ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/12/19
      ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠦᠭᠡ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠨᠡ ᠤᠳᠠᠭᠠᠨ  ᠤ ᠪᠠᠶᠢᠴᠠᠭᠠᠨ ᠰᠤᠳᠤᠯᠤᠯᠲᠠ ᠨᠢ ᠳᠥᠷᠪᠡᠨ ᠳᠤᠭᠤᠶᠢᠯᠠᠩ ᠬᠤᠪᠢᠶᠠᠵᠤ᠂ 12 ᠠᠶᠢᠮᠠᠭ ᠬᠤᠲᠠ ᠶᠢᠨ ᠪᠦᠬᠦ ᠤᠯᠤᠰ ᠤᠨ ᠡᠷᠡᠭᠦᠯ ᠡᠩᠬᠡ ᠰᠤᠷᠭᠠᠭᠤᠯᠢ᠂ ᠪᠦᠬᠦ ᠤᠯᠤᠰ ᠤᠨ ᠲᠦᠷᠭᠡᠨ ᠠᠪᠤᠷᠠᠯᠲᠠ  ᠶᠢᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠵᠢᠴᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠢᠴᠢ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ           ᠰᠣᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠲᠠᠰᠢᠷᠠᠮ ᠢᠶᠠᠷ 55 ᠰᠤᠷᠭᠠᠭᠤᠯᠢ ᠶᠢ ᠰᠣᠩᠭᠤᠵᠤ᠂ ᠶᠡᠭᠡ ᠳᠡᠭᠡᠳᠦ ᠰᠤᠷᠭᠠᠭᠤᠯᠢ᠂ ᠳᠤᠮᠳᠠ ᠪᠠᠭ᠎ᠠ ᠰᠤᠷᠭᠠᠭᠤᠯᠢ ᠶᠢᠨ ᠪᠥᠬᠦ ᠰᠤᠷᠤᠯᠭ᠎ᠠ ᠶᠢᠨ ᠱᠠᠲᠤ ᠶᠢ ᠪᠥᠷᠬᠦᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠶᠠᠷᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠢᠯᠭᠠᠬᠤ᠂ ᠠᠬᠤᠢ ᠲᠠᠯᠠᠪᠠᠢ ᠳᠤ ᠬᠠᠷᠢᠭᠤ ᠲᠤᠰᠬᠠᠬᠤ ᠵᠡᠷᠭᠡ ᠬᠡᠯᠪᠡᠷᠢ ᠶᠢ ᠠᠪᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠰᠤᠷᠭᠠᠭᠤᠯᠢ  ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠠᠭᠤᠯᠭ᠎ᠠ ᠵᠢᠴᠢ ᠲᠤᠷᠰᠢᠯᠲᠠ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠬᠠᠮᠠᠭᠠᠯᠠᠯ ᠤᠨ ᠲᠠᠰᠤᠭ ︵ᠡᠷᠡᠭᠦᠯᠵᠢᠯ ᠤᠨ ᠲᠠᠰᠤᠭ︶ ᠤᠨ ᠪᠠᠶᠢᠷᠢᠯᠠᠭᠤᠯᠤᠯᠲᠠ᠂ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠠᠵᠢᠯᠲᠠᠨ ᠢ ᠲᠣᠬᠢᠷᠠᠭᠤᠯᠬᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠤᠷ᠎ᠠ ᠴᠢᠳᠠᠪᠤᠷᠢ ᠶᠢ ᠲᠦᠭᠡᠮᠡᠯᠵᠢᠭᠦᠯᠬᠦ᠂ ᠬᠠᠯᠳᠠᠪᠤᠷᠢᠲᠤ ᠡᠪᠡᠳᠴᠢᠨ ᠵᠢᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠪᠠᠲᠤᠯᠠᠭ᠎ᠠ ᠵᠡᠷᠭᠡ ᠠᠭᠤᠯᠭ᠎ᠠ ᠶᠢ ᠲᠤᠬᠠᠢ ᠶᠢᠨ ᠭᠠᠵᠠᠷ  ᠲᠤ ᠨᠢ ᠪᠠᠶᠢᠴᠠᠭᠠᠨ ᠰᠤᠳᠤᠯᠵᠤ᠂ ᠲᠤᠷᠰᠢᠯᠲᠠ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠰᠠᠨᠠᠯ ᠪᠠ ᠰᠠᠨᠠᠭᠤᠯᠭ᠎ᠠ ᠳᠤᠷᠠᠳᠤᠭᠰᠠᠨ  ᠤ ᠬᠠᠮᠲᠤ ᠠᠬᠤᠢ ᠲᠠᠯᠠᠪᠠᠢ ᠳᠤ  ᠵᠢᠯᠣᠭᠤᠳᠪᠠ᠃      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠤᠨ᠂ ᠲᠤᠷᠰᠢᠯᠲᠠ ᠶᠢᠨ ᠰᠤᠷᠭᠠᠭᠤᠯᠢ ᠶᠢ ᠵᠢᠯᠣᠭᠤᠳᠴᠤ ᠳᠠᠭᠤᠷᠢᠶᠠᠯ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ  ᠢᠶᠠᠨ ᠭᠦᠢᠴᠡᠳ ᠪᠠᠳᠠᠷᠠᠭᠤᠯᠵᠤ᠂ ᠡᠷᠡᠭᠦᠯ ᠡᠩᠬᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠲᠦᠷᠭᠡᠨ ᠠᠪᠤᠷᠠᠯᠲᠠ ᠶᠢᠨ ᠬᠥᠮᠦᠵᠢᠯ ᠢ ᠲᠦᠭᠡᠮᠡᠯᠵᠢᠭᠦᠯᠬᠦ᠂ ᠣᠶᠢᠷ᠎ᠠ ᠬᠠᠷᠠᠭ᠎ᠠ  ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠬᠢ ᠰᠠᠶᠢᠨ ᠲᠤᠷᠰᠢᠯᠭ᠎ᠠ ᠠᠷᠭ᠎ᠠ ᠪᠠᠷᠢᠯ ᠢ ᠳ᠋ᠦᠩᠨᠡᠨ ᠳᠡᠯᠭᠡᠷᠡᠭᠦᠯᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠰᠢᠨ᠎ᠡ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃   

1.jpg

2.png

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map