ᠳᠡᠭᠡᠳᠦ ᠳᠤᠮᠳᠠᠳᠤ ᠶᠢᠨ ᠲᠡᠦᠬᠡ ᠶᠢᠨ ᠵᠢᠭᠠᠨ ᠰᠤᠷᠭᠠᠯᠲᠠ ᠳᠤ ᠰᠡᠳᠬᠢᠬᠦᠢ ᠶᠢᠨ ᠵᠢᠷᠤᠭ ᠢ ᠬᠡᠷᠬᠢᠨ ᠪᠦᠳᠦᠮᠵᠢᠳᠡᠢ ᠬᠡᠷᠡᠭᠯᠡᠬᠦ ᠲᠤᠬᠠᠢ
ᠨᠡᠶᠢᠲᠡᠯᠡᠭᠰᠡᠨ ᠴᠠᠭ᠄
2023/12/18
                       ᠬᠦᠤᠪᠤᠯᠤᠭ

教学研究9.png

 

      ᠨᠢᠭᠡ᠂ ᠰᠡᠳᠬᠢᠬᠦᠢ ᠶᠢᠨ ᠵᠢᠷᠤᠭ ᠤᠨ ᠤᠬᠠᠭᠳᠠᠬᠤᠨ

      ᠰᠡᠳᠬᠢᠬᠦᠢ ᠶᠢᠨ ᠵᠢᠷᠤᠭ ᠪᠣᠯ ᠨᠢᠭᠡ ᠵᠦᠢᠯ ᠤᠨ ᠰᠠᠳᠠᠷᠠᠬᠤ ᠰᠡᠳᠬᠢᠬᠦᠢ ᠶᠢ ᠳᠦᠷᠰᠦᠯᠢᠭ ᠪᠣᠯᠭᠠᠬᠤ ᠠᠷᠭ᠎ᠠ

ᠪᠤᠯᠤᠨ᠎ᠠ᠃ ᠲᠤᠰ ᠠᠷᠭ᠎ᠠ ᠶᠢ ᠡᠭᠦᠳᠦᠭᠴᠢ ᠳ᠋ᠦᠩᠨᠢ ᠪᠤᠽᠠᠨ᠄ ︽ᠰᠡᠳᠬᠢᠬᠦᠢ ᠶᠢᠨ ᠵᠢᠷᠤᠭ ᠪᠣᠯ ᠰᠠᠳᠠᠷᠠᠬᠤ ᠴᠢᠨᠠᠷᠲᠠᠢ

ᠰᠡᠳᠬᠢᠬᠦᠢ ᠶᠢ ᠢᠯᠡᠳᠬᠡᠬᠦ ᠪᠦᠲᠦᠮᠵᠢᠲᠡᠢ ᠵᠢᠷᠤᠭ ᠳᠦᠷᠰᠦ ᠶᠢᠨ ᠰᠡᠳᠬᠢᠬᠦᠢ ᠶᠢᠨ ᠪᠠᠭᠠᠵᠢ ᠮᠥᠷᠲᠡᠭᠡᠨ ᠨᠢᠭᠡ

ᠵᠦᠢᠯ ᠤᠨ ᠬᠤᠪᠢᠰᠬᠠᠯᠴᠢ ᠴᠢᠨᠠᠷᠲᠠᠢ ᠰᠡᠳᠬᠢᠬᠦᠢ ᠶᠢᠨ ᠪᠠᠭᠠᠵᠢ ᠮᠥᠨ᠃ ᠰᠡᠳᠬᠢᠬᠦᠢ ᠶᠢᠨ ᠵᠢᠷᠤᠭ ᠨᠢ ᠵᠢᠷᠤᠭ

ᠥᠰᠥᠭ  ᠢ ᠵᠡᠷᠭᠡ ᠪᠠᠷ ᠴᠢᠬᠤᠯᠠᠴᠢᠯᠠᠬᠤ ᠤᠷ᠎ᠠ ᠮᠡᠷᠭᠡᠵᠢᠯ ᠢ ᠬᠡᠷᠡᠭᠯᠡᠨ᠂ ᠡᠯ᠎ᠡ ᠱᠠᠲᠤᠨ ᠤ ᠭᠤᠣᠯ ᠰᠡᠳᠦᠪ  ᠤᠨ

ᠬᠠᠷᠢᠴᠠᠭ᠎ᠠ ᠶᠢ ᠬᠠᠷᠢᠯᠴᠠᠨ ᠬᠠᠷᠢᠶᠠᠯᠠᠭᠳᠠᠬᠤ ᠪᠠ ᠬᠠᠮᠢᠶ᠎ᠠ ᠪᠦᠬᠦᠢ ᠲᠠᠰ ᠳᠠᠪᠬᠤᠷᠭ᠎ᠠ  ᠶᠢᠨ ᠵᠢᠷᠤᠭ ᠢᠶᠠᠷ ᠢᠯᠡᠷᠡᠭᠦᠯᠵᠦ᠂

ᠭᠤᠣᠯ ᠰᠡᠳᠦᠪ ᠤᠨ ᠵᠠᠩᠭᠢᠯᠠᠭ᠎ᠠ ᠶᠢᠨ ᠦᠭᠡ ᠪᠠ ᠵᠢᠷᠤᠭ ᠳᠦᠷᠰᠦ᠂ ᠥᠩᠭᠡ ᠵᠡᠷᠭᠡ ᠪᠠᠷ ᠴᠡᠭᠡᠵᠢᠯᠡᠬᠦᠢ ᠶᠢᠨ

ᠬᠤᠯᠪᠣᠭᠠᠰᠤ ᠪᠠᠶᠢᠭᠤᠯᠤᠨ᠎ᠠ︾ [1] ᠭᠡᠵᠡᠢ᠃ ᠰᠡᠳᠬᠢᠭᠦᠢ ᠶᠢᠨ ᠵᠢᠷᠤᠭ ᠢ ᠵᠢᠭᠠᠨ ᠰᠤᠷᠭᠠᠯᠲᠠ ᠳᠤ

ᠬᠠᠪᠰᠤᠷᠤᠮᠵᠢ ᠪᠣᠯᠭᠠᠬᠤ ᠨᠢ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂

ᠰᠠᠨᠠᠭᠠᠨ ᠳᠤ ᠦᠭᠡᠢ ᠦᠷ᠎ᠡ ᠪᠦᠲᠦᠮᠵᠢ ᠶᠢ ᠣᠯᠬᠤ ᠶᠤᠮ᠃

      ᠬᠤᠶᠠᠷ᠂ ᠰᠡᠳᠬᠢᠬᠦᠢ ᠶᠢᠨ ᠵᠢᠷᠤᠭ ᠤᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ  ᠤ ᠲᠠᠶᠢᠯᠪᠤᠷᠢᠯᠠᠯᠲᠠ

      ᠰᠡᠳᠬᠢᠬᠦᠢ ᠶᠢᠨ ᠵᠢᠷᠤᠭ ᠪᠣᠯ ᠨᠢᠭᠡ ᠵᠦᠢᠯ ᠤᠨ ᠰᠢᠨ᠎ᠡ ᠬᠡᠯᠪᠡᠷᠢ ᠶᠢᠨ ᠵᠢᠭᠠᠨ ᠰᠤᠷᠭᠠᠯᠲᠠ ᠶᠢᠨ

ᠤᠶᠢᠯᠠᠭᠠᠭᠳᠠᠬᠤᠨ ᠮᠥᠨ᠃ ᠪᠠᠭᠰᠢ ᠶᠢᠨ ᠲᠣᠰ ᠪᠡᠶ᠎ᠡ ᠵᠢᠴᠢ ᠰᠤᠷᠤᠭᠴᠢᠳ ᠢ ᠬᠠᠪᠰᠤᠷᠤᠨ ᠮᠡᠳᠡᠯᠭᠡ ᠶᠢᠨ

ᠰᠢᠰᠲ᠋ᠧᠮ ᠢ ᠰᠠᠶᠢᠲᠤᠷ ᠪᠠᠶᠢᠭᠤᠯᠬᠤ ᠴᠢᠬᠤᠯᠠ ᠠᠷᠭ᠎ᠠ ᠮᠥᠨ᠃ ᠰᠤᠷᠤᠭᠴᠢᠳ ᠶᠡᠷᠦ ᠨᠢ ᠰᠢᠨ᠎ᠡ ᠬᠡᠯᠪᠡᠷᠢ ᠶᠢᠨ

ᠮᠡᠳᠡᠯᠭᠡ ᠶᠢᠨ ᠴᠡᠭ ᠲᠤ ᠠᠳᠠᠯᠢ ᠪᠤᠰᠤ ᠦᠵᠡᠯᠲᠡ ᠲᠠᠢ ᠪᠠᠶᠢᠵᠤ᠂ ᠰᠢᠨ᠎ᠡ ᠮᠡᠳᠡᠯᠭᠡ ᠶᠢ ᠰᠤᠷᠤᠯᠴᠠᠬᠤ ᠦᠶ᠎ᠡ ᠳᠤ

ᠶᠡᠷᠦ ᠨᠢ ᠨᠡᠯᠢᠶᠡᠳ ᠴᠢᠩᠭ᠎ᠠ ᠲᠠᠨᠢᠯ ᠪᠤᠰᠤ ᠲᠥᠷᠥᠭᠳᠡᠯ ᠲᠠᠢ ᠪᠠᠶᠢᠳᠠᠭ᠃ ᠰᠡᠳᠬᠢᠬᠦᠢ ᠶᠢᠨ ᠵᠢᠷᠤᠭ ᠪᠣᠯ ᠳᠠᠷᠤᠢ

ᠲᠡᠳᠡᠨ ᠢ ᠬᠠᠪᠰᠤᠷᠤᠨ ᠮᠡᠳᠡᠯᠭᠡ ᠶᠢᠨ ᠰᠦᠯᠵᠢᠶ᠎ᠡ ᠪᠠᠶᠢᠭᠤᠯᠬᠤ ᠪᠦᠲᠦᠮᠵᠢᠲᠡᠶ ᠪᠠᠭᠠᠵᠢ ᠮᠥᠨ᠂ ᠲᠡᠷᠡ ᠨᠢ ᠢᠮᠠᠭᠲᠠ

ᠴᠢᠬᠤᠯᠠ ᠵᠢᠭᠠᠨ ᠰᠤᠷᠭᠠᠯᠲᠠ ᠶᠢᠨ ᠦᠢᠯᠡᠳᠦᠯ ᠢ ᠪᠠᠳᠠᠷᠠᠭᠤᠯᠳᠠᠭ᠃ ᠳᠡᠭᠡᠳᠦ ᠳᠤᠮᠳᠠᠳᠤ ᠶᠢᠨ ᠰᠣᠷᠣᠭᠴᠢ ᠨᠢ ᠪᠠᠭ᠎ᠠ

ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠯᠴᠠᠯᠭ᠎ᠠ ᠪᠣᠯᠪᠠᠰᠤᠷᠠᠯ ᠢᠶᠠᠷ

ᠳᠡᠮᠵᠢᠨ᠂ ᠮᠡᠳᠡᠯᠭᠡ ᠶᠢᠨ ᠴᠡᠭ ᠤᠨ ᠰᠤᠷᠤᠯᠴᠠᠯᠭ᠎ᠠ ᠳᠡᠭᠡᠷ᠎ᠡ ᠨᠢᠭᠡᠨᠲᠡ ᠨᠡᠯᠢᠶᠡᠳ ᠪᠦᠷᠢᠨ ᠪᠦᠲᠦᠨ

ᠲᠥᠯᠦᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠵᠦ ᠴᠢᠳᠠᠳᠠᠭ᠃ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ 

 ᠳᠤ ᠶᠡᠭᠡ ᠬᠡᠮᠵᠢᠶᠡᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠬᠤᠯᠢᠯᠳᠤᠵᠤ᠂ ᠰᠤᠷᠤᠭᠴᠢᠳ ᠰᠠᠶ᠋ᠢ ᠡᠬᠢᠯᠡᠵᠦ

ᠰᠤᠷᠤᠯᠴᠠᠬᠤ ᠦᠶ᠎ᠡ ᠳᠤ ᠨᠡᠯᠢᠶᠡᠳ ᠤᠯᠠᠨ ᠮᠡᠳᠡᠭᠡ ᠵᠠᠩᠭᠢ ᠶᠢᠨ ᠠᠨᠳᠠᠭᠤ ᠲᠥᠷᠥᠭᠳᠡᠯ ᠡᠭᠦᠰᠴᠦ᠂ ᠲᠡᠦᠬᠡ ᠶᠢᠨ

ᠬᠢᠴᠢᠶᠡᠯ ᠤᠨ ᠲᠠᠩᠬᠢᠮ ᠤᠨ ᠮᠡᠳᠡᠭᠡ ᠵᠠᠩᠭᠢ ᠶᠢ ᠡᠵᠡᠮᠰᠢᠬᠦ ᠲᠠᠯ᠎ᠠ ᠪᠠᠷ ᠴᠤ ᠪᠦᠬᠦᠯᠢ ᠴᠣᠭᠴᠠ ᠶᠢᠨ ᠲᠥᠷᠥᠭᠳᠡᠯ ᠢᠶᠠᠷ

ᠳᠤᠲᠠᠮᠠᠭ ᠪᠠᠶᠢᠳᠠᠭ᠃ ᠰᠡᠳᠬᠢᠬᠦᠢ ᠶᠢᠨ ᠵᠢᠷᠤᠭ ᠢᠶᠠᠷ ᠵᠢᠭᠠᠬᠤ ᠠᠷᠭ᠎ᠠ ᠨᠢ ᠵᠠᠩᠭᠢᠯᠠᠭ᠎ᠠ ᠶᠢᠨ ᠦᠭᠡᠰ ᠢᠶᠠᠷ ᠭᠤᠣᠯᠯᠠᠵᠤ᠂

ᠰᠤᠷᠤᠭᠴᠢᠳ ᠢ ᠵᠠᠩᠭᠢᠯᠠᠭ᠎ᠠ ᠶᠢᠨ ᠦᠭᠡᠰ ᠤᠨ ᠰᠠᠩ ᠤᠨ ᠵᠢᠯᠣᠭᠤᠳᠤᠯᠭ᠎ᠠ ᠳᠣᠣᠷ᠎ᠠ ᠠᠭᠠᠵᠢᠮ ᠢᠶᠠᠷ ᠰᠢᠰᠲ᠋ᠧᠮ ᠲᠠᠢ᠂

ᠢᠯᠭᠠᠭ᠎ᠠ ᠲᠠᠢ ᠲᠡᠦᠬᠡ ᠶᠢᠨ ᠮᠡᠳᠡᠯᠭᠡ ᠶᠢᠨ ᠪᠦᠲᠦᠴᠡ ᠲᠠᠢ ᠪᠣᠯᠭᠠᠵᠤ ᠴᠢᠳᠠᠨ᠎ᠠ᠃ ᠲᠡᠦᠬᠡᠨ ᠴᠠᠭ ᠦᠶ᠎ᠡ ᠪᠦᠷᠢ ᠶᠢᠨ

ᠬᠠᠷᠠᠭᠠᠯᠵᠠᠭᠰᠠᠨ ᠲᠡᠦᠬᠡᠨ ᠬᠥᠮᠥᠰ ᠤᠨ ᠲᠡᠦᠬᠡᠨ ᠵᠢᠳᠬᠦᠯ ᠢ ᠠᠭᠠᠵᠢᠮ ᠢᠶᠠᠷ ᠣᠶᠢᠯᠠᠭᠠᠵᠤ᠂ ᠰᠤᠷᠤᠭᠴᠢᠳ ᠢ

ᠥᠪᠡᠷ ᠤᠨ ᠢᠶᠠᠨ ᠲᠡᠦᠬᠡ ᠶᠢᠨ ᠦᠷᠳᠡᠭ ᠤᠨ ᠦᠵᠡᠯᠲᠡ ᠲᠠᠢ ᠪᠣᠯᠭᠠᠬᠤ ᠶᠢᠨ ᠬᠠᠮᠲᠤ ᠰᠤᠷᠤᠭᠴᠢᠳ ᠲᠤ ᠳᠡᠭᠡᠳᠦ

ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠭᠤᠯᠭ᠎ᠠ ᠶᠢ ᠤᠶᠢᠯᠠᠭᠠᠭᠤᠯᠵᠤ᠂

ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ

ᠳᠡᠭᠡᠭᠰᠢᠯᠡᠯᠲᠡ ᠶᠢ ᠠᠬᠢᠭᠤᠯᠬᠤ ᠳᠤ ᠠᠰᠢᠭᠲᠠᠢ ᠶᠤᠮ᠃

      ᠭᠤᠷᠪᠠ᠂ ᠰᠡᠳᠬᠢᠬᠦᠢ ᠶᠢᠨ ᠵᠢᠷᠤᠭ ᠨᠢ ᠬᠡᠷᠬᠢᠨ ᠲᠡᠦᠬᠡ ᠶᠢᠨ ᠵᠢᠭᠠᠨ ᠰᠤᠷᠭᠠᠯᠲᠠ ᠳᠤ ᠪᠣᠳᠠᠲᠠᠢ ᠦᠢᠯᠡᠳᠦᠯ

ᠦᠵᠡᠭᠦᠯᠬᠦ ᠪᠣᠶ

      1. ᠰᠤᠷᠤᠭᠴᠢᠳ ᠤᠨ ᠲᠡᠦᠬᠡ ᠶᠢᠨ ᠮᠡᠳᠡᠯᠭᠡ ᠶᠢᠨ ᠰᠢᠰᠲ᠋ᠧᠮ ᠪᠠᠶᠢᠭᠤᠯᠬᠤ ᠳᠤ ᠠᠰᠢᠭᠲᠠᠢ᠃ ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠦᠬᠡ ᠶᠢᠨ ᠮᠡᠳᠡᠯᠭᠡ ᠶᠢᠨ ᠴᠡᠭ ᠪᠣᠯ ᠨᠡᠯᠢᠶᠡᠳ ᠲᠠᠷᠠᠬᠠᠢ ᠪᠤᠲᠠᠷᠬᠠᠢ᠂

ᠬᠡᠰᠡᠭ ᠪᠤᠰᠠᠭ ᠪᠠᠶᠢᠳᠠᠭ᠃ ᠬᠠᠷᠢᠨ ᠰᠡᠳᠬᠢᠬᠦᠢ ᠶᠢᠨ ᠵᠢᠷᠤᠭ ᠨᠢ ᠬᠡᠶᠢᠰᠪᠦᠷᠢ ᠮᠡᠳᠡᠯᠭᠡ ᠶᠢ ᠳᠦᠷᠰᠦᠯᠢᠭ᠂ ᠪᠣᠳᠠᠲᠠᠢ

ᠪᠣᠯᠭᠠᠨ᠎ᠠ᠃ ᠰᠤᠷᠤᠭᠴᠢᠳ ᠤᠨ ᠪᠦᠷᠢᠨ ᠪᠦᠲᠦᠨ ᠮᠡᠳᠡᠯᠭᠡ ᠶᠢᠨ ᠰᠢᠰᠲ᠋ᠧᠮ ᠢ ᠪᠠᠶᠢᠭᠤᠯᠵᠤ᠂ ᠴᠡᠭᠡᠵᠢᠯᠡᠬᠦ

ᠳᠠᠷᠤᠭᠠᠰᠤ ᠶᠢ ᠬᠥᠩᠭᠡᠷᠡᠭᠦᠯᠵᠦ᠂ ᠰᠤᠷᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ᠃

      2. ᠰᠤᠷᠤᠭᠴᠢᠳ ᠤᠨ ᠰᠠᠳᠠᠷᠠᠬᠤ ᠰᠡᠳᠬᠢᠬᠦᠢ ᠶᠢ ᠬᠥᠮᠥᠵᠢᠭᠦᠯᠬᠦ ᠳᠤ ᠠᠰᠢᠭᠲᠠᠢ᠃ ᠲᠡᠦᠬᠡ ᠶᠢᠨ

ᠰᠡᠳᠬᠢᠬᠦᠢ ᠶᠢᠨ ᠵᠢᠷᠤᠭ ᠨᠢ ᠶᠡᠷᠦ ᠳᠤ ᠪᠠᠨ ᠨᠢᠭᠡ ᠭᠤᠣᠯ ᠰᠡᠳᠦᠪ ᠲᠠᠢ᠂ ᠬᠡᠳᠦᠨ ᠰᠠᠯᠪᠤᠷᠢ ᠭᠤᠣᠯ ᠰᠡᠳᠦᠪ          

 ᠲᠠᠢ᠃ ᠰᠠᠯᠪᠤᠷᠢ ᠭᠤᠣᠯ ᠰᠡᠳᠦᠪ ᠨᠢ ᠳᠠᠬᠢᠨ ᠬᠡᠳᠦᠨ ᠬᠤᠪᠢᠶᠠᠷᠢ ᠭᠤᠣᠯ ᠰᠡᠳᠦᠪ ᠲᠠᠢ ᠪᠠᠶᠢᠳᠠᠬ᠂ ᠬᠤᠪᠢᠶᠠᠷᠢ ᠭᠤᠣᠯ

ᠰᠡᠳᠦᠪ ᠳᠣᠣᠷ᠎ᠠ ᠪᠠᠰᠠ ᠮᠠᠰᠢ ᠣᠯᠠᠨ ᠬᠤᠪᠢᠶᠠᠷᠢ ᠰᠠᠯᠪᠤᠷᠢ ᠰᠡᠳᠦᠪ ᠪᠠᠶᠢᠨ᠎ᠠ᠃ ᠢᠩᠭᠢᠵᠦ ᠵᠢᠷᠤᠭᠯᠠᠬᠤ ᠶᠠᠪᠤᠴᠠ ᠳᠤ

ᠰᠤᠷᠤᠭᠴᠢᠳ ᠤᠨ ᠲᠠᠰᠤᠷᠠᠯᠲᠠ ᠦᠭᠡᠢ ᠰᠡᠳᠬᠢᠬᠦ᠂ ᠬᠠᠷᠢᠯᠴᠠᠬᠤ᠂ ᠨᠠᠩ ᠣᠯᠠᠨ ᠬᠤᠪᠢᠶᠠᠷᠢ ᠭᠤᠣᠯ ᠰᠡᠳᠦᠪ ᠡᠷᠢᠬᠦ ᠶᠢ

ᠬᠥᠭᠵᠢᠭᠡᠨ᠎ᠡ᠃ ᠡᠨᠡ ᠬᠦ ᠶᠠᠪᠤᠴᠠ ᠨᠢ ᠰᠤᠷᠤᠭᠴᠢᠳ ᠤᠨ ᠶᠡᠭᠡ ᠲᠠᠷᠢᠬᠢᠨ ᠳᠤ ᠰᠡᠳᠡᠯᠲᠡ ᠥᠭᠴᠦ᠂ ᠰᠤᠷᠤᠭᠴᠢᠳ ᠤᠨ

ᠰᠠᠳᠠᠷᠠᠬᠤ ᠰᠡᠳᠬᠢᠬᠦᠢ ᠶᠢ ᠬᠥᠭᠵᠢᠭᠡᠬᠦ ᠳᠤ ᠠᠰᠢᠭᠲᠠᠢ ᠪᠠᠶᠢᠳᠠᠭ᠃

      3. ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠬᠦ ᠳᠤ ᠠᠰᠢᠭᠲᠠᠢ᠃ ᠰᠡᠳᠬᠢᠬᠦᠢ ᠶᠢᠨ

ᠵᠢᠷᠤᠭ ᠨᠢ ᠨᠠᠩ ᠲᠣᠪᠴᠢ ᠠᠪᠰᠠᠷᠬᠠᠨ᠂ ᠠᠮᠢᠳᠤᠯᠢᠭ ᠰᠣᠨᠢᠷᠬᠠᠯᠲᠠᠢ ᠪᠠᠶᠢᠳᠠᠭ᠃ ᠰᠡᠳᠬᠢᠬᠦᠢ ᠶᠢᠨ ᠵᠢᠷᠤᠭ ᠲᠤ

ᠮᠣᠳᠣᠯᠢᠭ ᠵᠢᠷᠤᠭ᠂ ᠴᠤᠪᠤᠷᠠᠯ ᠵᠢᠷᠤᠭ ᠵᠢᠴᠢ ᠬᠥᠭᠡᠰᠦᠨ ᠵᠢᠷᠤᠭ ᠵᠡᠷᠭᠡ ᠦᠨᠳᠦᠰᠦᠨ ᠬᠡᠯᠪᠡᠷᠢ ᠪᠠᠶᠢᠳᠠᠭ᠃ ᠰᠤᠷᠤᠭᠴᠢ

ᠵᠢᠷᠤᠭ ᠵᠢᠷᠤᠬᠤ ᠶᠠᠪᠤᠴᠠ ᠳᠤᠮᠳᠠ᠂ ᠨᠠᠩ ᠣᠯᠠᠨ ᠢᠯᠡᠳᠬᠡᠬᠦ ᠡᠷᠬᠡ ᠴᠢᠯᠦᠭᠡ ᠲᠠᠢ᠃ ᠡᠶᠢᠨ ᠭᠦ ᠵᠢᠭᠠᠨ

ᠰᠤᠷᠭᠠᠯᠲᠠ ᠶᠢᠨ ᠶᠠᠪᠤᠴᠠ ᠳᠤ᠂ ᠰᠤᠷᠤᠭᠴᠢᠳ ᠪᠦᠲᠦᠭᠡᠯᠴᠢ ᠴᠢᠨᠠᠷᠲᠠᠢ ᠪᠠᠷ ᠴᠡᠴᠡᠭ ᠬᠤᠸᠠᠷ ᠤᠨ ᠬᠡᠯᠪᠡᠷᠢ᠂

ᠠᠯᠠᠭᠠᠨ ᠬᠡᠯᠪᠡᠷᠢ᠂ ᠵᠢᠭᠠᠰᠤᠨ ᠬᠠᠶᠢᠷᠠᠰᠤᠨ ᠬᠡᠯᠪᠡᠷᠢ ᠵᠡᠷᠭᠡ ᠪᠤᠰᠤᠳ ᠬᠡᠯᠪᠡᠷᠢ ᠶᠢ ᠵᠢᠷᠤᠭᠰᠠᠨ ᠨᠢ ᠰᠤᠷᠤᠭᠴᠢᠳ ᠤᠨ

ᠰᠤᠷᠤᠯᠴᠠᠬᠤ᠂ ᠰᠡᠳᠬᠢᠬᠦ ᠤᠷᠮ᠎ᠠ ᠵᠣᠷᠢᠭ ᠨᠢ ᠳᠠᠶᠢᠴᠢᠯᠠᠭᠳᠠᠭᠰᠠᠨ ᠭᠡᠵᠦ ᠬᠡᠯᠡᠵᠦ ᠪᠣᠯᠣᠨ᠎ᠠ᠃

      4. ᠰᠤᠷᠤᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠳᠤ ᠠᠰᠢᠭᠲᠠᠢ᠃ ᠤᠯᠠᠮᠵᠢᠯᠠᠯᠲᠤ

ᠵᠢᠭᠠᠨ ᠰᠤᠷᠭᠠᠯᠲᠠ ᠨᠢ ᠶᠡᠷᠦ ᠨᠢ ᠪᠠᠭᠰᠢ ᠶᠢᠨ ᠬᠢᠴᠢᠶᠡᠯᠯᠡᠬᠦ ᠪᠠᠷ ᠭᠤᠣᠯ ᠪᠣᠯᠭᠠᠵᠤ᠂ ᠰᠤᠷᠤᠭᠴᠢᠳ ᠰᠠᠨᠠᠭᠠᠴᠢᠯᠠᠭ᠎ᠠ

ᠦᠭᠡᠢ ᠬᠦᠯᠢᠶᠡᠨ ᠠᠪᠳᠠᠭ᠃ ᠰᠡᠳᠬᠢᠬᠦᠢ ᠶᠢᠨ ᠵᠢᠷᠤᠭ ᠢ ᠬᠡᠷᠡᠭᠯᠡᠪᠡᠯ ᠰᠤᠷᠤᠭᠴᠢᠳ ᠤᠨ ᠭᠤᠣᠯ ᠴᠣᠭᠴᠠ ᠶᠢᠨ

ᠪᠠᠶᠢᠷᠢ ᠰᠠᠭᠤᠷᠢ ᠶᠢ ᠭᠦᠢᠴᠡᠳ ᠢᠯᠡᠷᠡᠭᠦᠯᠵᠦ ᠴᠢᠳᠠᠨ᠎ᠠ᠃ ᠰᠤᠷᠤᠭᠴᠢᠳ ᠰᠡᠳᠬᠢᠬᠦᠢ ᠶᠢᠨ ᠵᠢᠷᠤᠭ ᠵᠢᠷᠤᠬᠤ ᠳᠤ ᠪᠠᠨ

ᠮᠡᠳᠡᠯᠭᠡ ᠶᠢ ᠲᠠᠰᠤᠷᠠᠯᠲᠠ ᠦᠭᠡᠢ ᠰᠡᠳᠬᠢᠨ ᠪᠣᠳᠣᠯᠬᠢᠯᠠᠵᠤ᠂ ᠬᠤᠷᠢᠶᠠᠩᠭᠤᠶᠢᠯᠠᠵᠤ᠂ ᠡᠮᠬᠢᠯᠡᠨ ᠨᠡᠶᠢᠯᠡᠭᠦᠯᠬᠦ ᠠᠵᠢᠯ ᠢ

ᠬᠢᠳᠡᠭ᠃ ᠡᠨᠡ ᠬᠦ ᠶᠠᠪᠤᠴᠠ ᠳᠤ ᠰᠤᠷᠤᠭᠴᠢᠳ ᠰᠡᠳᠬᠢᠬᠦᠢ ᠶᠢᠨ ᠵᠢᠷᠤᠭ ᠢ ᠵᠢᠷᠤᠬᠤ ᠪᠠ ᠴᠡᠭᠡᠵᠢᠯᠡᠬᠦᠢ ᠶᠢᠨ

ᠬᠡᠷᠡᠭᠯᠡᠯᠲᠡ ᠶᠢᠨ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ᠃

      ᠳᠥᠷᠪᠡ᠂ ᠳᠡᠭᠡᠳᠦ ᠳᠤᠮᠳᠠᠳᠤ ᠶᠢᠨ ᠲᠡᠦᠬᠡ ᠶᠢᠨ ᠵᠢᠭᠠᠨ ᠰᠤᠷᠭᠠᠯᠲᠠ ᠳᠠᠬᠢ ᠰᠡᠳᠬᠢᠬᠦᠢ ᠶᠢᠨ ᠵᠢᠷᠤᠭ ᠤᠨ

ᠬᠡᠷᠡᠭᠯᠡᠯᠲᠡ ᠶᠢᠨ ᠪᠣᠳᠠᠲᠠᠢ ᠵᠢᠱᠢᠶ᠎ᠡ

      ᠰᠡᠳᠬᠢᠬᠦᠢ ᠶᠢᠨ ᠵᠢᠷᠤᠭ ᠪᠣᠯ ᠨᠢᠭᠡ ᠵᠦᠢᠯ ᠤᠨ ᠳᠦᠷᠰᠦᠵᠢᠭᠦᠯᠬᠦ ᠰᠡᠳᠬᠢᠬᠦᠢ ᠶᠢᠨ ᠪᠠᠭᠠᠵᠢ᠂ ᠶᠡᠷᠦ ᠳᠤ ᠪᠠᠨ

ᠬᠥᠮᠥᠰ ᠤᠨ ᠮᠡᠳᠡᠭᠡ ᠵᠠᠩᠭᠢ ᠶᠢ ᠣᠶᠢᠯᠠᠭᠠᠬᠤ ᠪᠠ ᠴᠡᠭᠡᠵᠢᠯᠡᠬᠦ ᠳᠤ ᠬᠡᠷᠡᠭᠯᠡᠭᠳᠡᠳᠡᠭ᠃ ᠳᠡᠭᠡᠳᠦ ᠳᠤᠮᠳᠠᠳᠤ ᠶᠢᠨ

ᠲᠡᠦᠬᠡ ᠶᠢᠨ ᠬᠢᠴᠢᠶᠡᠯ ᠤᠨ ᠲᠠᠩᠬᠢᠮ ᠳᠤ᠂ ᠰᠡᠳᠬᠢᠬᠦᠢ ᠶᠢᠨ ᠵᠢᠷᠤᠭ ᠨᠢ ᠰᠤᠷᠤᠭᠴᠢᠳ ᠢ ᠬᠠᠪᠰᠤᠷᠤᠨ ᠲᠡᠦᠬᠡᠨ ᠬᠡᠷᠡᠭ

ᠶᠠᠪᠤᠳᠠᠯ ᠪᠠ ᠬᠥᠮᠥᠰ ᠤᠨ ᠬᠠᠷᠢᠴᠠᠭ᠎ᠠ ᠶᠢ ᠣᠶᠢᠯᠠᠭᠠᠨ ᠡᠮᠬᠢᠯᠡᠭᠦ ᠳᠤ ᠲᠤᠩ ᠶᠡᠭᠡ ᠲᠤᠰᠠ ᠪᠣᠯᠳᠠᠭ᠃ ᠵᠢᠱᠢᠶᠡᠯᠡᠪᠡᠯ᠂

ᠨᠢᠭᠡᠨ ᠰᠢᠨ᠎ᠡ ᠲᠡᠦᠬᠡᠨ ᠴᠠᠭ ᠦᠶ᠎ᠡ ᠶᠢ ᠰᠤᠷᠤᠯᠴᠠᠬᠤ ᠦᠶᠡᠰ᠂ ᠪᠠᠭᠰᠢ ᠨᠢ ᠰᠡᠳᠬᠢᠬᠦᠢ ᠶᠢᠨ ᠵᠢᠷᠤᠭ ᠢ ᠠᠰᠢᠭᠯᠠᠨ

ᠰᠤᠷᠤᠭᠴᠢᠳ ᠢ ᠬᠠᠪᠰᠤᠷᠤᠨ ᠡᠨᠡ ᠬᠦ ᠴᠠᠭ ᠦᠶ᠎ᠡ ᠶᠢᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ ᠵᠡᠷᠭᠡ

ᠲᠠᠯ᠎ᠠ ᠶᠢᠨ ᠪᠠᠶᠢᠳᠠᠯ ᠢ ᠣᠶᠢᠯᠠᠭᠠᠭᠤᠯᠵᠤ ᠪᠣᠯᠣᠨ᠎ᠠ᠃ ᠰᠤᠷᠤᠭᠴᠢᠳ ᠪᠠᠭᠰᠢ ᠶᠢᠨ ᠥᠭᠭᠦᠭᠰᠡᠨ ᠮᠡᠳᠡᠭᠡ ᠵᠠᠩᠭᠢ ᠶᠢ

ᠦᠨᠳᠦᠰᠦᠯᠡᠨ᠂ ᠰᠡᠳᠬᠢᠬᠦᠢ ᠶᠢᠨ ᠵᠢᠷᠤᠭ ᠵᠢᠷᠤᠵᠤ ᠡᠳᠡᠭᠡᠷ ᠮᠡᠳᠡᠭᠡ ᠵᠠᠩᠭᠢ ᠶᠢᠨ ᠬᠤᠭᠤᠷᠣᠨᠳᠣᠬᠢ ᠬᠠᠷᠢᠴᠠᠭ᠎ᠠ ᠶᠢ

ᠢᠯᠡᠳᠬᠡᠵᠦ ᠪᠣᠯᠣᠨ᠎ᠠ᠃ ᠢᠩᠭᠢᠪᠡᠯ ᠰᠤᠷᠤᠭᠴᠢᠳ ᠳᠠᠷᠤᠢ ᠡᠨᠡ ᠬᠦ ᠴᠠᠭ ᠦᠶ᠎ᠡ ᠶᠢᠨ ᠡᠯ᠎ᠡ ᠲᠠᠯ᠎ᠠ ᠶᠢᠨ ᠪᠠᠶᠢᠳᠠᠯ ᠢ

ᠨᠡᠩ ᠰᠢᠭᠤᠳ ᠣᠶᠢᠯᠠᠭᠠᠵᠤ᠂ ᠡᠳᠡᠭᠡᠷ ᠮᠡᠳᠡᠭᠡ ᠵᠠᠩᠭᠢ ᠶᠢ ᠨᠡᠩ ᠬᠢᠯᠪᠠᠷᠬᠠᠨ ᠴᠡᠭᠡᠵᠢᠯᠡᠳᠡᠭ᠃ ᠡᠭᠦᠨ ᠠᠴᠠ ᠭᠠᠳᠠᠨ᠎ᠠ᠂

ᠰᠡᠳᠬᠢᠬᠦᠢ ᠶᠢᠨ ᠵᠢᠷᠤᠭ ᠨᠢ ᠪᠠᠰᠠ ᠰᠤᠷᠤᠭᠴᠢᠳ ᠢ ᠬᠠᠪᠰᠤᠷᠤᠨ ᠲᠡᠦᠬᠡᠨ ᠬᠥᠮᠥᠨ ᠤ ᠮᠡᠳᠡᠭᠡ ᠵᠠᠩᠭᠢ ᠶᠢ ᠡᠮᠬᠢᠯᠡᠵᠦ

ᠪᠣᠯᠣᠨ᠎ᠠ᠃ ᠨᠢᠭᠡᠨ ᠲᠡᠦᠬᠡᠨ ᠬᠥᠮᠥᠨ ᠢ ᠰᠤᠷᠤᠯᠴᠠᠬᠤ ᠦᠶ᠎ᠡ ᠳᠤ᠂ ᠰᠤᠷᠤᠭᠴᠢᠳ ᠪᠠᠭᠰᠢ ᠶᠢᠨ ᠬᠠᠩᠭᠠᠭᠰᠠᠨ

ᠮᠡᠳᠡᠭᠡ ᠵᠠᠩᠭᠢ ᠶᠢ ᠦᠨᠳᠦᠰᠦᠯᠡᠨ᠂ ᠡᠨᠡ ᠬᠦ ᠬᠥᠮᠥᠨ ᠤ ᠰᠡᠳᠬᠢᠬᠦᠢ ᠶᠢᠨ ᠵᠢᠷᠤᠭ ᠢ ᠵᠢᠷᠤᠵᠤ ᠭᠠᠷᠭᠠᠵᠤ          

ᠪᠣᠯᠣᠨ᠎ᠠ᠃ ᠢᠩᠭᠢᠪᠡᠯ ᠰᠤᠷᠤᠭᠴᠢᠳ ᠳᠠᠷᠤᠢ ᠡᠨᠡ ᠬᠦ ᠬᠥᠮᠥᠨ ᠤ ᠨᠢᠭᠡ ᠨᠠᠰᠤᠨ ᠤ ᠦᠢᠯᠠ ᠠᠵᠢᠯᠯᠠᠭ᠎ᠠ᠂ ᠬᠤᠪᠢ

ᠨᠡᠮᠡᠷᠢ᠂ ᠠᠮᠵᠢᠯᠲᠠ ᠪᠦᠲᠦᠭᠡᠯ ᠵᠡᠷᠭᠡ ᠮᠡᠳᠡᠭᠡ ᠵᠠᠩᠭᠢ ᠶᠢ ᠨᠡᠩ ᠰᠢᠭᠤᠳ ᠣᠶᠢᠯᠠᠭᠠᠬᠤ ᠮᠥᠷᠲᠡᠭᠡᠨ ᠡᠳᠡᠭᠡᠷ ᠮᠡᠳᠡᠭᠡ

ᠵᠠᠩᠭᠢ ᠶᠢ ᠨᠡᠩ ᠬᠢᠯᠪᠠᠷᠬᠠᠨ ᠴᠡᠭᠡᠵᠢᠯᠡᠳᠡᠭ᠃

      ᠳᠣᠣᠷ᠎ᠠ ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠡᠩ ᠤᠨ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠶᠢᠨ ᠲᠤᠷᠰᠢᠯᠲᠠ ᠶᠢᠨ ᠰᠤᠷᠬᠤ ᠪᠢᠴᠢᠭ — ᠲᠡᠤᠬᠡ ᠶᠢᠨ

ᠵᠠᠪᠠᠯ ᠰᠤᠷᠬᠤ ᠬᠤᠶᠠᠳᠤᠭᠠᠷ ᠳᠡᠪᠲᠡᠷ ᠤᠨ ᠲᠠᠪᠤᠳᠤᠭᠠᠷ ᠬᠢᠴᠢᠶᠡᠯ ︽ᠳᠠᠯᠠᠢ ᠶᠢᠨ ᠰᠢᠨ᠎ᠡ ᠵᠠᠮ ᠢ ᠨᠡᠭᠡᠭᠡᠭᠰᠡᠨ︾ ᠭᠡᠬᠦ

ᠬᠢᠴᠢᠶᠡᠯ ᠢᠶᠠᠷ ᠵᠢᠱᠢᠶᠡᠯᠡᠵᠦ᠂ ᠲᠡᠦᠬᠡ ᠶᠢᠨ ᠬᠢᠴᠢᠶᠡᠯ ᠤᠨ ᠲᠠᠩᠬᠢᠮ ᠳᠤ ᠰᠡᠳᠬᠢᠬᠦᠢ ᠶᠢᠨ ᠵᠢᠷᠤᠭ ᠢ ᠬᠡᠷᠬᠢᠨ ᠪᠣᠳᠠᠲᠠᠢ

ᠬᠡᠷᠡᠭᠯᠡᠬᠦ ᠲᠤᠬᠠᠢ ᠶᠠᠷᠢᠶ᠎ᠠ᠃

      ᠨᠢᠭᠡᠳᠦᠭᠡᠷ ᠠᠯᠬᠤᠮ᠄ ᠬᠢᠴᠢᠶᠡᠯ ᠤᠨ ᠳᠡᠪᠲᠡᠷ ᠤᠨ ᠠᠭᠤᠯᠭ᠎ᠠ ᠶᠢ ᠳᠡᠯᠭᠡᠨ ᠦᠵᠡᠭᠦᠯᠵᠦ᠂ ᠵᠠᠩᠭᠢᠯᠠᠭ᠎ᠠ ᠶᠢᠨ

ᠦᠭᠡ ᠶᠢ ᠲᠣᠳᠣᠷᠬᠠᠶᠢᠯᠠᠨ᠎ᠠ᠃ ᠲᠣᠰ ᠬᠢᠴᠢᠶᠡᠯ ᠤᠨ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠨᠢ᠄ ︽1. ᠳ᠋ᠢᠶᠠᠰ᠂

ᠺᠣᠯᠤᠮᠪᠤ ᠶᠢᠨ ᠳᠠᠯᠠᠢ ᠶᠢᠨ ᠰᠢᠨ᠎ᠡ ᠵᠠᠮ ᠢ ᠨᠠᠭᠡᠭᠡᠭᠰᠡᠨ ᠲᠠᠤᠬᠡᠨ ᠪᠣᠳᠠᠲᠤ ᠬᠡᠷᠡᠭ ᠢ ᠲᠦᠢᠮᠣ ᠲᠣᠭᠠᠴᠢᠵᠤ᠂

ᠳᠡᠯᠡᠬᠡᠢ ᠶᠢᠨ ᠵᠠᠬ᠎ᠠ ᠳᠡᠯᠭᠡᠭᠦᠷ ᠤᠨ ᠪᠦᠷᠢᠯᠳᠦᠬᠦ ᠳᠤ ᠦᠵᠡᠭᠦᠯᠦᠭᠰᠡᠨ ᠭᠠᠵᠠᠷ ᠵᠦᠢ ᠶᠢᠨ ᠶᠡᠭᠡ ᠢᠯᠡᠷᠡᠭᠦᠯᠦᠯᠲᠡ ᠶᠢᠨ

ᠠᠴᠢ ᠬᠤᠯᠪᠣᠭᠳᠠᠯ ᠢ ᠲᠠᠨᠢᠨ᠎ᠠ︾᠃ 2. ︽ᠬᠤᠯᠠᠨᠳ᠋᠂ ᠠᠩᠭ᠍ᠯᠢ ᠶᠢᠨ ᠺᠣᠯᠣᠨᠢ ᠣᠷᠣᠨ ᠪᠠᠯᠠᠮᠠᠳᠯᠠᠨ ᠳᠡᠭᠡᠷᠡᠮᠳᠡᠭᠰᠡᠨ

ᠲᠡᠦᠬᠡᠨ ᠪᠣᠳᠠᠲᠤ ᠬᠡᠷᠡᠭ ᠢ ᠵᠢᠭᠰᠠᠭᠠᠵᠤ᠂ ᠺᠣᠯᠣᠨᠢᠴᠢᠯᠠᠯ ᠤᠨ ᠥᠷᠭᠡᠳᠬᠡᠯ ᠪᠠ ᠳᠡᠭᠡᠷᠡᠮᠳᠡᠯᠭᠡ ᠪᠣᠯ ᠬᠥᠷᠥᠩᠭᠡᠲᠦ

ᠶᠣᠰᠣᠨ ᠤ ᠬᠦᠴᠦᠷᠬᠡᠭ ᠤᠯᠤᠰ ᠤᠳ ᠤᠨ ᠳᠡᠯᠡᠬᠡᠢ ᠶᠢᠨ ᠵᠠᠬ᠎ᠠ ᠳᠡᠯᠭᠡᠭᠦᠷ ᠪᠠᠶᠢᠭᠤᠯᠤᠭᠰᠠᠨ ᠭᠤᠣᠯ ᠠᠷᠭ᠎ᠠ ᠵᠠᠮ

ᠪᠣᠯᠬᠤ ᠶᠢ ᠲᠠᠨᠢᠨ᠎ᠠ︾᠃ ᠬᠢᠴᠢᠶᠡᠯ ᠤᠨ ᠪᠠᠷᠢᠮᠵᠢᠶ᠎ᠠ ᠶᠢᠨ ᠠᠭᠤᠯᠭ᠎ᠠ ᠶᠢ ᠦᠨᠳᠦᠰᠦᠯᠡᠨ᠂ ᠵᠠᠩᠭᠢᠯᠠᠭ᠎ᠠ ᠶᠢᠨ ᠦᠭᠡ ᠶᠢ

ᠡᠷᠢᠵᠦ ᠭᠠᠷᠭᠠᠬᠤ ᠶᠠᠪᠤᠴᠠ ᠳᠤ ᠰᠤᠷᠤᠭᠴᠢᠳ ᠰᠡᠳᠬᠢᠬᠦᠢ ᠪᠠᠨ ᠰᠠᠳᠠᠷᠠᠭᠤᠯᠵᠤ᠂ ᠪᠤᠰᠤᠳ ᠮᠡᠳᠡᠯᠭᠡ ᠶᠢᠨ ᠴᠡᠭ ᠢ

ᠬᠤᠯᠪᠣᠨ ᠪᠣᠳᠣᠵᠤ ᠣᠯᠣᠨ᠎ᠠ᠃ ᠵᠢᠱᠢᠶᠡᠯᠡᠪᠡᠯ᠂ ᠶᠠᠭᠤᠨ ᠳᠤ ᠨᠡᠭᠡᠭᠡᠬᠦ᠂ ᠶᠠᠭᠠᠬᠢᠵᠤ ᠨᠡᠭᠡᠭᠡᠬᠦ᠂ ᠨᠡᠭᠡᠭᠡᠭᠰᠡᠨ ᠤ

ᠲᠠᠷᠠᠭ᠎ᠠ ᠶᠠᠮᠠᠷ ᠨᠥᠯᠥᠭᠡ ᠠᠪᠴᠢᠷᠠᠬᠤ ᠵᠡᠷᠭᠡ ᠪᠣᠯᠣᠨ᠎ᠠ᠃ ᠳᠠᠷᠠᠭ᠎ᠠ ᠨᠢ ᠰᠤᠷᠤᠭᠴᠢᠳ ᠢ ᠬᠥᠲᠥᠯᠥᠨ ᠵᠢᠯᠤᠭᠤᠳᠴᠤ

ᠲᠣᠰ ᠬᠢᠴᠢᠶᠡᠯ ᠤᠨ ᠭᠤᠣᠯᠳᠠᠯᠭ᠎ᠠ ᠪᠠ ᠬᠦᠴᠢᠷᠳᠡᠯᠭᠡ ᠶᠢᠨ ᠠᠰᠠᠭᠤᠳᠠᠯ ᠢ ᠠᠩᠬᠠᠷᠤᠭᠤᠯᠤᠨ᠎ᠠ᠃ ᠲᠣᠰ ᠬᠢᠴᠢᠶᠡᠯ ᠤᠨ

ᠭᠤᠣᠯᠳᠠᠯᠭ᠎ᠠ ᠪᠣᠯ ᠳᠠᠯᠠᠢ ᠶᠢᠨ ᠰᠢᠨ᠎ᠡ ᠵᠠᠮ ᠢ ᠨᠡᠭᠡᠭᠡᠭᠰᠡᠨ ᠤ ᠳᠡᠯᠡᠬᠡᠢ ᠶᠢᠨ ᠵᠠᠬ᠎ᠠ ᠳᠡᠯᠭᠡᠭᠦᠷ ᠲᠤ ᠦᠵᠡᠭᠦᠯᠦᠭᠰᠡᠨ

ᠨᠥᠯᠥᠭᠡ᠃ ᠬᠦᠴᠢᠷᠳᠡᠯᠭᠡ ᠨᠢ ᠳᠠᠯᠠᠢ ᠶᠢᠨ ᠰᠢᠨ᠎ᠡ ᠵᠠᠮ ᠢ ᠨᠡᠭᠡᠭᠡᠭᠰᠡᠨ ᠨᠢ ᠰᠢᠯᠲᠠᠭᠠᠨ ᠪᠠ ᠨᠥᠬᠦᠴᠡᠯ ᠪᠣᠯᠣᠨ᠎ᠠ᠃

      ᠬᠢᠴᠢᠶᠡᠯ ᠤᠨ ᠪᠠᠷᠢᠮᠵᠢᠶ᠎ᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠰᠤᠷᠤᠭᠴᠢᠳ ᠲᠤ ᠲᠣᠰ ᠬᠢᠴᠢᠶᠡᠯ ᠤᠨ

ᠵᠢᠭᠠᠨ ᠰᠤᠷᠭᠠᠯᠲᠠ ᠶᠢᠨ ᠭᠤᠣᠯ ᠰᠡᠳᠦᠪ ᠢ ᠣᠶᠢᠯᠠᠭᠠᠭᠤᠯᠤᠨ᠎ᠠ᠄

      ︵1︶ ᠳᠠᠯᠠᠢ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠶᠢᠨ ᠰᠢᠯᠲᠠᠭᠠᠨ ᠪᠠ ᠨᠥᠬᠦᠴᠡᠯ᠂ ᠭᠤᠣᠯ ᠪᠣᠯᠬᠤ

ᠳᠠᠯᠠᠶᠢᠴᠢᠨ᠂ ᠴᠠᠭ᠂ ᠶᠠᠪᠤᠭᠰᠠᠨ ᠵᠠᠮ ᠵᠡᠷᠭᠡ ᠦᠨᠳᠦᠰᠦᠨ ᠲᠡᠦᠬᠡᠨ ᠪᠣᠳᠠᠲᠤ ᠪᠠᠶᠢᠳᠠᠯ ᠵᠢᠴᠢ ᠳᠠᠯᠠᠢ ᠶᠢᠨ ᠰᠢᠨ᠎ᠡ

ᠵᠠᠮ ᠢ ᠨᠡᠭᠡᠭᠡᠭᠰᠡᠨ ᠨᠢ ᠳᠡᠯᠡᠬᠡᠢ ᠳ᠋ᠠᠬᠢᠨ ᠳᠤ ᠶᠠᠮᠠᠷ ᠨᠥᠯᠥᠭᠡ ᠦᠵᠡᠭᠦᠯᠦᠭᠰᠡᠨ ᠢ ᠠᠩᠬ᠎ᠠ ᠠᠯᠬᠤᠮ ᠣᠶᠢᠯᠠᠭᠠᠨ᠎ᠠ᠃

      ︵2︶ ᠬᠢᠴᠢᠶᠡᠯ ᠤᠨ ᠲᠠᠩᠬᠢᠮ ᠤᠨ ᠶᠠᠷᠢᠯᠴᠠᠭ᠎ᠠ ᠵᠡᠷᠭᠡ ᠭᠦᠳᠠᠯᠪᠤᠷᠢ ᠪᠠᠷ ᠳᠠᠮᠵᠢᠭᠤᠯᠤᠨ᠂ ᠰᠤᠷᠤᠭᠴᠢᠳ ᠤᠨ

ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠬᠤᠯᠪᠣᠭᠳᠠᠯ ᠪᠦᠬᠦᠢ ᠲᠡᠦᠬᠡᠨ ᠬᠥᠮᠥᠰ ᠢ ᠪᠥᠬᠦ ᠲᠠᠯ᠎ᠠ ᠪᠠᠷ

ᠪᠤᠰᠤᠳᠴᠢ ᠪᠠᠷ ᠦᠨᠡᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃

      ︵3︶ ᠳᠠᠯᠠᠶᠢᠴᠢᠳ ᠤᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠵᠣᠷᠢᠭᠲᠠᠢ ᠪᠠᠷ ᠪᠤᠰᠤᠳ ᠠᠴᠠ

ᠳᠠᠪᠠᠭ᠋ᠤ ᠵᠣᠷᠢᠭ ᠰᠠᠨᠠᠭ᠎ᠠ ᠶᠢ ᠰᠤᠷᠤᠯᠴᠠᠨ᠎ᠠ᠃

      ᠬᠤᠶᠠᠳᠤᠭᠠᠷ ᠠᠯᠬᠤᠮ᠄ ᠮᠡᠳᠡᠯᠭᠡ ᠶᠢᠨ ᠴᠡᠭ ᠢ ᠡᠮᠬᠢᠳᠬᠡᠵᠦ᠂ ᠰᠦᠪᠡᠭᠴᠢ ᠶᠢ ᠡᠮᠬᠢᠯᠡᠨ᠎ᠡ᠃ ᠲᠣᠰ

ᠬᠢᠴᠢᠶᠡᠯ ᠨᠢ ᠳᠠᠯᠠᠢ ᠶᠢᠨ ᠰᠢᠨ᠎ᠡ ᠵᠠᠮ ᠢ ᠨᠡᠭᠡᠭᠡᠬᠦ ᠪᠠᠷ ᠭᠤᠣᠯ ᠰᠡᠳᠦᠪ ᠪᠣᠯᠭᠠᠵᠤ᠂ ᠭᠤᠣᠯᠳᠠᠭᠤ ᠬᠡᠷᠡᠭ ᠶᠠᠪᠤᠳᠠᠯ ᠤᠨ

ᠴᠠᠭ᠂ ᠰᠢᠯᠲᠠᠭᠠᠨ᠂ ᠨᠥᠬᠦᠴᠡᠯ᠂ ᠥᠩᠭᠡᠷᠡᠯᠲᠡ᠂ ᠦᠷ᠎ᠡ ᠳ᠋ᠦᠩ ᠵᠢᠴᠢ ᠨᠥᠯᠥᠭᠡ ᠵᠡᠷᠭᠡ ᠪᠠᠷ ᠭᠠᠷᠳᠠᠬᠤ ᠴᠡᠭ

ᠪᠣᠯᠭᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠨᠡ ᠬᠦ ᠰᠡᠳᠬᠢᠮᠵᠢ ᠶᠢ ᠦᠨᠳᠦᠰᠦᠯᠡᠨ

ᠰᠦᠪᠡᠭᠴᠢ ᠶᠢ ᠡᠮᠬᠢᠯᠡᠨ ᠳᠢᠭᠯᠡᠵᠦ᠂ ᠰᠤᠷᠤᠯᠴᠠᠬᠤ ᠵᠠᠮ ᠮᠥᠷ ᠢ ᠰᠢᠯᠤᠭᠤᠳᠬᠠᠨ᠎ᠠ᠃

      ᠭᠤᠷᠪᠠᠳᠤᠭᠠᠷ ᠠᠯᠬᠤᠮ᠄ ᠰᠡᠳᠬᠢᠬᠦᠢ ᠶᠢᠨ ᠵᠢᠷᠤᠭ ᠢ ᠵᠢᠷᠤᠨ᠎ᠠ᠃ ︽ᠨᠡᠭᠡᠭᠡᠬᠦ︾ ᠪᠠᠷ ᠭᠤᠣᠯ ᠰᠡᠳᠦᠪ ᠪᠣᠯᠭᠠᠵᠤ᠂

ᠳᠦᠷᠪᠡᠨ ᠰᠠᠯᠪᠤᠷᠢ ᠭᠤᠣᠯ ᠰᠡᠳᠦᠪ ᠬᠤᠪᠢᠶᠠᠪᠠ᠃ ᠲᠤᠰ ᠲᠤᠰ ᠰᠢᠯᠲᠠᠭᠠᠨ᠂ ᠨᠥᠬᠦᠴᠡᠯ᠂ ᠥᠩᠭᠡᠷᠡᠯᠲᠡ᠂ ᠨᠥᠯᠥᠭᠡ

ᠪᠣᠯᠣᠨ᠎ᠠ᠃ ᠡᠨᠡ ᠬᠡᠳᠦᠨ ᠰᠠᠯᠪᠤᠷᠢ ᠰᠡᠳᠦᠪ ᠢᠶᠠᠷ ᠰᠡᠳᠬᠢᠬᠦᠢ ᠪᠠᠨ ᠰᠠᠳᠠᠷᠠᠭᠤᠯᠪᠠᠯ᠄ ᠤᠴᠢᠷ ᠰᠢᠯᠲᠠᠭᠠᠨ ᠠᠴᠠ ᠠᠵᠤ

ᠠᠬᠤᠢ ᠶᠢᠨ ᠦᠨᠳᠦᠰᠦ ᠰᠤᠷᠪᠤᠯᠵᠢ᠂ ᠨᠡᠶᠢᠭᠡᠮ ᠤᠨ ᠦᠨᠳᠦᠰᠦ ᠰᠤᠷᠪᠤᠯᠵᠢ᠂ ᠤᠶᠤᠨ ᠰᠠᠨᠠᠭᠠᠨ ᠤ ᠬᠥᠳᠡᠯᠭᠡᠬᠦ

ᠬᠦᠴᠦᠨ ᠪᠠ ᠰᠢᠭᠤᠳ ᠰᠢᠯᠲᠠᠭᠠᠨ ᠢ ᠬᠤᠯᠪᠣᠨ ᠪᠣᠳᠣᠭᠤᠯᠤᠨ᠎ᠠ᠃ ᠨᠥᠬᠦᠴᠡᠯ ᠠᠴᠠ ᠪᠤᠰᠤᠳᠴᠢ ᠨᠥᠬᠦᠴᠡᠯ ᠪᠠ

ᠪᠡᠶᠡᠴᠢ ᠨᠥᠬᠦᠴᠡᠯ ᠢ ᠬᠤᠯᠪᠣᠨ ᠪᠣᠳᠣᠬᠤ᠂ ᠥᠩᠭᠡᠷᠡᠯᠲᠡ ᠠᠴᠠ ᠳ᠋ᠢᠶᠠᠰ᠂ ᠳ᠋ᠠ ᠭᠠᠮᠨ᠂ ᠺᠣᠯᠤᠮᠪᠤ᠂ ᠮᠧᠵᠧᠯᠧᠨ ᠤ

ᠠᠶᠠᠯᠠᠯ ᠤᠨ ᠵᠠᠮ᠂ ᠨᠥᠯᠥᠭᠡ ᠠᠴᠠ ᠢᠳᠡᠪᠬᠢᠲᠡᠶ ᠨᠥᠯᠥᠭᠡ ᠪᠠ ᠨᠠᠵᠠᠭᠠᠢ ᠨᠥᠯᠥᠭᠡ ᠬᠦᠷᠲᠡᠯ᠎ᠡ᠃ ᠭᠤᠣᠯ ᠰᠡᠳᠦᠪ᠂

ᠰᠠᠯᠪᠤᠷᠢ ᠭᠤᠣᠯ ᠰᠡᠳᠦᠪ ᠢ ᠲᠠᠷᠬᠠᠭᠠᠨ ᠬᠤᠯᠪᠣᠨ ᠪᠤᠳᠤᠬᠤ ᠪᠠᠷ ᠳᠠᠮᠵᠢᠭᠤᠯᠤᠨ ᠲᠣᠰ ᠬᠢᠴᠢᠶᠡᠯ ᠤᠨ

ᠰᠡᠳᠬᠢᠬᠦᠢ ᠶᠢᠨ ᠵᠢᠷᠤᠭ ᠢ ᠵᠢᠷᠤᠵᠤ ᠭᠠᠷᠭᠠᠨ᠎ᠠ᠃

      ᠳᠥᠷᠪᠡᠳᠦᠭᠡᠷ ᠠᠯᠬᠤᠮ᠄ ᠳᠤᠭᠤᠶᠢᠯᠠᠩ ᠤᠨ ᠶᠠᠷᠢᠯᠴᠠᠭ᠎ᠠ ᠪᠠᠷ ᠰᠡᠳᠬᠢᠬᠦᠢ ᠶᠢᠨ ᠵᠢᠷᠤᠭ ᠢ ᠨᠥᠬᠦᠪᠦᠷᠢᠯᠡᠵᠦ

ᠲᠡᠭᠦᠯᠳᠡᠷᠵᠢᠭᠦᠯᠦᠨ᠎ᠡ᠃ ᠰᠡᠳᠬᠢᠬᠦᠢ ᠶᠢᠨ ᠵᠢᠷᠤᠭ ᠢ ᠵᠢᠷᠤᠵᠤ ᠳᠠᠭᠤᠰᠬᠠᠭᠰᠠᠨ ᠰᠠᠭᠤᠷᠢᠨ ᠳᠡᠭᠡᠷ᠎ᠡ᠂ ᠰᠤᠷᠤᠭᠴᠢᠳ ᠢ

ᠵᠣᠬᠢᠶᠠᠨ ᠪᠠᠶᠢᠭᠤᠯᠤᠨ ᠳᠤᠭᠤᠶᠢᠯᠠᠩ ᠢᠶᠠᠷ ᠶᠠᠷᠢᠯᠴᠠᠭᠤᠯᠤᠨ᠂ ᠳᠤᠭᠤᠶᠢᠯᠠᠩ ᠳᠣᠲᠣᠷ᠎ᠠ ᠪᠠᠨ ᠥᠪᠡᠷ ᠥᠪᠡᠷ ᠤᠨ

ᠪᠦᠲᠦᠭᠡᠯ ᠢᠶᠠᠨ ᠬᠠᠷᠢᠯᠴᠠᠨ ᠳᠡᠯᠭᠡᠨ ᠦᠵᠡᠭᠦᠯᠵᠦ᠂ ᠬᠠᠷᠢᠯᠴᠠᠨ ᠲᠣᠯᠢ ᠪᠣᠯᠭᠠᠨ ᠰᠤᠷᠤᠯᠴᠠᠵᠤ᠂ ᠣᠨᠳᠣᠣ ᠰᠠᠨᠠᠯ

ᠭᠠᠷᠤᠭᠰᠠᠨ ᠬᠡᠰᠡᠭ ᠲᠤ ᠶᠠᠷᠢᠯᠴᠠᠬᠤ ᠪᠠ ᠵᠠᠰᠠᠪᠤᠷᠢ ᠣᠷᠣᠭᠤᠯᠤᠨ᠎ᠠ᠃ ᠪᠠᠭᠰᠢ ᠲᠠᠰᠤᠷᠠᠯᠳᠠ ᠦᠭᠡᠢ ᠲᠣᠭᠤᠷᠢᠨ

ᠪᠠᠶᠢᠴᠠᠭᠠᠵᠤ᠂ ᠴᠠᠭ ᠲᠤᠬᠠᠢ ᠳᠤ ᠨᠢ ᠲᠣᠬᠢᠷᠠᠭᠤᠯᠤᠨ ᠳᠤᠭᠤᠶᠢᠯᠠᠩ ᠤᠨ ᠵᠢᠷᠤᠭᠰᠠᠨ ᠰᠡᠳᠬᠢᠬᠦᠢ ᠶᠢᠨ ᠵᠢᠷᠤᠭ ᠲᠤ

ᠵᠢᠯᠣᠭᠤᠳᠤᠯᠭ᠎ᠠ ᠪᠠ ᠦᠨᠡᠯᠡᠯᠲᠡ ᠬᠢᠨ᠎ᠡ᠃

      ᠲᠠᠪᠤᠳᠤᠭᠠᠷ ᠠᠯᠬᠤᠮ᠄ ᠬᠡᠰᠡᠭ ᠪᠦᠲᠦᠭᠡᠯ ᠢ ᠳᠡᠯᠭᠡᠨ ᠦᠵᠡᠭᠦᠯᠦᠨ᠎ᠡ᠃ ᠪᠠᠭ᠎ᠠ ᠳᠤᠭᠤᠶᠢᠯᠠᠩ ᠨᠢ

ᠳᠤᠲᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠵᠠᠰᠠᠪᠤᠷᠢ ᠣᠷᠣᠭᠤᠯᠤᠭᠰᠠᠨ ᠰᠠᠭᠤᠷᠢᠨ ᠳᠡᠭᠡᠷ᠎ᠡ᠂ ᠪᠠᠭᠰᠢ ᠨᠢ

ᠰᠡᠳᠬᠢᠭᠦᠢ ᠶᠢᠨ ᠵᠢᠷᠤᠭ ᠤᠨ ᠨᠠᠷᠢᠯᠢᠬ ᠰᠠᠶᠢᠬᠠᠨ ᠪᠦᠲᠦᠭᠡᠯ ᠤᠳ ᠢ ᠰᠣᠩᠭᠤᠨ ᠳᠡᠯᠭᠡᠨ ᠦᠵᠡᠭᠦᠯᠬᠦ ᠶᠢᠨ ᠬᠠᠮᠲᠤ

ᠵᠣᠬᠢᠰᠲᠠᠢ ᠦᠨᠡᠯᠡᠯᠲᠡ ᠬᠢᠵᠦ᠂ ᠵᠢᠯᠣᠭᠤᠳᠤᠭᠴᠢ ᠶᠢᠨ ᠦᠢᠯᠡᠳᠦᠯ ᠢ ᠪᠠᠳᠠᠷᠠᠭᠤᠯᠤᠨ᠎ᠠ᠃ ᠡᠭᠦᠨ ᠤ ᠬᠠᠮᠲᠤ

ᠪᠦᠬᠦ᠋ᠢᠯᠡ ᠵᠢᠷᠤᠭ ᠵᠢᠷᠤᠬᠤ ᠶᠠᠪᠤᠴᠠ ᠳᠤ᠂ ᠰᠤᠷᠤᠭᠴᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠨᠢ ᠮᠠᠰᠢ

ᠰᠠᠶᠢᠨ ᠢᠶᠠᠷ ᠢᠯᠡᠷᠡᠪᠡ᠃ ᠰᠡᠳᠬᠢᠬᠦᠢ ᠶᠢᠨ ᠵᠢᠷᠤᠭ ᠢ ᠨᠢᠭᠡ ᠵᠦᠢᠯ ᠤᠨ ᠰᠢᠨ᠎ᠡ ᠰᠤᠷᠤᠯᠴᠠᠬᠤ ᠠᠷᠭ᠎ᠠ ᠪᠣᠳᠣᠯᠭ᠎ᠠ ᠪᠠ

ᠪᠠᠭᠠᠵᠢ ᠪᠣᠯᠭᠠᠵᠤ᠂ ᠵᠢᠷᠤᠭ ᠳᠦᠷᠰᠦ᠂ ᠵᠢᠷᠤᠭᠠᠰᠤ᠂ ᠵᠠᠩᠭᠢᠯᠠᠭ᠎ᠠ ᠶᠢᠨ ᠦᠭᠡ ᠵᠡᠷᠭᠡ ᠪᠠᠷ ᠲᠡᠦᠬᠡ ᠶᠢᠨ ᠮᠡᠳᠡᠯᠭᠡ ᠶᠢ

ᠬᠤᠯᠪᠣᠵᠤ᠂ ᠨᠢᠭᠡᠨ ᠳᠣᠲᠣᠭᠠᠳᠤ ᠬᠤᠯᠪᠣᠭ᠎ᠠ ᠲᠠᠢ ᠪᠦᠬᠦᠯᠢ ᠴᠣᠭᠴᠠ ᠶᠢ ᠪᠦᠷᠢᠯᠳᠦᠭᠦᠯᠦᠨ᠎ᠡ ᠭᠡᠵᠦ ᠬᠡᠯᠡᠵᠦ

ᠪᠣᠯᠣᠨ᠎ᠠ᠃ ᠮᠡᠳᠡᠯᠭᠡ ᠶᠢᠨ ᠴᠡᠭ ᠢ ᠰᠢᠰᠲ᠋ᠧᠮᠵᠢᠭᠦᠯᠵᠦ᠂ ᠳᠥᠭᠦᠮᠴᠢᠯᠡᠵᠦ᠂ ᠰᠤᠷᠤᠭᠴᠢᠳ ᠤᠨ ᠲᠡᠦᠬᠡ ᠰᠤᠷᠤᠯᠴᠠᠬᠤ

ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃

      ᠲᠠᠪᠤ᠂ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠳᠤ ᠰᠡᠳᠬᠢᠬᠦᠢ ᠶᠢᠨ ᠵᠢᠷᠤᠭ ᠢ

ᠬᠡᠷᠡᠭᠯᠡᠬᠦ ᠭᠤᠭᠴᠤᠭ᠎ᠠ

      ︵ᠨᠢᠭᠡ︶ ᠬᠢᠴᠢᠶᠡᠯ ᠤᠨ ᠡᠮᠦᠨᠡᠬᠢ ᠰᠡᠳᠬᠢᠬᠦᠢ ᠶᠢᠨ ᠥᠨᠳᠥᠷ ᠪᠦᠲᠦᠮᠵᠢᠲᠡᠶ ᠵᠢᠷᠤᠭ ᠢ ᠴᠣᠭᠴᠠᠯᠠᠨ

ᠪᠠᠶᠢᠭᠤᠯᠬᠤ ᠪᠡᠯᠡᠳᠬᠡᠯ ᠭᠤᠭᠴᠤᠭ᠎ᠠ᠄ ᠰᠡᠳᠬᠢᠬᠦᠢ ᠶᠢᠨ ᠵᠢᠷᠤᠭ ᠪᠣᠯ ᠪᠡᠯᠡᠨ ᠪᠠᠶᠢᠭ᠎ᠠ ᠮᠡᠳᠡᠯᠭᠡ ᠶᠢᠨ ᠲᠣᠣᠷ ᠪᠠ

ᠪᠦᠲᠦᠴᠡ ᠪᠢᠰᠢ᠃ ᠲᠡᠷᠡ ᠪᠣᠯ ᠪᠠᠭᠰᠢ ᠪᠣᠯᠣᠨ ᠰᠤᠷᠤᠭᠴᠢᠳ ᠤᠨ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ

ᠳᠡᠭᠡᠷ᠎ᠡ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠦᠨᠡᠲᠦ ᠡᠷᠳᠡᠨᠢ ᠮᠥᠨ᠃ ᠲᠡᠦᠬᠡ ᠶᠢᠨ

ᠮᠡᠳᠡᠯᠭᠡ ᠶᠢᠨ ᠣᠬᠢ ᠰᠣᠳᠣ ᠶᠢ ᠢᠯᠡᠷᠡᠭᠦᠯᠵᠦ ᠴᠢᠳᠠᠬᠤ ᠴᠢᠬᠤᠯᠠ ᠬᠡᠰᠡᠭ ᠮᠥᠨ᠃ ᠡᠶᠢᠮᠦ ᠠᠴᠠ ᠥᠨᠳᠥᠷ

ᠪᠦᠲᠦᠮᠵᠢᠲᠡᠶ ᠬᠢᠴᠢᠶᠡᠯ ᠤᠨ ᠡᠮᠦᠨᠡᠬᠢ ᠰᠡᠳᠬᠢᠬᠦᠢ ᠶᠢᠨ ᠵᠢᠷᠤᠭ ᠢ ᠪᠠᠶᠢᠭᠤᠯᠬᠤ ᠪᠡᠯᠡᠳᠬᠡᠯ ᠤᠨ ᠭᠤᠭᠴᠤᠭ᠎ᠠ ᠪᠣᠯ

ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠳᠡᠭᠡᠷ᠎ᠡ ᠰᠡᠳᠬᠢᠬᠦᠢ ᠶᠢᠨ ᠵᠢᠷᠤᠭ ᠢ ᠬᠡᠷᠡᠭᠯᠡᠬᠦ ᠦᠷ᠎ᠡ ᠳ᠋ᠦᠩ ᠳᠤ

ᠪᠦᠲᠦᠮᠵᠢᠲᠡᠶ ᠬᠦᠷᠬᠦ ᠴᠢᠬᠤᠯᠠ ᠶᠠᠪᠤᠴᠠ ᠮᠥᠨ᠃ ᠪᠠᠭᠰᠢ ᠨᠠᠷ ᠡᠷᠬᠡᠪᠰᠢ ᠬᠢᠴᠢᠶᠡᠯ ᠤᠨ ᠡᠮᠦᠨᠡᠬᠢ ᠪᠡᠯᠡᠳᠬᠡᠯ ᠤᠨ

ᠴᠢᠬᠤᠯᠠ ᠴᠢᠨᠠᠷ ᠢ ᠠᠩᠬᠠᠷᠴᠤ᠂ ᠰᠡᠳᠬᠢᠬᠦᠢ ᠶᠢᠨ ᠵᠢᠷᠤᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ

ᠪᠦᠬᠦᠯᠢ ᠴᠣᠭᠴᠠ ᠶᠢᠨ ᠲᠥᠷᠥᠭᠳᠡᠯ ᠢ ᠦᠨᠡᠨ ᠬᠦ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠵᠢᠱᠢᠶᠡᠯᠡᠪᠡᠯ᠂

ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠶᠢᠨ ᠲᠤᠷᠰᠢᠯᠲᠠ ᠶᠢᠨ ᠰᠤᠷᠬᠤ ᠪᠢᠴᠢᠭ — ᠲᠡᠦᠬᠡ ᠶᠢᠨ ᠵᠠᠪᠠᠯ

ᠰᠤᠷᠬᠤ ᠬᠤᠶᠠᠳᠤᠭᠠᠷ ᠳᠡᠪᠲᠡᠷ ᠤᠨ ᠨᠢᠭᠡᠳᠦᠭᠡᠷ ᠬᠢᠴᠢᠶᠡᠯ ︽ᠡᠷᠲᠡᠨ ᠤ ᠦᠶ᠎ᠡ ᠶᠢᠨ ᠬᠥᠭᠵᠢᠭᠰᠡᠨ          

ᠲᠠᠷᠢᠶᠠᠯᠠᠩ︾ ᠭᠡᠬᠦ ᠬᠢᠴᠢᠶᠡᠯ ᠤᠨ ᠵᠢᠭᠠᠨ ᠰᠤᠷᠭᠠᠯᠲᠠ ᠶᠢᠨ ᠶᠠᠪᠤᠴᠠ ᠳᠤ ᠴᠡᠭ ᠠᠴᠠ ᠱᠤᠭᠤᠮ ᠳᠤ ᠬᠦᠷᠬᠦ᠂

ᠴᠡᠭ ᠠᠴᠠ ᠨᠡᠶᠢᠳᠡᠮ ᠳᠤ ᠬᠦᠷᠬᠦ ᠵᠢᠭᠠᠨ ᠰᠤᠷᠭᠠᠯᠲᠠ ᠶᠢᠨ ᠰᠡᠳᠬᠢᠬᠦᠢ ᠠᠴᠠ ᠡᠬᠢᠯᠡᠨ ᠲᠡᠦᠬᠡ  ᠶᠢᠨ ᠬᠢᠴᠢᠶᠡᠯ ᠤᠨ

ᠲᠠᠩᠬᠢᠮ ᠤᠨ ᠵᠢᠭᠠᠨ ᠰᠤᠷᠭᠠᠯᠲᠠ ᠶᠢᠨ ᠠᠭᠤᠯᠭ᠎ᠠ ᠶᠢᠨ ᠪᠡᠯᠡᠳᠬᠡᠯ ᠬᠢᠵᠦ᠂ ᠰᠤᠷᠤᠭᠴᠢᠳ ᠲᠤ ᠨᠡᠶᠢᠭᠡᠮ ᠤᠨ

ᠬᠥᠭᠵᠢᠯᠲᠡ ᠳᠤ ᠲᠠᠷᠢᠶᠠᠯᠠᠩ ᠤᠨ ᠦᠵᠡᠭᠦᠯᠬᠦ ᠦᠨ᠎ᠡ ᠦᠷᠳᠡᠭ ᠢ ᠤᠷᠢᠳ ᠢᠶᠠᠷ ᠰᠡᠳᠬᠢᠭᠦᠯᠵᠦ᠂ ᠵᠠᠯᠭᠠᠭᠠᠳ

ᠲᠡᠳᠡᠨ ᠢ ᠬᠥᠲᠥᠯᠥᠨ ᠵᠢᠯᠤᠭᠤᠳᠴᠤ ᠡᠷᠲᠡᠨ ᠤ ᠲᠠᠷᠢᠶᠠᠯᠠᠩ ᠤᠨ ᠶᠠᠮᠠᠷ ᠨᠡᠶᠢᠲᠡᠯᠢᠭ ᠪᠠᠭᠠᠵᠢ ᠪᠠ ᠮᠡᠷᠭᠡᠵᠢᠯ

ᠪᠠᠶᠢᠬᠤ ᠶᠢ ᠬᠠᠶᠢᠨ ᠰᠦᠪᠡᠭᠴᠢᠯᠡᠭᠦᠯᠵᠦ᠂ ᠡᠷᠲᠡᠨ ᠤ ᠨᠡᠶᠢᠭᠡᠮ ᠤᠨ ᠲᠠᠪᠰᠢᠯᠳᠠ ᠳᠤ ᠶᠠᠮᠠᠷ ᠵᠠᠩᠭᠢᠯᠠᠭ᠎ᠠ ᠶᠢᠨ ᠴᠢᠨᠠᠷᠲᠠᠢ

ᠦᠢᠯᠡᠳᠦᠯ ᠦᠵᠡᠭᠦᠯᠦᠭᠰᠡᠨ ᠲᠤᠬᠠᠢ ᠰᠡᠳᠬᠢᠭᠦᠯᠪᠡ᠃ ᠰᠡᠳᠬᠢᠬᠦᠢ ᠶᠢᠨ ᠵᠢᠷᠤᠭ ᠢ ᠬᠢᠴᠢᠶᠡᠯ ᠳᠡᠭᠡᠷ᠎ᠡ ᠤᠷᠤᠭᠰᠢᠲᠠᠢ

ᠵᠢᠷᠤᠬᠤ ᠶᠢᠨ ᠲᠥᠯᠥᠭᠡ᠂ ᠪᠠᠰᠠ ᠪᠠᠭᠰᠢ ᠪᠣᠯᠣᠨ ᠰᠤᠷᠤᠭᠴᠢᠳ ᠤᠨ ᠬᠠᠷᠢᠯᠴᠠᠨ ᠬᠠᠮᠵᠢᠯᠴᠠᠬᠤ ᠭᠤᠭᠴᠤᠭ᠎ᠠ ᠶᠢ

ᠨᠠᠷᠢᠨ ᠨᠢᠮᠪᠠᠢ ᠲᠥᠯᠥᠪᠯᠡᠵᠦ᠂ ᠪᠠᠭᠰᠢ ᠰᠤᠷᠤᠭᠴᠢᠳ ᠬᠠᠮᠲᠤ ᠪᠠᠷ ᠡᠷᠲᠡᠨ ᠤ ᠲᠠᠷᠢᠶᠠᠯᠠᠩ ᠤᠨ ᠮᠡᠷᠭᠡᠵᠢᠯ ᠤᠨ

ᠬᠥᠭᠵᠢᠯᠲᠡ ᠶᠢ ᠶᠠᠷᠢᠯᠴᠠᠵᠤ᠂ ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠪᠣᠯᠣᠨ ᠡᠷᠲᠡᠨ ᠤ ᠲᠠᠷᠢᠶᠠᠯᠠᠩ ᠤᠨ

ᠮᠡᠷᠭᠡᠵᠢᠯ ᠤᠨ ᠢᠯᠭᠠᠭ᠎ᠠ ᠶᠢ ᠮᠠᠷᠭᠤᠯᠳᠤᠨ ᠰᠤᠳᠤᠯᠤᠨ ᠶᠠᠷᠢᠯᠴᠠᠵᠤ᠂ ᠡᠭᠦᠨ ᠢᠶᠠᠷ ᠬᠢᠴᠢᠶᠡᠯ ᠤᠨ ᠲᠠᠩᠬᠢᠮ ᠤᠨ

ᠰᠡᠳᠬᠢᠬᠦᠢ ᠶᠢᠨ ᠵᠢᠷᠤᠭ ᠢ ᠭᠦᠢᠴᠡᠳ ᠳᠡᠯᠭᠡᠨ ᠦᠵᠡᠭᠦᠯᠵᠦ ᠪᠣᠯᠣᠨ᠎ᠠ᠃

      ︵ᠬᠤᠶᠠᠷ︶ ᠬᠢᠴᠢᠶᠡᠯ ᠤᠨ ᠳᠠᠷᠠᠭᠠᠬᠢ ᠰᠡᠳᠬᠢᠬᠦᠢ ᠶᠢᠨ ᠳ᠋ᠦᠩᠨᠡᠯᠲᠡ ᠪᠠ ᠡᠷᠭᠢᠴᠡᠭᠦᠯᠦᠯ᠄ ᠳᠡᠭᠡᠳᠦ

ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠰᠡᠳᠬᠢᠬᠦᠢ ᠶᠢᠨ ᠵᠢᠷᠤᠭ ᠢᠶᠠᠷ ᠠᠪᠴᠤ ᠬᠡᠯᠡᠪᠡᠯ᠂ ᠪᠠᠭᠰᠢ ᠬᠡᠷᠪᠡ

ᠵᠥᠪᠬᠡᠨ ᠬᠢᠴᠢᠶᠡᠯ ᠠᠴᠠ ᠡᠮᠦᠨ᠎ᠡ ᠬᠠᠷᠠᠭᠠᠯᠵᠠᠭᠰᠠᠨ ᠰᠡᠳᠬᠢᠬᠦᠢ ᠶᠢᠨ ᠵᠢᠷᠤᠭ ᠤᠨ ᠪᠡᠯᠡᠳᠬᠡᠯ ᠬᠢᠬᠦ ᠳᠤ ᠬᠦᠷᠪᠡᠯ

ᠬᠤᠯᠠ ᠬᠦᠷᠦᠯᠴᠡᠬᠦ ᠦᠭᠡᠢ ᠶᠤᠮ᠃ ᠡᠷᠬᠡᠪᠰᠢ ᠪᠠᠰᠠ ᠬᠢᠴᠢᠶᠡᠯ ᠤᠨ ᠲᠠᠷᠠᠭ᠎ᠠ ᠬᠠᠷᠠᠭᠠᠯᠵᠠᠭᠰᠠᠨ ᠲᠡᠦᠬᠡ ᠶᠢᠨ

ᠬᠢᠴᠢᠶᠡᠯ ᠤᠨ ᠲᠠᠩᠬᠢᠮ ᠤᠨ ᠰᠡᠳᠬᠢᠬᠦᠢ ᠶᠢᠨ ᠳ᠋ᠦᠩᠨᠡᠯᠲᠡ ᠪᠠ ᠡᠷᠭᠢᠴᠡᠭᠦᠯᠦᠯ ᠬᠢᠬᠦ ᠬᠡᠷᠡᠭᠲᠡᠢ᠃ ᠮᠢᠨᠤ ᠦᠵᠡᠬᠦ ᠪᠠᠷ᠂

ᠪᠠᠭᠰᠢ ᠨᠠᠷ ᠬᠢᠴᠢᠶᠡᠯ ᠤᠨ ᠳᠠᠷᠠᠭ᠎ᠠ ᠰᠤᠷᠤᠭᠴᠢᠳ ᠢ ᠵᠣᠬᠢᠶᠠᠨ ᠪᠠᠶᠢᠭᠤᠯᠵᠤ᠂ ᠠᠩᠬᠠᠷᠤᠯ ᠢᠶᠠᠨ ᠲᠥᠪᠯᠡᠷᠡᠭᠦᠯᠵᠦ

ᠰᠡᠳᠬᠢᠬᠦᠢ ᠶᠢᠨ ᠵᠢᠷᠤᠭ ᠵᠢᠷᠤᠵᠤ᠂ ᠲᠡᠳᠡᠨ ᠢᠶᠠᠷ ᠬᠢᠴᠢᠶᠡᠯ ᠳᠡᠭᠡᠷ᠎ᠡ ᠰᠢᠩᠭᠡᠬᠡᠨ ᠠᠪᠤᠭᠰᠠᠨ ᠰᠢᠨ᠎ᠡ ᠮᠡᠳᠡᠯᠭᠡ ᠪᠠᠨ

ᠵᠢᠷᠤᠭ ᠤᠨ ᠠᠷᠭ᠎ᠠ ᠪᠠᠷ ᠲᠡᠮᠳᠡᠭᠯᠡᠨ ᠡᠷᠭᠢᠴᠡᠭᠦᠯᠵᠦ᠂ ᠰᠡᠳᠬᠢᠬᠦᠢ ᠪᠠᠨ ᠳᠠᠪᠲᠠᠨ ᠪᠣᠯᠪᠠᠰᠤᠷᠠᠭᠤᠯᠵᠤ᠂ ᠬᠢᠴᠢᠶᠡᠯ ᠤᠨ

ᠲᠠᠩᠬᠢᠮ ᠤᠨ ᠮᠡᠳᠡᠯᠭᠡ ᠶᠢᠨ ᠴᠡᠭ ᠢᠶᠠᠨ ᠪᠠᠲᠤᠳᠬᠠᠬᠤ ᠦᠷ᠎ᠡ ᠳ᠋ᠦᠩ ᠳᠤ ᠬᠦᠷᠴᠦ ᠪᠣᠯᠣᠨ᠎ᠠ᠃ ᠵᠢᠱᠢᠶᠡᠯᠡᠪᠡᠯ᠂

ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠶᠢᠨ ᠲᠤᠷᠰᠢᠯᠲᠠ ᠶᠢᠨ ᠰᠤᠷᠬᠤ ᠪᠢᠴᠢᠭ — ᠲᠡᠦᠬᠡ ᠶᠢᠨ ᠵᠠᠪᠠᠯ

ᠰᠤᠷᠬᠤ ᠬᠤᠶᠠᠳᠤᠭᠠᠷ ᠳᠡᠪᠲᠡᠷ ᠤᠨ ᠠᠷᠪᠠ ᠶᠢᠰᠦᠳᠦᠭᠡᠷ ᠬᠢᠴᠢᠶᠡᠯ ︽ᠳᠠᠶᠢᠨ ᠤ ᠳᠠᠷᠠᠭᠠᠬᠢ ᠬᠥᠷᠥᠩᠭᠡᠲᠦ ᠶᠣᠰᠣᠨ ᠤ

ᠰᠢᠨ᠎ᠡ ᠬᠤᠪᠢᠷᠠᠯᠲᠠ︾ ᠭᠡᠬᠦ ᠬᠢᠴᠢᠶᠡᠯ ᠤᠨ ᠵᠢᠭᠠᠨ ᠰᠤᠷᠭᠠᠯᠲᠠ ᠶᠢᠨ ᠶᠠᠪᠤᠴᠠ ᠳᠤ᠂ ᠪᠢ ᠥᠷᠥᠨᠡᠳᠠᠬᠢᠨ ᠤ

ᠬᠥᠷᠥᠩᠭᠡᠲᠦ ᠤᠯᠤᠰ ᠤᠳ ᠤᠨ ᠳᠡᠯᠡᠬᠡᠢ ᠶᠢᠨ ᠬᠤᠶᠠᠳᠤᠭᠠᠷ ᠳᠠᠶᠢᠨ ᠤ ᠳᠠᠷᠠᠭᠠᠬᠢ ᠬᠥᠷᠥᠩᠭᠡ ᠶᠢᠨ ᠠᠵᠤ

ᠠᠬᠤᠢ ᠶᠢᠨ ᠬᠥᠭᠵᠢᠯᠲᠡ ᠶᠢᠨ ᠪᠠᠶᠢᠳᠠᠯ ᠢ ᠵᠢᠷᠤᠭ ᠵᠢᠷᠤᠬᠤ ᠪᠠᠷ ᠳᠠᠮᠵᠢᠭᠤᠯᠤᠨ ᠢᠯᠡᠳᠬᠡᠵᠦ᠂ ᠰᠤᠷᠤᠭᠴᠢᠳ ᠲᠤ

ᠮᠡᠳᠡᠯᠭᠡ ᠶᠢᠨ ᠲᠣᠣᠷ ᠢ ᠪᠠᠶᠢᠭᠤᠯᠵᠤ ᠰᠤᠷᠬᠤ ᠶᠢ ᠰᠤᠷᠭᠠᠵᠤ᠂ ᠰᠡᠳᠬᠢᠬᠦᠢ ᠶᠢᠨ ᠵᠢᠷᠤᠭ ᠤᠨ ᠪᠦᠲᠦᠮᠵᠢᠲᠡᠢ

ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠣᠯᠣᠭᠰᠠᠨ ᠶᠤᠮ᠃

      ᠶᠡᠷᠦᠩᠬᠡᠢ ᠳᠤ ᠨᠢ ᠠᠪᠴᠤ ᠬᠡᠯᠡᠪᠡᠯ᠂ ᠰᠡᠳᠬᠢᠬᠦᠢ ᠶᠢᠨ ᠵᠢᠷᠤᠭ ᠪᠣᠯ ᠳᠡᠭᠡᠳᠦ ᠳᠤᠮᠳᠠᠳᠤ ᠶᠢᠨ ᠲᠡᠦᠬᠡ ᠶᠢᠨ

ᠬᠢᠴᠢᠶᠡᠯ ᠤᠨ ᠲᠠᠩᠬᠢᠮ ᠤᠨ ᠨᠢᠭᠡ ᠵᠦᠢᠯ ᠤᠨ ᠮᠠᠰᠢ ᠪᠦᠲᠦᠮᠵᠢᠲᠡᠶ ᠪᠠᠭᠠᠵᠢ ᠮᠥᠨ᠃ ᠲᠡᠷᠡ ᠨᠢ ᠰᠤᠷᠤᠭᠴᠢᠳ ᠢ

ᠬᠠᠪᠰᠤᠷᠤᠨ ᠲᠡᠦᠬᠡ ᠶᠢᠨ ᠮᠡᠳᠡᠭᠡ ᠵᠠᠩᠭᠢ ᠶᠢ ᠨᠠᠩ ᠰᠠᠶᠢᠨ ᠣᠶᠢᠯᠠᠭᠠᠭᠤᠯᠤᠨ ᠴᠡᠭᠡᠵᠢᠯᠡᠭᠦᠯᠳᠡᠭ᠃ ᠰᠡᠳᠬᠢᠬᠦᠢ ᠶᠢᠨ

ᠵᠢᠷᠤᠭ ᠪᠣᠯ ᠣᠳᠣᠬᠠᠨ ᠤ ᠵᠢᠭᠠᠨ ᠰᠤᠷᠭᠠᠯᠲᠠ ᠶᠢᠨ ᠶᠡᠭᠡ ᠣᠷᠴᠢᠨ ᠨᠥᠬᠦᠴᠡᠯ ᠳᠣᠣᠷ᠎ᠠ ᠳᠡᠭᠡᠳᠦ ᠳᠤᠮᠳᠠᠳᠤ ᠶᠢᠨ

ᠲᠡᠦᠬᠡ ᠶᠢᠨ ᠵᠢᠭᠠᠨ ᠰᠤᠷᠭᠠᠯᠲᠠ ᠶᠢᠨ ᠣᠳᠣᠬᠢ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ ᠴᠢᠳᠠᠬᠤ ᠥᠨᠳᠥᠷ

ᠪᠦᠲᠦᠮᠵᠢᠲᠡᠶ ᠵᠢᠭᠠᠨ ᠰᠤᠷᠭᠠᠯᠲᠠ ᠶᠢᠨ ᠪᠠᠭᠠᠵᠢ ᠮᠥᠨ᠃ ᠨᠠᠩ ᠠᠮᠢᠳᠤᠯᠢᠭ᠂ ᠨᠠᠩ ᠬᠠᠨᠳᠤᠯᠭᠠᠲᠤ ᠴᠢᠨᠠᠷᠲᠠᠢ ᠪᠠᠷ

ᠲᠡᠦᠬᠡ ᠶᠢᠨ ᠬᠢᠴᠢᠶᠡᠯ ᠤᠨ ᠲᠠᠩᠬᠢᠮ ᠤᠨ ᠦᠷ᠎ᠡ ᠪᠦᠲᠦᠮᠵᠢ ᠶᠢ ᠢᠯᠡᠷᠡᠭᠦᠯᠬᠦ ᠭᠡᠪᠡᠯ ᠰᠡᠳᠬᠢᠬᠦᠢ ᠶᠢᠨ ᠵᠢᠯᠣᠭᠤᠳᠤᠮᠵᠢ

ᠪᠣᠯ ᠮᠠᠰᠢ ᠪᠦᠲᠦᠮᠵᠢᠲᠡᠶ ᠠᠷᠭ᠎ᠠ ᠵᠠᠮ ᠪᠣᠯᠬᠤ ᠶᠤᠮ᠃ ᠡᠶᠢᠮᠦ ᠠᠴᠠ ᠪᠠᠭᠰᠢ ᠨᠠᠷ ᠰᠡᠳᠬᠢᠬᠦᠢ ᠶᠢᠨ ᠵᠢᠷᠤᠭ ᠪᠣᠯᠣᠨ

ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠤᠶᠠᠯᠳᠤᠯ ᠤᠨ ᠵᠢᠭᠠᠨ ᠰᠤᠷᠭᠠᠯᠲᠠ ᠶᠢᠨ

ᠰᠡᠳᠬᠢᠮᠵᠢ ᠶᠢ ᠭᠦᠨᠵᠡᠭᠡᠢ ᠰᠤᠳᠤᠯᠵᠤ᠂ ᠳᠡᠭᠡᠳᠦ ᠳᠤᠮᠳᠠᠳᠤ ᠶᠢᠨ ᠲᠡᠦᠬᠡ ᠶᠢᠨ ᠬᠢᠴᠢᠶᠡᠯ ᠤᠨ ᠲᠠᠩᠬᠢᠮ ᠤᠨ ᠵᠢᠭᠠᠨ

ᠰᠤᠷᠭᠠᠯᠲᠠ ᠶᠢᠨ ᠦᠷ᠎ᠡ ᠪᠦᠲᠦᠮᠵᠢ ᠶᠢ ᠨᠠᠩ ᠰᠠᠶᠢᠨ ᠲᠡᠭᠡᠭᠰᠢᠯᠡᠬᠦᠯᠵᠦ ᠪᠣᠯᠣᠨ᠎ᠠ᠃

    

      ᠵᠡᠬᠦᠯᠲᠡ

    [1]ᠳ᠋ᠦᠩᠨᠢ ᠪᠤᠽᠠᠨ ︵Tany Buzan︶ . ︽ᠰᠡᠳᠬᠢᠬᠦᠢ ᠶᠢᠨ ᠵᠢᠷᠤᠭ  ᠤᠨ ᠰᠢᠷᠢᠰ ᠴᠤᠪᠤᠷᠠᠯ          

ᠪᠢᠴᠢᠭ︾[M]. ᠪᠡᠭᠡᠵᠢᠩ᠄ ᠵᠦᠩ ᠰᠢᠨ ᠬᠡᠪᠯᠡᠯ ᠤᠨ ᠬᠤᠷᠢᠶ᠎ᠠ᠂ 2009

      ᠯᠠᠪᠯᠠᠭᠰᠠᠨ ᠮᠠᠲ᠋ᠧᠷᠢᠶᠠᠯ

      1. ᠠᠨ ᠴᠦᠨ ᠮᠢᠶᠣᠣ·ᠰᠡᠳᠬᠢᠬᠦᠢ ᠶᠢᠨ ᠵᠢᠷᠤᠭ ᠢ ᠲᠡᠦᠬᠡ ᠶᠢᠨ ᠵᠢᠭᠠᠨ ᠰᠤᠷᠭᠠᠯᠲᠠ ᠳᠤ ᠵᠢᠷᠤᠬᠤ ᠪᠠ

ᠬᠡᠷᠡᠭᠯᠡᠬᠦ ᠲᠤᠬᠠᠢ ᠰᠤᠳᠤᠯᠤᠯ[J]. ᠰᠢᠨᠵᠢᠯᠡᠬᠦ ᠤᠬᠠᠭᠠᠨ ᠤ ᠵᠢᠯᠣᠭᠤᠳᠤᠮᠵᠢ ᠰᠡᠳᠬᠦᠯ᠂ 2017          

︵3 X︶᠄ 83 — 84᠃

      2. ᠵᠠᠩ ᠴᠢᠶᠠᠨ ᠯᠢ·ᠳᠤᠮᠳᠠᠳᠤ ᠰᠤᠷᠭᠠᠭᠤᠯᠢ ᠶᠢᠨ ᠲᠡᠦᠬᠡ ᠶᠢᠨ ᠵᠢᠭᠠᠨ ᠰᠤᠷᠭᠠᠯᠲᠠ ᠳᠠᠬᠢ ᠰᠡᠳᠬᠢᠬᠦᠢ ᠶᠢᠨ

ᠵᠢᠷᠤᠭ ᠤᠨ ᠬᠡᠷᠡᠭᠯᠡᠭᠡᠨ ᠤ ᠦᠷᠳᠡᠭ[J]. ᠮᠡᠳᠡᠭᠡ ᠵᠠᠩᠭᠢ ᠶᠢᠨ ᠭᠠᠷᠠᠭ ᠤᠨ ᠰᠡᠳᠬᠦᠯ᠂ 2019

      ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ 

                                ᠬᠤᠶᠠᠳᠤᠭᠠᠷ ᠳᠤᠮᠳᠠᠳᠤ ᠰᠤᠷᠭᠠᠭᠤᠯᠢ 

                                ︵ᠠᠯᠳᠠᠨᠰᠦ᠋ᠭᠡ ᠨᠠᠶᠢᠷᠠᠭᠤᠯᠪᠠ︶ 

                                2023.5 ᠳ᠋ᠤᠭᠠᠷ ᠬᠤᠭᠤᠴᠠᠭ᠎ᠠ

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map