2023 ᠣᠨ ᠤ ᠪᠦᠬᠦ ᠣᠷᠣᠨ ᠤ ︽ᠶᠡᠭᠡ ᠳᠡᠭᠡᠳᠦ ᠰᠤᠷᠭᠠᠭᠤᠯᠢ ᠶᠢᠨ ᠬᠠᠮᠤᠭ ᠤᠨ ᠭᠤᠶᠣ ᠬᠠᠪᠰᠤᠷᠤᠨ ᠵᠢᠯᠣᠭᠤᠳᠣᠭᠴᠢ︾ ᠶᠢ ᠰᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/12/19
      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽2023 ᠣᠨ ᠤ ︿ᠶᠡᠭᠡ ᠳᠡᠭᠡᠳᠦ ᠰᠤᠷᠭᠠᠭᠤᠯᠢ ᠶᠢᠨ ᠬᠠᠮᠤᠭ ᠤᠨ ᠭᠤᠶᠣ ᠬᠠᠪᠰᠤᠷᠤᠨ ᠵᠢᠯᠣᠭᠤᠳᠤᠭᠴᠢ﹀ ᠵᠢᠴᠢ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ︿ᠶᠡᠭᠡ ᠳᠡᠭᠡᠳᠦ ᠰᠤᠷᠭᠠᠭᠤᠯᠢ ᠶᠢᠨ ᠬᠠᠪᠰᠤᠷᠤᠨ ᠵᠢᠯᠣᠭᠤᠳᠣᠭᠴᠢ ᠶᠢᠨ ᠣᠨ ᠤ ᠬᠥᠮᠦᠨ﹀ ᠢ ᠰᠣᠩᠭᠤᠵᠤ ᠳᠡᠯᠭᠡᠨ ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠶᠡᠭᠡ ᠳᠡᠭᠡᠳᠦ ᠰᠤᠷᠭᠠᠭᠤᠯᠢ ᠳᠤ ︿ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ﹀ ᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠠᠴᠠ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠲᠥᠪᠯᠡᠷᠡᠭᠦᠯᠦᠨ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2023 ᠣᠨ ᠤ ᠪᠦᠬᠦ ᠣᠷᠣᠨ ᠤ ︽ᠶᠡᠭᠡ ᠳᠡᠭᠡᠳᠦ ᠰᠤᠷᠭᠠᠭᠤᠯᠢ ᠶᠢᠨ ᠬᠠᠮᠤᠭ ᠤᠨ ᠭᠤᠶᠣ ᠬᠠᠪᠰᠤᠷᠤᠨ ᠵᠢᠯᠣᠭᠤᠳᠤᠭᠴᠢ︾ ᠶᠢ ᠰᠢᠯᠭᠠᠷᠠᠭᠤᠯᠵᠤ᠂ ᠡᠳᠦᠭᠡ ᠦᠷ᠎ᠡ ᠳ᠋ᠦᠩ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2023 ᠣᠨ  ᠤ 12 ᠰᠠᠷ᠎ᠠ ᠶᠢᠨ 18-2023 ᠣᠨ ᠤ 12 ᠰᠠᠷ᠎ᠠ ᠶᠢᠨ 22  ᠤᠨ ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠤᠭᠴᠢ ᠶᠢᠨ ᠠᠵᠢᠯ ᠤᠨ ᠭᠠᠵᠠᠷ ᠲᠠᠢ  ᠬᠠᠷᠢᠯᠴᠠᠭᠠᠷᠠᠢ᠃      ᠬᠠᠷᠢᠯᠴᠠᠬᠤ ᠬᠥᠮᠦᠨ᠄ ᠵᠣᠣ ᠵᠢᠶᠦ᠋ᠨ  ᠬᠠᠷᠢᠯᠴᠠᠬᠤ ᠤᠲᠠᠰᠤ᠄ 0471 - 2856935      ᠳᠠᠭᠠᠯᠳᠤᠭᠤᠯᠤᠯ᠄ 2023 ᠣᠨ ᠤ ᠪᠦᠬᠦ ᠣᠷᠣᠨ ᠤ ︽ᠶᠡᠭᠡ ᠳᠡᠭᠡᠳᠦ ᠰᠤᠷᠭᠠᠭᠤᠯᠢ  ᠶᠢᠨ ᠬᠠᠮᠤᠭ ᠤᠨ ᠭᠤᠶᠣ ᠬᠠᠪᠰᠤᠷᠤᠨ ᠵᠢᠯᠣᠭᠤᠳᠤᠭᠴᠢ︾ ᠶᠢᠨ ᠨᠡᠷᠡᠰ ᠤᠨ ᠢᠯᠡ ᠨᠡᠶᠢᠲᠡᠯᠡᠯ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2023 ᠣᠨ ᠤ 12 ᠰᠠᠷ᠎ᠠ ᠶᠢᠨ 18 ᠤ ᠡᠳᠦᠷᠳᠠᠭᠠᠯᠳᠤᠭᠤᠯᠤᠯ 1᠄ 2023 ᠣᠨ ᠤ ᠪᠦᠬᠦ ᠣᠷᠣᠨ ᠤ ︽ᠶᠡᠭᠡ ᠳᠡᠭᠡᠳᠦ ᠰᠤᠷᠭᠠᠭᠤᠯᠢ ᠶᠢᠨ ᠬᠠᠮᠤᠭ ᠤᠨ ᠭᠤᠶᠣ ᠬᠠᠪᠰᠤᠷᠤᠨ ᠵᠢᠯᠣᠭᠤᠳᠤᠭᠴᠢ︾ ᠶᠢᠨ ᠨᠡᠷᠡᠰ ᠤᠨ ᠢᠯᠡ ᠨᠡᠶᠢᠲᠡᠯᠡᠯ .pdf 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map