2024 ᠣᠨ ᠤ ᠮᠠᠰᠲ᠋ᠧᠷ ᠰᠣᠳᠤᠯᠤᠨ ᠰᠤᠷᠤᠭᠴᠢ ᠶᠢᠨ ᠰᠤᠷᠤᠭᠴᠢ ᠡᠯᠰᠡᠬᠦ ᠰᠢᠯᠭᠠᠯᠲᠠ ︵ᠠᠩᠬᠠᠨ ᠤ ᠰᠢᠯᠭᠠᠯᠲᠠ︶ ᠠᠴᠠ ᠡᠮᠦᠨᠡᠬᠢ ᠰᠠᠨᠠᠭᠤᠯᠤᠮᠵᠢ
ᠨᠡᠶᠢᠲᠡᠯᠡᠭᠰᠡᠨ ᠴᠠᠭ᠄
2023/12/22
      2024 ᠣᠨ ᠤ ᠪᠦᠬᠦ ᠤᠯᠤᠰ ᠤᠨ ᠮᠠᠰᠲ᠋ᠧᠷ ᠤᠨ ᠰᠣᠳᠤᠯᠤᠨ ᠰᠤᠷᠤᠭᠴᠢ ᠶᠢᠨ ᠰᠤᠷᠤᠭᠴᠢ ᠡᠯᠰᠡᠬᠦ ᠰᠢᠯᠭᠠᠯᠲᠠ ︵ᠠᠩᠬᠠᠨ ᠤ ᠰᠢᠯᠭᠠᠯᠲᠠ︶ ᠤᠳᠠᠯ ᠦᠭᠡᠢ  ᠪᠣᠯᠤᠯ᠎ᠠ᠃ ᠪᠦᠬᠦ ᠣᠷᠣᠨ ᠤ ᠰᠢᠯᠭᠠᠭᠤᠯᠤᠭᠰᠠᠳ ᠤᠨ ᠰᠡᠳᠬᠢᠯ ᠲᠠᠶᠢᠪᠤᠭᠤᠨ ᠰᠢᠯᠭᠠᠯᠲᠠ ᠳᠤ ᠣᠷᠣᠯᠴᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠳᠣ ᠬᠤᠯᠪᠣᠭᠳᠠᠯ ᠪᠦᠬᠦᠢ ᠵᠦᠢᠯ ᠢ ᠰᠠᠨᠠᠭᠤᠯᠤᠶ᠎ᠠ᠄      ᠨᠢᠭᠡ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠨ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ      ᠴᠠᠭ ᠠᠭᠤᠷ ᠤᠨ ᠰᠠᠯᠠᠭ᠎ᠠ ᠮᠥᠴᠢᠷ ᠤᠨ ᠮᠡᠳᠡᠭᠡ ᠶᠢ ᠦᠨᠳᠦᠰᠦᠯᠡᠪᠡᠯ᠂ ᠢᠷᠡᠬᠦ ᠬᠡᠳᠦᠨ ᠡᠳᠦᠷ᠂ ᠮᠠᠨ ᠤ ᠣᠷᠣᠨ ᠤ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ ᠦᠷᠭᠦᠯᠵᠢᠯᠡᠨ ᠲᠣᠭᠤᠭᠰᠢᠯᠠᠨ᠎ᠠ᠂ ᠰᠢᠯᠭᠠᠭᠤᠯᠤᠭᠴᠢ ᠥᠪᠡᠷ ᠤᠨ ᠡᠷᠡᠭᠦᠯ ᠮᠡᠨᠳᠦ ᠶᠢᠨ ︽ᠨᠢᠭᠡᠳᠦᠭᠡᠷ ᠬᠠᠷᠢᠭᠤᠴᠠᠯᠭᠠᠲᠠᠨ︾ ᠪᠣᠯᠵᠤ᠂ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠢ ᠳᠤ ᠨᠢ ᠠᠩᠬᠠᠷᠴᠤ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠬᠠᠤ ᠪᠠ ᠰᠡᠷᠭᠡᠶᠢᠯᠡᠨ ᠬᠠᠮᠠᠭᠠᠯᠠᠬᠤ ᠶᠢ ᠰᠠᠶᠢᠲᠤᠷ ᠬᠢᠬᠦ ᠬᠡᠷᠡᠭᠲᠡᠢ︔ ᠪᠡᠶ᠎ᠡ ᠰᠡᠳᠬᠢᠯ ᠤᠨ ᠪᠠᠶᠢᠳᠠᠯ ᠢᠶᠠᠨ ᠴᠠᠭ ᠲᠤᠬᠠᠢ ᠳᠤ ᠨᠢ ᠰᠠᠶᠢᠲᠤᠷ ᠲᠣᠬᠢᠷᠠᠭᠤᠯᠵᠤ᠂ ᠳᠠᠷᠤᠯᠲᠠ ᠶᠢ ᠵᠣᠬᠢᠬᠤ ᠬᠡᠮᠵᠢᠶᠡᠨ ᠳᠤ ᠪᠠᠲᠤᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠬᠦ           ᠬᠡᠷᠡᠭᠲᠡᠢ᠃ ᠰᠢᠯᠭᠠᠯᠲᠠ ᠠᠴᠠ ᠡᠮᠦᠨ᠎ᠡ ᠵᠠᠪᠠᠯ ᠭᠠᠳᠠᠭᠰᠢ ᠭᠠᠷᠬᠤ ᠦᠭᠡᠢ᠂ ᠪᠥᠭᠡᠮᠨᠡᠷᠡᠬᠦ ᠦᠭᠡᠢ᠂ ᠥᠪᠡᠷ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠵᠢᠮ᠎ᠡ ᠶᠣᠰᠣ ᠲᠠᠢ ᠬᠤᠭᠤᠯᠠᠯᠠᠬᠤ ᠪᠠ ᠡᠷᠡᠭᠦᠯ ᠮᠡᠨᠳᠦ ᠠᠵᠢᠯᠯᠠᠵᠤ ᠠᠮᠠᠷᠠᠬᠤ ᠶᠢ ᠪᠠᠲᠤᠯᠠᠨ᠂ ᠬᠠᠮᠤᠭ ᠤᠨ ᠰᠠᠶᠢᠨ ᠪᠠᠶᠢᠳᠠᠯ ᠢᠶᠠᠷ ᠰᠢᠯᠭᠠᠯᠲᠠ ᠶᠢ ᠤᠭᠲᠤᠬᠤ ᠶᠢ ᠦᠨᠡᠨ ᠬᠦ ᠪᠠᠲᠤᠯᠠᠨ᠂ ᠪᠡᠶ᠎ᠡ ᠡᠪ ᠦᠭᠡᠢ ᠠᠴᠠ ᠪᠣᠯᠵᠤ ᠰᠢᠯᠭᠠᠯᠲᠠ ᠳᠤ ᠣᠷᠣᠯᠴᠠᠬᠤ ᠶᠢ ᠨᠥᠯᠥᠭᠡᠯᠡᠬᠦ ᠠᠴᠠ ᠰᠡᠷᠭᠡᠶᠢᠯᠡᠨ᠎ᠡ᠃ ᠰᠢᠯᠭᠠᠯᠲᠠ ᠶᠢᠨ ᠬᠤᠭᠤᠴᠠᠭᠠᠨ ᠳᠤ᠂ ᠬᠡᠷᠪᠡ ᠬᠠᠯᠠᠭᠤᠷᠠᠬᠤ᠂ ᠬᠠᠨᠢᠶᠠᠬᠤ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ ᠪᠤᠯᠴᠢᠩ ᠮᠢᠬ᠎ᠠ ᠱᠠᠷᠬᠢᠷᠠᠨ ᠡᠪᠡᠳᠬᠦ᠂ ᠲᠠᠮᠢᠷᠳᠠᠬᠤ ᠵᠡᠷᠭᠡ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠰᠢᠨᠵᠢ ᠢᠯᠡᠷᠡᠭᠰᠡᠨ ᠰᠢᠯᠭᠠᠭᠤᠯᠤᠭᠴᠢ ᠠᠮᠠᠪᠴᠢ ᠵᠡᠭᠦᠵᠦ ᠰᠢᠯᠭᠠᠯᠲᠠ ᠳᠤ ᠣᠷᠣᠯᠴᠠᠬᠤ ᠶᠢ ᠰᠠᠨᠠᠭᠤᠯᠤᠶ᠎ᠠ᠃      ᠬᠤᠶᠠᠷ᠂ ᠰᠡᠳᠬᠢᠯ ᠲᠠᠶᠢᠪᠤᠭᠤᠨ ᠰᠢᠯᠭᠠᠯᠲᠠ ᠶᠢ ᠤᠭᠲᠤᠨ᠂ ᠰᠢᠯᠭᠠᠯᠲᠠ ᠶᠢᠨ ᠪᠡᠯᠡᠳᠭᠡᠯ  ᠢ ᠰᠠᠶᠢᠲᠤᠷ ᠬᠢᠨ᠎ᠡ      ︽ᠰᠢᠯᠭᠠᠭᠤᠯᠬᠤ ᠲᠡᠮᠳᠡᠭ︾ ᠢ ᠤᠷᠢᠳᠴᠢᠯᠠᠨ ᠪᠠᠭᠤᠯᠭᠠᠵᠤ ᠳᠠᠷᠤᠮᠠᠯᠯᠠᠬᠤ ᠶᠢᠨ ᠬᠠᠮᠲᠤ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠨᠡᠶᠢᠲᠡᠯᠡᠭᠰᠡᠨ ︽ᠰᠢᠯᠭᠠᠭᠤᠯᠤᠭᠴᠢ ᠶᠢᠨ ᠰᠢᠯᠭᠠᠯᠲᠠ ᠶᠢᠨ ᠳᠦᠷᠢᠮ︾ ᠢ ᠨᠠᠷᠢᠨ ᠨᠢᠮᠪᠠᠢ ᠰᠤᠷᠤᠯᠴᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠪᠠ ᠠᠩᠬᠠᠷᠬᠤ ᠵᠦᠢᠯ ᠢ ᠪᠠᠲᠤ ᠴᠡᠭᠡᠵᠢᠯᠡᠬᠦ ᠬᠡᠷᠡᠭᠲᠡᠢ᠃ ᠰᠢᠯᠭᠠᠯᠲᠠ ᠶᠢᠨ ᠦᠨᠡᠮᠯᠡᠯ ᠪᠠ ᠰᠢᠯᠭᠠᠯᠲᠠ ᠶᠢᠨ ᠬᠡᠷᠡᠭᠰᠡᠯ ᠢ ᠪᠦᠷᠢᠨ ᠪᠡᠯᠡᠳᠬᠡᠵᠦ᠂ ᠬᠦᠴᠦᠨ ᠪᠦᠬᠦᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ︽ᠰᠢᠯᠭᠠᠭᠤᠯᠬᠤ ᠲᠡᠮᠳᠡᠭ︾ ᠢᠶᠠᠨ ᠠᠪᠤᠭᠰᠠᠨ ᠡᠰᠡᠬᠦ ᠶᠢ ᠨᠠᠷᠢᠨ ᠨᠢᠮᠪᠠᠢ ᠪᠠᠶᠢᠴᠠᠭᠠᠬᠤ ᠬᠡᠷᠡᠭᠲᠡᠢ᠃ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠤᠶᠤ ᠶᠠᠭ ᠭᠦᠢᠴᠡᠳᠬᠡᠵᠦ ᠪᠠᠶᠢᠭ᠎ᠠ ᠶᠠᠪᠤᠴᠠ ᠳᠤ᠂ ᠡᠷᠬᠡᠪᠰᠢ ᠬᠦᠴᠦᠨ ᠲᠠᠢ ᠬᠤᠭᠤᠴᠠᠭᠠᠨ ᠳᠠᠬᠢ ᠲᠦᠷ ᠴᠠᠭ ᠤᠨ ᠪᠡᠶ᠎ᠡ ᠶᠢᠨ ᠦᠨᠡᠮᠯᠡᠯ ᠪᠤᠶᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠭᠠᠷᠭᠠᠭᠰᠠᠨ ᠰᠡᠭᠦᠳᠡᠷ ᠲᠠᠢ ᠲᠦᠷ ᠴᠠᠭ ᠤᠨ ᠪᠡᠶ᠎ᠡ ᠶᠢᠨ ᠦᠨᠡᠮᠯᠡᠯ ᠢᠶᠠᠨ ᠠᠪᠴᠤ ᠰᠢᠯᠭᠠᠯᠲᠠ ᠶᠢᠨ ᠲᠠᠯᠠᠪᠠᠢ ᠳᠤ ᠣᠷᠣᠬᠤ ᠬᠡᠷᠡᠭᠲᠡᠢ᠃ ᠰᠢᠯᠭᠠᠯᠲᠠ ᠶᠢᠨ ᠬᠡᠷᠡᠭᠰᠡᠯ ᠢ ᠲᠣᠭᠲᠠᠭᠠᠯ ᠶᠣᠰᠣᠭᠠᠷ ᠠᠪᠴᠤ ᠶᠠᠪᠤᠵᠤ᠂ ᠴᠢᠬᠤᠯᠠ ᠪᠦᠬᠦᠢ ᠪᠢᠴᠢᠭ ᠤᠨ ᠬᠡᠷᠡᠭᠰᠡᠯ ᠢ ᠭᠠᠷᠭᠠᠪᠠᠯ᠂ ᠰᠢᠯᠭᠠᠯᠲᠠ ᠶᠢᠨ ᠪᠤᠰᠤ ᠬᠡᠷᠡᠭᠰᠡᠯ ᠢ ᠴᠥᠮ ᠰᠢᠯᠭᠠᠯᠲᠠ ᠶᠢᠨ ᠴᠡᠭ ︵ᠰᠢᠯᠭᠠᠯᠲᠠ ᠶᠢᠨ ᠪᠢᠲᠡᠭᠦᠮᠵᠢᠯᠡᠭᠰᠡᠨ ᠣᠷᠣᠨ︶ ᠳᠤ ᠠᠪᠴᠤ ᠣᠷᠣᠵᠤ ᠪᠣᠯᠬᠤ ᠦᠭᠡᠢ᠃ ᠰᠢᠯᠭᠠᠯᠲᠠ ᠶᠢᠨ ᠴᠡᠭ ᠪᠠ ᠰᠢᠯᠭᠠᠯᠲᠠ ᠶᠢᠨ ᠲᠠᠯᠠᠪᠠᠢ ᠶᠢᠨ ᠣᠷᠣᠨ ᠪᠠᠶᠢᠷᠢ ᠶᠢ ᠤᠷᠢᠳᠴᠢᠯᠠᠨ ᠣᠶᠢᠯᠠᠭᠠᠵᠤ᠂ ᠰᠢᠯᠭᠠᠯᠲᠠ ᠶᠢᠨ ᠴᠡᠭ ᠤᠨ ᠣᠶᠢᠷ᠎ᠠ ᠬᠠᠪᠢ ᠶᠢᠨ ᠵᠠᠮ ᠬᠠᠷᠢᠯᠴᠠᠭᠠᠨ ᠤ ᠪᠠᠶᠢᠳᠠᠯ ᠢ ᠤᠷᠢᠳ ᠢᠶᠠᠷ ᠣᠶᠢᠯᠠᠭᠠᠨ᠂ ᠶᠠᠪᠤᠬᠤ ᠵᠠᠮ ᠢᠶᠠᠨ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃      ᠭᠤᠷᠪᠠ᠂ ᠵᠢᠯᠣᠭᠤᠳᠣᠯᠭ᠎ᠠ ᠶᠢ ᠳᠠᠭᠠᠵᠤ᠂ ᠠᠮᠤᠷ ᠲᠦᠪᠰᠢᠨ ᠤ ᠪᠠᠶᠢᠴᠠᠭᠠᠯᠲᠠ ᠶᠢ ᠡᠮᠬᠢ ᠵᠢᠷᠤᠮ ᠲᠠᠢ ᠬᠦᠯᠢᠶᠡᠨ᠎ᠡ      2024 ᠣᠨ ᠤ ᠰᠤᠳᠤᠯᠤᠨ ᠰᠤᠷᠤᠭᠴᠢ ᠰᠢᠯᠭᠠᠭᠤᠯᠤᠭᠰᠠᠳ ᠰᠢᠯᠭᠠᠯᠲᠠ ᠶᠢᠨ ᠲᠠᠯᠠᠪᠠᠢ ᠳᠤ ᠣᠷᠣᠬᠤ ᠳᠤ ᠣᠶᠤᠨᠴᠢ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡ ᠪᠠᠷ ᠪᠠᠶᠢᠴᠠᠭᠠᠬᠤ ᠭᠤᠭᠴᠤᠭ᠎ᠠ ᠶᠢ ᠰᠢᠨ᠎ᠡ ᠪᠠᠷ ᠨᠡᠮᠡᠵᠦ᠂ ᠰᠢᠯᠭᠠᠭᠤᠯᠤᠭᠴᠢ ᠰᠢᠯᠭᠠᠯᠲᠠ ᠶᠢᠨ ᠲᠠᠯᠠᠪᠠᠢ ᠳᠤ ᠣᠴᠢᠬᠤ ᠳᠤ ᠪᠠᠨ ᠠᠯᠢ ᠴᠢᠳᠠᠬᠤ ᠪᠠᠷ ᠤᠷᠢᠳᠴᠢᠯᠠᠨ ᠭᠡᠷ ᠠᠴᠠ ᠪᠠᠨ ᠭᠠᠷᠴᠤ᠂ 1 ᠴᠠᠭ ᠤᠨ ᠡᠮᠦᠨ᠎ᠡ ᠰᠢᠯᠭᠠᠯᠲᠠ ᠶᠢᠨ ᠴᠡᠭ ᠲᠤ ᠬᠦᠷᠴᠦ᠂ ᠰᠢᠯᠭᠠᠯᠲᠠ ᠶᠢᠨ ᠲᠠᠯᠠᠪᠠᠢ ᠳᠤ ᠣᠷᠣᠬᠤ ᠠᠮᠤᠷ ᠲᠦᠪᠰᠢᠨ ᠤ ᠪᠠᠶᠢᠴᠠᠭᠠᠯᠲᠠ᠂ ᠪᠡᠶ᠎ᠡ ᠶᠢᠨ ᠭᠠᠷᠤᠯ ᠢ ᠬᠢᠨᠠᠨ ᠰᠢᠯᠭᠠᠬᠤ ᠵᠡᠷᠭᠡ ᠳᠤ ᠭᠦᠢᠴᠡᠳ ᠴᠠᠭ ᠦᠯᠡᠳᠡᠭᠡᠬᠦ ᠶᠢ ᠰᠠᠨᠠᠭᠤᠯᠤᠶ᠎ᠠ᠃ ᠰᠢᠯᠭᠠᠯᠲᠠ ᠶᠢᠨ ᠶᠠᠪᠤᠳᠠᠯ ᠤᠨ ᠠᠵᠢᠯᠲᠠᠨ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠲᠣᠭᠲᠠᠭᠠᠯ ᠶᠣᠰᠣᠭᠠᠷ᠂ ᠪᠡᠶ᠎ᠡ ᠶᠢᠨ ᠭᠠᠷᠤᠯ ᠢᠶᠠᠨ ᠡᠮᠬᠢ ᠵᠢᠷᠤᠮ ᠲᠠᠢ ᠪᠠᠲᠤᠯᠠᠭᠤᠯᠵᠤ ᠬᠢᠨᠠᠨ ᠪᠠᠶᠢᠴᠠᠭᠠᠯᠭᠠᠵᠤ᠂ ᠠᠮᠤᠷ ᠲᠦᠪᠰᠢᠨ ᠤ ᠪᠠᠶᠢᠴᠠᠭᠠᠯᠲᠠ ᠪᠠ ᠪᠡᠶ᠎ᠡ ᠳᠤ  ᠪᠠᠨ ᠠᠪᠴᠤ ᠶᠠᠪᠤᠭ᠎ᠠ ᠡᠳ᠋ ᠪᠣᠳᠠᠰ ᠢᠶᠠᠨ ᠪᠠᠶᠢᠴᠠᠭᠠᠯᠭᠠᠬᠤ ᠬᠡᠷᠡᠭᠲᠡᠢ᠃ ᠰᠢᠯᠭᠠᠭᠤᠯᠤᠭᠴᠢ ᠡᠯ᠎ᠡ ᠲᠥᠷᠥᠯ ᠤᠨ ᠡᠯᠧᠺᠲᠷᠣᠨ ᠴᠢᠮᠡᠭᠡ ᠬᠤᠯᠪᠣᠭᠠᠨ ᠤ ᠪᠠᠭᠠᠵᠢ ︵ᠵᠢᠱᠢᠶᠡᠯᠡᠪᠡᠯ ᠭᠠᠷ ᠤᠲᠠᠰᠤ᠂ ᠤᠶᠤᠨᠲᠤ ᠭᠠᠷ ᠴᠠᠭ ᠵᠡᠷᠭᠡ ᠣᠶᠤᠨᠴᠢ ᠡᠮᠦᠰᠴᠦ ᠵᠡᠭᠦᠬᠦ ᠲᠥᠬᠦᠭᠡᠷᠦᠮᠵᠢ︶ ᠵᠡᠷᠭᠡ ᠡᠳ᠋ ᠪᠣᠳᠠᠰ ᠢ ᠠᠪᠴᠤ ᠰᠢᠯᠭᠠᠯᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ ᠵᠠᠢ ᠳᠤ ᠣᠷᠣᠬᠤ ᠶᠢ ᠴᠢᠩᠭ᠎ᠠ ᠬᠤᠷᠢᠭᠯᠠᠨ᠎ᠠ᠃ ᠰᠢᠯᠭᠠᠭᠤᠯᠤᠭᠴᠢ ᠬᠤᠪᠢ ᠬᠥᠮᠦᠨ ᠤ ᠡᠳ᠋ ᠪᠣᠳᠠᠰ ᠢᠶᠠᠨ ᠤᠷᠢᠳᠴᠢᠯᠠᠨ ᠵᠣᠬᠢᠰᠲᠠᠢ ᠲᠥᠪᠬᠢᠨᠡᠭᠦᠯᠵᠦ᠂ ᠰᠢᠯᠭᠠᠯᠲᠠ ᠶᠢᠨ ᠡᠳᠦᠷ ᠲᠦᠯᠬᠢᠭᠦᠷ᠂ ᠰᠣᠷᠢᠨᠵᠢᠨ ᠺᠠᠷᠲ᠂ ᠨᠣᠴᠤᠭᠠᠭᠤᠷ᠂ ᠲᠡᠮᠦᠷᠯᠢᠭ ᠪᠠᠭᠤᠪᠴᠢ᠂ ᠪᠦᠭᠡᠵᠢ᠂ ᠰᠣᠨᠳᠣᠷ ᠵᠡᠷᠭᠡ ᠡᠳ᠋ ᠪᠣᠳᠠᠰ ᠢ ᠰᠢᠯᠭᠠᠯᠲᠠ  ᠶᠢᠨ ᠲᠠᠯᠠᠪᠠᠢ ᠳᠤ ᠠᠪᠴᠤ ᠣᠷᠣᠵᠤ ᠪᠣᠯᠬᠤ ᠦᠭᠡᠢ᠂ ᠬᠤᠪᠴᠠᠰᠤ᠂ ᠱᠠᠬᠠᠢ᠂ ᠮᠠᠯᠠᠭᠠᠢ᠂ ᠳᠣᠪᠬᠢᠭᠤᠷ ᠵᠡᠷᠭᠡ ᠳᠤ ᠲᠡᠮᠦᠷᠯᠢᠭ ᠵᠠᠰᠠᠯ ᠴᠢᠮᠡᠭᠯᠡᠯ ᠤᠨ ᠡᠳ᠋ ᠲᠠᠢ ᠪᠠᠶᠢᠵᠤ ᠪᠣᠯᠬᠤ ᠦᠭᠡᠢ᠂ ᠳᠠᠬᠢᠨ ᠳᠠᠪᠲᠠᠨ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠠᠴᠠ ᠪᠣᠯᠵᠤ ᠬᠡᠪ ᠤᠨ ᠪᠠᠶᠢᠳᠠᠯ ᠢᠶᠠᠷ ᠰᠢᠯᠭᠠᠯᠲᠠ ᠶᠢᠨ ᠲᠠᠯᠠᠪᠠᠢ ᠳᠤ ᠣᠷᠣᠬᠤ ᠶᠢ ᠨᠥᠯᠦᠭᠡᠯᠡᠬᠦ ᠪᠠ ᠡᠳ᠋ ᠪᠣᠳᠠᠰ ᠢᠶᠠᠨ ᠭᠡᠭᠡᠬᠦ ᠪᠠᠶᠢᠳᠠᠯ ᠭᠠᠷᠬᠤ ᠠᠴᠠ ᠵᠠᠶᠢᠯᠠᠰᠬᠢᠬᠤ ᠶᠢ ᠰᠠᠨᠠᠭᠤᠯᠤᠶ᠎ᠠ᠃      ᠳᠥᠷᠪᠡ᠂ ᠦᠨᠡᠨᠴᠢ ᠢᠲᠡᠭᠡᠮᠵᠢᠲᠡᠢ ᠰᠢᠯᠭᠠᠯᠲᠠ ᠳᠤ ᠣᠷᠣᠯᠴᠠᠵᠤ᠂ ᠰᠢᠯᠭᠠᠯᠲᠠ ᠶᠢᠨ ᠰᠠᠬᠢᠯᠭ᠎ᠠ ᠪᠠᠲᠤ ᠶᠢ ᠵᠢᠷᠤᠮᠯᠠᠨ᠎ᠠ      ᠥᠷᠭᠡᠨ ᠣᠯᠠᠨ ᠰᠢᠯᠭᠠᠭᠤᠯᠤᠭᠴᠢ ᠬᠤᠪᠢ ᠬᠥᠮᠦᠨ ᠤ ᠨᠡᠷ᠎ᠡ ᠬᠦᠨᠳᠦ ᠪᠠᠨ ᠨᠠᠨᠳᠢᠩᠨᠠᠨ᠂ ᠦᠨᠡᠨᠴᠢ ᠢᠲᠡᠭᠡᠮᠵᠢᠲᠡᠢ ᠰᠢᠯᠭᠠᠯᠲᠠ ᠳᠤ ᠣᠷᠣᠯᠴᠠᠨ᠎ᠠ᠃ ᠰᠢᠯᠭᠠᠭᠤᠯᠤᠭᠴᠢ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠢᠯᠭᠠᠯᠲᠠ ᠳᠤ ᠭᠡᠮ ᠬᠢᠬᠦ ᠦᠢᠯᠡ ᠠᠵᠢᠯᠯᠠᠭ᠎ᠠ ᠶᠢ ᠬᠤᠷᠢᠭᠯᠠᠬᠤ ᠬᠡᠷᠡᠭᠲᠡᠢ᠃ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠴᠡᠭ ᠠᠴᠠ ᠨᠢᠭᠡᠳᠦᠯᠲᠡᠢ ᠭᠠᠷᠭᠠᠭᠰᠠᠨ ᠰᠢᠯᠭᠠᠯᠲᠠ ᠶᠢᠨ ᠵᠠᠷᠯᠢᠭ ᠢ ᠵᠢᠷᠤᠮᠯᠠᠨ ᠰᠢᠯᠭᠠᠯᠲᠠ ᠬᠢᠨ᠎ᠡ᠃ ᠮᠠᠨ ᠤ ᠣᠷᠣᠨ ᠰᠣᠳᠤᠯᠬᠤ ᠰᠤᠷᠤᠭᠴᠢ ᠶᠢᠨ ᠰᠢᠯᠭᠠᠯᠲᠠ ᠶᠢ ᠴᠥᠮ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠳᠤ ᠶᠠᠪᠤᠭᠳᠠᠭᠤᠯᠵᠤ᠂ ᠰᠢᠯᠭᠠᠯᠲᠠ ᠶᠢᠨ ᠬᠤᠭᠤᠴᠠᠭᠠᠨ ᠳᠤ ᠪᠦᠬᠦᠨ ᠢ ᠬᠠᠮᠤᠷᠠᠭᠤᠯᠵᠤ᠂ ᠪᠦᠬᠦ ᠴᠠᠭ ᠢᠶᠠᠷ ᠬᠢᠨᠠᠨ ᠡᠵᠡᠮᠳᠡᠬᠦ ᠪᠠ ᠳᠦᠷᠰᠦ ᠰᠢᠩᠭᠡᠭᠡᠬᠦ ᠶᠢ ᠬᠡᠷᠡᠭᠵᠢᠭᠦᠯᠦᠨ᠂ ᠬᠢᠨᠠᠨ ᠡᠵᠡᠮᠳᠡᠬᠦ ᠸᠢᠳᠢᠤ᠋ ᠪᠠ ᠰᠡᠭᠦᠯᠴᠢ ᠶᠢᠨ ᠬᠤᠭᠤᠴᠠᠭᠠᠨ ᠤ ᠳᠦᠷᠰᠦ ᠰᠢᠩᠭᠡᠭᠡᠯᠲᠡ ᠶᠢ ᠪᠤᠴᠠᠭᠠᠨ ᠲᠠᠯᠪᠢᠵᠤ᠂ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠢ ᠮᠠᠭᠠᠳᠯᠠᠨ ᠲᠣᠭᠲᠠᠭᠠᠬᠤ ᠦᠨᠳᠦᠰᠦᠯᠡᠯ ᠪᠣᠯᠭᠠᠨ᠎ᠠ᠃ ᠰᠢᠯᠭᠠᠭᠤᠯᠤᠭᠰᠠᠳ ᠠᠯᠢᠪᠠ ᠬᠠᠤᠯᠢ ᠶᠢ ᠵᠥᠷᠢᠴᠡᠨ ᠭᠡᠮ ᠬᠢᠭᠰᠡᠨ ᠰᠢᠯᠭᠠᠯᠲᠠ ᠳᠤ ᠬᠠᠪᠰᠤᠷᠬᠤ ᠠᠵᠢᠯᠯᠠᠭ᠎ᠠ ᠳᠤ ᠪᠢᠲᠡᠭᠡᠢ ᠣᠷᠣᠯᠴᠠ᠃ ᠡᠪᠰᠡᠯ ᠪᠦᠯᠦᠭ ᠤᠨ ᠭᠡᠮ ᠬᠢᠬᠦ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠬᠤ᠂ ᠣᠷᠣᠯᠠᠨ ᠰᠢᠯᠭᠠᠬᠤ ᠪᠤᠶᠤ ᠪᠤᠰᠤᠳ ᠬᠥᠮᠦᠨ ᠨᠡᠷ᠎ᠡ ᠪᠤᠷᠤᠭᠤᠯᠠᠨ ᠰᠢᠯᠭᠠᠯᠲᠠ ᠳᠤ ᠣᠷᠣᠯᠴᠠᠬᠤ ᠵᠡᠷᠭᠡ ᠬᠠᠤᠯᠢ ᠠᠴᠠ ᠵᠥᠷᠢᠴᠡᠨ ᠶᠠᠯ᠎ᠠ ᠬᠢᠭᠰᠡᠨ ᠰᠡᠵᠢᠭᠯᠡᠯ ᠲᠠᠢ ᠪᠣᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢ ᠦᠨᠳᠦᠰᠦᠯᠡᠨ ᠴᠢᠩᠭ᠎ᠠ ᠰᠢᠢᠳᠭᠡᠨ᠎ᠡ᠃      ᠲᠠᠪᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠡᠬᠡᠯᠡᠭᠳᠡᠬᠦ ᠠᠴᠠ ᠵᠠᠶᠢᠯᠠᠰᠬᠢᠨ᠎ᠡ      ᠰᠢᠯᠭᠠᠯᠲᠠ ᠪᠣᠯᠬᠤ ᠪᠦᠷᠢ ᠬᠠᠤᠯᠢ ᠪᠤᠰᠤ ᠡᠲᠡᠭᠡᠳ ᠡᠯ᠎ᠡ ᠵᠦᠢᠯ ᠤᠨ ᠠᠷᠭ᠎ᠠ ᠮᠠᠶ᠋ᠢᠭ ᠪᠠ ᠠᠷᠭ᠎ᠠ ᠪᠠᠷᠢᠯ ᠢᠶᠠᠷ ᠳᠠᠮᠵᠢᠭᠤᠯᠤᠨ ᠰᠢᠯᠭᠠᠭᠤᠯᠤᠭᠴᠢ ᠶᠢᠨ ᠵᠣᠭᠤᠰ ᠮᠥᠩᠭᠦ ᠶᠢ ᠮᠡᠬᠡᠯᠡᠨ ᠠᠪᠴᠤ᠂ ᠰᠢᠯᠭᠠᠭᠤᠯᠤᠭᠴᠢ ᠶᠢ ᠥᠳᠦᠭᠡᠵᠦ ᠬᠠᠤᠯᠢ ᠶᠢ ᠵᠥᠷᠢᠴᠡᠨ ᠶᠠᠯ᠎ᠠ ᠬᠢᠯᠭᠡᠨ᠎ᠡ᠃ ᠰᠢᠯᠭᠠᠭᠤᠯᠤᠭᠴᠢ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ᠂ ᠰᠢᠯᠭᠠᠯᠲᠠ ᠳᠤ ᠲᠤᠰᠠᠯᠠᠬᠤ ᠵᠠᠭᠤᠴᠢ ᠶᠢᠨ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠬᠠᠭᠠᠭᠰᠠᠨ ︽ᠦᠨᠡᠨ ᠰᠡᠳᠦᠪ︾᠂ ︽ᠬᠠᠷᠢᠭᠤᠯᠲᠠ︾᠂ ︽ᠬᠢᠷᠢ ᠲᠡᠩᠴᠡᠬᠦ ᠶᠢ ᠪᠠᠲᠤᠯᠬᠠᠤ︾ ᠵᠡᠷᠭᠡ ᠬᠠᠤᠯᠢ ᠪᠤᠰᠤ ᠶᠢᠨ ᠵᠣᠭᠤᠰ ᠬᠤᠨᠵᠢᠬᠤ ᠪᠠᠷ ᠵᠣᠷᠢᠯᠭ᠎ᠠ ᠪᠣᠯᠭᠠᠭᠰᠠᠨ ᠮᠡᠬᠡᠯᠡᠯ ᠤᠨ ᠴᠢᠨᠠᠷᠲᠠᠢ ᠮᠡᠳᠡᠭᠡ ᠵᠠᠩᠭᠢ ᠶᠢ ᠶᠠᠭᠠᠬᠢᠭᠰᠠᠨ ᠴᠤ ᠠᠮᠠᠷᠬᠠᠨ ᠢᠲᠡᠭᠡᠬᠦ ᠦᠭᠡᠢ ᠪᠠᠶᠢᠵᠤ᠂ ᠮᠡᠬᠡᠯᠡᠭᠳᠡᠬᠦ ᠠᠴᠠ ᠰᠡᠷᠭᠡᠶᠢᠯᠡᠨ᠎ᠡ᠂ ︽ᠰᠢᠯᠭᠠᠯᠲᠠ ᠳᠤ ᠲᠤᠰᠠᠯᠠᠬᠤ︾ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠲᠡᠭᠡᠬᠦ ᠦᠭᠡᠢ᠂ ᠣᠷᠣᠯᠴᠠᠬᠤ ᠦᠭᠡᠢ᠃      ᠰᠢᠯᠭᠠᠭᠤᠯᠤᠭᠰᠠᠳ ᠤᠨ ᠠᠮᠤᠷ ᠲᠦᠪᠰᠢᠨ ᠰᠢᠯᠭᠠᠭᠤᠯᠵᠤ᠂ ᠰᠠᠨᠠᠭᠰᠠᠨ ᠬᠡᠷᠡᠭ ᠰᠠᠨᠠᠭᠠᠴᠢᠯᠠᠨ ᠪᠥᠲᠦᠬᠦ ᠶᠢ ᠬᠦᠰᠡᠨ ᠵᠦᠩᠨᠡᠶ᠎ᠡ︕ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map