ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠤᠷᠠᠯ ᠬᠤᠷᠠᠯᠳᠤᠭᠤᠯᠵᠤ 2024 ᠣᠨ ᠤ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/12/25
      12 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠦᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠡᠮᠬᠢᠯᠡᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ᠂ 2024 ᠣᠨ ᠤ ᠪᠦᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ  ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠨ ᠭᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠬᠤᠷᠠᠯ ᠢ ᠡᠷᠬᠢᠯᠡᠪᠡ᠃

1.jpg

      ᠬᠤᠷᠠᠯ ᠠᠴᠠ᠂ 2023 ᠣᠨ ᠳᠤ᠂ ᠰᠤᠷᠭᠠᠨ ᠬᠥᠮᠦᠵᠢᠯ ᠤᠨ ᠶᠠᠮᠤᠨ ᠤ ᠬᠦᠴᠦᠲᠡᠢ ᠵᠢᠯᠣᠭᠤᠳᠣᠯᠭ᠎ᠠ ᠪᠠ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ  ᠤ ᠪᠠᠲᠤ ᠴᠢᠩᠭ᠎ᠠ ᠤᠳᠤᠷᠢᠳᠤᠯᠭ᠎ᠠ

ᠳᠣᠣᠷ᠎ᠠ᠂ ᠰᠤᠷᠭᠠᠨ ᠬᠥᠮᠦᠵᠢᠯ ᠤᠨ ᠲᠢᠩᠬᠢᠮ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠠᠵᠤ

ᠠᠬᠤᠶᠢᠯᠠᠯ᠂ ᠡᠯ᠎ᠡ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠠᠵᠢᠯᠲᠠᠨ

ᠤᠷᠢᠬᠤ᠂ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠬᠦ᠂ ᠲᠥᠷᠥ ᠶᠢᠨ ᠪᠣᠳᠣᠯᠭ᠎ᠠ ᠶᠢ

ᠤᠬᠠᠭᠤᠯᠤᠨ ᠲᠠᠶᠢᠯᠪᠤᠷᠢᠯᠠᠬᠤ᠂ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ

ᠵᠡᠷᠭᠡ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ

ᠬᠡᠷᠡᠭᠯᠡᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷᠯᠢᠭ ᠭᠦᠢᠴᠡᠳ ᠠᠵᠢᠯ ᠣᠯᠭᠤᠯᠲᠠ ᠶᠢ ᠠᠬᠢᠭᠤᠯᠤᠨ᠂

ᠪᠦᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ  ᠲᠣᠭᠲᠠᠭᠤᠨ ᠪᠠᠶᠢᠬᠤ ᠳᠤ ᠢᠳᠡᠪᠬᠢᠲᠡᠢ ᠬᠤᠪᠢ ᠨᠡᠮᠡᠷᠢ

ᠦᠵᠡᠭᠦᠯᠪᠡ᠃ ᠮᠠᠨ ᠤ ᠣᠷᠣᠨ ᠤ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ 17.5 ᠲᠦᠮᠡᠨ

ᠬᠥᠮᠦᠨ᠂ ᠠᠵᠢᠯ ᠣᠯᠭᠤᠯᠲᠠ ᠶᠢᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ᠂ ᠬᠤᠯᠪᠣᠭᠳᠠᠯ

ᠪᠦᠬᠦᠢ ᠰᠠᠯᠠᠭ᠎ᠠ ᠮᠥᠴᠢᠷ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠤᠯᠤᠰ ᠲᠥᠷᠥ ᠶᠢᠨ

ᠵᠣᠭᠰᠣᠴᠠ ᠪᠠᠨ ᠴᠠᠭᠠᠰᠢᠲᠠ ᠳᠡᠭᠡᠭᠰᠢᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ

ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠤᠭ

ᠪᠠᠳᠠᠷᠠᠩᠭᠤᠢ ᠡᠷᠡᠮᠡᠬᠡᠶᠢᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ

ᠪᠦᠲᠦᠮᠵᠢᠲᠡᠢ ᠠᠵᠢᠯ ᠤᠨ ᠰᠤᠷᠲᠠᠯ ᠢᠶᠠᠷ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ

ᠣᠯᠭᠤᠬᠤ ᠠᠵᠢᠯ ᠢ ᠰᠠᠶᠢᠲᠤᠷ ᠡᠬᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠡᠯ᠎ᠡ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ

ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠢᠶᠠᠷ ᠬᠥᠲᠥᠯᠥᠨ ᠳᠠᠭᠠᠭᠤᠯᠬᠤ᠂ ᠵᠠᠰᠠᠭ ᠤᠨ ᠣᠷᠳᠣᠨ ᠬᠥᠲᠥᠯᠥᠨ

ᠵᠢᠯᠣᠭᠤᠳᠬᠤ ᠶᠢ ᠪᠠᠷᠢᠮᠲᠠᠯᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠤᠨ ᠲᠣᠭᠤᠷᠢᠨ ᠳᠤ ᠠᠵᠢᠯ

ᠣᠯᠭᠤᠯᠲᠠ ᠶᠢᠨ ᠰᠢᠨ᠎ᠡ ᠨᠡᠮᠡᠭᠳᠡᠯ ᠴᠡᠭ ᠢ ᠢᠯᠡᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ

ᠡᠷᠡᠭᠦᠯ ᠢᠶᠠᠷ ᠬᠥᠭᠵᠢᠬᠦ ᠶᠢ ᠳᠡᠮᠵᠢᠵᠦ᠂ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠦᠨ᠂ ᠲᠥᠷᠥ ᠶᠢᠨ

ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂

ᠲᠡᠭᠦᠰᠦᠭᠰᠡᠳ ᠤᠨ ᠠᠵᠢᠯ ᠡᠷᠢᠬᠦ ᠳᠤ ᠭᠦᠢᠴᠡᠳ ᠴᠠᠭ ᠦᠯᠡᠳᠡᠭᠡᠵᠦ᠂ ︽ᠦᠢᠯᠡᠰ ᠴᠣᠭᠴᠠᠯᠠᠬᠤ ᠥᠪᠥᠷ

ᠮᠣᠩᠭᠤᠯ ᠤᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ᠂ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ

ᠴᠣᠭᠴᠠᠯᠠᠬᠤ ᠪᠠ ᠠᠮᠢᠳᠤᠯᠢᠭ ᠢᠶᠠᠷ ᠠᠵᠢᠯ ᠣᠯᠬᠤ ᠶᠢ ᠳᠡᠮᠵᠢᠬᠦ ᠬᠡᠷᠡᠭᠲᠡᠢ᠃ ᠠᠵᠢᠯ ᠣᠯᠭᠤᠬᠤ ᠦᠢᠯᠡᠴᠢᠯᠡᠭᠡ ᠶᠢ

ᠰᠤᠷᠭᠠᠭᠤᠯᠢ ᠶᠢᠨ ᠬᠦᠷᠢᠶ᠎ᠡ ᠲᠡᠶᠢᠰᠢ ᠤᠷᠲᠤᠳᠬᠠᠵᠤ᠂ ᠨᠠᠷᠢᠯᠢᠭ ᠣᠨᠣᠴᠠᠲᠠᠢ ᠠᠵᠢᠯ ᠣᠯᠭᠤᠬᠤ ᠦᠢᠯᠡᠴᠢᠯᠡᠭᠡ ᠶᠢ

ᠲᠠᠰᠤᠷᠠᠯᠲᠠ ᠦᠭᠡᠢ ᠴᠢᠷᠮᠠᠶᠢᠨ ᠬᠠᠩᠭᠠᠵᠤ᠂ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠷᠢᠬᠤ᠂

ᠪᠣᠯᠪᠠᠰᠤᠷᠠᠭᠤᠯᠬᠤ᠂ ᠦᠨᠡᠨ ᠨᠡᠷ᠎ᠡ ᠪᠠᠷ ᠬᠠᠪᠰᠤᠷᠤᠨ ᠲᠡᠳᠬᠦᠬᠦ ᠪᠠ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠢ

ᠰᠠᠶᠢᠲᠤᠷ ᠠᠳᠬᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠪᠠᠶᠢᠳᠠᠯ ᠤᠨ

ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ᠂ ᠡᠯ᠎ᠡ ᠳᠡᠭᠡᠳᠦ ᠰᠤᠷᠭᠠᠭᠤᠯᠢ ᠶᠢᠨ ᠬᠢᠨ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠬᠤ ᠠᠷᠭ᠎ᠠ

ᠵᠠᠮ ᠢ ᠢᠳᠡᠪᠬᠢᠲᠡᠢ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ

ᠲᠠᠷᠬᠠᠯᠲᠠ ᠪᠣᠯᠤᠨ ᠲᠡᠭᠦᠰᠦᠭᠰᠡᠳ ᠤᠨ ᠲᠤᠰᠬᠠᠢ ᠮᠡᠷᠭᠡᠵᠢᠯ ᠤᠨ ᠪᠠᠶᠢᠳᠠᠯ ᠢ ᠴᠢᠩᠭ᠎ᠠ ᠠᠩᠬᠠᠷᠴᠤ᠂ ᠣᠷᠣᠨ ᠪᠦᠰᠡ

ᠬᠤᠪᠢᠶᠠᠨ᠂ ᠠᠵᠢᠯ ᠲᠥᠷᠥᠯ ᠬᠤᠪᠢᠶᠠᠭᠰᠠᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠢᠳᠡᠪᠬᠢᠲᠡᠢ

ᠥᠷᠨᠢᠭᠦᠯᠵᠦ᠂ ︽ᠲᠦᠮᠡᠨ ᠠᠵᠤ ᠠᠬᠤᠶᠢᠯᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠳᠡᠭᠡᠳᠦ

ᠰᠤᠷᠭᠠᠭᠤᠯᠢ ᠶᠢᠨ ᠱᠦᠵᠢ ᠰᠤᠷᠭᠠᠭᠤᠯᠢ ᠶᠢᠨ ᠵᠠᠬᠢᠷᠤᠯ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ

ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ︾ ᠵᠡᠷᠭᠡ ᠠᠵᠢᠯᠯᠠᠭ᠎ᠠ ᠶᠢ ᠨᠡᠩ ᠶᠡᠭᠡ ᠡᠷᠴᠢᠮ ᠢᠶᠠᠷ ᠠᠬᠢᠭᠤᠯᠤᠨ᠂

ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ︽ᠭᠤᠣᠯ ᠠᠷᠭ᠎ᠠ

ᠵᠠᠮ︾ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ

ᠴᠢᠨᠠᠷᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠪᠦᠬᠦ ᠲᠠᠯ᠎ᠠ ᠪᠠᠷ ᠰᠠᠶᠢᠲᠤᠷ ᠬᠡᠷᠡᠭᠯᠡᠵᠦ᠂

ᠴᠡᠷᠢᠭ ᠲᠤ ᠣᠷᠣᠬᠤ᠂ ᠰᠤᠷᠭᠠᠭᠤᠯᠢ ᠳᠡᠪᠰᠢᠨ ᠰᠢᠯᠭᠠᠨ ᠣᠷᠣᠬᠤ᠂ ᠦᠨᠳᠦᠰᠦᠨ ᠱᠠᠲᠤᠨ ᠳᠤ ᠠᠵᠢᠯ ᠣᠯᠬᠤ ᠵᠡᠷᠭᠡ

ᠲᠥᠯᠥᠪᠯᠡᠭᠡ ᠶᠢ ᠴᠢᠩᠭ᠎ᠠ ᠠᠩᠬᠠᠷᠴᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠨᠠᠷᠢᠯᠢᠭ

ᠦᠢᠯᠡᠴᠢᠯᠡᠭᠡ ᠶᠢ ᠴᠢᠩᠭᠠᠳᠬᠠᠨ᠂ ᠲᠡᠭᠦᠰᠦᠭᠰᠡᠳ ᠢ ᠬᠠᠪᠰᠤᠷᠤᠨ ᠲᠡᠭᠦᠰᠬᠦ ᠴᠢᠭᠯᠡᠯ ᠢ ᠡᠷᠲᠡᠬᠡᠨ ᠨᠠᠶᠢᠳᠠᠪᠤᠷᠢᠵᠢᠭᠤᠯᠬᠤ

ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠣᠭᠠᠵᠢᠭᠤᠯᠤᠭᠰᠠᠨ ᠪᠦᠲᠦᠭᠡᠨ

ᠪᠠᠶᠢᠭᠤᠯᠤᠯᠲᠠ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ᠂ ᠠᠵᠢᠯ ᠣᠯᠭᠤᠵᠤ

ᠬᠥᠮᠦᠨ ᠬᠥᠮᠦᠵᠢᠭᠦᠯᠬᠦ᠂ ᠤᠷᠤᠯᠳᠤᠭᠠᠨ ᠤ ᠠᠵᠢᠯᠯᠠᠭ᠎ᠠ᠂ ᠰᠦᠯᠵᠢᠶᠡᠨ ᠳᠠᠬᠢ ᠵᠢᠭᠠᠨ ᠰᠤᠷᠭᠠᠯᠲᠠ᠂ ᠣᠴᠢᠬᠤ

ᠭᠠᠵᠠᠷ ᠢ ᠳᠠᠩᠰᠠᠯᠠᠬᠤ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂

ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ

ᠴᠢᠩᠭᠠᠳᠬᠠᠬᠤ ᠬᠡᠷᠡᠭᠲᠡᠢ᠃ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡ ᠶᠢ ᠨᠠᠷᠢᠯᠢᠭ ᠪᠥᠭᠡᠳ

ᠰᠢᠯᠢᠳᠡᠭᠵᠢᠭᠦᠯᠵᠦ᠂ ᠰᠤᠷᠤᠭᠴᠢᠳ ᠤᠨ ᠠᠮᠢᠳᠤᠷᠠᠬᠤᠢ ᠶᠢᠨ ᠬᠥᠭᠵᠢᠯᠲᠡ᠂ ᠠᠵᠢᠯ ᠮᠡᠷᠭᠡᠵᠢᠯ ᠤᠨ ᠲᠥᠯᠥᠪᠵᠢᠭᠦᠯᠭᠡ᠂

ᠠᠳᠠᠯ ᠦᠢᠯᠡᠰ ᠴᠣᠭᠴᠠᠯᠠᠬᠤ ᠦᠢᠯᠡᠳᠦᠯᠭᠡ ᠵᠡᠷᠭᠡ ᠭᠤᠭᠴᠤᠭ᠎ᠠ ᠶᠢ ᠴᠢᠩᠭ᠎ᠠ ᠠᠩᠬᠠᠷᠴᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠ ᠠᠵᠢᠯ ᠣᠯᠭᠤᠵᠤ

ᠬᠥᠮᠦᠨ ᠬᠥᠮᠦᠵᠢᠭᠦᠯᠬᠦ ᠰᠠᠭᠤᠷᠢ ᠶᠢ ᠪᠠᠲᠤᠳᠬᠠᠬᠤ ᠲᠠᠢ ᠨᠢᠭᠲᠠ ᠤᠶᠠᠯᠳᠤᠭᠤᠯᠵᠤ᠂ ᠬᠢᠴᠢᠶᠡᠯ ᠢ ᠵᠢᠯᠣᠭᠤᠳᠬᠤ᠂

ᠪᠠᠭᠰᠢ ᠶᠢᠨ ᠡᠩᠨᠡᠭᠡ ᠪᠠ ᠣᠨᠴᠠᠯᠢᠭᠲᠤ ᠠᠵᠢᠯᠯᠠᠬᠤ ᠭᠠᠵᠠᠷ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂

ᠠᠵᠢᠯ ᠣᠯᠭᠤᠯᠲᠠ ᠶᠢ ᠨᠠᠷᠢᠯᠢᠬᠵᠢᠭᠤᠯᠬᠤ᠂ ᠨᠠᠷᠢᠯᠢᠭ ᠣᠨᠣᠴᠠᠲᠠᠢ ᠵᠢᠯᠣᠭᠤᠳᠬᠤ ᠦᠢᠯᠡᠴᠢᠯᠡᠭᠡᠨ ᠤ ᠴᠢᠳᠠᠪᠤᠷᠢ ᠶᠢ

ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠬᠤ ᠳᠤ ᠬᠦᠴᠢᠷᠲᠡᠢ ᠬᠥᠮᠦᠰ ᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂

︽ᠠᠤᠭ᠎ᠠ ᠵᠣᠷᠢᠭ ᠢᠶᠠᠷ ᠠᠶᠠᠯᠠᠯ ᠢ ᠳᠡᠮᠵᠢᠬᠦ︾ ᠲᠥᠷᠥᠯ ᠵᠦᠢᠯ ᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ

ᠣᠷᠣᠨ ᠤ ᠬᠦᠴᠢᠷᠳᠡᠯᠲᠡᠢ ᠬᠠᠮᠲᠤᠯᠢᠭ ᠤᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠬᠦ ᠬᠠᠪᠰᠤᠷᠤᠨ ᠲᠡᠳᠬᠦᠬᠦ

ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ ᠪᠣᠯᠪᠠᠰᠤᠷᠠᠯ ᠢᠶᠠᠷ ᠬᠠᠪᠰᠤᠷᠤᠨ ᠲᠡᠳᠬᠦᠬᠦ ᠪᠦᠷᠬᠦᠴᠡ ᠶᠢ ᠤᠯᠠᠮ

ᠨᠢᠭᠡ ᠠᠯᠬᠤᠮ ᠥᠷᠭᠡᠳᠬᠡᠨ᠂ ᠲᠡᠭᠦᠰᠦᠭᠰᠡᠳ ᠤᠨ ᠠᠵᠢᠯ ᠣᠯᠬᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ

ᠨᠡᠮᠡᠭᠳᠡᠭᠦᠯᠬᠦ ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠲᠠ ᠶᠢ ᠵᠢᠷᠤᠮᠵᠢᠭᠤᠯᠤᠨ ᠥᠷᠨᠢᠭᠦᠯᠵᠦ᠂ ᠠᠵᠢᠯ

ᠣᠯᠭᠤᠯᠲᠠ ᠶᠢᠨ ᠲᠤᠭ᠎ᠠ ᠪᠦᠷᠢᠳᠬᠡᠯ ᠢ ᠬᠢᠨᠠᠨ ᠰᠢᠯᠭᠠᠬᠤ ᠠᠵᠢᠯ ᠤᠨ ︽ᠳᠥᠷᠪᠡ ᠶᠢ ᠦᠯᠦ ᠵᠥᠪᠰᠢᠶᠡᠷᠡᠬᠦ︾᠂

︽ᠭᠤᠷᠪᠠ ᠶᠢ ᠴᠢᠩᠭ᠎ᠠ ᠬᠤᠷᠢᠭᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠥᠪ ᠴᠢᠭᠯᠡᠯ ᠢ

ᠤᠷᠮᠠᠰᠢᠭᠤᠯᠬᠤ ᠪᠠ ᠡᠰᠡᠷᠭᠦ ᠴᠢᠭᠯᠡᠯ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠬᠤ

ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠬᠠᠨᠳᠤᠰᠢ ᠶᠢ

ᠨᠠᠶᠢᠳᠠᠪᠤᠷᠢᠵᠢᠭᠤᠯᠬᠤ ᠤᠯᠠᠭᠠᠨ ᠪᠤᠶᠤ ᠰᠢᠷ᠎ᠠ ᠫᠠᠶᠢᠰᠠ ᠶᠢᠨ ᠰᠠᠨᠠᠭᠤᠯᠤᠮᠵᠢ ᠶᠢᠨ ᠳᠦᠷᠢᠮ ᠢ ᠦᠷᠭᠦᠯᠵᠢᠯᠡᠨ

ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠪᠠᠶᠢᠳᠠᠯ ᠢ ᠮᠥᠷᠳᠡᠨ

ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠠᠵᠢᠯ ᠣᠯᠭᠤᠬᠤ ᠲᠣᠮᠣ ᠳ᠋ᠠᠶᠢᠲ᠋ᠠ ᠶᠢᠨ ᠰᠢᠨᠵᠢᠯᠡᠭᠡᠨ ᠤ ᠰᠠᠯᠠᠭ᠎ᠠ ᠶᠢᠨ

ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ᠂ ᠰᠤᠷᠤᠭᠴᠢ ᠡᠯᠰᠡᠬᠦ ᠲᠥᠯᠥᠪᠯᠡᠭᠡ ᠪᠠ ᠴᠢᠳᠠᠪᠤᠷᠢᠲᠠᠨ ᠬᠥᠮᠦᠵᠢᠭᠦᠯᠬᠦ

ᠲᠥᠰᠦᠯ ᠳᠤ ᠦᠵᠡᠭᠦᠯᠬᠦ ᠳᠡᠮᠵᠢᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠵᠣᠬᠢᠶᠠᠨ

ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠱᠠᠲᠤ

ᠳᠠᠷᠠᠭᠠᠯᠠᠨ ᠪᠣᠳᠠᠲᠠᠶᠢᠵᠢᠭᠤᠯᠵᠤ᠂ ᠠᠵᠢᠯ ᠣᠯᠭᠤᠬᠤ ᠠᠵᠢᠯ ᠤᠨ ᠪᠠᠶᠢᠭᠤᠯᠤᠮᠵᠢ᠂ ᠲᠠᠯᠠᠪᠤᠷ ᠭᠠᠵᠠᠷ᠂ ᠠᠵᠢᠯᠲᠠᠨ᠂

ᠵᠠᠷᠤᠳᠠᠯ ᠤᠨ ᠨᠥᠬᠦᠴᠡᠯ ᠤᠨ ᠪᠠᠲᠤᠯᠠᠭ᠎ᠠ ᠶᠢ ᠪᠠᠬᠢᠵᠢᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ

ᠪᠣᠢ ᠪᠣᠯᠭᠠᠨ᠂ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ

ᠪᠠᠶᠢᠳᠠᠯ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠪᠣᠷᠣᠲᠣᠬᠤᠢ

ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂

ᠪᠤᠭᠤᠲᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ

ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠳᠣᠰ ᠬᠤᠲᠠ ᠶᠢᠨ ᠯᠦᠩ ᠵᠢᠢ ᠬᠡᠷᠡᠯ ᠴᠡᠨᠡᠭ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠰᠠᠨᠠᠯ ᠢᠶᠠᠨ ᠰᠣᠯᠢᠯᠴᠠᠪᠠ᠃

2.jpg

                   

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ

ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ︔

ᠡᠯ᠎ᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠦᠬᠦᠢ ᠡᠭᠦᠷᠭᠡ ᠴᠢᠳᠠᠮᠵᠢᠲᠤ

ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠶᠠᠳᠤᠭᠠᠷ ᠳᠡᠰ ᠤᠨ ᠳᠡᠭᠡᠳᠦ ᠰᠤᠷᠭᠠᠭᠤᠯᠢ ᠰᠠᠯᠪᠤᠷᠢ ᠶᠢᠨ

ᠤᠳᠤᠷᠢᠳᠬᠤ ᠪᠠᠭ ᠤᠨ ᠪᠦᠷᠢᠯᠳᠦᠬᠦᠨ ᠪᠠ ᠲᠡᠭᠦᠰᠬᠦ ᠠᠩᠭᠢ ᠶᠢᠨ ᠪᠦᠬᠦ ᠡᠷᠬᠢᠯᠡᠭᠴᠢ᠂ ᠬᠠᠪᠰᠤᠷᠤᠨ ᠵᠢᠯᠣᠭᠤᠳᠤᠭᠴᠢ

ᠬᠤᠷᠠᠯ ᠳᠤ ᠣᠷᠣᠯᠴᠠᠪᠠ᠃

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map