ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ  ᠨᠢ — ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠬᠠᠢ ᠮᠡᠳᠡᠯᠭᠡ ᠶᠢ ᠬᠡᠳᠦᠢ ᠮᠡᠳᠡᠬᠦ ᠪᠤᠢ︖
ᠨᠡᠶᠢᠲᠡᠯᠡᠭᠰᠡᠨ ᠴᠠᠭ᠄
2023/12/21
      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ᠂ ᠭᠠᠯ ᠪᠠᠮᠪᠠᠷ ᠪᠠ ᠥᠯᠵᠡᠶᠢᠲᠦ ᠡᠳ᠋ ᠶᠠᠭᠤ ᠪᠤᠢ︖ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ  ᠶᠢᠨ ᠲᠠᠮᠢᠷ ᠤᠨ ᠴᠤᠭᠯᠠᠭᠠᠨ ᠳᠤ ᠶᠠᠮᠠᠷ ᠶᠠᠮᠠᠷ ᠲᠥᠷᠥᠯ ᠵᠦᠢᠯ ᠪᠠᠶᠢᠬᠤ ᠪᠤᠢ︖ ᠱᠠᠩᠨᠠᠯ ᠤᠨ ᠮᠧᠲᠠᠯ ᠨᠢ ᠶᠠᠮᠠᠷ ᠶᠠᠩᠵᠤ ᠲᠠᠢ ᠪᠤᠢ ᠁ 12 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠳᠤ ᠵᠣᠷᠢᠭᠤᠯᠤᠭᠰᠠᠨ ︽ᠮᠥᠰᠥ ᠴᠠᠰᠤᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠨᠢ︾ ᠭᠡᠬᠦ ᠰᠢᠷᠢᠰ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠢᠨᠴᠢᠶᠤᠤ ᠪᠠᠭ᠎ᠠ ᠰᠤᠷᠭᠠᠭᠤᠯᠢ ᠳᠤ ᠬᠦᠷᠴᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠲᠤᠬᠠᠢ ᠮᠡᠳᠡᠯᠭᠡ ᠶᠢ ᠬᠤᠪᠢᠶᠠᠯᠴᠠᠵᠤ᠂ ᠠᠬᠤᠢ ᠲᠠᠯᠠᠪᠠᠢ  ᠳᠤ ᠪᠡᠶᠡᠴᠢᠯᠡᠨ ᠣᠶᠢᠯᠠᠭᠠᠬᠤ ᠪᠠᠷ ᠳᠠᠮᠵᠢᠨ᠂ ᠰᠤᠷᠤᠭᠴᠢᠳ ᠲᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠭᠦᠨᠵᠡᠭᠡᠢ ᠣᠶᠢᠯᠠᠭᠠᠭᠤᠯᠵᠠᠢ᠃

1.jpg

          ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ

          ᠪᠡᠶ᠎ᠡ ᠶᠢᠨ ᠲᠠᠮᠢᠷ ᠤᠨ ᠴᠤᠭᠯᠠᠭᠠᠨ︾ ᠤ ᠲᠤᠬᠠᠢ ᠮᠡᠳᠡᠯᠭᠡ ᠶᠢ ᠬᠡᠳᠦᠢ ᠮᠡᠳᠡᠬᠦ ᠪᠤᠢ

   

2.jpg

3.jpg

      ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ

ᠲᠠᠮᠢᠷ ᠤᠨ ᠴᠤᠭᠯᠠᠭᠠᠨ︾ ᠢ 2024 ᠣᠨ ᠤ 2 ᠰᠠᠷ᠎ᠠ ᠶᠢᠨ 17-2 ᠰᠠᠷ᠎ᠠ ᠶᠢᠨ 27 ᠤ ᠡᠳᠦᠷ ᠪᠣᠯᠲᠠᠯ᠎ᠠ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠷᠬᠢᠯᠡᠬᠦ ᠪᠣᠯᠤᠨ᠎ᠠ᠂ ᠡᠨᠡ ᠪᠣᠯ ᠪᠡᠶ᠎ᠡ ᠶᠢᠨ ᠲᠠᠮᠢᠷ ᠤᠨ

ᠦᠪᠡᠳᠡᠭᠰᠢ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠮᠥᠰᠥ ᠴᠠᠰᠤᠨ ᠤ ᠪᠡᠶ᠎ᠡ ᠶᠢᠨ ᠲᠠᠮᠢᠷ ᠤᠨ

ᠬᠥᠳᠡᠯᠭᠡᠭᠡᠨ ᠢ ᠳᠡᠯᠭᠡᠷᠡᠭᠦᠯᠬᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠣᠶᠣᠯ ᠢ ᠤᠯᠠᠮᠵᠢᠯᠠᠬᠤ

ᠴᠢᠬᠤᠯᠠ ᠲᠣᠬᠢᠶᠠᠯ ᠪᠣᠯᠤᠨ᠎ᠠ᠃

      ᠲᠤᠰ ᠲᠠᠯᠠᠪᠤᠷ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠨᠢ ︽ᠮᠥᠰᠥ ᠴᠠᠰᠤᠨ ᠤ ᠣᠷᠭᠢᠯᠤᠮ᠎ᠠ

ᠰᠡᠳᠬᠢᠯᠭᠡ ᠶᠢ ᠬᠥᠭᠵᠢᠭᠡᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ︾  ᠪᠠᠷ ᠭᠤᠣᠯ ᠰᠡᠳᠦᠪ ᠪᠣᠯᠭᠠᠵᠤ᠂

ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠤᠨ ᠰᠤᠷᠭᠠᠭᠴᠢ ᠸᠠᠩ

ᠬᠠᠢ ᠮᠧᠩ ᠠᠴᠠ ᠴᠠᠭ ᠭᠠᠷᠤᠢ ᠶᠢᠨ ᠰᠢᠭᠤᠳ ᠨᠡᠪᠲᠡᠷᠡᠭᠦᠯᠭᠡ ᠪᠠᠷ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ

ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠰᠣᠶᠣᠯ ᠤᠨ

ᠮᠡᠳᠡᠯᠭᠡ ᠶᠢ ᠬᠤᠪᠢᠶᠠᠯᠴᠠᠬᠤ ᠠᠵᠢᠯᠯᠠᠭ᠎ᠠ ᠶᠢ ᠡᠬᠢᠯᠡᠭᠦᠯᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ

ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠰᠦᠯᠳᠡ ᠳᠠᠭᠤᠤ᠂ ᠬᠤᠷᠠᠯ ᠤᠨ

ᠰᠦᠯᠳᠡ᠂ ᠥᠯᠵᠡᠶᠢᠲᠦ ᠡᠳ᠋᠂ ᠭᠠᠯ ᠪᠠᠮᠪᠠᠷ᠂ ᠱᠠᠩᠨᠠᠯ ᠤᠨ ᠮᠧᠳᠠᠯ ᠵᠢᠴᠢ ᠪᠠᠭᠲᠠᠭᠠᠭᠰᠠᠨ ᠲᠥᠷᠥᠯ ᠵᠦᠢᠯ ᠢ ᠨᠠᠷᠢᠨ

ᠲᠠᠨᠢᠯᠴᠠᠭᠤᠯᠵᠤ᠂ ᠠᠭᠤᠯᠭ᠎ᠠ ᠡᠯᠪᠡᠭ ᠪᠠᠶᠠᠯᠢᠭ ᠪᠠᠶᠢᠵᠤ᠂ ᠠᠮᠢᠳᠤᠯᠢᠭ ᠪᠥᠭᠡᠳ ᠰᠣᠨᠢᠷᠬᠠᠯᠲᠠᠢ ᠲᠠᠶᠢᠯᠪᠤᠷᠢᠯᠠᠪᠠ᠃

   

4.jpg

5.jpg

      ᠰᠤᠷᠤᠭᠴᠢᠳ ᠲᠤ ᠬᠤᠯᠪᠣᠭᠳᠠᠯ ᠪᠦᠬᠦᠢ ᠮᠡᠳᠡᠯᠭᠡ ᠶᠢ ᠨᠡᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠸᠠᠩ

ᠬᠠᠢ ᠮᠧᠩ ᠬᠠᠷᠢᠯᠴᠠᠨ ᠦᠢᠯᠡᠳᠦᠯᠴᠡᠬᠦ ᠠᠰᠠᠭᠤᠯᠲᠠ ᠬᠠᠷᠢᠭᠤᠯᠲᠠ ᠶᠢ ᠳᠤᠰᠬᠠᠶᠢᠯᠠᠨ ᠲᠥᠯᠦᠪᠯᠡᠵᠦ᠂ ᠠᠰᠠᠭᠤᠯᠲᠠ

ᠬᠠᠷᠢᠭᠤᠯᠬᠤ ᠭᠤᠭᠴᠤᠭ᠎ᠠ ᠳᠤ ᠰᠤᠷᠤᠭᠴᠢᠳ ᠢᠳᠡᠪᠬᠢᠲᠡᠢ ᠣᠷᠣᠯᠴᠠᠪᠠ᠃ ︽ᠥᠨᠥᠳᠦᠷ ᠪᠢ ︿ᠠᠷᠪᠠᠨ

ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ﹀ ᠤ ᠲᠤᠬᠠᠢ ᠮᠠᠰᠢ

ᠣᠯᠠᠨ ᠮᠡᠳᠡᠯᠭᠡ ᠶᠢ ᠣᠶᠢᠯᠠᠭᠠᠵᠤ᠂ ᠡᠪᠦᠯ ᠤᠨ ᠠᠮᠠᠷᠠᠯᠲᠠ ᠳᠤ ᠪᠠᠨ ᠮᠥᠰᠥ ᠴᠠᠰᠤᠨ ᠤ ᠪᠡᠶ᠎ᠡ ᠲᠠᠮᠢᠷ ᠤᠨ

ᠬᠥᠳᠡᠯᠭᠡᠭᠡᠨ ᠳᠤ ᠢᠯᠡᠭᠦᠬᠡᠨ ᠣᠷᠣᠯᠴᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠶᠠᠷ

ᠪᠠᠶᠠᠰᠤᠯ ᠢ ᠬᠦᠷᠲᠡᠶ᠎ᠡ ᠭᠡᠵᠦ ᠪᠣᠳᠣᠵᠤ ᠪᠠᠶᠢᠨ᠎ᠠ︾ ᠭᠡᠵᠦ ᠳᠥᠷᠪᠡᠳᠦᠭᠡᠷ ᠣᠨ ᠤ ︵8︶ ᠳ᠋ᠤᠭᠠᠷ ᠠᠩᠭᠢ ᠶᠢᠨ

ᠰᠤᠷᠤᠭᠴᠢ ᠱᠧᠨ ᠫᠧᠢ ᠿᠠᠨ ᠶᠠᠷᠢᠪᠠ᠃

          ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠡᠶᠢᠮᠦ ᠰᠣᠨᠢᠷᠬᠠᠯᠲᠠᠢ

   

6.jpg

7.jpg

8.jpg

      ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ

ᠲᠠᠮᠢᠷ ᠤᠨ ᠴᠤᠭᠯᠠᠭᠠᠨ︾ ᠤ ᠮᠡᠳᠡᠯᠭᠡ ᠶᠢ ᠣᠶᠢᠯᠠᠭᠠᠭᠰᠠᠨ ᠤ ᠳᠠᠷᠠᠭ᠎ᠠ᠂ ᠰᠤᠷᠤᠭᠴᠢᠳ ᠮᠥᠰᠥ ᠴᠠᠰᠤᠨ ᠤ

ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠰᠣᠨᠢᠷᠬᠠᠯ ᠲᠥᠷᠦᠭᠳᠡᠵᠦ᠂ ᠸᠠᠩ ᠬᠠᠢ ᠮᠧᠩ ᠰᠤᠷᠭᠠᠭᠴᠢ ᠠᠴᠠ

ᠰᠤᠷᠤᠭᠴᠢᠳ ᠲᠤ ᠬᠡᠭᠡᠷᠯᠡᠨ ᠴᠠᠰᠤᠨ ᠳᠤ ᠭᠤᠯᠭᠤᠬᠤ ᠪᠠ ᠮᠥᠰᠥᠨ ᠳᠡᠪᠦᠷ᠎ᠡ ᠶᠢᠨ ᠪᠡᠶ᠎ᠡ ᠲᠠᠮᠢᠷ ᠤᠨ ᠬᠥᠳᠡᠯᠭᠡᠭᠡᠨ ᠤ

ᠪᠠᠭᠠᠵᠢ ᠬᠡᠷᠡᠭᠰᠡᠯ ᠢ ᠦᠵᠡᠭᠦᠯᠵᠦ᠂ ᠣᠯᠠᠨ ᠢᠶᠠᠷ ᠢᠶᠠᠨ ᠪᠡᠶᠡᠴᠢᠯᠡᠨ ᠣᠶᠢᠯᠠᠭᠠᠵᠤ᠂ ᠬᠥᠭᠵᠢᠶᠡᠨᠲᠡᠢ ᠶᠠᠷᠢᠯᠴᠠᠪᠠ᠃

   

9.jpg

10.jpg

      ᠠᠵᠢᠯᠯᠠᠭᠠᠨ ᠤ ᠶᠠᠪᠤᠴᠠ ᠳᠤ᠂ ᠰᠤᠷᠭᠠᠭᠴᠢ ᠠᠴᠠ ᠮᠥᠰᠥᠨ ᠳᠡᠪᠦᠷ᠎ᠡ ᠶᠢᠨ ᠪᠡᠶ᠎ᠡ ᠶᠢᠨ ᠲᠠᠮᠢᠷ ᠤᠨ

ᠬᠥᠳᠡᠯᠭᠡᠭᠡᠨ ᠢᠶᠠᠷ ᠵᠢᠱᠢᠶᠡᠯᠡᠵᠦ᠂ ᠰᠤᠷᠤᠭᠴᠢᠳ ᠢ ᠳᠠᠭᠠᠭᠤᠯᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ

ᠬᠥᠳᠡᠯᠭᠡᠭᠡᠨ ᠢ ᠣᠶᠢᠯᠠᠭᠠᠭᠤᠯᠵᠤ᠂ ᠰᠤᠷᠤᠭᠴᠢᠳ ᠲᠤ ᠮᠥᠰᠥᠨ ᠳᠡᠪᠦᠷ᠎ᠡ ᠶᠢᠨ ᠪᠡᠶ᠎ᠡ ᠶᠢᠨ ᠲᠠᠮᠢᠷ ᠤᠨ

ᠬᠥᠳᠡᠯᠭᠡᠭᠡᠨ ᠤ ᠲᠦᠷᠢᠮ᠂ ᠲᠠᠯᠠᠪᠤᠷ ᠵᠢᠴᠢ ᠪᠠᠭᠠᠵᠢ ᠬᠡᠷᠡᠭᠰᠡᠯ ᠢ ᠲᠠᠨᠢᠯᠴᠠᠭᠤᠯᠤᠭᠰᠠᠨ ᠪᠥᠭᠡᠳ ᠶᠠᠭᠠᠬᠢᠵᠤ ᠮᠥᠰᠦᠨ

ᠳᠡᠪᠦᠷ᠎ᠡ ᠢ ᠣᠷᠣᠭᠤᠯᠬᠤ ᠲᠤᠬᠠᠢ ᠵᠢᠱᠢᠶ᠎ᠡ ᠦᠵᠡᠭᠦᠯᠪᠡ᠃ ᠰᠤᠷᠤᠭᠴᠢᠳ ᠢᠳᠡᠪᠬᠢᠲᠡᠢ ᠳᠤᠷᠰᠢᠵᠤ᠂ ᠬᠠᠯᠠᠰᠢᠷᠠᠯ

ᠦᠭᠡᠢ ᠵᠢᠯᠣᠭᠤᠳᠤᠯᠭ᠎ᠠ ᠳᠣᠣᠷ᠎ᠠ ᠠᠬᠠᠵᠢᠮ ᠢᠶᠠᠷ ᠮᠡᠷᠭᠡᠵᠢᠯ ᠢ ᠡᠵᠡᠮᠰᠢᠪᠡ᠃

   

11.jpg

     ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠢᠨᠴᠢᠶᠣᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ

ᠪᠠᠭᠰᠢ ᠯᠢ ᠵᠢᠶᠠ ᠴᠢ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ

ᠪᠡᠶ᠎ᠡ ᠶᠢᠨ ᠲᠠᠮᠢᠷ ᠤᠨ ᠴᠤᠭᠯᠠᠭᠠᠨ︾ ᠢᠶᠠᠷ ᠠᠵᠠ ᠲᠣᠬᠢᠶᠠᠯ ᠪᠣᠯᠭᠠᠵᠤ᠂ ᠲᠤᠰ ᠰᠤᠷᠭᠠᠭᠤᠯᠢ ᠡᠳᠦᠷ ᠲᠤᠲᠤᠮ ᠤᠨ

ᠵᠢᠭᠠᠨ ᠰᠤᠷᠭᠠᠯᠲᠠ ᠳᠤ ᠪᠠᠨ ᠮᠥᠰᠥ ᠴᠠᠰᠤᠨ ᠤ ᠮᠡᠳᠡᠯᠭᠡ ᠶᠢᠨ ᠬᠠᠮᠢᠶ᠎ᠠ ᠪᠦᠬᠦᠢ ᠬᠢᠴᠢᠶᠡᠯ ᠪᠠ ᠮᠡᠳᠡᠯᠭᠡ ᠶᠢᠨ

ᠠᠰᠠᠭᠤᠯᠲᠠ ᠬᠠᠷᠢᠭᠤᠯᠲᠠ ᠶᠢᠨ ᠤᠷᠤᠯᠳᠤᠭᠠᠨ ᠢ ᠥᠷᠨᠢᠭᠦᠯᠦᠭᠰᠡᠨ ᠪᠠᠷ ᠪᠠᠷᠠᠬᠤ ᠦᠭᠡᠢ᠂ ᠪᠠᠰᠠ ᠮᠥᠰᠥᠨ

ᠳᠡᠪᠦᠷ᠎ᠡ ᠶᠢᠨ ᠬᠢᠴᠢᠶᠡᠯ ᠢ ᠨᠡᠶᠢᠭᠡᠮᠯᠢᠭ ᠤᠨ ᠬᠢᠴᠢᠶᠡᠯ ᠳᠤ ᠣᠷᠣᠭᠤᠯᠵᠤ᠂ ᠬᠡᠦᠬᠡᠳ ᠤᠳ ᠲᠤ ᠦᠢᠯᠡᠳᠦᠯᠭᠡ ᠶᠢᠨ

ᠶᠠᠪᠤᠴᠠ ᠳᠤ ᠮᠥᠰᠥᠨ ᠳᠡᠪᠦᠷ᠎ᠡ ᠶᠢᠨ ᠤᠷ᠎ᠠ ᠴᠢᠳᠠᠪᠤᠷᠢ ᠶᠢ ᠰᠤᠷᠤᠯᠴᠠᠨ ᠡᠵᠡᠮᠰᠢᠭᠦᠯᠵᠦ᠂ ᠮᠥᠰᠥᠨ ᠳᠡᠪᠦᠷ᠎ᠡ ᠶᠢᠨ

ᠪᠡᠶ᠎ᠡ ᠶᠢᠨ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠮᠡᠳᠡᠷᠡᠭᠦᠯᠵᠦ᠂ ᠲᠡᠳᠡᠨ ᠤ ᠮᠥᠰᠥ ᠴᠠᠰᠤᠨ ᠤ ᠪᠡᠶ᠎ᠡ

ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠪᠡ᠃

   

12.jpg

13.jpg

14.jpg

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map