ᠤᠷ᠎ᠠ ᠴᠢᠳᠠᠪᠤᠷᠢ᠄ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠨ᠎ᠠ - 2023 ᠣᠨ ᠤ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/12/22

1.jpg

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ

ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠶᠢᠨ ᠲᠥᠯᠥᠭᠡ᠂

ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠤᠨ ︽2023 ᠣᠨ ᠤ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ          

ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ 2023

ᠣᠨ ᠤ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠤᠬᠠᠭᠤᠯᠭ᠎ᠠ ᠶᠢᠨ ᠰᠠᠷ᠎ᠠ ᠨᠣᠮ ᠤᠨ ᠰᠠᠩ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ  ᠳᠤ ᠵᠢᠩᠬᠢᠨᠢ ᠪᠠᠷ

ᠡᠬᠢᠯᠡᠪᠡ᠃

      ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠡᠴᠡᠨᠳᠦᠭᠦᠷᠡᠩ᠂ ᠨᠠᠮ  ᠤᠨ ᠬᠤᠷᠢᠶᠠᠨ ᠤ ᠳᠡᠳ᠋

ᠱᠦᠵᠢ᠂ ᠵᠠᠬᠢᠷᠤᠯ ᠹᠠᠨ ᠶᠥᠩ ᠢ᠂ ᠨᠠᠮ ᠤᠨ ᠬᠤᠷᠢᠶᠠᠨ ᠤ ᠳᠡᠳ᠋ ᠱᠦᠵᠢ ᠶᠦᠨ ᠶᠢᠩ᠂ ᠨᠠᠮ ᠤᠨ ᠬᠤᠷᠢᠶᠠᠨ ᠤ

ᠭᠡᠰᠢᠭᠦᠨ᠂ ᠳᠡᠳ᠋ ᠳᠠᠷᠤᠭ᠎ᠠ ᠭᠤᠤ ᠠᠢ ᠵᠢᠶᠦ᠋ᠨ᠂ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠱᠦᠵᠢ ᠯᠢᠶᠠᠩ ᠵᠢᠶᠦ᠋ᠨ ᠾᠥᠩ᠂ ᠨᠠᠮ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ

ᠶᠠᠪᠤᠳᠠᠯ ᠤᠨ ᠬᠢᠨᠠᠨ ᠵᠢᠯᠣᠭᠤᠳᠬᠤ ᠭᠠᠵᠠᠷ ᠤᠨ ᠳᠠᠷᠤᠭ᠎ᠠ ᠴᠧᠨ ᠶᠠᠨ ᠵᠢᠴᠢ ᠣᠷᠣᠨ ᠤ ᠳᠡᠰ᠂ ᠤᠯᠤᠰ ᠤᠨ ᠳᠡᠰ ᠤᠨ

ᠤᠷ᠎ᠠ ᠴᠢᠳᠠᠪᠤᠷᠢ ᠶᠢᠨ ᠤᠷᠤᠯᠳᠤᠭᠠᠨ ᠳᠤ ᠱᠠᠩᠨᠠᠯ ᠣᠯᠤᠭᠰᠠᠨ ᠪᠠᠭᠰᠢ ᠶᠢᠨ ᠲᠥᠯᠥᠭᠡᠯᠡᠭᠴᠢ᠂ ᠰᠤᠷᠤᠭᠴᠢᠳ ᠤᠨ

ᠲᠥᠯᠥᠭᠡᠯᠡᠭᠴᠢ᠂ ᠠᠵᠢᠯ ᠲᠥᠷᠥᠯ ᠤᠨ ᠠᠵᠤ ᠠᠬᠤᠶᠢᠯᠠᠯ ᠤᠨ ᠲᠥᠯᠥᠭᠡᠯᠡᠭᠴᠢ᠂ ᠬᠢᠩᠭᠠᠨ ᠡᠳᠦᠷ ᠤᠨ ᠰᠣᠨᠢᠨ᠂

ᠬᠢᠩᠭᠠᠨ ᠷᠠᠳᠢᠣ᠋ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ

ᠣᠷᠣᠯᠴᠠᠪᠠ᠃ ᠡᠬᠢᠯᠡᠯᠲᠡ ᠶᠢᠨ ᠶᠣᠰᠣᠯᠠᠯ ᠢ ᠭᠥᠸᠧ ᠰᠢᠤᠸᠠᠢ ᠰᠤᠷᠭᠠᠨ ᠬᠥᠮᠦᠵᠢᠯ ᠤᠨ ᠰᠤᠳᠤᠯᠭᠠᠨ ᠤ ᠲᠥᠪ ᠤᠨ

ᠨᠠᠮ ᠤᠨ ᠡᠭᠦᠷ ᠤᠨ ᠱᠦᠵᠢ ᠵᠦ ᠶᠠᠨ ᠪᠦᠸᠧ ᠡᠷᠬᠢᠯᠡᠪᠡ᠃

   

2.jpg

     ᠳᠡᠳ᠋ ᠱᠦᠵᠢ ᠶᠦᠨ ᠶᠢᠩ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢ ᠲᠥᠯᠥᠭᠡᠯᠡᠨ ᠳᠡᠭᠡᠳᠦ

ᠰᠤᠷᠭᠠᠭᠤᠯᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠱᠠᠲᠤᠨ ᠤ ᠤᠳᠤᠷᠢᠳᠤᠯᠭ᠎ᠠ᠂

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ  ᠤ ᠠᠵᠤ ᠠᠬᠤᠶᠢᠯᠠᠯ᠂ ᠠᠬ᠎ᠠ ᠳᠡᠭᠦᠦ ᠳᠡᠭᠡᠳᠦ

ᠰᠤᠷᠭᠠᠭᠤᠯᠢ᠂ ᠤᠬᠠᠭᠤᠯᠭ᠎ᠠ ᠵᠠᠭᠤᠴᠢᠯᠠᠭᠤᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ

ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠡᠨᠡ ᠤᠳᠠᠭᠠᠨ ᠤ ᠠᠵᠢᠯᠯᠠᠭᠠᠨ ᠤ ᠭᠠᠷᠠᠭ ᠨᠢ ︽ᠤᠷ᠎ᠠ

ᠴᠢᠳᠠᠪᠤᠷᠢ᠂ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠨ᠎ᠠ︾ ᠪᠠᠷ ᠭᠤᠣᠯ ᠰᠡᠳᠦᠪ ᠪᠣᠯᠭᠠᠵᠤ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠵᠤ᠂ ᠳᠡᠭᠡᠳᠦ ᠰᠤᠷᠭᠠᠭᠤᠯᠢ ᠶᠢᠨ

ᠣᠶᠢᠷ᠎ᠠ ᠶᠢᠨ ᠵᠢᠯ ᠤᠨ ᠠᠵᠢᠯ ᠮᠡᠷᠭᠡᠵᠢᠯ  ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ

ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠨᠡᠶᠢᠭᠡᠮ ᠤᠨ ᠡᠯ᠎ᠡ ᠡᠲᠡᠭᠡᠳ ᠣᠨᠴᠠᠭᠠᠶᠢᠯᠠᠨ ᠠᠵᠢᠯ ᠲᠥᠷᠥᠯ ᠤᠨ ᠠᠵᠤ

ᠠᠬᠤᠶᠢᠯᠠᠯ ᠢ ᠬᠥᠲᠥᠯᠥᠨ ᠵᠢᠯᠣᠭᠤᠳᠴᠤ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠢ ᠢᠳᠡᠪᠬᠢᠲᠡᠢ ᠳᠡᠮᠵᠢᠭᠦᠯᠵᠦ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠬᠦ ᠪᠠᠷ

ᠴᠢᠷᠮᠠᠶᠢᠨ᠎ᠠ ᠭᠡᠵᠦ ᠵᠢᠭᠠᠵᠤ ᠭᠠᠷᠭᠠᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠤᠬᠠᠭᠤᠯᠤᠨ ᠲᠤᠭᠤᠰᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ

ᠣᠨᠴᠠᠯᠢᠭ ᠢ ᠪᠠᠲᠤ ᠡᠵᠡᠮᠳᠡᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠳᠤ ᠠᠩᠬᠠᠷᠤᠯ ᠢᠶᠠᠨ

ᠬᠠᠨᠳᠤᠭᠤᠯᠤᠨ᠂ ᠰᠢᠨ᠎ᠡ ᠴᠠᠭ ᠦᠶ᠎ᠡ ᠶᠢᠨ ᠤᠷᠠᠨ ᠳᠠᠷᠬᠠᠨ ᠤ ᠬᠡᠯᠪᠡᠷᠢᠲᠦ ᠴᠢᠳᠠᠪᠤᠷᠢᠲᠠᠨ ᠢ ᠬᠥᠮᠦᠵᠢᠭᠦᠯᠬᠦ ᠪᠠᠷ

ᠡᠭᠦᠷᠭᠡ ᠪᠠᠨ ᠪᠣᠯᠭᠠᠵᠤ᠂ ︽ᠲᠠᠪᠤᠨ ᠶᠡᠭᠡ ᠡᠭᠦᠷᠭᠡ︾ ᠲᠠᠢ ᠨᠢᠭᠲᠠ ᠤᠶᠠᠯᠳᠤᠭᠤᠯᠤᠨ᠂ ᠨᠡᠭᠡᠭᠡᠯᠲᠡᠲᠦ ᠰᠤᠷᠭᠠᠭᠤᠯᠢ

ᠡᠷᠬᠢᠯᠡᠬᠦ ᠣᠶᠢᠯᠠᠭᠠᠭᠳᠠᠬᠤᠨ ᠪᠠ ᠣᠯᠠᠨ  ᠡᠰᠢᠵᠢᠭᠦᠯᠦᠭᠰᠡᠨ ᠰᠤᠷᠭᠠᠭᠤᠯᠢ ᠡᠷᠬᠢᠯᠡᠬᠦ ᠵᠠᠭᠪᠤᠷ ᠢ ᠪᠠᠷᠢᠮᠲᠠᠯᠠᠵᠤ᠂

ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠣᠷᠣᠨ ᠨᠤᠲᠤᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠠ

ᠴᠢᠳᠠᠪᠤᠷᠢᠲᠠᠨ ᠤ ᠬᠡᠷᠡᠭᠴᠡᠭᠡ ᠲᠠᠢ ᠨᠠᠷᠢᠯᠢᠭ ᠣᠨᠣᠴᠠᠲᠠᠢ ᠵᠣᠯᠭᠠᠭᠤᠯᠵᠤ᠂ ᠴᠤᠭ ᠪᠠᠳᠠᠷᠠᠩᠭᠤᠢ ᠡᠷᠡᠮᠡᠬᠡᠶᠢᠯᠡᠨ

ᠤᠷᠤᠭᠰᠢᠯᠠᠬᠤ ᠣᠪᠣᠷ ᠢᠶᠠᠷ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠶᠢᠨ

ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

     ᠭᠡᠰᠢᠭᠦᠨ ᠴᠧᠨ ᠶᠠᠨ ︽ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 2023 ᠣᠨ ᠤ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠵᠦ᠂ ᠠᠵᠢᠯᠯᠠᠭᠠᠨ ᠤ

ᠴᠠᠭ ᠪᠠ ᠭᠤᠣᠯ ᠰᠡᠳᠦᠪ᠂ ᠠᠵᠢᠯᠯᠠᠭᠠᠨ ᠤ ᠬᠡᠯᠪᠡᠷᠢ᠂ ᠠᠵᠢᠯ ᠤᠨ ᠱᠠᠭᠠᠷᠳᠠᠯᠭ᠎ᠠ ᠶᠢᠨ ᠲᠤᠬᠠᠢ ᠲᠣᠳᠤᠷᠬᠠᠶᠢᠯᠠᠪᠠ᠃

ᠰᠡᠴᠡᠨᠳᠦᠭᠦᠷᠡᠩ ᠱᠦᠵᠢ ᠤᠬᠠᠭᠤᠯᠭ᠎ᠠ ᠶᠢᠨ ᠰᠠᠷ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃

   

3.png

      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠠᠭᠰᠢ ᠶᠢᠨ ᠰᠤᠷᠭᠠᠨ ᠬᠥᠮᠦᠵᠢᠯ ᠤᠨ ᠰᠠᠯᠪᠤᠷᠢ

417 ᠭᠠᠷᠤᠢ ᠴᠢᠳᠠᠮᠵᠢᠲᠤ ᠬᠢᠴᠢᠶᠡᠯ ᠤᠨ ᠭᠡᠷ ᠲᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠤᠨ ᠲᠤᠰᠬᠠᠢ ᠮᠡᠷᠭᠡᠵᠢᠯ ᠤᠨ ᠰᠤᠷᠤᠭᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠮᠥᠷᠦᠶᠢᠴᠡᠭᠡᠨ ᠢ ᠡᠩ ᠲᠡᠷᠢᠭᠦᠨ ᠳᠤ ᠥᠷᠨᠢᠭᠦᠯᠵᠦ᠂ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠨᠠᠶᠢᠷ ᠤᠨ

ᠬᠥᠰᠢᠭᠡ ᠶᠢ ᠰᠡᠬᠦᠪᠡ᠃ ᠢᠷᠡᠭᠡᠳᠦᠢ ᠶᠢᠨ ᠨᠢᠭᠡ ᠰᠠᠷ᠎ᠠ ᠳᠤ᠂ ᠰᠤᠷᠭᠠᠭᠤᠯᠢ ᠤᠬᠠᠭᠤᠯᠭ᠎ᠠ ᠶᠢᠨ ᠰᠠᠷ᠎ᠠ ᠶᠢᠨ ᠭᠤᠣᠯ

ᠰᠡᠳᠦᠪ ᠲᠤ ᠠᠩᠬᠠᠷᠤᠯ ᠢᠶᠠᠨ ᠬᠠᠨᠳᠤᠭᠤᠯᠤᠨ᠂ ᠤᠷ᠎ᠠ ᠴᠢᠳᠠᠪᠤᠷᠢ ᠶᠢᠨ ᠤᠷᠤᠯᠳᠤᠭᠠᠨ᠂ ᠦᠵᠡᠭᠦᠯᠭᠡ ᠶᠢᠨ ᠲᠣᠭᠯᠠᠯᠲᠠ᠂

ᠲᠤᠰᠬᠠᠢ ᠰᠡᠳᠦᠪᠲᠦ ᠲᠠᠶᠢᠯᠤᠮᠵᠢ᠂ ᠨᠡᠶᠢᠲᠡᠯᠢᠭ ᠤᠬᠠᠭᠤᠯᠭ᠎ᠠ᠂ ᠰᠤᠷᠭᠠᠭᠤᠯᠢ ᠳᠤ ᠪᠤᠴᠠᠵᠤ ᠤᠬᠠᠭᠤᠯᠤᠨ

ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠤᠨ ᠲᠤᠰᠬᠠᠢ ᠮᠡᠷᠭᠡᠵᠢᠯ ᠤᠨ ᠤᠷ᠎ᠠ

ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂

ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠦᠷ᠎ᠡ ᠪᠦᠲᠦᠭᠡᠯ ᠢ ᠢᠳᠡᠪᠬᠢᠲᠡᠢ ᠤᠬᠠᠭᠤᠯᠵᠤ᠂ ᠳᠡᠭᠡᠳᠦ

ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠶᠢᠨ ᠰᠠᠶᠢᠬᠠᠨ ᠳᠦᠷᠢ ᠲᠥᠷᠬᠦ ᠶᠢ

ᠢᠯᠡᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠡᠶᠡᠴᠢᠯᠡᠨ ᠣᠶᠢᠯᠠᠭᠠᠭᠤᠯᠵᠤ᠂ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠢ ᠣᠶᠢᠯᠠᠭᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠠᠩᠬᠠᠷᠤᠯ ᠬᠠᠨᠳᠤᠭᠤᠯᠵᠤ᠂

ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠵᠦᠪᠰᠢᠶᠡᠷᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ

ᠮᠡᠳᠡᠷᠡᠵᠦ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠪᠠ

ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ

ᠦᠵᠡᠭᠦᠯᠦᠨ᠎ᠡ᠃

4.jpg

           ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠪᠦᠦ ᠭᠧ ᠮᠢᠩ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map