ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ  ᠨᠢ — ᠴᠠᠰᠤᠨ  ᠳᠡᠭᠡᠷ᠎ᠡ ᠳᠡᠭᠡᠰᠦ ᠲᠠᠲᠠᠬᠤ᠂ ᠴᠢᠷᠭ᠎ᠠ ᠶᠢᠨ ᠲᠦᠷᠭᠡᠨ ᠭᠤᠯᠭᠤᠯᠲᠠ᠂ ᠴᠠᠰᠤᠨ ᠳᠡᠭᠡᠷᠡᠬᠢ ᠬᠥᠯ ᠪᠥᠮᠪᠦᠭᠡ ᠁ ᠷᠠᠰᠢᠶᠠᠨ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠶᠠᠷ ᠪᠠᠶᠠᠰᠤᠯ ᠢ ᠬᠤᠪᠢᠶᠠᠯᠴᠠᠨ ᠡᠳ᠋ᠯᠡᠪᠡ
ᠨᠡᠶᠢᠲᠡᠯᠡᠭᠰᠡᠨ ᠴᠠᠭ᠄
2023/12/28
     ᠣᠶᠢᠷ᠎ᠠ ᠳᠤ᠂ ᠷᠠᠰᠢᠶᠠᠨ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠬᠢᠴᠢᠶᠡᠯ ᠤᠨ ᠵᠠᠪᠰᠠᠷᠯᠠᠭ᠎ᠠ ᠶᠢ ᠠᠰᠢᠭᠯᠠᠨ᠂ ᠲᠠᠮᠢᠷ ᠤᠨ ᠲᠠᠯᠠᠪᠠᠢ ᠳᠡᠭᠡᠷ᠎ᠡ ︽ᠲᠠᠯ᠎ᠠ ᠨᠤᠲᠤᠭ ᠵᠦᠭ ᠤᠨᠳᠤᠷᠤᠭᠰᠠᠨ ᠣᠷᠭᠢᠯᠤᠮ᠎ᠠ ᠬᠠᠯᠠᠭᠤᠨ ᠰᠡᠳᠬᠢᠯᠭᠡ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠦᠭ ᠲᠡᠮᠡᠦᠯᠦᠭᠰᠡᠨ ᠬᠦᠰᠡᠯ           ᠵᠣᠷᠢᠭ︾ ᠭᠡᠬᠦ ᠭᠤᠣᠯ ᠰᠡᠳᠦᠪᠲᠦ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠠᠵᠢᠯᠯᠠᠭ᠎ᠠ ᠶᠢ           ᠥᠷᠨᠢᠭᠦᠯᠵᠡᠢ᠃ ᠬᠡᠦᠬᠡᠳ ᠤᠳ ᠴᠠᠰᠤᠨ ᠲᠠᠯᠠᠪᠤᠷ ᠲᠤ ᠣᠴᠢᠵᠤ᠂ ᠮᠥᠰᠦᠨ ᠲᠡᠷᠭᠡᠨ ᠳᠤ ᠰᠠᠭᠤᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠬᠢᠵᠠᠭᠠᠯᠠᠰᠢ ᠦᠬᠡᠢ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠪᠠ᠃

1.jpg

      ᠴᠠᠰᠤᠨ ᠳᠡᠭᠡᠷᠡᠬᠢ ᠬᠥᠯ ᠪᠥᠮᠪᠦᠭᠡ ᠪᠣᠯ ᠴᠠᠰᠤ ᠪᠦᠷᠬᠦᠭᠰᠡᠨ ᠬᠥᠯ ᠪᠥᠮᠪᠦᠭᠡᠨ ᠤ ᠲᠠᠯᠠᠪᠤᠷ ᠲᠤ

ᠮᠥᠷᠥᠶᠢᠴᠡᠯᠳᠦᠬᠦ‍ ᠨᠢᠭᠡ ᠵᠦᠢᠯ ᠤᠨ ᠰᠢᠨ᠎ᠡ ᠪᠠᠷ ᠬᠥᠭᠵᠢᠭᠰᠡᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ

ᠲᠥᠷᠥᠯ ᠵᠦᠢᠯ ᠪᠣᠯᠤᠨ᠎ᠠ᠃ ᠴᠠᠰᠤᠨ ᠳᠡᠭᠡᠷᠡᠬᠢ ᠬᠥᠯ ᠪᠥᠮᠪᠦᠭᠡᠨ ᠤ ᠲᠠᠮᠢᠷᠴᠢᠳ ᠬᠥᠯ ᠪᠥᠮᠪᠦᠭᠡ ᠶᠢ ᠰᠠᠶᠢᠲᠤᠷ 

ᠡᠵᠡᠮᠳᠡᠬᠦ ᠪᠠᠷ ᠪᠠᠷᠠᠬᠤ ᠦᠭᠡᠢ ᠪᠠᠰᠠ ᠴᠠᠭ ᠢᠮᠠᠭᠲᠠ ᠪᠡᠶ᠎ᠡ ᠶᠢᠨ ᠲᠡᠩᠴᠡᠭᠦᠷᠢ ᠶᠢ ᠠᠩᠬᠠᠷᠬᠤ ᠬᠡᠷᠡᠭᠲᠡᠢ᠂

ᠡᠶᠢᠮᠦ ᠠᠴᠠ ᠤᠷᠤᠯᠳᠤᠭᠠᠨ ᠨᠢ ᠳᠣᠭᠲᠠᠪᠤᠷᠢᠲᠤ ᠪᠣᠰᠤ ᠴᠢᠨᠠᠷ ᠢᠶᠠᠷ ᠨᠡᠩ ᠶᠡᠭᠡ ᠤᠴᠢᠷ ᠠᠴᠠ ᠵᠠᠯᠠᠭᠤᠴᠤᠳ

ᠪᠠᠭᠠᠴᠤᠳ ᠤᠨ ᠳᠤᠷ᠎ᠠ ᠪᠠᠬ᠎ᠠ ᠶᠢ ᠥᠷᠭᠡᠨ ᠳᠡᠯᠭᠡᠷ ᠳᠠᠲᠠᠭᠰᠠᠨ ᠪᠠᠶᠢᠨ᠎ᠠ᠃

2.jpg

      ᠰᠤᠷᠤᠭᠴᠢᠳ ᠴᠠᠰᠤᠨ ᠴᠠᠭᠠᠷᠢᠭ ᠪᠠ ᠮᠥᠰᠥᠨ ᠲᠡᠷᠭᠡ ᠪᠠᠷ ᠬᠥᠭᠰᠦᠨ ᠪᠠᠶᠠᠰᠤᠯᠳᠤᠵᠤ ᠪᠠᠶᠢᠬᠤ ᠶᠢ

ᠬᠠᠷᠠᠭᠠᠳ᠂ ᠬᠡᠳᠦᠨ ᠬᠥᠮᠦᠨ ᠳᠤᠭᠤᠶᠢᠯᠠᠩ ᠪᠠᠶᠢᠭᠤᠯᠵᠤ  ᠳᠠᠷᠤᠢ ᠳᠤ ᠨᠢ ᠥᠪᠡᠷ  ᠤᠨ ᠬᠠᠨᠢᠲᠠᠨ ᠢᠶᠠᠨ ᠲᠠᠲᠠᠵᠤ

ᠳᠤᠷᠰᠢᠵᠤ ᠦᠵᠡᠪᠡ᠂ ᠬᠡᠳᠦ᠋ᠢᠪᠡᠷ ᠭᠠᠳᠠᠨᠠᠬᠢ ᠠᠭᠤᠷ ᠠᠮᠢᠰᠬᠤᠯ ᠬᠠᠬᠢᠷ ᠬᠦᠢᠲᠡᠨ ᠪᠣᠯᠪᠠᠴᠤ ᠰᠤᠷᠤᠭᠴᠢᠳ ᠤᠨ

ᠬᠠᠯᠠᠭᠤᠨ ᠰᠡᠳᠬᠢᠯᠭᠡ ᠥᠴᠦᠬᠡᠨ ᠴᠦ ᠪᠠᠭᠤᠷᠠᠭᠰᠠᠨ ᠦᠭᠡᠢ᠃

3.jpg

      ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠡᠦᠬᠡᠳ ᠤᠨ ᠮᠥᠰᠥ ᠴᠠᠰᠤᠨ ᠤ ᠪᠡᠶ᠎ᠡ ᠶᠢᠨ

ᠲᠠᠮᠢᠷ ᠤᠨ ᠬᠥᠳᠡᠯᠭᠡᠭᠡᠨ ᠢ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠵᠦ᠂ ᠰᠤᠷᠤᠭᠴᠢᠳ ᠤᠨ ᠬᠢᠴᠢᠶᠡᠯ ᠤᠨ

ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠨ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ

ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠤᠭᠲᠤᠬᠤ ᠰᠤᠷᠭᠠᠭᠤᠯᠢ ᠶᠢᠨ ᠬᠦᠷᠢᠶᠡᠨ ᠤ ᠮᠥᠰᠥ

ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠭᠤᠷ ᠠᠮᠢᠰᠬᠤᠯ ᠢ ᠪᠣᠢ ᠪᠣᠯᠭᠠᠵᠤ᠂ ᠰᠤᠷᠭᠠᠭᠤᠯᠢ ᠶᠢᠨ

ᠬᠦᠷᠢᠶᠡᠨ ᠳᠤ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map