ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ  ᠨᠢ — ᠷᠠᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠮᠥᠰᠥ ᠴᠠᠰᠤᠨ ᠤ ᠨᠠᠶᠢᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/28
      ᠰᠤᠷᠭᠠᠭᠤᠯᠢ ᠶᠢᠨ ᠪᠠᠭᠰᠢ ᠰᠤᠷᠤᠭᠴᠢᠳ ᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠬᠠᠮᠲᠤ  ᠳᠤ ᠪᠠᠨ ᠤᠭᠲᠤᠬᠤ ᠬᠠᠯᠠᠭᠤᠨ ᠰᠡᠳᠬᠢᠯᠭᠡ ᠶᠢ ᠢᠯᠡᠷᠡᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠂ ᠬᠥᠮᠦᠨ ᠪᠦᠬᠦᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠳᠤ ᠣᠷᠣᠯᠴᠠᠬᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠬᠠᠮᠲᠤ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠢᠩᠭᠠᠨ ᠠᠶᠢᠮᠠᠭ ᠤᠨ ᠷᠠᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠮᠥᠰᠥ ᠴᠠᠰᠤᠨ ᠤ ᠨᠠᠶᠢᠷ ᠤᠨ ᠰᠢᠷᠢᠰ ᠠᠵᠢᠯᠯᠠᠭ᠎ᠠ ᠶᠢ ᠡᠬᠢᠯᠡᠭᠦᠯᠪᠡ᠃ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨ ᠢ ᠵᠣᠬᠢᠶᠠᠨ ᠪᠠᠶᠢᠭᠤᠯᠵᠤ᠂ ᠴᠠᠰᠤᠨ ᠳᠡᠭᠡᠷ᠎ᠡ ᠳᠡᠭᠡᠰᠦ ᠲᠠᠲᠠᠬᠤ᠂ ᠳᠤᠭᠤᠶᠢᠯᠠᠪᠤᠷᠢ ᠶᠢᠨ ᠳᠡᠰᠬᠡᠯ ᠤᠷᠤᠯᠳᠤᠭᠠᠨ ᠵᠢᠴᠢ ᠴᠠᠰᠤᠲᠤ ᠭᠠᠵᠠᠷ  ᠤᠨ ᠬᠥᠯ ᠪᠥᠮᠪᠦᠭᠡᠨ ᠤ ᠤᠷᠤᠯᠳᠤᠭᠠᠨ ᠢ ᠥᠷᠨᠢᠭᠦᠯᠵᠦ᠂ ᠰᠤᠷᠤᠭᠴᠢᠳ ᠬᠠᠬᠢᠷ ᠬᠦᠢᠲᠡᠨ ᠠᠴᠠ ᠬᠠᠯᠠᠰᠢᠷᠠᠯ‌ᠦᠭᠡᠢ᠂ ᠢᠳᠡᠪᠬᠢᠲᠡᠢ ᠣᠷᠣᠯᠴᠠᠪᠠ᠃      ᠬᠡᠳᠦ᠋ᠢᠪᠡᠷ ᠮᠥᠰᠥ ᠴᠠᠰᠤᠨ ᠳᠤ ᠬᠤᠴᠢᠭᠳᠠᠭᠰᠠᠨ ᠮᠥᠩᠭᠦᠨ ᠡᠪᠦᠯ ᠤᠨ ᠬᠦᠢᠲᠡᠨ ᠳᠤ ᠣᠷᠤᠯᠳᠤᠭᠠᠨ ᠳᠤ ᠣᠷᠣᠯᠴᠠᠭᠰᠠᠨ ᠪᠣᠯᠪᠠᠴᠤ ᠲᠠᠮᠢᠷᠴᠢᠳ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠦᠵᠡᠭᠴᠢᠳ ᠤᠨ ᠤᠤᠬᠠᠶᠢᠯᠠᠯ ᠨᠢ ᠠᠬᠤᠢ ᠲᠠᠯᠠᠪᠠᠢ ᠶᠢᠨ ᠠᠭᠤᠷ ᠠᠮᠢᠰᠬᠤᠯ ᠢ ᠶᠡᠷᠦ ᠪᠣᠰᠤ ᠬᠥᠭᠵᠢᠶᠡᠨᠲᠡᠢ ᠪᠣᠯᠭᠠᠪᠠ᠃ ᠴᠠᠰᠤᠨ ᠳᠡᠭᠡᠷ᠎ᠡ ᠳᠡᠭᠡᠰᠦ ᠲᠠᠲᠠᠬᠤ ᠤᠷᠤᠯᠳᠤᠭᠠᠨ ᠨᠢ ᠬᠦᠴᠦᠨ ᠤ ᠮᠥᠷᠦᠶᠢᠴᠡᠭᠡᠨ ᠪᠣᠯᠬᠤ ᠪᠠᠷ ᠪᠠᠷᠠᠬᠤ ᠦᠭᠡᠢ ᠨᠡᠩ ᠴᠤ ᠠᠩᠭᠢ ᠶᠢᠨ ᠨᠢᠭᠲᠠᠷᠠᠯ ᠤᠨ ᠬᠦᠴᠦᠨ ᠤ ᠰᠢᠯᠭᠠᠯᠲᠠ ᠪᠣᠯᠤᠨ᠎ᠠ᠃ ᠴᠠᠰᠤᠨ ᠳᠡᠭᠡᠷ᠎ᠡ ᠬᠠᠯᠲᠤᠷᠢᠨ ᠤᠨᠠᠬᠤ ᠠᠴᠠ ᠪᠣᠯᠭᠤᠮᠵᠢᠯᠠᠬᠤ ᠶᠢᠨ ᠲᠥᠯᠥᠭᠡ᠂ ᠤᠷᠤᠯᠳᠤᠭᠠᠨ ᠠᠴᠠ ᠡᠮᠦᠨ᠎ᠡ᠂ ᠰᠤᠷᠤᠭᠴᠢᠳ ᠲᠠᠯᠠᠪᠤᠷ ᠭᠠᠵᠠᠷ ᠢᠶᠠᠨ           ᠲᠡᠭᠰᠢᠯᠡᠪᠡ᠃ ᠤᠷᠤᠯᠳᠤᠭᠠᠨ ᠳᠤ ᠣᠷᠣᠯᠴᠠᠭᠰᠠᠳ ᠴᠠᠰᠤᠨ ᠳᠡᠭᠡᠷ᠎ᠡ ᠬᠦᠴᠦᠨ ᠴᠢᠳᠠᠯ ᠪᠠ ᠤᠷ᠎ᠠ ᠮᠡᠷᠭᠡᠵᠢᠯ ᠢᠶᠠᠨ ᠮᠥᠷᠦᠶᠢᠴᠡᠵᠦ᠂ ᠦᠵᠡᠭᠴᠢᠳ ᠠᠬᠤᠢ ᠲᠠᠯᠠᠪᠠᠢ ᠳᠤ ᠬᠦᠴᠦᠨ ᠨᠡᠮᠡᠷᠢᠯᠡᠵᠦ ᠵᠣᠷᠢᠭᠵᠢᠭᠤᠯᠪᠠ᠃ ᠪᠠᠶᠠᠷᠯᠠᠨ ᠢᠨᠢᠶᠡᠯᠴᠡᠬᠦ ᠪᠠ ᠬᠠᠰᠬᠢᠷᠬᠤ ᠳᠠᠭᠤᠨ ᠤ ᠳᠤᠮᠲᠠ᠂ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠡᠭᠡᠰᠦ ᠲᠠᠲᠠᠬᠤ ᠤᠷᠤᠯᠳᠤᠭᠠᠨ ᠤ ᠮᠠᠩᠯᠠᠢ ᠶᠢ ᠲᠤᠰ ᠲᠤᠰ ᠰᠢᠯᠭᠠᠷᠠᠭᠤᠯᠪᠠ᠃

1.png

      ᠳᠤᠭᠤᠶᠢᠯᠠᠪᠤᠷᠢ ᠶᠢᠨ ᠲᠡᠰᠬᠡᠯ ᠤᠷᠤᠯᠳᠤᠭᠠᠨ ᠨᠢ ᠰᠤᠷᠤᠭᠴᠢᠳ ᠤᠨ ᠵᠣᠷᠢᠭ ᠰᠠᠨᠠᠭ᠎ᠠ ᠶᠢ ᠤᠯᠠᠮ ᠴᠠᠭᠠᠰᠢᠲᠠ

ᠰᠢᠯᠭᠠᠪᠠ᠃ ᠴᠠᠰᠤᠲᠤ ᠭᠠᠵᠠᠷ ᠲᠤ ᠲᠡᠩᠴᠡᠭᠦᠷᠢ ᠶᠢ ᠪᠠᠲᠤᠯᠠᠵᠤ᠂ ᠬᠦᠴᠦ ᠵᠠᠯᠭᠠᠬᠤ ᠡᠭᠦᠷᠭᠡ ᠪᠠᠨ ᠲᠦᠷᠭᠡᠨ

ᠪᠡᠶᠡᠯᠡᠭᠦᠯᠬᠦ ᠶᠢᠨ ᠬᠠᠮᠲᠤ ᠳᠤᠭᠤᠶᠢᠯᠠᠪᠤᠷᠢ ᠳᠤ ᠰᠠᠭᠤᠵᠤ ᠪᠠᠶᠢᠭ᠎ᠠ ᠬᠠᠨᠢᠲᠠᠨ ᠢᠶᠠᠨ ᠠᠩᠬᠠᠷᠴᠤ᠂ ᠠᠮᠤᠷ ᠲᠣᠭᠲᠠᠭᠤᠨ

 ᠢᠶᠠᠷ ᠬᠠᠷᠰᠢ ᠰᠠᠭᠠᠳ ᠢ ᠲᠣᠭᠤᠷᠢᠨ ᠭᠠᠷᠬᠤ ᠬᠡᠷᠡᠭᠲᠡᠢ᠃ ᠰᠤᠷᠤᠭᠴᠢᠳ ᠬᠤᠷᠴᠠ ᠰᠢᠷᠦᠭᠦᠨ ᠮᠥᠷᠦᠶᠢᠴᠡᠯᠳᠦᠬᠦ ᠶᠢᠨ

ᠬᠠᠮᠲᠤ ᠪᠦᠯᠬᠦᠮ ᠤᠨ ᠬᠠᠮᠲᠤᠷᠠᠯᠴᠠᠭ᠎ᠠ ᠵᠢᠴᠢ ᠠᠩᠭᠢ ᠶᠢᠨ ᠡᠶ᠎ᠡ ᠵᠣᠬᠢᠴᠠᠯ ᠢ ᠢᠯᠡᠷᠡᠭᠦᠯᠪᠡ᠃

   

2.png

      ᠴᠠᠰᠤᠲᠤ ᠭᠠᠵᠠᠷ ᠤᠨ ᠬᠥᠯ ᠪᠥᠮᠪᠦᠭᠡᠨ ᠤ ᠤᠷᠤᠯᠳᠤᠭᠠᠨ ᠤ ᠳᠠᠮᠢᠷᠴᠢᠳ ᠨᠡᠩ ᠴᠤ ᠮᠡᠷᠭᠡᠵᠢᠯ ᠰᠠᠶᠢᠨ

ᠪᠠᠶᠢᠵᠤ᠂ ᠪᠦᠯᠬᠦᠮ ᠤᠨ ᠬᠠᠮᠵᠢᠯᠴᠠᠭ᠎ᠠ ᠠᠴᠠ ᠭᠠᠳᠠᠨ᠎ᠠ᠂ ᠲᠡᠳᠡ ᠴᠠᠰᠤᠨ ᠤ ᠳᠠᠷᠠᠭᠠᠬᠢ ᠴᠠᠰᠤᠲᠤ ᠭᠠᠵᠠᠷ ᠲᠤ

ᠶᠠᠭᠠᠬᠢᠵᠤ ᠬᠦᠶᠦᠬᠦ ᠪᠠᠨ ᠵᠣᠬᠢᠴᠠᠭᠤᠯᠬᠤ ᠪᠠᠷ ᠪᠠᠷᠠᠬᠤ ᠦᠭᠡᠢ᠂ ᠪᠠᠰᠠ ᠴᠠᠰᠤᠲᠤ ᠭᠠᠵᠠᠷ ᠲᠤ ᠬᠥᠯ ᠪᠥᠮᠪᠦᠭᠡᠨ ᠤ

ᠬᠥᠯ ᠳᠤ ᠥᠭᠬᠦ ᠶᠡᠷᠦ ᠪᠤᠰᠤ ᠶᠢᠨ ᠲᠥᠷᠦᠭᠳᠡᠯ ᠪᠠ ᠥᠪᠡᠷᠮᠢᠴᠡ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠢᠮ ᠢ

ᠣᠯᠵᠤ᠂ ᠪᠥᠮᠪᠦᠭᠡᠴᠢᠳ ᠤᠨ ᠤᠷ᠎ᠠ ᠮᠡᠷᠭᠡᠵᠢᠯ ᠪᠠ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ

ᠢᠯᠡᠷᠡᠭᠦᠯᠪᠡ᠃

   

3.png

      ᠡᠨᠡ ᠤᠳᠠᠭᠠᠨ ᠤ ᠠᠵᠢᠯᠯᠠᠭ᠎ᠠ ᠨᠢ ᠰᠤᠷᠤᠭᠴᠢᠳ ᠲᠤ ᠮᠥᠰᠥ ᠴᠠᠰᠤᠨ ᠤ ᠰᠣᠶᠣᠯ ᠢ ᠣᠶᠢᠯᠠᠭᠠᠭᠤᠯᠵᠤ᠂

ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂

ᠰᠤᠷᠤᠭᠴᠢᠳ ᠲᠤ ᠬᠠᠬᠢᠷ ᠬᠦᠢᠲᠡᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠶᠠᠷ

ᠪᠠᠶᠠᠰᠤᠯ ᠢ ᠭᠦᠷᠲᠡᠭᠡᠭᠰᠡᠨ ᠤ ᠬᠠᠮᠲᠤ᠂ ᠲᠡᠳᠡᠨ ᠤ ᠪᠡᠶ᠎ᠡ ᠮᠠᠬᠠᠪᠣᠳ ᠪᠠ ᠵᠣᠷᠢᠭ ᠰᠠᠨᠠᠭ᠎ᠠ ᠶᠢ ᠳᠠᠪᠲᠠᠨ

ᠪᠣᠯᠪᠠᠰᠤᠷᠠᠭᠤᠯᠵᠤ᠂ ᠰᠤᠷᠤᠭᠴᠢᠳ ᠤᠨ ᠬᠤᠭᠤᠷᠣᠨᠳᠣᠬᠢ ᠰᠣᠯᠢᠯᠴᠠᠭ᠎ᠠ ᠪᠠ ᠨᠥᠬᠦᠷᠯᠡᠯ ᠢ ᠠᠬᠢᠭᠤᠯᠤᠨ᠂ ᠪᠦᠯᠬᠦᠮ

ᠨᠡᠶᠢᠲᠡ ᠶᠢᠨ ᠬᠠᠮᠲᠤᠷᠠᠯᠴᠠᠭ᠎ᠠ ᠪᠠ ᠤᠷᠤᠯᠳᠤᠭᠠᠨ ᠤ ᠵᠣᠷᠢᠭ ᠰᠠᠨᠠᠭ᠎ᠠ ᠶᠢ ᠨᠡᠮᠡᠭᠳᠡᠭᠦᠯᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map