ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/12/29
      12 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠬᠢᠯᠡᠭᠰᠡᠨ ᠪᠥᠭᠡᠳ ᠲᠠᠩᠭᠠᠷᠢᠭᠯᠠᠬᠤ ᠶᠢ ᠬᠢᠨᠠᠪᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠪᠣᠯᠤᠨ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠶᠢᠨ ᠰᠢᠨ᠎ᠡ ᠪᠠᠷ ᠲᠤᠰᠢᠶᠠᠯ ᠡᠭᠦᠷᠭᠡᠯᠡᠭᠰᠡᠨ 20 ᠺᠠᠳ᠋ᠷ ᠲᠥᠪ ᠴᠢᠩᠭ᠎ᠠ ᠪᠠᠷ ᠲᠠᠩᠭᠠᠷᠢᠭᠯᠠᠪᠠ᠃      ᠦᠳᠡ ᠶᠢᠨ ᠬᠤᠶᠢᠨᠠᠬᠢ 3 ᠴᠠᠭ ᠲᠤ ᠲᠠᠩᠭᠠᠷᠢᠭᠯᠠᠬᠤ ᠶᠣᠰᠣᠯᠠᠯ ᠡᠬᠢᠯᠡᠪᠡ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠳᠠᠭᠠᠭᠤᠯᠤᠨ ᠲᠠᠩᠭᠠᠷᠢᠭᠯᠠᠭᠴᠢ ᠤᠯᠤᠰ ᠤᠨ ᠲᠤᠭ ᠪᠣᠯᠤᠨ ᠤᠯᠤᠰ ᠤᠨ ᠰᠦᠯᠳᠡ ᠵᠦᠭ ᠬᠠᠨᠳᠤᠵᠤ᠂ ᠦᠨᠳᠦᠰᠦᠨ ᠬᠠᠤᠯᠢ ᠶᠢ ᠡᠷᠭᠦᠨ᠂ ᠲᠠᠩᠭᠠᠷᠢᠭ ᠤᠨ ᠦᠭᠡᠰ ᠢ ᠳᠠᠭᠠᠭᠤᠯᠤᠨ ᠤᠩᠰᠢᠵᠤ᠂ ᠲᠠᠩᠭᠠᠷᠢᠭᠯᠠᠭᠴᠢ ᠲᠠᠩᠭᠠᠷᠢᠭ ᠤᠨ ᠦᠭᠡ ᠶᠢ ᠳᠠᠭᠠᠵᠤ ᠤᠩᠰᠢᠪᠠ᠃   

1.jpg

2.jpg

      ᠬᠤᠷᠠᠯ ᠠᠴᠠ᠂ ᠦᠨᠳᠦᠰᠦᠨ ᠬᠠᠤᠯᠢ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ

ᠨᠠᠶᠢᠳᠠᠪᠤᠷᠢᠵᠢᠭᠤᠯᠬᠤ ᠪᠣᠯ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ

ᠴᠢᠬᠤᠯᠠ ᠠᠷᠭ᠎ᠠ ᠬᠡᠮᠵᠢᠶ᠎ᠡ᠂ ᠪᠠᠰᠠ ᠴᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠰᠤᠷᠭᠠᠨ

ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ          

ᠮᠥᠨ᠃ ᠰ᠊‍ᠤᠷᠭᠠᠨ ᠬᠥᠮᠦᠵᠢᠯ ᠤᠨ ᠰᠢᠰᠲ᠋ᠧᠮ ᠤᠨ ᠤᠳᠤᠷᠢᠳᠬᠤ ᠺᠠᠳ᠋ᠷᠴᠤᠳ ᠨᠠᠮ ᠳᠤ ᠪᠠᠨ ᠦᠨᠡᠨᠴᠢ ᠰᠢᠳᠤᠷᠭᠤ

ᠪᠠᠶᠢᠬᠤ ᠶᠢ ᠪᠠᠲᠤ ᠴᠣᠭᠴᠠᠯᠠᠵᠤ᠂ ᠨᠠᠮ ᠤᠨ ᠲᠥᠪ ᠬᠤᠷᠢᠶ᠎ᠠ ᠪᠣᠯᠤᠨ ᠦᠨᠳᠦᠰᠦᠨ ᠬᠠᠤᠯᠢ ᠠᠴᠠ ᠣᠯᠭᠤᠭᠰᠠᠨ

ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠬᠤᠶᠠᠷ ᠢ ᠳᠣᠭᠲᠠᠭᠠᠭᠰᠠᠨ︾ ᠤ ᠰᠢᠢᠳᠪᠦᠷᠢᠯᠡᠭᠴᠢ ᠠᠴᠢ

ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ

ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ

ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ

ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠳᠤ ᠪᠤᠶᠠᠨ

ᠦᠢᠯᠡᠳᠬᠦ ᠰᠡᠳᠬᠢᠯᠭᠡ ᠶᠢ ᠪᠠᠲᠤᠳᠬᠠᠵᠤ᠂ ᠣᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠣᠪᠠᠨᠢᠵᠤ          

ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠰᠤᠷᠭᠠᠨ

ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠴᠢᠨᠠᠷᠯᠢᠭ ᠰᠤᠷᠭᠠᠨ ᠬᠥᠮᠦᠵᠢᠯ ᠤᠨ

ᠳᠣᠭᠲᠠᠯᠴᠠᠭ᠎ᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠳᠤ ᠦᠢᠯᠡᠴᠢᠯᠡᠬᠦ ᠳᠤ

ᠨᠡᠩ ᠬᠦᠴᠦᠷᠬᠡᠭ ᠶᠡᠭᠡ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠬᠠᠩᠭᠠᠬᠤ

ᠬᠡᠷᠡᠭᠲᠡᠢ᠃ ᠬᠠᠤᠯᠢ ᠪᠠᠷ ᠰᠤᠷᠭᠠᠨ ᠬᠥᠮᠦᠵᠢᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ

ᠰᠡᠳᠬᠢᠮᠵᠢ ᠪᠠ ᠠᠷᠭ᠎ᠠ ᠮᠠᠶ᠋ᠢᠭ ᠢᠶᠠᠷ ᠰᠤᠷᠭᠠᠨ ᠬᠥᠮᠦᠵᠢᠯ  ᠤᠨ ᠥᠭᠡᠷᠡᠴᠢᠯᠡᠯᠲᠡ ᠬᠥᠭᠵᠢᠭᠦᠯᠦᠯᠲᠡ ᠶᠢ ᠠᠬᠢᠭᠤᠯᠵᠤ᠂

ᠰᠤᠷᠭᠠᠨ ᠬᠥᠮᠦᠵᠢᠯ ᠤᠨ ᠬᠠᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠳᠦᠷᠢᠮ ᠵᠡᠷᠭᠡ ᠬᠠᠤᠯᠢ ᠴᠠᠭᠠᠵᠠ ᠬᠠᠤᠯᠢ ᠳᠦᠷᠢᠮ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢ ᠪᠠᠷ

ᠲᠣᠭᠲᠠᠭᠠᠭᠰᠠᠨ ᠡᠷᠬᠡ ᠶᠢᠨ ᠬᠢᠵᠠᠭᠠᠷ ᠪᠠ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠵᠦ᠂ ᠬᠠᠤᠯᠢ ᠪᠠᠷ ᠵᠠᠰᠠᠬᠤ ᠰᠡᠳᠬᠢᠮᠵᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠰᠠᠭᠤᠳᠠᠯ  ᠢ

ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ

ᠪᠠᠷᠢᠬᠤ ᠬᠥᠪᠴᠢ ᠶᠢ ᠴᠢᠩᠭᠠᠯᠠᠵᠤ᠂ ᠴᠢᠩᠭ᠎ᠠ ᠭᠤᠣᠯ ᠬᠥᠭ ᠠᠶᠠᠰ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂

ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ

ᠥᠴᠦᠬᠡᠨ ᠴᠦ ᠰᠤᠯᠠᠷᠠᠭᠤᠯᠤᠯ ᠦᠭᠡᠢ ᠵᠠᠯᠠᠷᠠᠭᠤᠯᠤᠨ ᠵᠠᠰᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ

ᠬᠠᠷᠢᠭᠤᠴᠠᠯᠭ᠎ᠠ ᠡᠭᠦᠷᠭᠡᠯᠡᠬᠦ ᠪᠣᠳᠠᠲᠤ ᠠᠵᠢᠯᠯᠠᠭ᠎ᠠ ᠪᠠᠷ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ

ᠪᠦᠲᠦᠭᠡᠨ ᠪᠠᠶᠢᠭᠤᠯᠬᠤ᠂ ᠠᠷᠠᠳ ᠲᠦᠮᠡᠨ ᠳᠤ ᠳᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ

ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map