ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/12/27
      12 ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠶᠡᠷᠦᠩᠬᠡᠢ ᠱᠦᠵᠢ ᠰᠢ ᠶᠢᠨ ᠫᠢᠩ ᠤᠨ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠪᠣᠯᠣᠨ ᠭᠠᠨᠰᠤ ᠶᠢᠨ ᠯᠢᠨᠰᠢᠶᠠ ᠵᠧᠦ ᠶᠢᠨ ᠵᠢᠢ ᠱᠢ ᠱᠠᠨ ᠰᠢᠶᠠᠨ ᠤ 6.2 ᠲᠠᠰ ᠤᠨ ᠭᠠᠵᠠᠷ ᠬᠥᠳᠡᠯᠦᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ᠬᠡᠷᠡᠭ ᠠᠴᠠ ᠡᠮᠦᠨ᠎ᠡ ᠤᠷᠢᠳᠴᠢᠯᠠᠨ ᠪᠡᠯᠡᠳᠬᠡᠬᠦ᠂ ᠤᠷᠢᠳ ᠢᠶᠠᠷ ᠰᠡᠷᠭᠡᠶᠢᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠡᠯᠡᠳᠬᠡᠯ ᠲᠥᠰᠥᠯ ᠢ ᠪᠣᠳᠠᠲᠠᠢ ᠬᠢᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ᠡᠯ᠎ᠡ ᠲᠥᠷᠥᠯ ᠤᠨ ᠠᠶᠤᠯ ᠲᠦᠭᠰᠢᠭᠦᠷᠢ ᠭᠡᠮ ᠰᠣᠭᠤᠭ ᠢ ᠭᠦᠨᠵᠡᠭᠡᠢ ᠪᠠᠶᠢᠴᠠᠭᠠᠵᠤ ᠴᠡᠭᠴᠡᠯᠡᠨ ᠵᠠᠰᠠᠵᠤ᠂ ᠰᠡᠷᠭᠡᠶᠢᠯᠡᠨ ᠠᠷᠭᠠᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠭᠦ ᠬᠡᠯᠬᠢᠶ᠎ᠡ ᠪᠠᠷ ᠰᠠᠶᠢᠲᠤᠷ ᠬᠢᠬᠦ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠴᠠᠭᠢᠯᠭᠠᠨ ᠲᠣᠣᠷ ᠤᠨ ᠠᠮᠤᠷ ᠲᠦᠪᠰᠢᠨ ᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠠᠳᠬᠤᠵᠤ᠂ ᠢᠯᠠᠩᠭᠤᠶ᠎ᠠ ᠢᠯᠴᠢ ᠬᠠᠩᠭᠠᠬᠤ ᠳᠤᠯᠠᠭᠠᠨ ᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠭᠠᠮᠰᠢᠭᠳᠠᠭᠰᠠᠨ ᠠᠬ᠎ᠠ ᠳᠡᠭᠦᠦ ᠮᠤᠵᠢ ᠣᠷᠣᠨ ᠢ ᠨᠢᠭᠲᠠ ᠠᠩᠬᠠᠷᠤᠨ ᠬᠠᠷᠢᠯᠴᠠᠵᠤ᠂ ᠢᠳᠡᠪᠬᠢᠲᠡᠢ ᠪᠠᠷ ᠠᠪᠤᠷᠠᠨ ᠲᠤᠰᠠᠯᠠᠬᠤ ᠳᠡᠮᠵᠢᠯᠭᠡ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠰ ᠢ ᠬᠦᠴᠦᠷᠬᠡᠭᠵᠢᠭᠦᠯᠬᠦ ᠠᠵᠢᠯ ᠢ ᠰᠠᠶᠢᠲᠤᠷ ᠬᠢᠵᠦ᠂ ︽ᠲᠦᠷᠪᠡᠨ ᠤᠯᠠᠨ ᠲᠦᠷᠪᠡᠨ ᠴᠥᠭᠡᠨ︾ ᠤ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠣᠷᠣᠨ ᠪᠠᠶᠢᠭᠤᠯᠬᠤ ᠪᠠᠷ ᠭᠤᠶᠤᠴᠢᠯᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠵᠤ᠂ ᠳᠣᠲᠣᠭᠠᠳᠤ ᠭᠠᠳᠠᠭᠠᠳᠤ ᠨᠡᠭᠡᠭᠡᠯᠲᠡ ᠶᠢ ᠲᠠᠰᠤᠷᠠᠯᠲᠠ ᠦᠭᠡᠢ ᠥᠷᠭᠡᠳᠬᠡᠬᠦ                ᠬᠡᠷᠡᠭᠲᠡᠢ᠃ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢ ᠨᠢᠭᠡ ᠨᠢᠭᠡ ᠪᠣᠳᠠᠲᠠᠢ ᠶᠠᠪᠤᠳᠠᠯ ᠪᠣᠯᠭᠠᠨ ᠨᠠᠷᠢᠯᠢᠭᠵᠢᠭᠤᠯᠵᠤ᠂ ᠠᠵᠤ ᠠᠬᠤᠢ᠂ ᠰᠤᠷᠭᠠᠨ ᠬᠥᠮᠦᠵᠢᠯ ᠂ ᠠᠵᠢᠯ ᠣᠯᠭᠤᠯᠲᠠ᠂ ᠨᠡᠶᠢᠭᠡᠮ ᠲᠣᠭᠤᠷᠢᠭ ᠤᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ  ᠢ ᠡᠴᠦᠰ ᠲᠤᠨᠢ ᠲᠤᠯᠲᠠᠯ᠎ᠠ ᠰᠠᠶᠢᠲᠤᠷ ᠠᠳᠬᠤᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ ᠶᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ ᠃      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ︽ ᠬᠥᠳᠡᠭᠡ ᠠᠵᠤ ᠠᠬᠤᠢ ᠬᠥᠳᠡᠭᠡ ᠲᠤᠰᠬᠤᠨ ᠲᠠᠷᠢᠶᠠᠴᠢᠨ ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠥᠪ ᠤᠨ ᠬᠥᠳᠡᠭᠡ ᠲᠣᠰᠬᠤᠨ ᠤ ᠠᠵᠢᠯ  ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠨᠡᠩ ᠶᠡᠭᠡ ᠡᠷᠴᠢᠮ  ᠢᠶᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ           ᠬᠡᠷᠡᠭᠲᠡᠢ᠃ ︽ᠭᠠᠵᠠᠷ ᠰᠢᠷᠣᠢ᠂ ᠤᠰᠤ᠂ ᠦᠷ᠎ᠡ᠂ ᠠᠮᠤ ᠪᠤᠳᠠᠭ᠎ᠠ᠂ ᠮᠢᠬ᠎ᠠ᠂ ᠰᠦ︾ ᠶᠢᠨ ᠲᠣᠭᠤᠷᠢᠨ ᠳᠤ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠯᠬᠤᠮ ᠢ ᠲᠦᠷᠭᠡᠳᠬᠡᠵᠦ ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ  ᠶᠢ ᠴᠢᠩᠭᠠᠳᠬᠠᠬᠤ ᠬᠡᠷᠡᠭᠲᠡᠢ ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠶᠠᠪᠤᠳᠠᠯ ᠢ ᠶᠡᠭᠡ ᠪᠠᠷ ᠶᠠᠪᠤᠭᠤᠯᠵᠤ ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠵᠤ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠲᠦᠷᠭᠡᠳᠬᠡᠨ ᠬᠥᠭᠵᠢᠭᠦᠯᠵᠦ ᠂ ᠣᠯᠠᠨ ᠵᠦᠢᠯ  ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠵᠦ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠪᠠᠶᠢᠭᠤᠯᠤᠭᠳᠠᠭᠰᠠᠨ 50 ᠵᠢᠯ ᠤᠨ ᠤᠢ ᠶᠢ ᠪᠡᠯᠭᠡᠯᠡᠬᠦ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠪᠠ ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2023 ᠣᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠪᠣᠯᠣᠨ 2024 ᠣᠨ ᠤ ᠠᠵᠤ ᠠᠬᠤᠢ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠬᠤᠷᠠᠯ ᠠᠴᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ 12 ᠰᠠᠷ᠎ᠠ ᠶᠢᠨ 25 ᠠᠴᠠ 26 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ ᠂ ᠭᠤᠣᠯ ᠡᠭᠦᠷᠭᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ ᠂ 2024 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠂ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ᠢ ᠬᠢᠨᠠᠨ ᠵᠥᠪᠯᠡᠨ᠎ᠡ ᠃      ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ︽ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠢ ᠠᠮᠵᠢᠯᠲᠠ ᠲᠠᠢ ᠡᠷᠭᠢᠯᠡᠭᠦ ᠂ ᠲᠡᠭᠦᠰ ᠲᠡᠭᠦᠯᠳᠡᠷ ᠡᠷᠭᠢᠯᠡᠭᠦ ᠂ ᠭᠤᠶᠢᠳᠠ ᠰᠠᠶᠢᠬᠠᠨ ᠡᠷᠭᠢᠯᠡᠭᠦ ᠪᠠᠷ ᠪᠦᠭᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map