ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠦᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠦᠨᠳᠦᠰᠦᠨ ᠰᠤᠷᠭᠠᠨ ᠬᠥᠮᠦᠵᠢᠯ ᠤᠨ ︽ᠳᠠᠷᠤᠭᠠᠰᠤ ᠶᠢ ᠬᠥᠩᠭᠡᠷᠡᠭᠦᠯᠵᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠶᠢ ᠲᠤᠰᠬᠠᠢ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/20
      ᠰᠠᠭᠤᠷᠢ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠠᠬᠤᠢ ᠪᠠᠶᠢᠳᠠᠯ ᠳᠠᠬᠢ ︽ᠳᠠᠷᠤᠭᠠᠰᠤ ᠶᠢ ᠬᠥᠩᠭᠡᠷᠡᠭᠦᠯᠵᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠪᠦᠬᠦ ᠠᠶᠢᠮᠠᠭ ᠤᠨ ᠰᠠᠭᠤᠷᠢ ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ ᠠᠯᠬᠤᠭ᠎ᠠ ᠶᠢ ᠲᠦᠷᠭᠡᠳᠬᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠳᠠᠷᠤᠭᠠᠰᠤ ᠶᠢ ᠬᠥᠩᠭᠡᠷᠡᠭᠦᠯᠵᠦ ᠴᠢᠨᠠᠷ ᠴᠢᠨᠰᠠᠭ᠎ᠠ ᠶᠢ           ᠳᠡᠭᠡᠭᠰᠢᠯᠡᠭᠦᠯᠬᠦ︾ ᠬᠦᠴᠢᠷᠳᠡᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠬᠦ ᠶᠢᠨ ᠲᠥᠯᠥᠭᠡ᠂ 2023 ᠣᠨ ᠤ 11-12 ᠰᠠᠷ᠎ᠠ ᠪᠣᠯᠲᠠᠯ᠎ᠠ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠣᠳᠤᠯᠬᠤ᠂ ᠪᠢᠴᠢᠭ ᠤᠨ ᠬᠡᠯᠪᠡᠷᠢ ᠪᠠᠷ ᠪᠠᠶᠢᠴᠠᠭᠠᠨ ᠰᠣᠳᠤᠯᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠵᠡᠷᠭᠡ ᠬᠡᠯᠪᠡᠷᠢ ᠪᠠᠷ ᠪᠦᠬᠦ ᠠᠶᠢᠮᠠᠭ ᠤᠨ ᠡᠯ᠎ᠡ ᠭᠠᠵᠠᠷ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠲᠤᠬᠠᠢ ᠪᠠᠶᠢᠳᠠᠯ ᠢ ᠣᠶᠢᠯᠠᠭᠠᠵᠤ ᠪᠠᠶᠢᠴᠠᠭᠠᠨ ᠰᠣᠳᠤᠯᠪᠠ᠃

W020231214680838254076.jpg

      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠪᠦᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠱᠠᠲᠤᠨ ᠤ 30 ᠰᠤᠷᠭᠠᠭᠤᠯᠢ ᠳᠤ ᠭᠦᠨᠵᠡᠭᠡᠶᠢᠷᠡᠵᠦ᠂ ᠲᠠᠰᠢᠷᠠᠮ ᠢᠶᠠᠷ ᠬᠢᠴᠢᠶᠡᠯ ᠰᠣᠨᠣᠰᠬᠤ᠂

ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠵᠣᠬᠢᠶᠠᠨ ᠪᠠᠶᠢᠭᠤᠯᠬᠤ᠂ ᠲᠤᠬᠠᠢ ᠶᠢᠨ ᠭᠠᠵᠠᠷ ᠲᠤ ᠨᠢ

ᠪᠠᠶᠢᠴᠠᠭᠠᠨ ᠦᠵᠡᠬᠦ᠂ ᠪᠠᠶᠢᠴᠠᠭᠠᠬᠤ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ᠂ ᠡᠯ᠎ᠡ ᠰᠤᠷᠭᠠᠭᠤᠯᠢ ᠶᠢᠨ ︽ᠳᠠᠷᠤᠭᠠᠰᠤ ᠶᠢ ᠬᠥᠩᠭᠡᠷᠡᠭᠦᠯᠵᠦ ᠴᠢᠨᠠᠷ ᠴᠢᠨᠰᠠᠭ᠎ᠠ ᠶᠢ          

ᠳᠡᠭᠡᠭᠰᠢᠯᠡᠭᠦᠯᠬᠦ︾᠂ ᠵᠢᠭᠠᠨ ᠰᠤᠷᠭᠠᠯᠲᠠ ᠶᠢ ᠨᠠᠷᠢᠯᠢᠬᠵᠢᠭᠤᠯᠤᠨ ᠬᠠᠮᠢᠶᠠᠷᠬᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ

ᠥᠷᠨᠢᠭᠦᠯᠬᠦ᠂ ᠵᠢᠭᠠᠬᠤ ᠮᠠᠲ᠋ᠧᠷᠢᠶᠠᠯ ᠵᠢᠭᠠᠨ ᠰᠤᠷᠭᠠᠯᠲᠠ ᠶᠢ ᠬᠠᠪᠰᠤᠷᠤᠨ ᠵᠢᠯᠣᠭᠤᠳᠬᠤ ᠬᠠᠮᠢᠶᠠᠷᠤᠯᠲᠠ ᠵᠡᠷᠭᠡ ᠶᠢᠨ

ᠲᠣᠭᠤᠷᠢᠨ ᠳᠤ ᠭᠤᠣᠯᠳᠠᠯᠭ᠎ᠠ ᠲᠠᠢ ᠭᠦᠨᠵᠡᠭᠡᠢ ᠪᠠᠶᠢᠴᠠᠭᠠᠨ ᠰᠣᠳᠤᠯᠪᠠ᠃ ᠪᠠᠶᠢᠴᠠᠭᠠᠨ ᠰᠣᠳᠤᠯᠬᠤ ᠬᠤᠭᠤᠴᠠᠭᠠᠨ ᠳᠤ᠂

5 ᠬᠢᠴᠢᠶᠡᠯ ᠰᠣᠨᠣᠰᠴᠤ᠂ 120 ᠭᠠᠷᠤᠢ ᠪᠠᠭᠰᠢ ᠪᠣᠯᠤᠨ ᠭᠡᠷ ᠤᠨ ᠠᠬᠠᠮᠠᠳ ᠲᠠᠢ  ᠶᠠᠷᠢᠯᠴᠠᠨ᠂ 5 ᠲᠦᠮᠡ

ᠭᠠᠷᠤᠢ ᠬᠤᠪᠢ ᠡᠯᠧᠺᠲᠷᠣᠨ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ ᠠᠯᠠᠱᠠ ᠠᠶᠢᠮᠠᠭ ᠤᠨ ᠠᠯᠪᠠᠨ ᠵᠢᠷᠤᠮ

 ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ︽ᠬᠤᠶᠠᠷ ᠢ ᠬᠥᠩᠭᠡᠷᠡᠭᠦᠯᠬᠦ︾ ᠲᠥᠷᠥ ᠶᠢᠨ

ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃

      ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠨᠢ ᠳᠠᠷᠠᠭ᠎ᠠ ᠠᠯᠬᠤᠮ ᠳᠤ ᠦᠨᠡᠨ ᠬᠦ ᠬᠡᠷᠡᠭᠵᠢᠭᠦᠯᠵᠦ

ᠪᠣᠯᠬᠤᠶᠢᠴᠠ ︽ᠰᠤᠷᠭᠠᠭᠤᠯᠢ ᠶᠢᠨ ᠳᠣᠲᠣᠭᠠᠳᠤ ᠶᠢᠨ ᠳᠠᠷᠤᠭᠠᠰᠤ ᠶᠢ ᠬᠥᠩᠭᠡᠷᠡᠭᠦᠯᠵᠦ ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ︾ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠯᠠᠪᠯᠠᠯᠲᠠ ᠪᠣᠯᠭᠠᠬᠤ ᠰᠠᠨᠠᠯ ᠪᠠ ᠰᠠᠨᠠᠭᠤᠯᠭ᠎ᠠ

ᠬᠤᠷᠢᠶᠠᠵᠠᠢ᠃ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠰᠤᠷᠭᠠᠭᠤᠯᠢ ᠶᠢᠨ

ᠳᠣᠲᠣᠷᠠᠬᠢ ᠳᠠᠷᠤᠭᠠᠰᠤ ᠶᠢ ᠬᠥᠩᠭᠡᠷᠡᠭᠦᠯᠵᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠵᠤ᠂

ᠰᠤᠷᠭᠠᠭᠤᠯᠢ ᠶᠢᠨ ᠥᠪᠡᠷᠮᠢᠴᠡ ᠣᠨᠴᠠᠯᠢᠭᠲᠤ ᠠᠷᠭ᠎ᠠ ᠪᠠᠷᠢᠯ ᠢ ᠨᠠᠷᠢᠨ ᠬᠢᠨᠠᠮᠠᠭᠠᠢ ᠳ᠋ᠦᠩᠨᠡᠨ ᠪᠣᠯᠪᠠᠰᠤᠷᠠᠭᠤᠯᠵᠤ᠂

ᠪᠠᠶᠢᠴᠠᠭᠠᠨ ᠰᠣᠳᠤᠯᠬᠤ ᠵᠢᠯᠣᠭᠤᠳᠬᠤ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠵᠢᠭᠠᠨ

ᠰᠤᠷᠭᠠᠯᠲᠠ ᠶᠢᠨ ᠭᠤᠭᠴᠤᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠠᠷᠢᠯᠢᠬᠵᠢᠭᠤᠯᠤᠭᠰᠠᠨ

ᠬᠠᠮᠢᠶᠠᠷᠤᠯᠲᠠ ᠶᠢ ᠬᠡᠷᠡᠭᠵᠢᠭᠦᠯᠦᠨ᠂ ᠰᠤᠷᠭᠠᠭᠤᠯᠢ ᠶᠢᠨ ᠠᠭᠤᠯᠤᠭᠳᠠᠬᠤᠨ ᠤ ᠬᠥᠭᠵᠢᠯᠲᠡ ᠶᠢ ᠭᠦᠨᠵᠡᠭᠡᠶᠢᠷᠡᠭᠦᠯᠵᠦ᠂

︽ᠬᠤᠶᠠᠷ ᠢ ᠬᠥᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂

ᠰᠤᠷᠭᠠᠭᠤᠯᠢ ᠶᠢᠨ ᠬᠥᠮᠦᠨ ᠬᠥᠮᠦᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠪᠦᠬᠦ ᠠᠶᠢᠮᠠᠭ ᠤᠨ ᠰᠠᠭᠤᠷᠢ

ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ

ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ

ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃

      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠪᠦᠦ ᠭᠧ ᠮᠢᠩ︶

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map