ᠮᠥᠰᠦ ᠴᠠᠰᠤᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠨᠢ — ︽ᠠᠷᠪᠠᠨ ᠳᠥᠷᠪᠡᠳᠦᠭᠡᠷ ᠡᠪᠦᠯ︾ ᠤᠨ ᠰᠢᠳᠢ ᠶᠢ ᠬᠠᠶᠢᠵᠤ ᠮᠥᠰᠥ ᠴᠠᠰᠤᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠪᠡ
ᠨᠡᠶᠢᠲᠡᠯᠡᠭᠰᠡᠨ ᠴᠠᠭ᠄
2023/12/29
      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠡᠳᠡᠯᠭᠡ ᠶᠢ ᠮᠡᠳᠡᠬᠦ ᠤᠤ︖ 12 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ︽ᠠᠷᠪᠠᠨ ᠳᠥᠷᠪᠡᠳᠦᠭᠡᠷ ᠡᠪᠦᠯ︾ ᠤᠨ ︽ᠮᠥᠰᠥ ᠴᠠᠰᠤᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠢᠷᠢᠰ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ᠴᠢᠭᠯᠡᠭᠦᠯᠦᠨ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠦ᠋ ᠬᠣ᠋ ᠵᠡᠭᠡᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠮᠢᠶ᠎ᠠ ᠪᠦᠬᠦᠢ ᠮᠡᠳᠡᠯᠭᠡ ᠶᠢ ᠬᠤᠪᠢᠶᠠᠯᠴᠠᠬᠤ ᠶᠢᠨ ᠬᠠᠮᠲᠤ ᠦᠢᠯᠡᠳᠦᠯᠴᠡᠵᠦ ᠰᠡᠳᠦᠪ ᠬᠠᠷᠢᠭᠤᠯᠬᠤ ᠵᠢᠴᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ᠰᠤᠷᠤᠭᠴᠢᠳ ᠲᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ  ᠤ ᠲᠤᠬᠠᠢ ᠭᠦᠨᠵᠡᠭᠡᠢ ᠣᠶᠢᠯᠠᠭᠠᠭᠤᠯᠪᠠ᠃

1.jpg

                 ᠨᠡᠪᠲᠡᠷᠡᠭᠦᠯᠪᠡ ᠡᠬᠢᠯᠡᠯ᠎ᠡ

             ︽ᠠᠷᠪᠠᠨ ᠳᠥᠷᠪᠡᠳᠦᠭᠡᠷ ᠡᠪᠦᠯ︾ ᠤᠨ ᠮᠥᠰᠦ ᠴᠠᠰᠤᠨ ᠤ ᠮᠡᠳᠡᠯᠭᠡ

2.jpg

                ︽ᠠᠷᠪᠠᠨ ᠳᠥᠷᠪᠡᠳᠦᠭᠡᠷ ᠡᠪᠦᠯ︾ ᠤᠨ ᠪᠡᠶ᠎ᠡ ᠶᠢᠨ ᠲᠠᠮᠢᠷ ᠤᠨ

                 ᠴᠤᠭᠯᠠᠭᠠᠨ ᠤ ᠮᠡᠳᠡᠯᠭᠡ ᠶᠢ ᠬᠤᠪᠢᠶᠠᠯᠴᠠᠪᠠ

3.jpg

4.jpg

                ᠰᠤᠷᠤᠭᠴᠢᠳ ᠨᠠᠷᠢᠨ ᠬᠢᠨᠠᠮᠠᠭᠠᠢ ᠰᠣᠨᠣᠰᠴᠤ ᠪᠠᠶᠢᠭ᠎ᠠ ᠨᠢ

      ᠨᠢᠭᠡ ᠴᠠᠭ ᠭᠠᠷᠤᠢ ᠶᠢᠨ ᠰᠢᠭᠤᠳ ᠨᠡᠪᠲᠡᠷᠡᠭᠦᠯᠭᠡ ᠳᠤ᠂ ᠥᠪᠥᠷ ᠮᠣᠩᠭᠤᠯ ᠤᠨ ᠮᠥᠰᠥ ᠴᠠᠰᠤᠨ ᠤ

ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠰᠤᠷᠭᠠᠭᠴᠢ ᠸᠠᠩ ᠬᠠᠢ ᠮᠧᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ

ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠰᠣᠶᠣᠯ ᠤᠨ

ᠮᠡᠳᠡᠯᠭᠡ ᠶᠢ ᠬᠤᠪᠢᠶᠠᠯᠴᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ

ᠪᠡᠶ᠎ᠡ ᠶᠢᠨ ᠲᠠᠮᠢᠷ ᠤᠨ ᠴᠤᠭᠯᠠᠭᠠᠨ ᠤ ᠳᠠᠭᠤᠤ᠂ ᠰᠦᠯᠳᠡ᠂ ᠥᠯᠵᠡᠶᠢᠲᠦ ᠪᠣᠳᠠᠰ᠂ ᠭᠠᠯ ᠪᠠᠮᠪᠠᠷ᠂ ᠱᠠᠩᠨᠠᠯ ᠤᠨ

ᠮᠧᠳᠠᠯ ᠵᠢᠴᠢ ᠪᠠᠭᠲᠠᠭᠠᠭᠰᠠᠨ ᠲᠥᠷᠥᠯ ᠵᠦᠢᠯ ᠵᠡᠷᠭᠡ ᠠᠭᠤᠯᠭ᠎ᠠ ᠶᠢ ᠠᠮᠢᠳᠤᠯᠢᠭ ᠨᠠᠷᠢᠨ ᠨᠢᠮᠪᠠᠢ ᠲᠠᠨᠢᠯᠴᠠᠭᠤᠯᠵᠤ᠂

ᠰᠤᠷᠤᠭᠴᠢᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠪᠠᠶᠠᠷ ᠪᠠᠶᠠᠰᠬᠤᠯᠠᠩ ᠲᠠᠢ ᠬᠠᠮᠢᠶ᠎ᠠ ᠪᠦᠬᠦᠢ

ᠮᠡᠳᠡᠯᠭᠡ ᠶᠢ ᠣᠶᠢᠯᠠᠭᠠᠪᠠ᠃

5.jpg

                ᠡᠭᠦᠨ ᠢ ᠪᠢ ᠮᠡᠳᠡᠨ᠎ᠡ︕

      ᠡᠭᠦᠨ ᠤ ᠳᠠᠷᠠᠭᠠᠬᠢ ᠦᠢᠯᠡᠳᠦᠯᠴᠡᠬᠦ ᠭᠤᠭᠴᠤᠭ᠎ᠠ ᠳᠤ᠂ ᠰᠤᠷᠤᠭᠴᠢᠳ ᠨᠡᠩ ᠴᠤ ᠪᠡᠯᠡᠳᠬᠡᠯ ᠲᠡᠭᠦᠯᠳᠡᠷ

ᠪᠠᠶᠢᠵᠤ᠂ ᠰᠡᠳᠦᠪ ᠬᠠᠷᠢᠭᠤᠯᠬᠤ ᠳᠤ ᠢᠳᠡᠪᠬᠢᠲᠡᠢ  ᠣᠷᠣᠯᠴᠠᠨ᠂ ᠲᠦᠷᠭᠡᠨ ᠪᠥᠭᠡᠳ ᠣᠨᠣᠪᠴᠢᠲᠠᠢ ᠵᠥᠪ

ᠬᠠᠷᠢᠭᠤᠯᠵᠤ ᠪᠠᠶᠢᠯ᠎ᠠ᠃ ︽ᠥᠨᠥᠳᠦᠷ ᠪᠢ ᠮᠠᠰᠢ ᠣᠯᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ

ᠮᠡᠳᠡᠯᠭᠡ ᠶᠢ ᠰᠤᠷᠴᠤ᠂ ᠪᠠᠰᠠ ᠬᠡᠭᠡᠷ᠎ᠡ ᠶᠢᠨ ᠭᠤᠯᠭᠤᠭᠤᠷ ᠬᠦᠷᠳᠦ ᠶᠢ ᠪᠡᠶᠡᠴᠢᠯᠡᠨ ᠣᠶᠢᠯᠠᠭᠠᠵᠤ᠂ ᠴᠢᠯᠦᠭᠡᠨ ᠤ

ᠬᠤᠭᠤᠴᠠᠭᠠᠨ ᠳᠤ ᠪᠢ ᠨᠠᠶᠢᠵᠠ ᠨᠠᠷ ᠲᠠᠢ ᠪᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ

ᠣᠷᠣᠯᠴᠠᠨ᠂ ᠪᠠᠶᠠᠷ ᠪᠠᠭ᠋ᠠᠳᠤᠯᠲᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠣᠶᠢᠯᠠᠭᠠᠬᠤ ᠪᠠᠷ

ᠪᠠᠶᠢᠨ᠎ᠠ︾ ᠭᠡᠵᠦ ᠲᠠᠪᠤᠳᠤᠭᠠᠷ ᠣᠨ ᠤ ︵ᠬᠤᠶᠠᠷ︶ ᠠᠩᠭᠢ ᠶᠢᠨ ᠰᠤᠷᠤᠭᠴᠢ ᠭᠡᠭᠡᠨᠳᠠᠷᠢ ᠶᠠᠷᠢᠪᠠ᠃

             ᠭᠤᠯᠭᠤᠭᠤᠷ ᠬᠦᠷᠳᠦᠨ ᠤ ᠭᠠᠷᠮᠠᠭᠠᠶᠢᠯᠠᠭᠴᠢ

6.jpg

                ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠪᠡ

7.jpg

8.jpg

9.jpg

                ᠲᠣᠨᠤᠭ ᠲᠥᠬᠦᠭᠡᠷᠦᠮᠵᠢ ᠶᠢ ᠨᠠᠷᠢᠨ ᠨᠢᠮᠪᠠᠢ ᠰᠣᠨᠢᠷᠬᠠᠵᠤ ᠪᠠᠶᠢᠭ᠎ᠠ ᠨᠢ

      ᠰᠤᠷᠤᠭᠴᠢᠳ ᠲᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠢᠳᠢ ᠶᠢ ᠨᠡᠩ ᠰᠠᠶᠢᠨ

ᠣᠶᠢᠯᠠᠭᠠᠭᠤᠯᠬᠤ ᠶᠢᠨ ᠲᠥᠯᠥᠭᠡ᠂ ᠸᠠᠩ ᠬᠠᠢ ᠮᠧᠩ ᠰᠤᠷᠭᠠᠭᠴᠢ ᠮᠥᠰᠥᠨ ᠳᠡᠪᠦᠷ᠎ᠡ ᠪᠣᠯᠤᠨ ᠬᠡᠭᠡᠷ᠎ᠡ ᠶᠢᠨ

ᠴᠡᠨᠡᠯᠡᠯᠲᠡ ᠶᠢᠨ ᠬᠥᠳᠡᠯᠭᠡᠭᠡᠨ ᠢᠶᠠᠷ ᠵᠢᠱᠢᠶᠡᠯᠡᠵᠦ᠂ ᠰᠤᠷᠤᠭᠴᠢᠳ ᠲᠤ ᠴᠠᠰᠤᠨ ᠳᠤ ᠭᠤᠯᠭᠤᠬᠤ ᠱᠠᠬᠠᠢ᠂ ᠴᠠᠰᠤᠨ

ᠬᠠᠪᠲᠠᠰᠤ ᠵᠡᠷᠭᠡ ᠲᠤᠰᠬᠠᠢ ᠮᠡᠷᠭᠡᠵᠢᠯ ᠤᠨ ᠪᠠᠭᠠᠵᠢ ᠬᠡᠷᠡᠭᠰᠡᠯ ᠢ ᠳᠡᠯᠭᠡᠨ ᠦᠵᠡᠭᠦᠯᠵᠦ᠂ ᠰᠤᠷᠤᠭᠴᠢᠳ ᠨᠠᠷᠢᠨ ᠨᠢᠮᠪᠠᠢ

ᠰᠣᠨᠢᠷᠬᠠᠬᠤ ᠶᠢᠨ ᠬᠠᠮᠲᠤ ᠰᠤᠷᠭᠠᠭᠴᠢ ᠲᠠᠢ ᠰᠠᠨᠠᠯ ᠢᠶᠠᠨ ᠰᠣᠯᠢᠯᠴᠠᠪᠠ᠃

10.jpg

                ᠭᠤᠯᠭᠤᠭᠤᠷ ᠬᠦᠷᠳᠦᠨ ᠤ ᠲᠣᠨᠣᠭᠯᠠᠯ ᠢ ᠲᠠᠨᠢᠯᠴᠠᠭᠤᠯᠵᠤ ᠪᠠᠶᠢᠭ᠎ᠠ ᠨᠢ

11.jpg

                ᠴᠠᠰᠤᠨ ᠳᠤ ᠭᠤᠯᠭᠤᠬᠤ ᠱᠠᠬᠠᠢ ᠡᠮᠦᠰᠬᠦ ᠶᠢ ᠵᠢᠭᠠᠵᠤ ᠪᠠᠶᠢᠭ᠎ᠠ ᠨᠢ

12.jpg

               ᠭᠤᠯᠭᠤᠭᠤᠷ ᠬᠦᠷᠳᠦ ᠶᠢ ᠪᠡᠶᠡᠴᠢᠯᠡᠨ ᠣᠶᠢᠯᠠᠭᠠᠵᠤ ᠪᠠᠶᠢᠭ᠎ᠠ ᠨᠢ

    

      ᠪᠡᠶᠡᠴᠢᠯᠡᠨ ᠣᠶᠢᠯᠠᠭᠠᠬᠤ ᠶᠠᠪᠤᠴᠠ ᠳᠤ᠂ ᠸᠠᠩ ᠬᠠᠢ ᠮᠧᠩ ᠰᠤᠷᠭᠠᠭᠴᠢ ᠬᠤᠯᠪᠣᠭᠳᠠᠯ ᠪᠦᠬᠦᠢ ᠳᠦᠷᠢᠮ ᠢ

ᠲᠠᠶᠢᠯᠪᠤᠷᠢᠯᠠᠵᠤ᠂ ᠰᠤᠷᠤᠭᠴᠢᠳ ᠭᠤᠯᠭᠤᠭᠤᠷ ᠬᠦᠷᠳᠦᠲᠦ ᠱᠠᠬᠠᠢ ᠶᠢ ᠡᠮᠦᠰᠴᠦ᠂ ᠥᠪᠡᠷ ᠤᠨ ᠠᠩᠬᠠᠳᠠᠭᠴᠢ

ᠭᠤᠯᠭᠤᠯᠲᠠ ᠪᠠᠨ ᠪᠣᠯᠭᠤᠮᠵᠢᠲᠠᠢ ᠡᠬᠢᠯᠡᠪᠡ᠃ ᠰᠤᠷᠭᠠᠭᠴᠢ ᠶᠢᠨ ᠵᠢᠯᠣᠭᠤᠳᠤᠯᠭ᠎ᠠ ᠪᠠᠷ ᠰᠤᠷᠤᠭᠴᠢᠳ ᠠᠭᠠᠵᠢᠮ ᠢᠶᠠᠷ

ᠤᠷ᠎ᠠ ᠮᠡᠷᠭᠡᠵᠢᠯ ᠢ ᠡᠵᠡᠮᠰᠢᠵᠡᠢ᠃

      ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠦ᠋ ᠬᠣ᠋ ᠵᠡᠭᠡᠯᠢ ᠶᠢᠨ ᠲᠤᠷᠰᠢᠯᠲᠠ ᠶᠢᠨ ᠪᠠᠭ᠎ᠠ

ᠰᠤᠷᠭᠠᠭᠤᠯᠢ ᠶᠢᠨ ᠶᠣᠰᠤ ᠮᠤᠷᠠᠯ ᠤᠨ ᠬᠥᠮᠥᠵᠢᠯ ᠤᠨ ᠡᠷᠬᠢᠯᠡᠭᠴᠢ ᠵᠦ ᠳ᠋ᠧ ᠵᠢᠩ᠄ ︽ᠡᠨᠡ ᠤᠳᠠᠭᠠᠨ ᠤ ᠰᠢᠭᠤᠳ

ᠨᠡᠪᠲᠡᠷᠡᠭᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠲᠤ ︿ᠠᠷᠪᠠᠨ ᠳᠥᠷᠪᠡᠳᠦᠭᠡᠷ  ᠡᠪᠦᠯ﹀ ᠤᠨ

ᠪᠡᠶ᠎ᠡ ᠶᠢᠨ ᠲᠠᠮᠢᠷ ᠤᠨ ᠴᠤᠭᠯᠠᠭᠠᠨ ᠤ ᠮᠡᠳᠡᠯᠭᠡ ᠶᠢ ᠪᠦᠬᠦ ᠲᠠᠯ᠎ᠠ ᠪᠠᠷ ᠣᠶᠢᠯᠠᠭᠠᠭᠤᠯᠵᠤ᠂ ᠭᠤᠯᠭᠤᠭᠤᠷ ᠬᠦᠷᠳᠦᠨ ᠤ

ᠤᠷ᠎ᠠ ᠴᠢᠳᠠᠪᠤᠷᠢ ᠶᠢ ᠡᠵᠡᠮᠰᠢᠭᠦᠯᠦᠨ᠂ ᠴᠠᠰᠤᠨ ᠳᠤ ᠭᠤᠯᠭᠤᠬᠤ ᠠᠳᠠᠯᠢ ᠪᠤᠰᠤ ᠲᠣᠨᠤᠭ ᠲᠥᠬᠦᠭᠡᠷᠦᠮᠵᠢ ᠪᠠᠭᠠᠵᠢ

ᠬᠡᠷᠡᠭᠰᠡᠯ ᠲᠠᠢ ᠣᠶᠢᠷᠠᠲᠤᠭᠤᠯᠵᠤ᠂ ᠮᠥᠰᠥ ᠴᠠᠰᠤᠨ ᠤ ᠪᠡᠶ᠎ᠡ ᠲᠠᠮᠢᠷ ᠤᠨ ᠬᠥᠳᠡᠯᠭᠡᠭᠡᠨ ᠤ ᠪᠠᠶᠠᠷ ᠪᠠᠭ᠋ᠠᠳᠤᠯ ᠢ

ᠡᠳ᠋ᠯᠡᠭᠦᠯᠪᠡ︾ ᠭᠡᠵᠦ ᠶᠠᠷᠢᠪᠠ᠃ ︽ᠠᠷᠪᠠᠨ ᠳᠥᠷᠪᠡᠳᠦᠭᠡᠷ ᠡᠪᠦᠯ︾ ᠤᠨ ᠪᠡᠶ᠎ᠡ ᠶᠢᠨ ᠲᠠᠮᠢᠷ ᠤᠨ ᠴᠤᠭᠯᠠᠭᠠᠨ  ᠤ

ᠣᠶᠢᠷᠠᠳᠬᠤ ᠶᠢ ᠳᠠᠭᠠᠯᠳᠤᠨ᠂ ᠲᠤᠰ ᠰᠤᠷᠭᠠᠭᠤᠯᠢ ︽ᠠᠷᠪᠠᠨ ᠳᠥᠷᠪᠡᠳᠦᠭᠡᠷ ᠡᠪᠦᠯ︾ ᠤᠨ ᠪᠡᠶ᠎ᠡ ᠶᠢᠨ ᠲᠠᠮᠢᠷ ᠤᠨ

ᠴᠤᠭᠯᠠᠭᠠᠨ ᠤ ᠭᠤᠣᠯ ᠰᠡᠳᠦᠪᠲᠦ ᠦᠵᠡᠭᠦᠯᠭᠡ ᠶᠢ ᠣᠨᠴᠠᠭᠠᠶᠢᠯᠠᠨ ᠡᠷᠭᠢᠯᠡᠵᠦ᠂ ᠤᠷᠠᠨ ᠵᠢᠷᠤᠭ᠂ ᠭᠠᠷ ᠤᠷᠠᠯᠠᠯ᠂

ᠬᠥᠳᠡᠯᠮᠦᠷᠢ ᠪᠠ ᠤᠷᠠᠨ ᠪᠢᠴᠢᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠤᠨ

ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠪᠡ᠃

13.jpg

                ᠰᠤᠷᠤᠭᠴᠢᠳ ᠭᠤᠯᠭᠤᠭᠤᠷ ᠬᠦᠷᠳᠦᠨ ᠤ ᠪᠠᠶᠠᠷ ᠪᠠᠶᠠᠰᠤᠯ ᠢ ᠣᠶᠢᠯᠠᠭᠠᠪᠠ

      ᠰᠢᠭᠤᠳ ᠨᠡᠪᠲᠡᠷᠡᠭᠦᠯᠭᠡ ᠶᠢᠨ ᠲᠠᠰᠤᠭ ᠠᠬᠤᠢ ᠲᠠᠯᠠᠪᠠᠢ ᠲᠠᠢ ᠠᠳᠠᠯᠢᠬᠠᠨ ᠬᠥᠷ ᠬᠥᠭᠵᠢᠶᠡᠨ ᠢᠶᠠᠷ ᠪᠢᠯᠬᠠᠵᠤ᠂

ᠰᠦᠯᠵᠢᠶᠡᠨ ᠤ ᠨᠠᠶᠢᠵᠠ ᠨᠠᠷ ᠰᠢᠭᠤᠳ ᠨᠡᠪᠲᠡᠷᠡᠭᠦᠯᠭᠡ ᠶᠢ ᠰᠣᠨᠢᠷᠬᠠᠬᠤ ᠶᠢᠨ ᠬᠠᠮᠲᠤ ᠪᠠᠰᠠ ᠦᠭᠡ ᠦᠯᠡᠳᠡᠭᠡᠬᠦ

ᠠᠷᠭ᠎ᠠ ᠮᠠᠶ᠋ᠢᠭ ᠢᠶᠠᠷ ᠠᠰᠠᠭᠤᠯᠲᠠ ᠬᠠᠷᠢᠭᠤᠯᠬᠤ ᠳᠤ ᠣᠷᠣᠯᠴᠠᠪᠠ᠂ ︽ᠰᠢᠭᠤᠳ ᠨᠡᠪᠲᠡᠷᠡᠭᠦᠯᠭᠡ ᠦᠨᠡᠭᠡᠷ ᠪᠠᠭ᠋ᠠᠷᠬᠠᠯ

 ᠲᠠᠢ᠂ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ︿ᠠᠷᠪᠠᠨ ᠳᠥᠷᠪᠡᠳᠦᠭᠡᠷ ᠡᠪᠦᠯ﹀ ᠤᠨ ᠪᠡᠶ᠎ᠡ ᠶᠢᠨ ᠲᠠᠮᠢᠷ ᠤᠨ

ᠴᠤᠭᠯᠠᠭᠠᠨ ᠤ ᠲᠤᠬᠠᠢ ᠮᠠᠰᠢ ᠣᠯᠠᠨ ᠮᠡᠳᠡᠯᠭᠡ ᠶᠢ ᠣᠶᠢᠯᠠᠭᠠᠪᠠ ︾᠂ ︽ᠰᠤᠷᠭᠠᠭᠴᠢ ᠪᠠ ᠬᠡᠦᠬᠡᠳ ᠮᠤᠨᠳᠠᠭ ᠰᠠᠶᠢᠨ᠂

ᠲᠠ ᠨᠠᠷ ᠤᠨ ᠲᠥᠯᠦᠭᠡ ᠣᠮᠤᠭᠰᠢᠨᠠᠮ︕︾ ᠭᠡᠵᠡᠭᠡᠪᠡ᠃

14.jpg

                ᠰᠤᠷᠤᠭᠴᠢᠳ ᠨᠠᠷᠢᠨ ᠨᠢᠮᠪᠠᠢ ᠰᠣᠨᠣᠰᠪᠠ

15.jpg

               ᠰᠤᠷᠤᠭᠴᠢᠳ ᠲᠤ ᠪᠡᠯᠡᠭ ᠭᠠᠷᠳᠠᠭᠤᠯᠵᠤ ᠪᠠᠶᠢᠭ᠎ᠠ ᠨᠢ

      ᠠᠵᠢᠯᠯᠠᠭ᠎ᠠ ᠳᠠᠭᠤᠰᠬᠤ ᠦᠶ᠎ᠡ ᠳᠤ᠂ ᠸᠠᠩ ᠬᠠᠢ ᠮᠧᠩ ᠰᠤᠷᠭᠠᠭᠴᠢ ᠰᠤᠷᠤᠭᠴᠢᠳ ᠲᠠᠢ ᠬᠠᠮᠲᠤ ᠡᠨᠡ

ᠤᠳᠠᠭᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢᠨ ᠬᠤᠪᠢᠶᠠᠯᠴᠠᠭᠰᠠᠨ ᠠᠭᠤᠯᠭ᠎ᠠ ᠶᠢ ᠡᠷᠭᠢᠴᠡᠭᠦᠯᠦᠭᠰᠡᠨ

ᠪᠥᠭᠡᠳ ᠠᠰᠠᠭᠤᠯᠲᠠ ᠬᠠᠷᠢᠭᠤᠯᠬᠤ ᠳᠤ ᠣᠷᠣᠯᠴᠠᠭᠰᠠᠨ ᠰᠤᠷᠤᠭᠴᠢᠳ ᠲᠤ ᠥᠪᠥᠷ ᠮᠣᠩᠭᠤᠯ ᠤᠨ ᠡᠳᠦᠷ ᠤᠨ

ᠰᠣᠨᠢᠨ ᠤ ᠬᠤᠷᠢᠶ᠎ᠠ ᠠᠴᠠ ᠬᠠᠩᠭᠠᠭᠰᠠᠨ ︽ᠠᠷᠪᠠᠨ ᠳᠥᠷᠪᠡᠳᠦᠭᠡᠷ ᠡᠪᠦᠯ︾ ᠤᠨ ᠪᠡᠶ᠎ᠡ ᠶᠢᠨ ᠲᠠᠮᠢᠷ ᠤᠨ

ᠴᠤᠭᠯᠠᠭᠠᠨ ᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠬᠦᠷᠭᠡᠪᠡ᠃

16.jpg

               ᠬᠠᠮᠲᠤ ᠶᠢᠨ ᠰᠡᠭᠦᠳᠡᠷ ᠳᠠᠲᠠᠵᠤ ᠳᠤᠷᠠᠰᠬᠠᠯ ᠦᠯᠡᠳᠡᠭᠡᠪᠡ

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map