ᠪᠦᠬᠦ ᠣᠷᠣᠨ ᠤ ᠡᠯ᠎ᠡ ᠱᠠᠲᠤᠨ ᠤ ᠪᠠᠶᠢᠭᠤᠯᠭ᠎ᠠ ᠶᠢᠨ ᠠᠵᠢᠯᠲᠠᠳ ᠤᠨ ᠨᠡᠶᠢᠲᠡᠯᠢᠭ ᠬᠡᠯᠡ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠰᠦᠯᠵᠢᠶᠡᠨ ᠳᠠᠬᠢ ᠪᠣᠯᠪᠠᠰᠤᠷᠠᠯ ᠲᠠᠨ ᠤ ᠣᠷᠣᠯᠴᠠᠬᠤ ᠶᠢ ᠬᠦᠯᠢᠶᠡᠵᠦ ᠪᠠᠶᠢᠨᠠᠮ
ᠨᠡᠶᠢᠲᠡᠯᠡᠭᠰᠡᠨ ᠴᠠᠭ᠄
2023/12/26
      ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠪᠠᠬᠢ ᠪᠣᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠪᠦᠬᠦ ᠣᠷᠣᠨ ᠤ ᠭᠤᠣᠯᠳᠠᠯᠭ᠎ᠠ ᠲᠠᠢ ᠬᠥᠮᠦᠰ ᠤᠨ ᠨᠡᠶᠢᠲᠡᠯᠢᠭ ᠬᠡᠯᠡ ᠶᠢ ᠬᠡᠷᠡᠭᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠦᠭᠡ ᠬᠡᠯᠡ ᠦᠰᠦᠭ ᠪᠢᠴᠢᠭ ᠤᠨ ᠠᠵᠢᠯ  ᠤᠨ ᠵᠥᠪᠯᠡᠯ ᠤᠨ ᠠᠯᠪᠠᠨ ᠭᠡᠷ ᠪᠦᠬᠦ ᠣᠷᠣᠨ ᠤ ᠡᠯ᠎ᠡ ᠱᠠᠲᠤᠨ ᠤ ᠪᠠᠶᠢᠭᠤᠯᠭ᠎ᠠ ᠶᠢᠨ ᠠᠵᠢᠯᠲᠠᠨ ᠳᠤ ᠬᠠᠨᠳᠤᠭᠤᠯᠤᠨ ᠨᠡᠶᠢᠲᠡᠯᠢᠭ ᠬᠡᠯᠡ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠰᠦᠯᠵᠢᠶᠡᠨ ᠳᠠᠬᠢ ᠨᠡᠭᠡᠭᠡᠯᠲᠡᠲᠦ ᠮᠠᠶ᠋ᠢᠭ ᠤᠨ ᠰᠦᠢᠳᠬᠡᠯ ᠬᠤᠷᠢᠶᠠᠬᠤ ᠦᠭᠡᠢ ᠪᠣᠯᠪᠠᠰᠤᠷᠠᠯ ᠥᠷᠨᠢᠭᠦᠯᠪᠡ᠃ ᠪᠣᠯᠪᠠᠰᠤᠷᠠᠯ ᠳᠤ ᠣᠷᠣᠯᠴᠠᠬᠤ ᠱᠠᠭᠠᠷᠳᠠᠯᠭ᠎ᠠ ᠲᠠᠢ ᠬᠥᠮᠦᠰ ᠳᠣᠣᠷᠠᠬᠢ ᠬᠤᠶᠠᠷ ᠬᠡᠮᠵᠢᠯᠳᠦ ᠺᠣᠳ᠋ ᠢ ᠰᠢᠷᠪᠢᠵᠦ ᠳᠠᠩᠰᠠᠯᠠᠭᠤᠯᠤᠨ ᠨᠡᠷ᠎ᠡ ᠮᠡᠳᠡᠭᠦᠯᠵᠦ᠂ ︽ᠤᠯᠤᠰ ᠤᠨ ᠨᠡᠶᠢᠲᠡᠯᠢᠭ ᠬᠡᠯᠡ ᠶᠢ ᠤᠷᠤᠰᠤᠮ᠎ᠠ ᠶᠠᠷᠢᠬᠤ︾ APP ᠪᠠᠷ ᠳᠠᠮᠵᠢᠭᠤᠯᠤᠨ ᠰᠤᠷᠤᠯᠴᠠᠵᠤ ᠪᠣᠯᠤᠨ᠎ᠠ᠃ ᠲᠤᠰ ᠡᠳᠦᠷ ᠠᠴᠠ ᠡᠬᠢᠯᠡᠨ᠂ ᠨᠡᠷ᠎ᠡ ᠮᠡᠳᠡᠭᠦᠯᠦᠮᠡᠭᠴᠡ ᠰᠤᠷᠴᠤ ᠪᠣᠯᠤᠨ᠎ᠠ᠂ ᠬᠤᠭᠤᠴᠠᠭ᠎ᠠ ᠪᠦᠷᠢ ᠶᠢᠨ ᠰᠤᠷᠤᠯᠴᠠᠬᠤ ᠬᠤᠭᠤᠴᠠᠭ᠎ᠠ 15 ᠡᠳᠦᠷ᠂ ᠨᠢᠭᠡ  ᠬᠥᠮᠦᠨ ᠣᠯᠠᠨ ᠤᠳᠠᠭ᠎ᠠ ᠪᠣᠯᠪᠠᠰᠤᠷᠠᠯ ᠳᠤ ᠣᠷᠣᠯᠴᠠᠵᠤ ᠪᠣᠯᠤᠨ᠎ᠠ᠃    

640.png

  

      ᠪᠣᠯᠪᠠᠰᠤᠷᠠᠯ ᠤᠨ ᠠᠭᠤᠯᠭ᠎ᠠ ᠳᠤ ᠤᠯᠤᠰ ᠤᠨ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ᠂

ᠨᠡᠶᠢᠲᠡᠯᠢᠭ ᠬᠡᠯᠡᠨ ᠤ ᠰᠠᠭᠤᠷᠢ ᠣᠨᠣᠯ ᠤᠨ ᠮᠡᠳᠡᠯᠭᠡ᠂ ᠨᠡᠶᠢᠲᠡᠯᠢᠭ ᠬᠡᠯᠡᠨ  ᠤ ᠠᠪᠢᠶᠠᠨ ᠤ ᠮᠡᠳᠡᠯᠭᠡ᠂ ᠨᠡᠶᠢᠲᠡᠯᠢᠭ

ᠬᠡᠯᠡᠨ ᠤ ᠠᠪᠢᠶᠠᠨ ᠤ ᠪᠣᠯᠪᠠᠰᠤᠷᠠᠯ᠂ ᠨᠡᠶᠢᠲᠡᠯᠢᠭ ᠬᠡᠯᠡᠨ ᠤ ᠰᠢᠯᠭᠠᠯᠲᠠ ᠶᠢᠨ ᠴᠤᠪᠤᠷᠠᠯ ᠠᠭᠤᠯᠭ᠎ᠠ ᠵᠢᠴᠢ

ᠰᠢᠯᠭᠠᠯᠲᠠ ᠳᠤ ᠣᠷᠣᠯᠴᠠᠬᠤ ᠤᠷ᠎ᠠ ᠮᠡᠷᠭᠡᠵᠢᠯ᠂ ᠨᠡᠶᠢᠲᠡᠯᠢᠭ ᠬᠡᠯᠡᠨ ᠤ ᠳᠠᠭᠤᠷᠢᠶᠠᠮᠠᠯ ᠰᠢᠯᠭᠠᠯᠲᠠ ᠵᠡᠷᠭᠡ ᠶᠢ

ᠪᠠᠭᠲᠠᠭᠠᠨ᠎ᠠ᠃ ᠲᠠᠪᠴᠠᠩ ᠠᠴᠠ  ᠰᠢᠰᠲ᠋ᠧᠮᠵᠢᠭᠦᠯᠦᠭᠰᠡᠨ ᠬᠢᠴᠢᠶᠡᠯ ᠤᠨ ᠰᠤᠷᠤᠯᠴᠠᠯᠭ᠎ᠠ ᠶᠢ ᠬᠠᠩᠭᠠᠵᠤ᠂ ᠠᠪᠢᠶ᠎ᠠ ᠶᠢ

ᠣᠨᠣᠰᠢᠯᠠᠬᠤ᠂ ᠪᠦᠷᠢᠨ ᠵᠢᠩᠬᠢᠨᠢ ᠰᠣᠷᠢᠯᠲᠠ᠂ ᠬᠥᠲᠥᠯᠪᠦᠷᠢ ᠶᠢ ᠰᠤᠷᠤᠯᠴᠠᠬᠤ᠂ ᠨᠡᠷᠡᠲᠦ ᠪᠠᠭᠰᠢ ᠶᠢᠨ ᠬᠢᠴᠢᠶᠡᠯ ᠤᠨ

ᠲᠠᠩᠬᠢᠮ᠂ ᠠᠪᠢᠶᠠᠯᠠᠭ᠎ᠠ ᠶᠢᠨ ᠳᠤᠲᠠᠭᠳᠠᠯ ᠢ ᠵᠠᠯᠠᠷᠠᠭᠤᠯᠬᠤ ᠪᠣᠯᠪᠠᠰᠤᠷᠠᠯ ᠵᠡᠷᠭᠡ ᠬᠡᠰᠡᠭ ᠢ ᠪᠠᠭᠲᠠᠭᠠᠵᠤ᠂

ᠪᠣᠯᠪᠠᠰᠤᠷᠠᠭᠤᠯᠤᠯ ᠳᠤ ᠣᠷᠣᠯᠴᠠᠭᠰᠠᠳ ᠲᠤᠰ ᠪᠡᠶ᠎ᠡ ᠶᠢᠨ ᠰᠤᠷᠤᠯᠴᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠᠨ

ᠦᠨᠳᠦᠰᠦᠯᠡᠨ᠂ ᠬᠡᠰᠡᠭ ᠢ ᠥᠪᠡᠰᠦᠪᠡᠨ ᠰᠣᠩᠭᠤᠵᠤ ᠰᠤᠷᠤᠯᠴᠠᠵᠤ ᠪᠣᠯᠤᠨ᠎ᠠ᠃

      ᠲᠠ ᠨᠡᠶᠢᠲᠡᠯᠢᠭ ᠬᠡᠯᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠶ᠎ᠡ ᠭᠡᠪᠡᠯ

ᠬᠤᠷᠳᠤᠬᠠᠨ ᠣᠷᠣᠯᠴᠠᠭᠠᠷᠠᠢ︕

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map