ᠥᠪᠥᠷ ᠮᠣᠩᠭᠤᠯ ᠤᠨ ᠡᠨᠧᠷᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠷᠬᠢᠯᠡᠨ ᠪᠠᠶᠢᠭᠤᠯᠤᠭᠴᠢ ᠶᠢ ᠬᠤᠪᠢᠷᠠᠭᠤᠯᠬᠤ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/12/27
      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠵᠢᠴᠢ ᠬᠡᠷᠡᠭᠵᠢᠭᠦᠯᠬᠦ ᠳᠦᠷᠢᠮ ᠵᠡᠷᠭᠡ ᠲᠣᠭᠲᠠᠭᠠᠯ ᠢ ᠦᠨᠳᠦᠰᠦᠯᠡᠨ᠂ ᠰᠤᠷᠭᠠᠭᠤᠯᠢ ᠠᠴᠠ ᠭᠤᠶᠤᠴᠢᠯᠠᠬᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠰᠢᠨᠵᠢᠯᠡᠨ ᠪᠠᠶᠢᠴᠠᠭᠠᠬᠤ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠣᠳᠤᠯᠬᠤ ᠪᠠᠷ ᠳᠠᠮᠵᠢᠨ᠂ ᠥᠪᠥᠷ ᠮᠣᠩᠭᠤᠯ ᠤᠨ ᠡᠨᠧᠷᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠷᠭᠢᠯᠡᠨ ᠪᠠᠶᠢᠭᠤᠯᠤᠭᠴᠢ ᠵᠣᠣ ᠰᠢᠶᠣᠤ ᠹᠧᠩ ᠢ ᠣᠷᠳᠣᠰ ᠤᠨ ᠰᠢ ᠸᠠᠩ ᠬᠤᠸᠠ ᠦ᠋ ᠰᠤᠷᠭᠠᠨ ᠬᠥᠮᠦᠵᠢᠯ ᠤᠨ ᠬᠤᠪᠢ ᠡᠵᠡᠮᠳᠡᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠭᠠᠨ ᠬᠤᠪᠢᠷᠠᠭᠤᠯᠬᠤ ᠶᠢ ᠵᠥᠪᠰᠢᠶᠡᠷᠡᠬᠦ ᠪᠠᠷ ᠲᠥᠯᠥᠪᠯᠡᠵᠦ ᠪᠤᠢ᠂ ᠡᠳᠦᠭᠡ ᠢᠯᠡ ᠨᠡᠶᠢᠲᠡᠯᠡᠪᠡ᠃      ᠢᠯᠡ ᠨᠡᠶᠢᠲᠡᠯᠡᠬᠦ ᠴᠠᠭ 2023 ᠣᠨ ᠤ 12 ᠰᠠᠷ᠎ᠠ ᠶᠢᠨ 25 - 12 ᠰᠠᠷ᠎ᠠ ᠶᠢᠨ 31 ᠤ ᠡᠳᠦᠷ᠃      ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ᠂ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠳᠤᠷᠠᠳᠤᠭᠠᠷᠠᠢ᠃ ᠨᠢᠭᠡᠴᠢ ᠶᠢᠨ ᠨᠡᠷ᠎ᠡ ᠪᠠᠷ ᠰᠠᠨᠠᠯ ᠳᠤᠷᠠᠳᠤᠭᠰᠠᠨ ᠪᠣᠯ᠂ ᠡᠷᠬᠡᠪᠰᠢ ᠪᠢᠴᠢᠭ ᠤᠨ ᠬᠡᠯᠪᠡᠷᠢ ᠶᠢᠨ ᠰᠠᠨᠠᠯ ᠳᠤᠷᠠᠳᠤᠭᠰᠠᠨ ᠮᠠᠲ᠋ᠧᠷᠢᠶᠠᠯ ᠳᠡᠭᠡᠷ᠎ᠡ ᠲᠤᠰ ᠨᠢᠭᠡᠴᠢ ᠶᠢᠨ ᠢᠶᠠᠨ ᠠᠯᠪᠠᠨ ᠲᠠᠮᠠᠭ᠎ᠠ ᠶᠢ ᠳᠠᠷᠤᠬᠤ ᠶᠢᠨ ᠬᠠᠮᠲᠤ ᠬᠠᠷᠢᠯᠴᠠᠬᠤ ᠬᠥᠮᠦᠨ ᠤ ᠣᠪᠣᠭ ᠨᠡᠷ᠎ᠡ᠂ ᠬᠠᠶ᠋ᠢᠭ ᠪᠠ ᠤᠲᠠᠰᠤ ᠶᠢ ᠲᠣᠳᠣᠷᠬᠠᠢ ᠪᠢᠴᠢᠬᠦ ᠬᠡᠷᠡᠭᠲᠡᠢ᠃ ᠬᠤᠪᠢ ᠬᠥᠮᠦᠨ ᠰᠠᠨᠠᠯ ᠳᠤᠷᠠᠳᠤᠭᠰᠠᠨ ᠪᠣᠯ᠂ ᠡᠷᠬᠡᠪᠰᠢ ᠦᠨᠡᠨ ᠪᠣᠳᠠᠲᠠᠢ ᠣᠪᠣᠭ ᠨᠡᠷ᠎ᠡ ᠪᠠᠷ ᠭᠠᠷ ᠤᠨ ᠦᠰᠦᠭ ᠵᠢᠷᠤᠬᠤ ᠬᠡᠷᠡᠭᠲᠡᠢ ᠪᠥᠭᠡᠳ ᠲᠤᠰ ᠬᠥᠮᠦᠨ ᠤ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯᠯᠠᠵᠤ ᠪᠠᠶᠢᠭ᠎ᠠ ᠨᠢᠭᠡᠴᠢ᠂ ᠬᠠᠶ᠋ᠢᠭ ᠪᠠ ᠤᠲᠠᠰᠤ ᠪᠠᠨ ᠲᠣᠳᠣᠷᠬᠠᠢ ᠪᠢᠴᠢᠬᠦ           ᠬᠡᠷᠡᠭᠲᠡᠢ᠃ ᠪᠢᠳᠡ ᠰᠠᠨᠠᠯ ᠳᠤᠷᠠᠳᠤᠭᠰᠠᠨ ᠨᠢᠭᠡᠴᠢ ᠪᠣᠯᠤᠨ ᠬᠤᠪᠢ ᠬᠥᠮᠦᠨ ᠤ ᠨᠢᠭᠤᠴᠠ ᠶᠢ ᠴᠢᠩᠭ᠎ᠠ           ᠬᠠᠮᠠᠭᠠᠯᠠᠨ᠎ᠠ᠃ ᠨᠡᠷ᠎ᠡ ᠪᠠᠨ ᠪᠤᠷᠤᠭᠤᠯᠠᠭᠰᠠᠨ ᠪᠠ ᠬᠤᠭᠤᠴᠠᠭ᠎ᠠ ᠬᠡᠲᠦᠷᠡᠭᠰᠡᠨ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠥᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ      ᠰᠢᠤᠳᠠᠨ ᠨᠣᠮᠧᠷ᠄ 010010      ᠬᠠᠷᠢᠯᠴᠠᠬᠤ ᠤᠲᠠᠰᠤ᠄ 0471 - 2856807      ᠹᠠᠺᠰ᠄ 0471 - 2856723      ᠢᠮᠧᠯ᠄ nmgjytfzghc@126.com
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map