠳᠠᠯᠤᠯᠲᠠ ᠬᠢᠶ᠎ᠡ᠄

      ① ᠴᠠᠭ ᠣᠷᠣᠨ ᠵᠠᠢ ᠶᠢᠨ ᠣᠶᠢᠯᠠᠭᠠᠭᠳᠠᠬᠤᠨ᠄ ᠡᠨᠡ ᠨᠢ ᠬᠡᠷᠡᠭ ᠪᠣᠳᠠᠰ ᠬᠢᠭᠡᠳ ᠣᠨᠴᠠᠭᠠᠢ ᠴᠠᠭ

ᠬᠤᠭᠤᠴᠠᠭ᠎ᠠ ᠵᠢᠴᠢ ᠣᠷᠣᠨ ᠵᠠᠢ ᠶᠢᠨ ᠬᠤᠯᠪᠤᠭ᠎ᠠ ᠶᠢ ᠠᠵᠢᠭᠯᠠᠬᠤ᠂ ᠵᠠᠳᠠᠯᠬᠤ ᠣᠶᠢᠯᠠᠭᠠᠭᠳᠠᠬᠤᠨ ᠢ ᠵᠢᠭᠠᠵᠤ          

ᠪᠠᠶᠢᠨ᠎ᠠ᠃ ᠲᠠᠷᠠ ᠨᠢ ᠲᠡᠦᠬᠡ ᠶᠢᠨ ᠣᠨ ᠲᠣᠭᠠᠯᠠᠯ᠂ ᠲᠡᠦᠬᠡ ᠶᠢᠨ ᠴᠠᠭ ᠤᠨ ᠳᠠᠷᠠᠭᠠᠯᠠᠯ᠂ ᠣᠨ ᠵᠢᠯ ᠤᠨ ᠬᠡᠮᠵᠢᠶ᠎ᠡ᠂

ᠱᠠᠲᠤ ᠦᠶ᠎ᠡ ᠶᠢᠨ ᠣᠨᠴᠠᠯᠢᠭ᠂ ᠲᠡᠦᠬᠡ ᠶᠢᠨ ᠶᠡᠭᠡ ᠶᠠᠪᠤᠳᠠᠯ ᠤᠨ ᠣᠨ ᠤ ᠬᠦᠰᠦᠨᠦᠭᠲᠦ᠂ ᠲᠡᠦᠬᠡ ᠶᠢᠨ ᠭᠠᠵᠠᠷ ᠤᠨ

ᠵᠢᠷᠤᠭ ᠵᠡᠷᠭᠡ ᠬᠡᠯᠪᠡᠷᠢ ᠪᠠᠷ ᠢᠯᠡᠷᠡᠳᠡᠭ᠃ ᠲᠣᠰ ᠬᠢᠴᠢᠶᠡᠯ ᠳᠤ᠂ ᠨᠠᠨᠵᠢᠩ ᠤᠨ ᠢᠷᠭᠡᠨ ᠤ ᠵᠠᠰᠠᠭ ᠤᠨ ᠣᠷᠳᠣᠨ ᠤ

ᠨᠣᠶᠠᠷᠬᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯ ᠤᠨ ᠰᠢᠨ᠎ᠡ ᠵᠠᠮ ᠢ ᠨᠡᠭᠡᠭᠡᠭᠰᠡᠨ ᠤᠨᠴᠠᠭᠠᠢ

ᠴᠠᠭ ᠪᠠ ᠣᠷᠣᠨ ᠵᠠᠢ ᠶᠢᠨ ᠣᠷᠴᠢᠨ ᠲᠣᠭᠤᠷᠢᠨ ᠢ ᠲᠠᠨᠢᠵᠤ᠂ ᠲᠡᠭᠦᠨ ᠤ ᠤᠨᠴᠠᠭᠠᠢ ᠴᠠᠭ ᠪᠠ ᠣᠷᠣᠨ ᠵᠠᠢ ᠶᠢᠨ

ᠠᠬᠤᠢ ᠪᠠᠶᠢᠳᠠᠯ ᠪᠠ ᠱᠠᠲᠤ ᠦᠶ᠎ᠡ ᠶᠢᠨ ᠣᠨᠴᠠᠯᠢᠭ ᠢ ᠠᠳᠬᠤᠵᠤ ᠠᠪᠬᠤ ᠪᠥᠭᠡᠳ ᠭᠠᠵᠠᠷ ᠤᠨ ᠵᠢᠷᠤᠭ᠂ ᠣᠬᠤᠷ

ᠹᠢᠯᠢᠮ ᠵᠡᠷᠭᠡ ᠶᠢ ᠬᠡᠷᠡᠭᠯᠡᠵᠦ᠂ ᠲᠡᠦᠬᠡ ᠶᠢᠨ ᠴᠠᠭ ᠣᠷᠣᠨ ᠵᠠᠢ ᠶᠢ ᠳᠠᠬᠢᠨ ᠢᠯᠡᠷᠡᠭᠦᠯᠪᠡᠯ ᠰᠤᠷᠤᠭᠴᠢᠳ ᠲᠤ ᠥᠭᠬᠦ

ᠰᠠᠭᠤᠭᠳᠠᠯ ᠨᠢ ᠰᠠᠶᠢᠨ ᠪᠣᠯᠣᠨ᠎ᠠ᠃

      ② ᠲᠡᠦᠬᠡ ᠶᠢᠨ ᠲᠠᠶᠢᠯᠪᠤᠷᠢᠯᠠᠯᠲᠠ᠄ ᠲᠡᠦᠬᠡ ᠶᠢᠨ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠵᠦ᠂ ᠲᠡᠦᠬᠡ ᠶᠢᠨ

ᠣᠶᠢᠯᠠᠭᠠᠯᠲᠠ ᠪᠠᠷ ᠰᠠᠭᠤᠷᠢ ᠪᠣᠯᠭᠠᠵᠤ᠂ ᠲᠡᠦᠬᠡ ᠶᠢᠨ ᠬᠡᠷᠡᠭ ᠪᠣᠳᠠᠰ ᠲᠤ ᠣᠶᠤᠨᠴᠢ ᠴᠢᠨᠠᠷ ᠲᠠᠢ ᠵᠠᠳᠠᠯᠤᠯᠲᠠ ᠬᠢᠬᠦ

ᠪᠠ ᠪᠤᠰᠤᠳᠴᠢ ᠦᠨᠡᠯᠡᠯᠲᠡ ᠬᠢᠬᠦ ᠣᠪᠣᠷ᠂ ᠴᠢᠳᠠᠪᠤᠷᠢ ᠪᠠ ᠠᠷᠭ᠎ᠠ᠂ ᠮᠠᠲ᠋ᠧᠷᠢᠶᠠᠯ ᠢ ᠡᠮᠬᠢᠯᠡᠬᠦ᠂ ᠲᠡᠦᠬᠡ ᠶᠢᠨ

ᠮᠠᠲ᠋ᠧᠷᠢᠶᠠᠯ ᠢ ᠲᠠᠶᠢᠯᠪᠤᠷᠢᠯᠠᠬᠤ᠂ ᠡᠬᠢ ᠡᠭᠦᠰᠦᠯ ᠢ ᠮᠥᠷᠳᠡᠬᠦ᠂ ᠰᠢᠯᠲᠠᠭᠠᠨ ᠦᠷ᠎ᠡ ᠶᠢ ᠰᠢᠨᠵᠢᠯᠡᠨ ᠰᠤᠳᠤᠯᠬᠤ᠂

ᠬᠠᠨᠳᠤᠰᠢ ᠶᠢ ᠵᠠᠳᠠᠯᠬᠤ᠂ ᠨᠥᠯᠥᠭᠡ ᠶᠢ ᠲᠣᠳᠣᠷᠬᠠᠶᠢᠯᠠᠬᠤ᠂ ᠪᠠᠶᠢᠷᠢ ᠰᠠᠭᠤᠷᠢ ᠶᠢ ᠮᠠᠭᠠᠳᠯᠠᠬᠤ ᠵᠡᠷᠭᠡ ᠬᠡᠯᠪᠡᠷᠢ ᠪᠠᠷ

ᠰᠢᠯᠭᠠᠨ ᠪᠠᠶᠢᠴᠠᠭᠠᠵᠤ᠂ ᠲᠡᠦᠬᠡ ᠶᠢ ᠥᠭᠦᠯᠡᠬᠦ ᠪᠠ ᠲᠡᠦᠬᠡ ᠶᠢᠨ ᠲᠠᠨᠢᠯᠲᠠ ᠶᠢ ᠪᠦᠷᠢᠯᠳᠦᠭᠦᠯᠬᠦ ᠴᠢᠳᠠᠪᠤᠷᠢ ᠶᠢ

ᠬᠥᠮᠥᠵᠢᠭᠦᠯᠬᠦ ᠶᠢ ᠵᠢᠭᠠᠵᠤ ᠪᠠᠶᠢᠨ᠎ᠠ᠃ ᠲᠤᠰ ᠬᠢᠴᠢᠶᠡᠯ ᠳᠤ᠂ ᠬᠤᠯᠪᠣᠭᠳᠠᠯ ᠪᠦᠬᠦᠢ ᠰᠤᠷᠪᠤᠯᠵᠢ ᠪᠢᠴᠢᠭ᠂ ᠲᠡᠦᠬᠡᠨ

ᠮᠠᠲ᠋ᠧᠷᠢᠶᠠᠯ᠂ ᠵᠢᠷᠤᠭ ᠰᠡᠭᠦᠳᠡᠷ ᠢ ᠬᠡᠷᠡᠭᠯᠡᠨ ᠵᠠᠳᠠᠯᠤᠯᠲᠠ ᠬᠢᠵᠦ᠂ ᠨᠠᠨᠵᠢᠩ ᠤᠨ ᠢᠷᠭᠡᠨ ᠤ ᠵᠠᠰᠠᠭ ᠤᠨ ᠣᠷᠳᠣᠨ

ᠪᠠᠶᠢᠭᠤᠯᠤᠭᠳᠠᠭᠰᠠᠨ ᠢ ᠲᠠᠨᠢᠵᠤ᠂ ᠵᠥᠪᠯᠡᠯ ᠤᠨ ᠵᠠᠰᠠᠭ᠂ ᠬᠤᠪᠢᠰᠬᠠᠯ ᠤᠨ ᠰᠠᠭᠤᠷᠢᠨ ᠭᠠᠵᠠᠷ ᠵᠡᠷᠭᠡ

ᠤᠬᠠᠭᠳᠠᠬᠤᠨ ᠳᠤ ᠲᠠᠶᠢᠯᠪᠤᠷᠢᠯᠠᠯᠲᠠ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯ ᠤᠨ ᠰᠢᠨ᠎ᠡ

ᠵᠠᠮ ᠢ ᠨᠡᠭᠡᠭᠡᠭᠰᠡᠨ ᠪᠠ ᠤᠷᠳᠤ ᠵᠠᠮ ᠤᠨ ᠠᠶᠠᠨ ᠳᠠᠶᠢᠨ ᠤ ᠠᠴᠢ ᠬᠤᠯᠪᠣᠭᠳᠠᠯ ᠢ ᠲᠠᠨᠢᠭᠤᠯᠵᠤ᠂ ᠰᠤᠷᠤᠭᠴᠢᠳ ᠤᠨ

ᠲᠡᠦᠬᠡ ᠶᠢ ᠲᠠᠶᠢᠯᠪᠤᠷᠢᠯᠠᠬᠤ ᠴᠢᠳᠠᠪᠤᠷᠢ ᠶᠢ ᠬᠥᠮᠥᠵᠢᠭᠦᠯᠦᠨ᠎ᠡ᠃

      ③ ᠲᠡᠦᠬᠡ ᠶᠢᠨ ᠪᠣᠳᠠᠰᠴᠢ ᠦᠵᠡᠯᠲᠡ᠄ ᠡᠨᠡ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠲᠡᠦᠬᠡ ᠶᠢᠨ

ᠪᠤᠰᠤᠳᠴᠢ ᠰᠠᠭᠤᠷᠢ ᠵᠢᠴᠢ ᠬᠥᠭᠵᠢᠯᠲᠡ ᠶᠢᠨ ᠵᠢᠮ᠎ᠡ ᠶᠣᠰᠣ ᠶᠢ ᠢᠯᠡᠷᠡᠭᠦᠯᠬᠦ ᠰᠢᠨᠵᠢᠯᠡᠬᠦ ᠤᠬᠠᠭᠠᠨᠴᠢ ᠲᠡᠦᠬᠡ ᠶᠢᠨ

ᠦᠵᠡᠯᠲᠡ ᠪᠠ ᠠᠷᠭ᠎ᠠ ᠪᠣᠯᠣᠨ᠎ᠠ᠃ ᠡᠭᠦᠨ ᠳᠤ ᠨᠡᠶᠢᠭᠡᠮ ᠤᠨ ᠣᠷᠣᠰᠢᠬᠤᠢ ᠨᠢ ᠨᠡᠶᠢᠭᠡᠮ ᠤᠨ ᠦᠵᠡᠯ ᠤᠬᠠᠮᠰᠠᠷ ᠢ

ᠲᠣᠭᠲᠠᠭᠠᠵᠤ᠂ ᠦᠢᠯᠡᠳᠪᠦᠷᠢᠯᠡᠯ ᠤᠨ ᠬᠦᠴᠦᠨ ᠨᠢ ᠦᠢᠯᠡᠳᠪᠦᠷᠢᠯᠡᠯ ᠤᠨ ᠬᠠᠷᠢᠴᠠᠭ᠎ᠠ ᠶᠢ ᠲᠣᠭᠲᠠᠭᠠᠵᠤ᠂ ᠠᠵᠤ

ᠠᠬᠤᠢ ᠶᠢᠨ ᠰᠠᠭᠤᠷᠢ ᠨᠢ ᠳᠡᠭᠡᠳᠦ ᠳᠠᠪᠬᠤᠷᠭ᠎ᠠ ᠶᠢ ᠲᠣᠭᠲᠠᠭᠠᠵᠤ᠂ ᠠᠷᠠᠳ ᠲᠦᠮᠡᠨ ᠪᠣᠯ ᠲᠡᠦᠬᠡ ᠶᠢᠨ ᠡᠭᠦᠳᠦᠨ

ᠪᠦᠲᠦᠭᠡᠭᠴᠢ ᠮᠥᠨ᠂ ᠬᠥᠮᠥᠨ ᠤ ᠠᠮᠢᠳᠤᠷᠠᠯ ᠤᠨ ᠵᠢᠩᠬᠢᠨᠢ ᠦᠨ᠎ᠡ ᠦᠷᠲᠡᠭ ᠨᠢ ᠨᠡᠶᠢᠭᠡᠮ ᠳᠤ ᠦᠵᠡᠭᠦᠯᠦᠭᠰᠡᠨ

ᠬᠤᠪᠢ ᠨᠡᠮᠡᠷᠢ ᠳᠤ ᠪᠠᠶᠢᠬᠤ ᠵᠡᠷᠭᠡ ᠶᠢ ᠪᠠᠭᠲᠠᠭᠠᠨ᠎ᠠ᠃ ᠲᠤᠰ ᠬᠢᠴᠢᠶᠡᠯ ᠳᠤ᠂ ᠲᠡᠦᠬᠡ ᠶᠢᠨ ᠪᠣᠳᠠᠰᠴᠢ ᠦᠵᠡᠯᠲᠡ ᠶᠢ

ᠬᠡᠷᠡᠭᠯᠡᠨ᠂ ᠠᠩᠭᠢ ᠶᠢᠨ ᠲᠡᠮᠡᠴᠡᠯ᠂ ᠠᠷᠠᠳ ᠲᠦᠮᠡᠨ ᠲᠡᠦᠬᠡ ᠶᠢ ᠪᠦᠲᠦᠭᠡᠭᠰᠡᠨ ᠵᠢᠴᠢ ᠲᠡᠦᠬᠡ ᠶᠢᠨ ᠬᠤᠯᠪᠣᠭᠳᠠᠯ

ᠪᠦᠬᠦᠢ ᠤᠨᠤᠯ ᠢ ᠬᠤᠪᠢᠰᠤᠩᠭᠤᠢ ᠪᠠᠷ ᠵᠠᠳᠠᠯᠤᠨ ᠰᠢᠨᠵᠢᠯᠡᠵᠦ᠂ ᠠᠵᠢᠯᠴᠢᠨ ᠲᠠᠷᠢᠶᠠᠴᠢᠨ ᠤ ᠵᠡᠪᠰᠡᠭᠲᠦ ᠬᠦᠴᠦᠨ ᠤ

ᠬᠡᠰᠡᠭᠯᠡᠨ ᠡᠵᠡᠯᠡᠯᠲᠡ ᠶᠢ ᠣᠶᠢᠯᠠᠭᠠᠭᠤᠯᠵᠤ᠂ ᠰᠤᠷᠤᠭᠴᠢᠳ ᠤᠨ ᠲᠡᠦᠬᠡ ᠶᠢᠨ ᠪᠣᠳᠠᠰᠴᠢ ᠦᠵᠡᠯ ᠪᠠ ᠬᠤᠪᠢᠰᠤᠩᠭᠤᠢ

ᠪᠣᠳᠠᠰᠴᠢ ᠦᠵᠡᠯ ᠢᠶᠠᠷ ᠲᠡᠦᠬᠡ ᠶᠢᠨ ᠠᠰᠠᠭᠤᠳᠠᠯ ᠢ ᠵᠠᠳᠠᠯᠬᠤ ᠴᠢᠳᠠᠪᠤᠷᠢ ᠶᠢ ᠬᠥᠮᠥᠵᠢᠭᠦᠯᠦᠨ᠎ᠡ᠃

      ④ ᠲᠡᠦᠬᠡᠨ ᠮᠠᠲ᠋ᠧᠷᠢᠶᠠᠯ ᠤᠨ ᠭᠡᠷᠡᠴᠢᠯᠡᠯ᠄ ᠡᠨᠡ ᠨᠢ ᠣᠯᠣᠭᠰᠠᠨ ᠲᠡᠣᠬᠡᠨ ᠮᠠᠲ᠋ᠧᠷᠢᠶᠠᠯ ᠳᠤ ᠢᠯᠭᠠᠨ

ᠵᠠᠳᠠᠯᠤᠯᠲᠠ ᠬᠢᠬᠦ ᠶᠢᠨ ᠬᠠᠮᠲᠤ ᠢᠲᠡᠭᠡᠮᠵᠢᠲᠡᠢ ᠲᠡᠦᠬᠡᠨ ᠮᠠᠲ᠋ᠧᠷᠢᠶᠠᠯ ᠢ ᠬᠡᠷᠡᠭᠯᠡᠨ ᠲᠡᠦᠬᠡ ᠶᠢᠨ ᠦᠨᠡᠨ ᠪᠣᠳᠠᠲᠠᠢ

ᠣᠪᠣᠷ ᠪᠠ ᠠᠷᠭ᠎ᠠ ᠶᠢ ᠴᠢᠷᠮᠠᠶᠢᠨ ᠲᠠᠬᠢᠨ ᠢᠯᠡᠷᠡᠭᠦᠯᠵᠦ᠂ ᠲᠡᠦᠬᠡᠨ ᠮᠠᠲ᠋ᠧᠷᠢᠶᠠᠯ ᠢ ᠠᠩᠭᠢᠯᠠᠬᠤ᠂ ᠲᠡᠦᠬᠡᠨ

ᠮᠠᠲ᠋ᠧᠷᠢᠶᠠᠯ ᠢ ᠢᠯᠭᠠᠨ ᠵᠠᠳᠠᠯᠬᠤ᠂ ᠲᠡᠦᠬᠡᠨ ᠮᠠᠲ᠋ᠧᠷᠢᠶᠠᠯ ᠢ ᠬᠡᠷᠡᠭᠯᠡᠬᠦ᠂ ᠦᠵᠡᠯᠲᠡ ᠶᠢ ᠨᠤᠲᠠᠯᠠᠬᠤ ᠬᠡᠯᠪᠡᠷᠢ ᠪᠠᠷ

ᠢᠯᠡᠷᠡᠭᠦᠯᠬᠦ ᠶᠢ ᠵᠢᠭᠠᠵᠦ ᠪᠠᠶᠢᠨ᠎ᠠ᠃ ᠲᠤᠰ ᠬᠢᠴᠢᠶᠡᠯ ᠳᠤ᠂ ᠠᠳᠠᠯᠢ ᠪᠤᠰᠤ ᠲᠦᠷᠥᠯ ᠤᠨ ᠲᠡᠦᠬᠡᠨ ᠮᠠᠲ᠋ᠧᠷᠢᠶᠠᠯ

︵ᠦᠰᠦᠭ ᠪᠢᠴᠢᠭ ᠤᠨ ᠲᠡᠦᠬᠡᠨ ᠮᠡᠲ᠋ᠧᠷᠢᠶᠠᠯ᠂ ᠵᠢᠷᠤᠭ ᠰᠡᠭᠦᠳᠡᠷ᠂ ᠳᠦᠷᠰᠦ ᠰᠢᠩᠭᠡᠭᠡᠯᠳᠡ᠂ ᠭᠠᠵᠠᠷ ᠵᠦᠢ ᠶᠢᠨ

ᠲᠡᠦᠬᠡᠨ ᠮᠠᠲ᠋ᠧᠷᠢᠶᠠᠯ︶ ᠢ ᠠᠰᠢᠭᠯᠠᠵᠤ᠂ ᠨᠠᠨᠵᠢᠩ ᠤᠨ ᠢᠷᠭᠡᠨ ᠤ ᠵᠠᠰᠠᠭ  ᠤᠨ ᠣᠷᠳᠣᠨ ᠤ ᠨᠣᠶᠠᠷᠬᠠᠯ ᠪᠠ ᠳᠤᠮᠳᠠᠳᠤ

ᠤᠯᠤᠰ ᠤᠨ ᠡᠪ ᠬᠠᠮᠲᠤ ᠨᠠᠮ ᠤᠨ ᠬᠤᠪᠢᠰᠬᠠᠯ ᠤᠨ ᠰᠢᠨ᠎ᠡ ᠵᠠᠮ ᠢ ᠨᠡᠭᠡᠭᠡᠭᠰᠡᠨ ᠶᠠᠪᠤᠴᠠ᠂ ᠣᠨᠴᠠᠯᠢᠭ ᠵᠢᠴᠢ

ᠨᠥᠯᠥᠭᠡ ᠶᠢ ᠰᠣᠷᠤᠯᠴᠠᠵᠤ᠂ ᠰᠤᠷᠤᠭᠴᠢᠳ ᠤᠨ ᠠᠰᠠᠭᠤᠳᠠᠯ ᠢ ᠰᠤᠳᠤᠯᠤᠨ ᠰᠢᠨᠵᠢᠯᠡᠬᠦ ᠴᠢᠳᠠᠪᠤᠷᠢ ᠶᠢ ᠨᠢ

ᠳᠡᠭᠡᠭᠰᠢᠯᠡᠬᠦᠯᠦᠨ᠎ᠡ᠃

      ⑤ ᠤᠯᠤᠰ ᠭᠡᠷ ᠢᠶᠠᠨ ᠬᠠᠶᠢᠷᠠᠯᠠᠬᠤ ᠰᠡᠳᠬᠢᠯᠭᠡ᠄ ᠲᠡᠦᠬᠡ ᠶᠢ ᠰᠣᠷᠣᠯᠴᠠᠨ ᠰᠤᠳᠤᠯᠬᠤ ᠳᠤ ᠪᠠᠶᠢᠪᠠᠰᠤ

ᠵᠣᠬᠢᠬᠤ ᠨᠡᠶᠢᠭᠡᠮ ᠤᠨ ᠬᠠᠷᠢᠭᠤᠴᠠᠯᠭ᠎ᠠ ᠪᠣᠯᠬᠤ ᠬᠥᠮᠥᠨ ᠰᠣᠶᠣᠯ ᠤᠨ ᠬᠠᠶᠢᠷ᠎ᠠ ᠰᠡᠳᠬᠢᠯᠭᠡ ᠪᠣᠯᠣᠨ᠎ᠠ᠃ ᠡᠭᠦᠨ ᠳᠤ

ᠰᠢᠯᠢᠳᠡᠭ ᠤᠯᠠᠮᠵᠢᠯᠠᠯᠳᠣ ᠰᠣᠶᠣᠯ᠂ ᠦᠨᠳᠦᠰᠦᠲᠡᠨ ᠤ ᠵᠣᠷᠢᠭ ᠰᠠᠨᠠᠭ᠎ᠠ᠂ ᠠᠷᠠᠳᠴᠢᠯᠠᠯ᠂ ᠬᠠᠤᠯᠢ ᠪᠠᠷ ᠵᠠᠰᠠᠬᠤ᠂

ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ᠂ ᠳᠡᠯᠡᠬᠡᠢ ᠶᠢᠨ ᠤᠬᠠᠮᠰᠠᠷ᠂ ᠢᠳᠡᠪᠬᠢᠲᠡᠢ ᠠᠮᠢᠳᠤᠷᠠᠬᠤᠢ ᠶᠢᠨ ᠣᠪᠣᠷ ᠪᠠ

ᠪᠦᠷᠢᠨ ᠲᠡᠭᠦᠯᠳᠡᠷ ᠵᠠᠩ ᠴᠢᠨᠠᠷ᠂ ᠪᠣᠳᠠᠲᠤ ᠠᠬᠤᠢ ᠲᠠᠢ ᠤᠶᠠᠯᠳᠤᠭᠤᠯᠬᠤ ᠵᠡᠷᠭᠡ ᠶᠢ ᠪᠠᠭᠲᠠᠭᠠᠨ᠎ᠠ᠃ ᠰᠤᠷᠤᠭᠴᠢᠳ ᠲᠤ

ᠲᠡᠦᠬᠡ ᠶᠢ ᠰᠣᠷᠤᠯᠴᠠᠭᠰᠠᠨ ᠤ ᠳᠠᠷᠠᠭ᠎ᠠ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠶᠢ ᠪᠣᠢ ᠪᠣᠯᠭᠠᠵᠣ᠂ ᠲᠡᠦᠬᠡ ᠶᠢᠨ

ᠮᠡᠳᠡᠯᠭᠡ ᠶᠢ ᠰᠢᠩᠭᠡᠭᠡᠬᠦ‍ ᠨᠢᠭᠡ ᠵᠦᠢᠯ ᠤᠨ ᠶᠣᠰᠣ ᠰᠤᠷᠲᠠᠬᠤᠨ ᠤ ᠬᠥᠮᠦᠵᠢᠯ ᠪᠣᠯᠣᠨ᠎ᠠ᠃ ᠲᠤᠰ ᠬᠢᠴᠢᠶᠡᠯ ᠳᠤ᠂

ᠰᠤᠷᠤᠭᠴᠢᠳ ᠲᠤ ᠵᠢᠩ ᠭᠠᠩ ᠱᠠᠨ ᠤ ᠵᠣᠷᠢᠭ ᠰᠠᠨᠠᠭ᠎ᠠ᠂ ᠤᠷᠲᠤ ᠵᠠᠮ ᠤᠨ ᠠᠶᠠᠨ ᠳᠠᠶᠢᠨ ᠤ ᠵᠣᠷᠢᠭ ᠰᠠᠨᠠᠭ᠎ᠠ ᠶᠢ

ᠣᠶᠢᠯᠠᠭᠠᠭᠤᠯᠬᠤ ᠪᠠᠷ ᠳᠠᠮᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠤᠯᠤᠰ ᠦᠨᠳᠦᠰᠦᠲᠡᠨ ᠤ

ᠰᠡᠷᠭᠦᠨ ᠮᠠᠨᠳᠤᠯᠲᠠ ᠳᠤ ᠦᠨᠡᠨ ᠬᠦ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠨᠠᠮ ᠪᠣᠯᠬᠤ ᠶᠢ

ᠲᠠᠨᠢᠭᠤᠯᠵᠤ᠂ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠨᠤᠭᠤᠷᠠᠰᠢ ᠦᠭᠡᠢ ᠦᠨᠳᠦᠰᠦᠲᠡᠨ ᠤ ᠵᠣᠷᠢᠭ

ᠰᠠᠨᠠᠭ᠎ᠠ ᠪᠣᠯᠣᠨ ᠭᠦᠨ ᠵᠤᠵᠠᠭᠠᠨ ᠡᠬᠡ ᠣᠷᠣᠨᠴᠢ ᠰᠡᠳᠬᠢᠯᠭᠡ ᠶᠢ ᠨᠢ ᠬᠥᠮᠥᠵᠢᠭᠦᠯᠦᠨ᠎ᠡ᠃

      ᠡᠨᠡ ᠮᠡᠲᠦ ᠪᠠᠷ ᠪᠠᠭᠰᠢ ᠠᠴᠠ ᠲᠡᠦᠬᠡ ᠶᠢᠨ ᠬᠢᠴᠢᠶᠡᠯ ᠪᠣᠯᠭᠠᠨ ᠳᠤ ᠪᠠᠨ ᠰᠤᠷᠤᠭᠴᠢᠳ ᠤᠨ ᠭᠤᠣᠯᠯᠠᠭᠴᠢ

ᠬᠡᠪ ᠪᠣᠯᠪᠠᠰᠤᠷᠠᠯ ᠢ ᠬᠥᠮᠥᠵᠢᠭᠦᠯᠬᠦ ᠶᠢ ᠠᠩᠬᠠᠷᠬᠤ ᠳᠤ ᠬᠦᠷᠪᠡᠯ᠂ ᠰᠤᠷᠤᠭᠴᠢᠳ ᠲᠡᠦᠬᠡᠲᠦ ᠬᠥᠮᠥᠰ ᠤᠨ

ᠨᠥᠯᠥᠭᠡ ᠶᠢ ᠬᠦᠷᠲᠡᠵᠦ᠂ ᠠᠬᠠᠮᠠᠳ ᠨᠢᠭᠡ ᠦᠶ᠎ᠡ ᠶᠢᠨ ᠬᠢᠨ ᠤ ᠶᠠᠭᠤᠨ ᠠᠴᠠ ᠴᠦ ᠠᠶᠤᠬᠤ ᠦᠭᠡᠢ ᠪᠠᠭᠠᠲᠤᠷᠯᠢᠭ

ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠣᠶᠢᠯᠠᠭᠠᠵᠤ᠂ ᠲᠡᠳᠡᠨ ᠠᠴᠠ ᠲᠠᠭᠠᠨ ᠰᠤᠷᠤᠯᠴᠠᠬᠤ

ᠰᠡᠳᠬᠢᠴᠡ ᠲᠠᠢ ᠪᠣᠯᠵᠤ᠂ ᠲᠤᠰ ᠲᠦᠷᠦᠯ ᠤᠨ ᠬᠢᠴᠢᠶᠡᠯ ᠳᠤ ᠪᠠᠨ ᠤᠷᠮ᠎ᠠ ᠪᠠᠬ᠎ᠠ ᠲᠠᠢ ᠪᠣᠯᠵᠤ᠂ ᠦᠵᠡᠯ ᠰᠠᠨᠠᠭ᠎ᠠ᠂

ᠴᠢᠳᠠᠪᠤᠷᠢ᠂ ᠬᠡᠪ ᠴᠢᠨᠠᠷ ᠨᠢ ᠳᠡᠭᠡᠭᠰᠢᠯᠡᠵᠦ ᠴᠢᠳᠠᠨ᠎ᠠ᠃

      ᠳᠡᠭᠡᠷ᠎ᠡ ᠥᠭᠦᠯᠡᠭᠰᠡᠨ ᠢ ᠬᠤᠷᠢᠶᠠᠩᠭᠤᠶᠢᠯᠠᠪᠠᠯ᠂ ᠲᠡᠦᠬᠡ ᠶᠢᠨ ᠬᠢᠴᠢᠶᠡᠯᠯᠡᠭᠡ ᠳᠤ ᠭᠤᠣᠯᠯᠠᠭᠴᠢ ᠬᠡᠪ

ᠪᠣᠯᠪᠠᠰᠤᠷᠠᠯ ᠢ ᠬᠥᠮᠥᠵᠢᠭᠦᠯᠬᠦ ᠨᠢ ᠰᠤᠷᠤᠭᠴᠢᠳ ᠤᠨ ᠶᠡᠷᠦᠩᠬᠡᠶᠢᠯᠡᠭᠰᠡᠨ ᠴᠢᠳᠠᠪᠤᠷᠢ ᠶᠢᠨ ᠬᠥᠭᠵᠢᠯᠲᠡ ᠶᠢ ᠠᠬᠢᠭᠤᠯᠵᠤ᠂

ᠲᠡᠦᠬᠡ ᠶᠢᠨ ᠮᠡᠳᠡᠯᠭᠡ ᠶᠢᠨ ᠲᠤᠬᠠᠢ ᠨᠡᠩ ᠰᠠᠶᠢᠨ ᠣᠶᠢᠯᠠᠭᠠᠯᠲᠠ ᠲᠠᠨᠢᠯᠲᠠ ᠲᠠᠢ ᠪᠣᠯᠵᠤ᠂ ᠲᠡᠦᠬᠡ ᠶᠢᠨ ᠬᠢᠴᠢᠶᠡᠯ ᠤᠨ

ᠰᠤᠷᠤᠯᠴᠠᠯᠭ᠎ᠠ ᠶᠢᠨ ᠶᠠᠪᠤᠴᠠ ᠳᠤᠮᠳᠠ ᠪᠠᠨ ᠲᠡᠦᠬᠡ ᠶᠢᠨ ᠰᠡᠳᠬᠢᠬᠦᠢ᠂ ᠲᠡᠦᠬᠡ ᠶᠢᠨ ᠦᠵᠡᠯ ᠰᠠᠨᠠᠭ᠎ᠠ᠂ ᠲᠡᠦᠬᠡ ᠶᠢᠨ

ᠬᠠᠷᠢᠭᠤᠴᠠᠯᠭ᠎ᠠ ᠲᠠᠢ ᠪᠣᠯᠵᠤ᠂ ᠬᠤᠶᠢᠰᠢᠳᠠ ᠶᠢᠨ ᠡᠯ᠎ᠡ ᠵᠦᠢᠯ ᠤᠨ ᠰᠤᠷᠤᠯᠴᠠᠯᠭ᠎ᠠ᠂ ᠰᠢᠯᠭᠠᠯᠲᠠ᠂ ᠢᠷᠡᠭᠡᠳᠦᠢ ᠶᠢᠨ

ᠬᠥᠭᠵᠢᠯᠲᠡ ᠵᠡᠷᠭᠡ ᠳᠤ ᠨᠢ ᠴᠥᠮ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠶᠤᠮ᠃ ᠭᠤᠣᠯᠯᠠᠭᠴᠢ ᠬᠡᠪ

ᠪᠣᠯᠪᠠᠰᠤᠷᠠᠯ ᠢ ᠬᠥᠮᠥᠵᠢᠭᠦᠯᠬᠦ ᠨᠢ ᠥᠩᠭᠡᠷᠡᠭᠰᠡᠨ ᠤ ᠬᠢᠴᠢᠶᠡᠯ ᠤᠨ ᠲᠠᠩᠬᠢᠮ ᠳᠤ ᠪᠠᠭᠰᠢ ᠪᠠᠷ ᠭᠤᠣᠯ ᠪᠣᠯᠭᠠᠬᠤ

ᠤᠯᠠᠮᠵᠢᠯᠠᠯᠲᠤ ᠴᠢᠳᠬᠤᠬᠤ ᠮᠠᠶ᠋ᠢᠭ ᠤᠨ ᠵᠢᠭᠠᠨ ᠰᠤᠷᠭᠠᠯᠲᠠ ᠶᠢ ᠥᠭᠡᠷᠡᠴᠢᠯᠡᠵᠦ᠂ ᠰᠤᠷᠤᠭᠴᠢ ᠶᠢᠨ ᠭᠤᠣᠯ

ᠴᠣᠭᠴᠠ ᠶᠢᠨ ᠦᠢᠯᠡᠳᠦᠯ ᠢ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠡᠦᠬᠡ ᠶᠢᠨ ᠲᠠᠪᠤᠨ

ᠶᠡᠭᠡ ᠭᠤᠣᠯᠯᠠᠭᠴᠢ ᠬᠡᠪ ᠪᠣᠯᠪᠠᠰᠤᠷᠠᠯ ᠤᠨ ᠠᠭᠤᠯᠭ᠎ᠠ ᠶᠢᠨ ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠶᠢ ᠠᠩᠬᠠᠷᠴᠤ᠂

ᠲᠡᠳᠡᠨ ᠢ ᠬᠠᠷᠢᠯᠴᠠᠨ ᠠᠬᠢᠭᠤᠯᠪᠠᠯ ᠰᠤᠷᠤᠭᠴᠢᠳ ᠤᠨ ᠲᠡᠦᠬᠡ ᠶᠢᠨ ᠮᠡᠳᠡᠯᠭᠡ ᠶᠢᠨ ᠲᠤᠬᠠᠢ ᠣᠶᠢᠯᠠᠭᠠᠯᠲᠠ

ᠲᠠᠨᠢᠯᠲᠠ ᠨᠢ ᠨᠡᠩ ᠰᠠᠶᠢᠨ ᠪᠣᠯᠬᠤ ᠮᠥᠷᠲᠡᠭᠡᠨ ᠰᠤᠷᠤᠭᠰᠠᠨ ᠲᠡᠦᠬᠡ ᠶᠢᠨ ᠮᠡᠳᠡᠯᠭᠡ ᠪᠠᠨ ᠬᠡᠷᠡᠭᠯᠡᠨ ᠲᠡᠦᠬᠡ ᠶᠢᠨ

ᠠᠰᠠᠭᠤᠳᠠᠯ ᠢ ᠵᠠᠳᠠᠯᠬᠤ ᠴᠢᠳᠠᠪᠤᠷᠢ᠂ ᠰᠢᠢᠳᠪᠦᠷᠢᠯᠡᠬᠦ ᠴᠢᠳᠠᠪᠤᠷᠢ ᠨᠢ ᠳᠡᠭᠡᠭᠰᠢᠯᠡᠵᠦ᠂ ᠵᠥᠪ ᠣᠨᠤᠪᠴᠢᠲᠠᠢ

ᠶᠢᠷᠲᠢᠨᠴᠦ ᠶᠢᠨ ᠦᠵᠡᠯᠲᠡ᠂ ᠦᠷᠲᠡᠭ ᠤᠨ ᠦᠵᠡᠯᠲᠡ᠂ ᠠᠮᠢᠳᠤᠷᠠᠬᠤᠢ ᠶᠢᠨ ᠦᠵᠡᠯᠲᠡ ᠲᠠᠢ ᠪᠣᠯᠵᠤ᠂ ᠡᠬᠡ ᠣᠷᠣᠨᠴᠢ

ᠰᠡᠳᠬᠢᠯᠭᠡ ᠨᠢ ᠨᠡᠮᠡᠭᠳᠡᠵᠦ᠂ ᠲᠡᠦᠬᠡᠲᠦ ᠬᠥᠮᠥᠰ ᠲᠤ ᠨᠥᠯᠥᠭᠡᠯᠡᠭᠳᠡᠨ ᠠᠬᠠᠮᠠᠳ ᠨᠢᠭᠡ ᠦᠶ᠎ᠡ ᠶᠢᠨ ᠬᠢᠨ ᠠᠴᠠ

ᠰᠤᠷᠤᠯᠴᠠᠬᠤ ᠰᠡᠳᠬᠢᠴᠡ ᠲᠠᠢ ᠪᠣᠯᠵᠤ᠂ ᠡᠷᠡᠭᠦᠯ ᠢᠶᠠᠷ ᠦᠰᠦᠨ ᠪᠤᠶᠢᠵᠢᠵᠤ᠂ ᠲᠡᠳᠡᠨ ᠤ ᠦᠵᠡᠯ ᠰᠠᠨᠠᠭ᠎ᠠ᠂ ᠬᠡᠪ ᠴᠢᠨᠠᠷ᠂

ᠴᠢᠳᠠᠪᠤᠷᠢ ᠨᠢ ᠳᠡᠭᠡᠭᠰᠢᠯᠡᠵᠦ ᠴᠢᠳᠠᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ 

                                ᠬᠤᠶᠠᠳᠤᠭᠠᠷ ᠲᠣᠮᠳᠠᠳᠣ ᠰᠤᠷᠭᠠᠭᠤᠯᠢ

                                ︵ᠠᠯᠳᠠᠨᠰᠦ᠋ᠭᠡ ᠨᠠᠶᠢᠷᠠᠭᠤᠯᠪᠠ︶ 

                                2023.5 ᠳ᠋ᠤᠭᠠᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map