ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠬᠤᠷᠠᠯᠳᠤᠪᠠ ᠪᠦᠦ ᠰᠢᠶᠠᠨ ᠬᠤᠸᠠ ᠶᠠᠩ ᠵᠢᠶᠧ ᠬᠤᠷᠠᠯ ᠳᠤ ᠣᠷᠣᠯᠴᠠᠭᠰᠠᠨ ᠪᠦᠭᠡᠳ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/12/19
      12 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ ᠳᠤ ᠣᠷᠣᠯᠴᠠᠭᠰᠠᠨ ᠪᠦᠭᠡᠳ ᠪᠠᠶᠠᠷ ᠤᠨ ᠦᠭᠡ ᠬᠡᠯᠡᠵᠡᠢ᠃      ᠪᠦᠦ ᠰᠢᠶᠠᠨ ᠬᠤᠸᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ ᠬᠦᠷᠭᠡᠪᠡ᠃ ᠰᠤᠷᠭᠠᠭᠤᠯᠢ ᠶᠢᠨ ᠬᠢᠨ ᠤ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠬᠢᠵᠢᠭᠦᠯᠦᠨ᠂ ᠬᠠᠮᠢᠶᠠᠷᠤᠯᠲᠠ ᠶᠢᠨ ᠥᠭᠡᠷᠡᠴᠢᠯᠡᠯᠲᠡ ᠪᠣᠯᠣᠨ ᠳᠦᠷᠢᠮ ᠤᠨ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠡᠷᠢᠭᠦᠨ ᠤ ᠬᠢ ᠲᠠᠢ ᠬᠠᠷᠢᠴᠠᠭᠤᠯᠤᠨ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠤᠷᠭᠠᠭᠤᠯᠢ ᠶᠢᠨ ᠠᠭᠤᠯᠤᠭᠳᠠᠬᠤᠨ ᠮᠠᠶ᠋ᠢᠭ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠵᠤ᠂ ᠢᠯᠡ ᠲᠣᠳᠣ ᠣᠨᠴᠠᠯᠢᠭ ᠪᠦᠬᠦᠢ ᠣᠷᠣᠨ ᠪᠦᠰᠡ ᠶᠢᠨ ᠥᠨᠳᠥᠷ ᠲᠦᠪᠰᠢᠨ ᠲᠠᠢ ᠦᠨᠳᠦᠰᠦᠲᠡᠨ ᠤ ᠶᠡᠭᠡ ᠰᠤᠷᠭᠠᠭᠤᠯᠢ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠶᠢ ᠬᠦᠰᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map