2024 ᠣᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ︾ ᠤᠨ ᠬᠠᠮᠢᠶ᠎ᠠ ᠪᠦᠬᠦᠢ ᠲᠥᠷᠥᠯ ᠵᠦᠢᠯ ᠢ ᠰᠢᠯᠭᠠᠷᠠᠭᠤᠯᠬᠤ ᠲᠤᠬᠠᠢ ᠦᠷ᠎ᠡ ᠳ᠋ᠦᠩ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/12/19
      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽2024 ᠣᠨ ᠤ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠤᠨ ᠰᠢᠯᠢᠳᠡᠭ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠬᠦ ᠠᠵᠢᠯ ᠢ ᠡᠬᠢᠯᠡᠭᠦᠯᠬᠦ ᠲᠤᠬᠠᠢ ᠮᠡᠳᠡᠭᠳᠡᠯ︾ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠶᠡᠭᠡ ᠳᠡᠭᠡᠳᠦ ᠰᠤᠷᠭᠠᠭᠤᠯᠢ ᠳᠤ ︿ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ﹀ ᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠠᠴᠠ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠲᠥᠪᠯᠡᠷᠡᠭᠦᠯᠦᠨ ᠦᠨᠡᠯᠡᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠪᠤᠨ ᠶᠡᠭᠡ ᠲᠥᠷᠥᠯ ᠤᠨ ︽ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ︾ ᠤᠨ ᠬᠠᠮᠢᠶ᠎ᠠ ᠪᠦᠬᠦᠢ ᠲᠥᠷᠥᠯ ᠵᠦᠢᠯ ᠢ ᠬᠠᠮᠲᠤ ᠳᠤ ᠨᠢ ᠰᠢᠯᠭᠠᠷᠠᠭᠤᠯᠵᠤ᠂ ᠡᠳᠦᠭᠡ ᠦᠷ᠎ᠡ ᠳ᠋ᠦᠩ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2023 ᠣᠨ ᠤ 12 ᠰᠠᠷ᠎ᠠ ᠶᠢᠨ 18-2023 ᠣᠨ ᠤ 12 ᠰᠠᠷ᠎ᠠ ᠶᠢᠨ 22 ᠤᠨ ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠤᠭᠴᠢ ᠶᠢᠨ ᠠᠵᠢᠯ ᠤᠨ ᠭᠠᠵᠠᠷ ᠲᠠᠢ  ᠬᠠᠷᠢᠯᠴᠠᠭᠠᠷᠠᠢ᠃      ᠬᠠᠷᠢᠯᠴᠠᠬᠤ ᠬᠥᠮᠦᠨ᠄ ᠵᠣᠣ ᠵᠢᠶᠦ᠋ᠨ  ᠬᠠᠷᠢᠯᠴᠠᠬᠤ ᠤᠲᠠᠰᠤ᠄ 0471 - 2856935          ᠳᠠᠭᠠᠯᠳᠤᠭᠤᠯᠤᠯ᠄       1. ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠢᠯᠢᠳᠡᠭ ᠲᠥᠷᠥᠯ ᠵᠦᠢᠯ ᠤᠨ ᠨᠡᠷᠡᠰ ᠤᠨ ᠢᠯᠡ ᠨᠡᠶᠢᠲᠡᠯᠡᠯ      2. ᠶᠡᠭᠡ ᠳᠡᠭᠡᠳᠦ ᠰᠤᠷᠭᠠᠭᠤᠯᠢ ᠶᠢᠨ ᠤᠤᠭᠠᠯ ᠰᠣᠶᠣᠯ ᠤᠨ ᠲᠥᠷᠥᠯ ᠵᠦᠢᠯ ᠤᠨ ᠨᠡᠷᠡᠰ  ᠤᠨ ᠢᠯᠡ ᠨᠡᠶᠢᠲᠡᠯᠡᠯ      3. ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠢᠳᠡᠷ ᠵᠠᠯᠠᠭᠤ ᠭᠤᠣᠯᠯᠠᠭᠴᠢ ᠬᠦᠴᠦᠨ ᠤ ᠨᠡᠷᠡᠰ ᠤᠨ ᠢᠯᠡ ᠨᠡᠶᠢᠲᠡᠯᠡᠯ       4. ᠶᠡᠭᠡ ᠳᠡᠭᠡᠳᠦ ᠰᠤᠷᠭᠠᠭᠤᠯᠢ ᠶᠢᠨ ᠰᠦᠯᠵᠢᠶᠡᠨ ᠤ ᠰᠤᠷᠭᠠᠨ ᠬᠥᠮᠦᠵᠢᠯ ᠤᠨ ᠨᠡᠷᠡᠲᠦ ᠪᠠᠭᠰᠢ ᠶᠢᠨ ᠨᠡᠷᠡᠰ ᠤᠨ ᠢᠯᠡ ᠨᠡᠶᠢᠲᠡᠯᠡᠯ      5. ︽ᠨᠢᠭᠡ ᠥᠷᠲᠡᠭᠡ ᠮᠠᠶ᠋ᠢᠭ︾ ᠤᠨ ᠰᠤᠷᠤᠭᠴᠢ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠰ ᠤᠨ ᠢᠯᠡ ᠨᠡᠶᠢᠲᠡᠯᠡᠯ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                2023 ᠣᠨ ᠤ 12 ᠰᠠᠷ᠎ᠠ ᠶᠢᠨ 18 ᠤ ᠡᠳᠦᠷᠳᠠᠭᠠᠯᠳᠤᠭᠤᠯᠤᠯ 1᠄ 1. ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ  ᠶᠢᠨ ᠠᠵᠢᠯ ᠤᠨ ᠰᠢᠯᠢᠳᠡᠭ ᠲᠥᠷᠥᠯ ᠵᠦᠢᠯ ᠤᠨ ᠨᠡᠷᠡᠰ ᠤᠨ ᠢᠯᠡ ᠨᠡᠶᠢᠲᠡᠯᠡᠯ.pdfᠳᠠᠭᠠᠯᠳᠤᠭᠤᠯᠤᠯ 2᠄ 2. ᠶᠡᠭᠡ ᠳᠡᠭᠡᠳᠦ ᠰᠤᠷᠭᠠᠭᠤᠯᠢ ᠶᠢᠨ ᠤᠤᠭᠠᠯ ᠰᠣᠶᠣᠯ ᠤᠨ ᠲᠥᠷᠥᠯ ᠵᠦᠢᠯ ᠤᠨ ᠨᠡᠷᠡᠰ ᠤᠨ ᠢᠯᠡ ᠨᠡᠶᠢᠲᠡᠯᠡᠯ.pdfᠳᠠᠭᠠᠯᠳᠤᠭᠤᠯᠤᠯ 3᠄ 3. ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ  ᠶᠢᠨ ᠠᠵᠢᠯ ᠤᠨ ᠢᠳᠡᠷ ᠵᠠᠯᠠᠭᠤ ᠭᠤᠣᠯᠯᠠᠭᠴᠢ ᠬᠦᠴᠦᠨ ᠤ ᠨᠡᠷᠡᠰ ᠤᠨ ᠢᠯᠡ ᠨᠡᠶᠢᠲᠡᠯᠡᠯ .pdfᠳᠠᠭᠠᠯᠳᠤᠭᠤᠯᠤᠯ 4᠄ 4. ᠶᠡᠭᠡ ᠳᠡᠭᠡᠳᠦ ᠰᠤᠷᠭᠠᠭᠤᠯᠢ ᠶᠢᠨ ᠰᠦᠯᠵᠢᠶᠡᠨ ᠤ ᠰᠤᠷᠭᠠᠨ ᠬᠥᠮᠦᠵᠢᠯ ᠤᠨ ᠨᠡᠷᠡᠲᠦ ᠪᠠᠭᠰᠢ ᠶᠢᠨ ᠨᠡᠷᠡᠰ ᠤᠨ ᠢᠯᠡ ᠨᠡᠶᠢᠲᠡᠯᠡᠯ .pdfᠳᠠᠭᠠᠯᠳᠤᠭᠤᠯᠤᠯ 5᠄ 5. ︽ᠨᠢᠭᠡ ᠥᠷᠲᠡᠭᠡ ᠮᠠᠶ᠋ᠢᠭ︾ ᠤᠨ ᠰᠤᠷᠤᠭᠴᠢ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠰ ᠤᠨ ᠢᠯᠡ ᠨᠡᠶᠢᠲᠡᠯᠡᠯ .pdf    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map