ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠮᠤᠷᠠᠯ ᠢ ᠬᠥᠮᠥᠵᠢᠭᠦᠯᠵᠦ ᠤᠶᠤᠨ ᠢ ᠨᠡᠭᠡᠭᠡᠭᠳᠡᠭᠦᠯᠬᠦ - ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠡᠷᠭᠢᠯᠡᠪᠡ
ᠨᠡᠶᠢᠲᠡᠯᠡᠭᠰᠡᠨ ᠴᠠᠭ᠄
2023/12/27
      ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠴᠢᠨᠠᠷᠯᠢᠭ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ ᠬᠥᠮᠦᠵᠢᠯ ᠤᠨ ᠠᠭᠤᠯᠭ᠎ᠠ ᠶᠢ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠳᠤ ᠭᠦᠢᠴᠡᠳ ᠠᠭᠤᠰᠬᠠᠨ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ  ᠶᠢᠨ 20 -21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠮᠤᠷᠠᠯ ᠢ ᠬᠥᠮᠥᠵᠢᠭᠦᠯᠵᠦ ᠤᠶᠤᠨ ᠢ ᠨᠡᠭᠡᠭᠡᠭᠳᠡᠭᠦᠯᠬᠦ - ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠡᠷᠬᠢᠯᠡᠪᠡ᠃

1.jpg

2.png

      ᠲᠤᠰ ᠬᠤᠭᠤᠴᠠᠭᠠᠨ ᠤ ᠶᠠᠷᠢᠶᠠᠨ ᠤ ᠳᠠᠪᠴᠠᠩ ᠳᠤ ᠭᠤᠸᠠᠩᠰᠢ ᠦᠨᠳᠦᠰᠦᠲᠡᠨ ᠤ ᠶᠡᠭᠡ ᠰᠤᠷᠭᠠᠭᠤᠯᠢ ᠶᠢᠨ

ᠨᠠᠮ ᠤᠨ ᠬᠤᠷᠢᠶᠠᠨ ᠤ ᠱᠦᠵᠢ ᠪᠢᠶᠠᠨ ᠴᠧᠩ ᠯᠢᠨ ᠫᠷᠤᠹᠧᠰᠰᠤᠷ᠂ ᠱᠠᠩᠬᠠᠢ ᠬᠢᠲᠠᠳ ᠡᠮ ᠡᠮᠨᠡᠯᠭᠡ ᠶᠢᠨ ᠶᠡᠭᠡ

ᠰᠤᠷᠭᠠᠭᠤᠯᠢ ᠶᠢᠨ ᠤᠤᠯ ᠤᠨ ᠨᠠᠮ ᠤᠨ ᠬᠤᠷᠢᠶᠠᠨ ᠤ ᠱᠦᠵᠢ ᠵᠠᠩ ᡁᠢ ᠴᠢᠶᠠᠩ ᠫᠷᠤᠹᠧᠰᠰᠤᠷ ᠢ ᠤᠷᠢᠨ ᠲᠤᠰ

ᠲᠤᠰ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ

ᠴᠢᠳᠠᠪᠤᠷᠢᠲᠠᠨ ᠢ ᠬᠥᠮᠦᠵᠢᠭᠦᠯᠬᠦ ᠪᠦᠬᠦ ᠶᠠᠪᠤᠴᠠ ᠳᠤ ᠠᠭᠤᠰᠬᠠᠬᠤ︾᠂ ︽ᠬᠢᠴᠢᠶᠡᠯ ᠤᠨ ᠦᠵᠡᠯ ᠰᠠᠨᠠᠭ᠎ᠠ ᠤᠯᠤᠰ

ᠲᠥᠷᠥ ᠶᠢᠨ ᠱᠠᠭᠠᠷᠳᠠᠯᠭ᠎ᠠ ᠶᠢ ᠵᠢᠭᠠᠨ ᠰᠤᠷᠭᠠᠯᠲᠠ ᠶᠢᠨ ᠲᠥᠯᠥᠪᠯᠡᠭᠡ ᠳᠤ ᠠᠭᠤᠰᠬᠠᠬᠤ︾ ᠪᠠᠷ ᠭᠤᠣᠯ ᠰᠡᠳᠦᠪ

ᠪᠣᠯᠭᠠᠭᠰᠠᠨ ᠲᠤᠰᠬᠠᠢ ᠰᠡᠳᠦᠪᠲᠦ ᠮᠡᠳᠡᠭᠦᠯᠦᠯᠲᠡ ᠬᠢᠪᠡ᠃

   

3.jpg

   

      ᠲᠤᠰ ᠬᠤᠭᠤᠴᠠᠭᠠᠨ ᠳᠤ ᠭᠤᠷᠪᠠᠨ ᠲᠠᠯᠠᠪᠤᠷ ᠵᠢᠭᠠᠨ ᠰᠤᠷᠭᠠᠯᠲᠠ ᠶᠢᠨ ᠠᠵᠢᠯᠯᠠᠬᠤ ᠭᠠᠵᠠᠷ ᠢ ᠨᠡᠭᠡᠭᠡᠵᠦ᠂

ᠠᠵᠢᠯᠯᠠᠭ᠎ᠠ ᠳᠤ ᠣᠷᠣᠯᠴᠠᠭᠰᠠᠨ ᠪᠦᠬᠦ ᠣᠷᠣᠨ ᠤ ᠵᠠᠭᠤ ᠰᠢᠬᠠᠮ ᠭᠤᠣᠯᠯᠠᠭᠴᠢ ᠪᠠᠭᠰᠢ ᠥᠪᠡᠷᠲᠡᠭᠡᠨ ᠵᠠᠰᠠᠬᠤ

ᠣᠷᠣᠨ ᠤ ︽ᠬᠤᠶᠠᠷ ᠶᠡᠭᠡ ᠶᠠᠪᠤᠳᠠᠯ︾ ᠳᠤ ᠦᠢᠯᠡᠴᠢᠯᠡᠬᠦ ᠲᠣᠭᠤᠷᠢᠨ ᠳᠤ᠂ ᠵᠢᠭᠠᠨ ᠰᠤᠷᠭᠠᠯᠲᠠ ᠶᠢᠨ ᠵᠢᠷᠤᠭ

ᠲᠥᠯᠥᠪᠯᠡᠭᠡ ᠳᠤ ᠦᠵᠡᠯ ᠰᠠᠨᠠᠭ᠎ᠠ ᠤᠯᠤᠰ ᠲᠥᠷᠥ  ᠶᠢᠨ ᠡᠯᠧᠮᠧᠨ᠋ᠲ ᠢ ᠪᠦᠲᠦᠮᠵᠢᠲᠡᠢ ᠢᠯᠡᠷᠡᠭᠦᠯᠵᠦ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠠᠭᠤᠯᠭ᠎ᠠ ᠶᠢ ᠬᠢᠴᠢᠶᠡᠯᠯᠡᠭᠡ ᠳᠤ

ᠣᠷᠭᠠᠨᠢᠭ ᠢᠶᠠᠷ ᠠᠭᠤᠰᠬᠠᠬᠤ ᠵᠡᠷᠭᠡ ᠠᠭᠤᠯᠭ᠎ᠠ ᠶᠢ ᠳᠡᠯᠭᠡᠨ ᠦᠵᠡᠭᠦᠯᠵᠦ ᠰᠣᠯᠢᠯᠴᠠᠨ ᠰᠤᠳᠤᠯᠤᠨ ᠶᠠᠷᠢᠯᠴᠠᠵᠤ᠂ ᠵᠠᠩ

ᡁᠢ ᠴᠢᠶᠠᠩ ᠫᠷᠤᠹᠧᠰᠰᠤᠷ ᠪᠣᠯᠤᠨ ᠪᠡᠭᠡᠵᠢᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ

ᠰᠤᠷᠭᠠᠭᠤᠯᠢ ᠶᠢᠨ ᠴᠧᠨ ᠢᠦᠢ ᠫᠷᠤᠹᠧᠰᠰᠤᠷ᠂ ᠪᠠᠷᠠᠭᠤᠨ ᠬᠤᠶᠢᠲᠤ ᠶᠢᠨ ᠲᠠᠷᠢᠶᠠᠯᠠᠩ ᠣᠢ ᠰᠢᠭᠤᠢ ᠶᠢᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠯᠢ ᠺᠠᠨ ᠫᠷᠤᠹᠧᠰᠰᠤᠷ ᠦᠨᠡᠯᠡᠯᠲᠡ ᠬᠢᠵᠦ ᠵᠢᠭᠠᠨ

ᠵᠢᠯᠣᠭᠤᠳᠪᠠ᠃

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map