ᠵᠠᠯᠠᠭᠤ ᠨᠠᠰᠤᠨ ᠳᠤ ᠪᠠᠨ·ᠳᠤᠮᠳᠠᠳᠤ ᠢᠶᠠᠨ ᠮᠠᠭᠲᠠᠨ ᠳᠠᠭᠤᠯᠠᠨᠠᠮ — 2023 ᠣᠨ ᠤ ᠪᠦᠬᠦ ᠣᠷᠣᠨ ᠤ ᠤᠶᠤᠲᠠᠳ ᠤᠨ ᠤᠷᠠᠯᠢᠭ ᠤᠨ ᠨᠠᠶᠢᠷ ᠤᠨ ᠰᠤᠷᠭᠠᠭᠤᠯᠢ ᠶᠢᠨ ᠬᠦᠷᠢᠶᠡᠨ ᠤ ᠳᠠᠭᠤᠴᠢᠨ ᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2023/12/26
      12 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠢᠯᠣᠭᠤᠳᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠬᠠᠮᠲᠤᠷᠠᠨ ᠡᠷᠬᠢᠯᠡᠵᠦ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ 2023 ᠣᠨ ᠤ ᠪᠦᠬᠦ ᠣᠷᠣᠨ ᠤ ᠤᠶᠤᠲᠠᠳ ᠤᠨ ᠤᠷᠠᠯᠢᠭ ᠤᠨ ᠨᠠᠶᠢᠷ ᠤᠨ ᠰᠤᠷᠭᠠᠭᠤᠯᠢ ᠶᠢᠨ ᠬᠦᠷᠢᠶᠡᠨ ᠤ ᠳᠠᠭᠤᠴᠢᠨ ᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠬᠥᠬᠡᠬᠤᠲᠠ ᠳᠤ ᠵᠢᠩᠬᠢᠨᠢ ᠪᠠᠷ ᠡᠬᠢᠯᠡᠪᠡ᠃ ᠲᠤᠰ ᠬᠤᠭᠤᠴᠠᠭᠠᠨ ᠤ ᠤᠷᠤᠯᠳᠤᠭᠠᠨ ︽ᠵᠠᠯᠠᠭᠤ ᠨᠠᠰᠤᠨ ᠳᠤ ᠪᠠᠨ·ᠳᠤᠮᠳᠠᠳᠤ ᠢᠶᠠᠨ ᠮᠠᠭᠲᠠᠨ ᠳᠠᠭᠤᠯᠠᠨᠠᠮ︾ ᠢᠶᠠᠷ ᠭᠤᠣᠯ ᠰᠡᠳᠦᠪ ᠪᠣᠯᠭᠠᠵᠤ᠂ ᠰᠤᠷᠤᠭᠴᠢᠳ ᠲᠤ ᠬᠠᠨᠳᠤᠭᠤᠯᠤᠭᠰᠠᠨ᠂ ᠪᠠᠶᠢᠩᠭᠤᠵᠢᠭᠤᠯᠤᠨ ᠥᠷᠨᠢᠭᠦᠯᠦᠭᠰᠡᠨ ᠰᠤᠷᠤᠭᠴᠢᠳ ᠤᠨ ᠤᠷᠠᠯᠢᠭ ᠤᠨ ᠦᠢᠯᠡᠳᠦᠯᠭᠡ ᠶᠢᠨ ︽ᠰᠢᠷᠭᠠᠭᠤ ᠪᠣᠯᠪᠠᠰᠤᠷᠠᠬᠤ︾᠂ ︽ᠪᠠᠶᠢᠩᠭᠤ ᠲᠣᠭᠯᠠᠬᠤ︾ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃

1.jpg

2.jpg

3.jpg

4.jpg

               ᠲᠤᠰᠬᠠᠢ ᠮᠡᠷᠭᠡᠵᠢᠯ ᠤᠨ ᠳᠤᠭᠤᠶᠢᠯᠠᠩ

      ᠤᠷᠤᠯᠳᠤᠭᠠᠨ ᠤ ᠠᠬᠤᠢ ᠲᠠᠯᠠᠪᠠᠢ ᠳᠤ᠂ ᠳᠠᠭᠤᠴᠢᠨ ᠨᠠᠷ ᠣᠯᠠᠨ ᠶᠠᠩᠵᠤ ᠶᠢᠨ ᠬᠡᠪ ᠨᠠᠮᠪᠠ ᠪᠠᠷ ᠳᠠᠭᠤᠯᠠᠵᠤ᠂

ᠳᠠᠭᠤᠤ ᠪᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠭᠦᠨᠵᠡᠭᠡᠢ ᠠᠭᠤᠯᠤᠭᠳᠠᠬᠤᠨ ᠢ ᠳᠠᠮᠵᠢᠭᠤᠯᠵᠤ᠂ ᠣᠳᠣ

ᠦᠶ᠎ᠡ ᠶᠢᠨ ᠤᠶᠤᠲᠠᠳ ᠤᠨ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠢ ᠭᠡᠬᠦ ᠰᠢᠨ᠎ᠡ ᠴᠠᠭ ᠦᠶ᠎ᠡ ᠳᠤ

ᠡᠷᠡᠮᠡᠬᠡᠶᠢᠯᠡᠨ ᠤᠷᠤᠭᠰᠢᠯᠠᠬᠤ ᠡᠬᠡ ᠣᠷᠣᠨᠴᠢ ᠰᠡᠳᠬᠢᠯᠭᠡ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ

ᠢᠯᠡᠷᠡᠭᠦᠯᠪᠡ᠃ ᠲᠠᠶᠢᠰᠠᠨ ᠳᠡᠭᠡᠷ᠎ᠡ᠂ ᠤᠷᠤᠯᠳᠤᠭᠠᠨ ᠳᠤ ᠣᠷᠣᠯᠴᠠᠭᠰᠠᠨ ᠪᠠᠭᠰᠢ ᠰᠤᠷᠤᠭᠴᠢ ᠨᠠᠷ ᠳᠠᠭᠤᠤ

ᠬᠥᠭᠵᠢᠮ ᠤᠨ ᠲᠤᠬᠠᠢ ᠬᠠᠯᠠᠭᠤᠨ ᠰᠡᠳᠬᠢᠯ ᠪᠠ ᠬᠦᠰᠡᠯ ᠢ ᠡᠪᠦᠷᠯᠡᠨ᠂ ᠬᠦᠰᠡᠯ ᠡᠷᠡᠮᠡᠯᠵᠡᠯ ᠪᠠ ᠬᠠᠶᠢᠷ᠎ᠠ ᠬᠠᠯᠠᠮᠵᠢ ᠪᠠᠷ

ᠳᠠᠭᠤᠤ ᠪᠠᠨ ᠡᠬᠢᠯᠡᠭᠦᠯᠪᠡ︔ ᠲᠠᠶᠢᠰᠠᠨ ᠳᠣᠣᠷ᠎ᠠ᠂ ᠦᠵᠡᠭᠴᠢᠳ ᠭᠠᠷ ᠲᠠᠬᠢ ᠳ᠋ᠧᠩ ᠢᠶᠠᠨ ᠬᠤᠷᠦ᠋ᠢᠯᠠᠵᠤ᠂ ᠠᠬᠤᠢ

ᠲᠠᠯᠠᠪᠠᠢ ᠳᠤ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠷᠠᠪᠠ᠃ ᠳᠠᠭᠤᠤ ᠬᠥᠭᠵᠢᠮ᠂ ᠠᠶ᠎ᠠ ᠳᠠᠭᠤᠤ᠂ ᠠᠯᠠᠭ᠎ᠠ

ᠲᠠᠰᠢᠯᠲᠠ ᠶᠢᠨ ᠳᠠᠭᠤᠨ ᠨᠢᠵᠢᠭᠢᠨᠡᠵᠦ᠂ ᠠᠬᠤᠢ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠪᠡ᠃

   

5.jpg

6.jpg

7.jpg

   

8.jpg

               ᠠᠵᠢᠯ ᠤᠨ ᠴᠢᠯᠥᠭᠡᠨ ᠤ ᠳᠤᠭᠤᠶᠢᠯᠠᠩ

      ᠡᠨᠡ ᠵᠢᠯ ᠤᠨ 9 ᠳ᠋ᠦ᠋ᠭᠡᠷ ᠰᠠᠷ᠎ᠠ ᠳᠤ ᠤᠷᠤᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ᠂ ᠰᠤᠷᠭᠠᠭᠤᠯᠢ ᠶᠢᠨ

ᠳᠡᠰ ᠤᠨ ᠠᠩᠬᠠᠨ ᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ ᠤ ᠬᠤᠶᠠᠳᠠᠬᠢ ᠤᠷᠤᠯᠳᠤᠭᠠᠨ ᠵᠡᠷᠭᠡ ᠱᠠᠲᠤ

ᠱᠠᠲᠤ ᠪᠠᠷ ᠰᠣᠩᠭᠤᠬᠤ ᠪᠠ ᠬᠢᠨᠠᠨ ᠲᠣᠭᠲᠠᠭᠠᠬᠤ ᠪᠠᠷ ᠳᠠᠮᠵᠢᠨ᠂ ᠡᠴᠦᠰ ᠲᠤ ᠪᠠᠨ ᠪᠦᠬᠦ ᠣᠷᠣᠨ ᠤ 46 ᠶᠡᠭᠡ

ᠳᠡᠭᠡᠳᠦ ᠰᠤᠷᠭᠠᠭᠤᠯᠢ ᠶᠢᠨ ᠮᠡᠳᠡᠭᠦᠯᠦᠭᠰᠡᠨ 516 ᠪᠦᠲᠦᠭᠡᠯ ᠠᠴᠠ 40 ᠣᠷᠣᠯᠴᠠᠭᠴᠢ ᠶᠢ ᠰᠣᠩᠭᠤᠵᠤ

ᠰᠢᠢᠳᠪᠦᠷᠢᠲᠦ ᠤᠷᠤᠯᠳᠤᠭᠠᠨ ᠳᠤ  ᠣᠷᠣᠯᠴᠠᠭᠤᠯᠪᠠ᠃ ᠬᠤᠷᠴᠠ ᠰᠢᠷᠦᠭᠦᠨ ᠮᠥᠷᠥᠶᠢᠴᠡᠭᠡᠨ ᠢᠶᠠᠷ ᠳᠠᠮᠵᠢᠨ᠂

ᠲᠤᠰᠬᠠᠢ ᠮᠡᠷᠭᠡᠵᠢᠯ ᠤᠨ ᠳᠤᠭᠤᠶᠢᠯᠠᠩ ᠪᠠ ᠠᠵᠢᠯ ᠤᠨ ᠴᠢᠯᠥᠭᠡᠨ ᠤ ᠳᠤᠭᠤᠶᠢᠯᠠᠩ ᠤᠨ  ᠲᠦᠷᠦᠭᠦᠦ 10 ᠳᠠᠭᠤᠴᠢᠨ

ᠲᠤᠰ ᠲᠤᠰ ᠡᠨᠡ ᠤᠳᠠᠭᠠᠨ ᠤ ︽ᠶᠡᠭᠡ ᠳᠡᠭᠡᠳᠦ ᠰᠤᠷᠭᠠᠭᠤᠯᠢ ᠶᠢᠨ ᠠᠷᠪᠠᠨ ᠰᠤᠷᠭᠠᠭᠤᠯᠢ ᠶᠢᠨ ᠬᠦᠷᠢᠶᠡᠨ ᠤ

ᠳᠠᠭᠤᠴᠢᠨ︾ ᠤ ᠢᠷᠠᠭᠤ ᠠᠯᠳᠠᠷ ᠢ ᠬᠦᠷᠲᠡᠪᠡ᠃

9.jpg

   

10.jpg

11.jpg

12.jpg

13.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠨᠡ ᠤᠳᠠᠭᠠᠨ ᠤ ᠤᠷᠤᠯᠳᠤᠭᠠᠨ ᠢᠶᠠᠷ

ᠠᠵᠠ ᠲᠣᠬᠢᠶᠠᠯ ᠪᠣᠯᠭᠠᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠬᠤ

ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠᠷ ᠭᠤᠣᠯ ᠪᠣᠯᠭᠠᠵᠤ᠂

ᠠᠵᠢᠯ ᠤᠨ ᠰᠡᠳᠬᠢᠮᠵᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠡᠯ᠎ᠡ ᠰᠤᠷᠭᠠᠭᠤᠯᠢ ᠶᠢᠨ ᠡᠯ᠎ᠡ ᠲᠥᠷᠥᠯ ᠤᠨ

ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠵᠣᠷᠢᠭᠵᠢᠭᠤᠯᠵᠤ᠂ ᠰᠤᠷᠤᠭᠴᠢᠳ ᠢ

ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠪᠠᠭᠰᠢ ᠰᠤᠷᠤᠭᠴᠢᠳ ᠤᠨ ᠡᠬᠡ ᠣᠷᠣᠨᠴᠢ ᠰᠡᠳᠬᠢᠯᠭᠡ ᠶᠢ

ᠪᠠᠳᠠᠷᠠᠭᠤᠯᠵᠤ᠂ ᠰᠣᠶᠣᠯ ᠤᠨ ᠢᠲᠡᠭᠡᠯ ᠢ ᠨᠡᠮᠡᠭᠳᠡᠭᠦᠯᠦᠨ᠂ ᠰᠣᠶᠣᠯ ᠢᠷᠭᠡᠨᠰᠢᠯ ᠤᠨ ᠬᠠᠶᠢᠷ᠎ᠠ ᠰᠡᠳᠬᠢᠯᠭᠡ ᠶᠢ

ᠬᠥᠮᠦᠵᠢᠭᠦᠯᠵᠦ᠂ ᠤᠶᠤᠲᠠᠳ ᠤᠨ ᠬᠥᠮᠦᠨ ᠰᠣᠶᠣᠯ ᠪᠠ ᠤᠷᠠᠯᠢᠭ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ

ᠬᠥᠭᠵᠢᠭᠦᠯᠬᠦ ᠶᠢ ᠠᠬᠢᠭᠤᠯᠤᠨ᠎ᠠ᠃

 

14.jpg

15.jpg

16.jpg

17.jpg

18.jpg

  

                ᠱᠠᠩᠨᠠᠯ ᠣᠯᠭᠤᠬᠤ ᠦᠳᠡᠰᠢᠯᠡᠭᠡ  

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map