ᠮᠠᠨᠵᠤᠤᠷ ᠬᠤᠲᠠ᠄ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠣᠯᠠᠨ ᠡᠰᠢᠵᠢᠭᠦᠯᠵᠦ ᠣᠨᠴᠠᠯᠢᠭᠲᠤ ᠬᠢᠴᠢᠶᠡᠯ ᠬᠡᠦᠬᠡᠳ ᠤᠨ ᠰᠡᠳᠬᠢᠯ ᠢ ᠪᠠᠶᠠᠰᠬᠠᠨ᠎ᠠ
ᠨᠡᠶᠢᠲᠡᠯᠡᠭᠰᠡᠨ ᠴᠠᠭ᠄
2023/12/20
      ᠰᠤᠷᠤᠭᠴᠢ ᠶᠢᠨ ᠣᠯᠠᠨ ᠡᠰᠢᠵᠢᠭᠦᠯᠦᠭᠰᠡᠨ᠂ ᠥᠪᠡᠷᠮᠢᠴᠡ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠤᠷᠤᠭᠴᠢ ᠶᠢᠨ ᠶᠡᠷᠦᠩᠬᠡᠢ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠦᠭᠡ᠂ ᠮᠠᠨᠵᠤᠤᠷ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠤᠯᠤᠰ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠬᠥᠭᠵᠢᠭᠦᠯᠵᠦ᠂ ︽ᠦᠨᠡᠨ ᠪᠣᠳᠠᠲᠠᠢ ᠬᠢᠴᠢᠶᠡᠯ ᠲᠥᠷᠦᠯ - ᠾᠦᠢ ᠮᠧᠢ · ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠣᠨᠴᠠᠯᠢᠭᠲᠤ ᠬᠢᠴᠢᠶᠡᠯ︾ ᠢᠶᠠᠷ ᠠᠴᠢᠶᠠᠯᠠᠪᠤᠷᠢ ᠪᠣᠯᠭᠠᠨ᠂ ᠣᠯᠠᠨ ᠡᠰᠢᠵᠢᠭᠦᠯᠦᠭᠰᠡᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠬᠦ ᠬᠢᠴᠢᠶᠡᠯ ᠤᠨ ᠲᠥᠯᠥᠪᠯᠡᠭᠡ ᠪᠠᠷ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠰᠤᠷᠤᠭᠴᠢᠳ ᠲᠤ ᠡᠯᠪᠡᠭ ᠪᠠᠶᠠᠯᠢᠭ ᠣᠯᠠᠨ ᠡᠰᠢᠵᠢᠭᠦᠯᠦᠭᠰᠡᠨ ᠰᠤᠷᠤᠯᠴᠠᠯᠭ᠎ᠠ ᠪᠠ ᠪᠡᠶᠡᠴᠢᠯᠡᠨ ᠣᠶᠢᠯᠠᠭᠠᠯᠲᠠ ᠶᠢ ᠬᠠᠩᠭᠠᠪᠠ᠃

1.png

    

      ︽ᠾᠦᠢ ᠮᠧᠢ·ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠣᠨᠴᠠᠯᠢᠭᠲᠤ ᠬᠢᠴᠢᠶᠡᠯ︾ ᠪᠣᠯ ᠤᠷᠠᠯᠢᠭ᠂

ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ᠂ ᠬᠥᠳᠡᠯᠮᠦᠷᠢ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠵᠡᠷᠭᠡ

ᠣᠯᠠᠨ ᠬᠢᠴᠢᠶᠡᠯ ᠲᠥᠷᠦᠯ ᠤᠨ ᠬᠦᠷᠢᠶ᠎ᠡ ᠶᠢ ᠬᠠᠮᠤᠷᠴᠤ᠂ ᠰᠤᠷᠤᠭᠴᠢᠳ ᠤᠨ ᠳᠤᠷ᠎ᠠ ᠰᠣᠨᠢᠷᠬᠠᠯ ᠢ ᠢᠯᠡᠷᠡᠭᠦᠯᠦᠨ

ᠬᠥᠮᠦᠵᠢᠭᠦᠯᠵᠦ᠂ ᠰᠤᠷᠤᠭᠴᠢᠳ ᠤᠨ ᠬᠠᠷᠠᠭᠠᠰᠤ ᠶᠢ ᠥᠷᠭᠡᠳᠬᠡᠬᠦ ᠶᠢᠨ ᠲᠥᠯᠥᠭᠡ ᠶᠤᠮ᠃

      ᠤᠷᠠᠯᠢᠭ ᠤᠨ ᠬᠦᠷᠢᠶᠡᠨ ᠳᠤ᠂ ᠵᠢᠷᠤᠭ ᠪᠣᠯᠤᠨ ᠳᠠᠭᠤᠤ ᠬᠥᠭᠵᠢᠮ ᠤᠨ ᠬᠢᠴᠢᠶᠡᠯ ᠠᠴᠠ ᠬᠡᠦᠬᠡᠳ ᠤᠳ

ᠤᠷᠠᠯᠢᠭ ᠤᠨ ᠶᠢᠷᠲᠢᠨᠴᠦ ᠳᠤ ᠴᠢᠯᠥᠭᠡᠲᠡᠢ ᠠᠪᠢᠶᠠᠰ ᠢᠶᠠᠨ ᠪᠠᠳᠠᠷᠠᠭᠤᠯᠵᠤ᠂ ᠥᠪᠡᠷ ᠢ ᠪᠠᠨ ᠭᠠᠶᠢᠬᠠᠭᠤᠯᠪᠠ︔

ᠪᠡᠶ᠎ᠡ ᠶᠢᠨ ᠲᠠᠮᠢᠷ ᠤᠨ ᠬᠦᠷᠢᠶ᠎ᠡ ᠴᠠᠷᠠᠭ᠎ᠠ ᠳᠤ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠳᠡᠭᠡᠰᠦ ᠦᠰᠦᠷᠬᠦ

ᠵᠡᠷᠭᠡ ᠣᠯᠠᠨ ᠶᠠᠩᠵᠤ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠰᠤᠷᠤᠭᠴᠢᠳ ᠤᠨ ᠪᠡᠶ᠎ᠡ ᠮᠠᠬᠠᠪᠣᠳ ᠢ

ᠪᠣᠯᠪᠠᠰᠤᠷᠠᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠪᠡ︔ ᠰᠢᠨᠵᠢᠯᠡᠬᠦ ᠤᠬᠠᠭᠠᠨ ᠤ ᠬᠦᠷᠢᠶᠡᠨ ᠳᠤ᠂ ᠰᠢᠨᠵᠢᠯᠡᠬᠦ

ᠤᠬᠠᠭᠠᠨ ᠤ ᠵᠢᠵᠢᠭ ᠲᠤᠷᠰᠢᠯᠲᠠ᠂ 3D ᠳᠠᠷᠤᠮᠠᠯᠯᠠᠯ ᠬᠢᠴᠢᠶᠡᠯ ᠨᠢ ᠬᠡᠦᠬᠡᠳ ᠤᠳ ᠢ  ᠬᠤᠰᠢᠭᠤᠷᠠᠯ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠲᠠᠢ ᠣᠶᠢᠷᠠᠲᠤᠭᠤᠯᠵᠤ᠂ ᠰᠢᠨ᠎ᠡ ᠶᠢ ᠡᠭᠦᠳᠬᠦ ᠰᠡᠳᠬᠢᠮᠵᠢ ᠪᠠ ᠦᠢᠯᠡᠳᠦᠯᠭᠡ ᠶᠢᠨ

ᠴᠢᠳᠠᠪᠤᠷᠢ ᠶᠢ  ᠬᠥᠮᠥᠵᠢᠭᠦᠯᠪᠡ︔ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠲᠠᠯ᠎ᠠ ᠪᠠᠷ᠂ ᠴᠠᠭᠠᠰᠤᠨ ᠬᠠᠶᠢᠴᠢᠯᠠᠮᠠᠯ᠂

ᠴᠠᠭᠠᠰᠤᠨ ᠨᠤᠭᠤᠯᠤᠮᠠᠯ᠂ ᠨᠡᠬᠡᠮᠡᠯ ᠤᠨ ᠬᠢᠴᠢᠶᠡᠯ ᠨᠢ ᠰᠤᠷᠤᠭᠴᠢᠳ ᠤᠨ ᠭᠠᠷ ᠬᠥᠳᠡᠯᠬᠦ ᠴᠢᠳᠠᠪᠤᠷᠢ᠂ ᠪᠦᠲᠦᠭᠡᠯᠴᠢ

ᠴᠢᠳᠠᠪᠤᠷᠢ ᠶᠢ ᠬᠥᠮᠥᠵᠢᠭᠦᠯᠪᠡ︔ ᠶᠣᠰᠣ ᠰᠤᠷᠲᠠᠬᠤᠨ ᠪᠠ ᠬᠠᠤᠯᠢ ᠪᠠᠷ ᠵᠠᠰᠠᠬᠤᠢ ᠨᠢ ᠠᠮᠢᠳᠤᠷᠠᠯ ᠳᠠᠬᠢ ᠦᠨᠡᠨ

ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠤᠷᠤᠭᠴᠢᠳ ᠢ ᠬᠠᠤᠯᠢ ᠴᠠᠭᠠᠵᠠ ᠲᠠᠢ ᠣᠶᠢᠷᠠᠲᠤᠭᠤᠯᠵᠤ᠂ ᠵᠥᠪ

ᠥᠷᠲᠡᠭ ᠤᠨ ᠦᠵᠡᠯᠲᠡ ᠪᠠ ᠠᠮᠢᠳᠤᠷᠠᠬᠤᠢ ᠶᠢᠨ ᠦᠵᠡᠯᠲᠡ ᠶᠢ ᠪᠣᠢ ᠪᠣᠯᠭᠠᠨ᠂ ᠰᠤᠷᠤᠭᠴᠢᠳ ᠤᠨ ᠰᠠᠶᠢᠨ ᠰᠠᠶᠢᠬᠠᠨ

ᠠᠵᠢᠯᠯᠠᠭᠠᠨ ᠤ ᠳᠠᠳᠬᠠᠯ ᠪᠠ ᠶᠣᠰᠣ ᠮᠣᠷᠠᠯ ᠵᠠᠩ ᠴᠢᠨᠠᠷ ᠢ ᠲᠠᠰᠤᠷᠠᠯᠲᠠ ᠦᠭᠡᠢ ᠬᠥᠮᠥᠵᠢᠭᠦᠯᠪᠡ᠃

   

2.png

      ︽ᠾᠦᠢ ᠮᠧᠢ·ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠣᠨᠴᠠᠯᠢᠭᠲᠤ ᠬᠢᠴᠢᠶᠡᠯ︾ ᠨᠢ ᠰᠤᠷᠤᠭᠴᠢᠳ ᠤᠨ

ᠠᠮᠠᠷᠠᠬᠤ ᠪᠠ ᠴᠢᠯᠦᠭᠡ ᠴᠠᠭ ᠢᠶᠠᠨ ᠤᠳᠬ᠎ᠠ ᠠᠭᠤᠯᠭ᠎ᠠ ᠲᠠᠢ ᠥᠩᠭᠡᠷᠡᠭᠦᠯᠬᠦ ᠶᠢ ᠠᠬᠢᠭᠤᠯᠤᠭᠰᠠᠨ ᠢᠶᠠᠷ ᠪᠠᠷᠠᠬᠤ

ᠦᠭᠡᠢ᠂ ᠲᠡᠳᠡ ᠥᠪᠡᠷ ᠤᠨ ᠪᠠᠭ᠋ᠠᠲᠠᠢ ᠵᠦᠢᠯ ᠢᠶᠠᠨ ᠰᠤᠷᠴᠤ᠂ ᠦᠢᠯᠡᠳᠦᠯᠭᠡᠵᠢᠭᠦᠯᠬᠦ ᠪᠠ ᠰᠦᠪᠡᠭᠴᠢᠯᠡᠵᠦ᠂ ᠲᠡᠳᠡᠨ ᠢ

ᠠᠮᠢᠳᠤᠷᠠᠯ ᠲᠠᠢ ᠣᠶᠢᠷᠠᠲᠤᠭᠤᠯᠤᠨ᠂ ᠠᠮᠢᠳᠤᠷᠠᠯ ᠢ ᠣᠶᠢᠯᠠᠭᠠᠭᠤᠯᠵᠤ᠂ ᠲᠡᠳᠡᠨ ᠤ ᠵᠣᠯ ᠵᠢᠷᠭᠠᠯᠲᠤ ᠲᠥᠷᠥᠭᠳᠡᠯ ᠢ ᠨᠢ

ᠳᠡᠭᠡᠭᠰᠢᠯᠡᠭᠦᠯᠪᠡ᠃

3.png

      ᠣᠯᠠᠨ ᠡᠰᠢᠵᠢᠭᠦᠯᠦᠭᠰᠡᠨ ᠣᠨᠴᠠᠯᠢᠭᠲᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠴᠢᠶᠡᠯ ᠢ

ᠨᠡᠭᠡᠭᠡᠭᠰᠡᠨ ᠨᠢ ᠪᠠᠭᠰᠢ ᠰᠤᠷᠤᠭᠴᠢ ᠶᠢᠨ ᠥᠪᠡᠷ ᠪᠡᠶ᠎ᠡ ᠶᠢᠨ ᠬᠥᠭᠵᠢᠯᠲᠡ ᠶᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ

ᠭᠦᠢᠴᠡᠳ ᠬᠠᠷᠠᠭᠤᠯᠪᠠ᠃ ᠰᠤᠷᠭᠠᠭᠤᠯᠢ ᠬᠢᠴᠢᠶᠡᠯ ᠤᠨ ᠳᠠᠷᠠᠭᠠᠬᠢ ᠣᠨᠴᠠᠯᠢᠭᠲᠤ ᠬᠢᠴᠢᠶᠡᠯ ᠤᠨ ᠳᠣᠭᠲᠠᠯᠴᠠᠭ᠎ᠠ ᠶᠢ

ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡ ᠪᠣᠳᠠᠲᠤ ᠠᠵᠢᠯ ᠢ ᠰᠠᠶᠢᠲᠤᠷ ᠬᠢᠵᠦ᠂

ᠰᠤᠷᠭᠠᠨ ᠬᠥᠮᠥᠵᠢᠯ ᠤᠨ ︽ᠬᠠᠯᠠᠭᠤᠨ ᠳᠤᠯᠠᠭᠠᠨ︾ ᠢ ᠬᠦᠷᠭᠡᠵᠦ᠂ ᠳᠠᠷᠤᠭᠠᠰᠤ ᠶᠢ ᠬᠥᠩᠭᠡᠷᠡᠭᠦᠯᠵᠦ ᠴᠢᠨᠠᠷ

ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠠᠪᠤᠴᠠ ᠳᠤ᠂ ᠰᠤᠷᠤᠭᠴᠢ ᠨᠢᠭᠡ ᠪᠦᠷᠢ ᠳᠤ ᠡᠷᠡᠭᠦᠯ

ᠮᠡᠨᠳᠦ ᠥᠰᠦᠨ ᠪᠣᠶᠢᠵᠢᠬᠤ ᠶᠢᠨ ᠵᠣᠯ ᠵᠢᠷᠭᠠᠯ ᠢ ᠮᠡᠳᠡᠷᠡᠭᠦᠯᠵᠦ᠂ ᠪᠠᠭᠰᠢ ᠨᠢᠭᠡ ᠪᠦᠷᠢ ᠶᠢ ᠪᠢᠴᠢᠭ ᠵᠢᠭᠠᠵᠤ ᠬᠥᠮᠦᠨ

ᠬᠥᠮᠦᠵᠢᠭᠦᠯᠬᠦ ᠠᠴᠠ ᠥᠰᠦᠨ  ᠪᠣᠶᠢᠵᠢᠭᠤᠯᠵᠤ᠂ ᠭᠡᠷ ᠤᠨ ᠠᠬᠠᠮᠠᠳ ᠨᠢᠭᠡ ᠪᠦᠷᠢ ᠶᠢ ᠰᠤᠷᠭᠠᠨ ᠬᠥᠮᠦᠵᠢᠯ ᠤᠨ

ᠥᠭᠡᠷᠡᠴᠢᠯᠡᠯᠲᠡ ᠶᠢᠨ ᠦᠷ᠎ᠡ ᠪᠦᠲᠦᠭᠡᠯ ᠳᠤ ᠬᠠᠨᠤᠮᠵᠢᠲᠠᠢ ᠪᠣᠯᠭᠠᠬᠤ ᠪᠠᠷ ᠴᠢᠷᠮᠠᠶᠢᠨ᠎ᠠ᠃

      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠪᠦᠦ ᠭᠧ ᠮᠢᠩ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map