ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭᠠᠭᠤᠯᠢ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠰᠤᠷᠤᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠤᠨ ᠲᠤᠬᠠᠢ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2023/12/28
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭᠠᠭᠤᠯᠢ ᠪᠠ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠰᠤᠷᠤᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠢ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠮᠡᠳᠡᠭᠦᠯᠬᠦ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠬᠤᠷᠠᠯ ᠢᠶᠠᠷ ᠰᠤᠳᠤᠯᠬᠤ ᠪᠠᠷ ᠳᠠᠮᠵᠢᠨ᠂ ᠡᠳᠦᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ︵ᠬᠤᠶᠠᠳᠤᠭᠠᠷ           ᠪᠦᠯᠦᠭ︶᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ᠂ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠤᠨ ᠨᠡᠷᠡᠰ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2023 ᠣᠨ ᠤ 12 ᠰᠠᠷ᠎ᠠ ᠶᠢᠨ 25-12 ᠰᠠᠷ᠎ᠠ ᠶᠢᠨ 29 ᠤ ᠡᠳᠦᠷ ᠪᠣᠯᠤᠨ᠎ᠠ᠃      ᠢᠯᠡ ᠨᠡᠶᠢᠲᠡᠯᠡᠬᠦ ᠬᠤᠭᠤᠴᠠᠭᠠᠨ ᠳᠤ᠂ ᠰᠠᠨᠠᠯ ᠲᠠᠢ ᠪᠣᠯ᠂ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠪᠠᠶᠢᠳᠠᠯ ᠢ ᠲᠤᠰᠬᠠᠬᠤ  ᠶᠢᠨ ᠬᠠᠮᠲᠤ ᠴᠢᠬᠤᠯᠠ ᠪᠦᠬᠦᠢ ᠭᠡᠷᠡᠴᠢ ᠪᠠᠷᠢᠮᠲᠠ ᠪᠣᠯᠬᠤ ᠮᠠᠲ᠋ᠧᠷᠢᠶᠠᠯ ᠢ ᠬᠠᠩᠭᠠᠵᠤ᠂ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠬᠦ ᠪᠣᠯᠪᠠᠤ᠃ ᠨᠢᠭᠡᠴᠢ ᠶᠢᠨ ᠨᠡᠷ᠎ᠡ ᠪᠠᠷ ᠲᠤᠰᠬᠠᠭᠰᠠᠨ ᠪᠣᠯ᠂ ᠨᠢᠭᠡᠴᠢ ᠶᠢᠨ ᠬᠠᠷᠢᠯᠴᠠᠬᠤ ᠬᠥᠮᠦᠨ ᠤ ᠣᠪᠣᠭ ᠨᠡᠷ᠎ᠡ᠂ ᠬᠠᠷᠢᠯᠴᠠᠬᠤ ᠤᠲᠠᠰᠤ ᠶᠢ ᠬᠠᠩᠭᠠᠬᠤ ᠶᠢᠨ ᠬᠠᠮᠲᠤ ᠲᠤᠰ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ ᠬᠥᠮᠦᠨ ᠤ ᠨᠡᠷ᠎ᠡ ᠪᠠᠷ ᠲᠤᠰᠬᠠᠭᠰᠠᠨ ᠪᠣᠯ᠂ ᠦᠨᠡᠨ ᠪᠣᠳᠠᠲᠠᠢ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯᠯᠠᠵᠤ ᠪᠠᠶᠢᠭ᠎ᠠ ᠨᠢᠭᠡᠴᠢ ᠪᠠ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠢ᠃ ᠪᠠᠶᠢᠳᠠᠯ ᠢ ᠲᠤᠰᠬᠠᠭᠰᠠᠨ ᠮᠠᠲ᠋ᠧᠷᠢᠶᠠᠯ ᠢ 2023 ᠣᠨ  ᠤ 12 ᠰᠠᠷ᠎ᠠ ᠶᠢᠨ 29 ᠤ ᠡᠳᠦᠷ ᠤᠨ 17᠄ 30 ᠠᠴᠠ ᠡᠮᠦᠨ᠎ᠡ ᠢᠮᠧᠯ᠄ nmggjc@163.com ᠳᠤ ᠢᠯᠡᠭᠡᠭᠡᠷᠡᠢ᠃ ᠬᠤᠭᠤᠴᠠᠭ᠎ᠠ ᠥᠩᠭᠡᠷᠡᠭᠰᠡᠨ ᠪᠤᠶᠤ ᠨᠡᠷ᠎ᠡ ᠪᠤᠷᠤᠭᠤᠯᠠᠭᠰᠠᠨ ᠲᠤᠰᠬᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠬᠠᠷᠢᠯᠴᠠᠬᠤ ᠬᠥᠮᠦᠨ᠄ ᠯᠠᠩ ᠾᠦᠢ ᠽᠧ  ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ      ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭᠠᠭᠤᠯᠢ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠤᠨ ᠨᠡᠷᠡᠰ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                2023 ᠣᠨ ᠤ 12 ᠰᠠᠷ᠎ᠠ ᠶᠢᠨ 25 ᠤ ᠡᠳᠦᠷᠳᠠᠭᠠᠯᠳᠤᠭᠤᠯᠤᠯ 1᠄ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠤᠷᠢᠶᠠᠯ ᠦᠵᠡᠭᠦᠯᠬᠦ ᠣᠨᠴᠠᠯᠢᠭᠲᠤ ᠳᠡᠭᠡᠳᠦ ᠰᠤᠷᠭᠠᠭᠤᠯᠢ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠤᠨ ᠨᠡᠷᠡᠰ.doc 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map