ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠢ ᠬᠢᠨᠠᠨ ᠬᠠᠮᠢᠶᠠᠷᠬᠤ ᠭᠠᠵᠠᠷ
ᠨᠡᠶᠢᠲᠡᠯᠡᠭᠰᠡᠨ ᠴᠠᠭ᠄
2023/6/29
     ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ︵ᠬᠡᠦᠬᠡᠳ ᠤᠨ ᠴᠡᠴᠡᠷᠯᠢᠭ ᠤᠨ ᠬᠡᠦᠬᠡᠳ  ᠢ           ᠪᠠᠭᠲᠠᠭᠠᠨ᠎ᠠ︶ ᠳᠤ ᠬᠠᠨᠳᠤᠭᠤᠯᠤᠭᠰᠠᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠷᠤᠮᠵᠢᠭᠤᠯᠤᠭᠰᠠᠨ ᠬᠠᠮᠢᠶᠠᠷᠤᠯᠲᠠ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠡᠯ᠎ᠡ ᠠᠶᠢᠮᠠᠭ ᠬᠤᠲᠠ ᠶᠢ ᠵᠢᠯᠣᠭᠤᠳᠤᠨ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ︵ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠪᠠᠭᠲᠠᠭᠠᠨ᠎ᠠ︶ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠪᠣᠯᠪᠠᠰᠤᠷᠠᠭᠤᠯᠤᠯ ᠤᠨ ᠠᠭᠤᠯᠭ᠎ᠠ᠂ ᠪᠣᠯᠪᠠᠰᠤᠷᠠᠭᠤᠯᠬᠤ ᠴᠠᠭ᠂ ᠠᠵᠢᠯᠲᠠᠨ ᠤ ᠬᠢᠷᠢ ᠬᠡᠮ᠂ ᠰᠦᠢᠳᠬᠡᠯ ᠬᠤᠷᠢᠶᠠᠬᠤ ᠶᠢ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠪᠠ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠰᠢᠶᠠᠨ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠵᠢᠯᠣᠭᠤᠳᠤᠨ᠎ᠠ᠃ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠬᠠᠷᠢᠭᠤᠴᠠᠵᠤ᠂ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠨᠡᠶᠢᠭᠡᠮ ᠤᠨ ᠤᠷᠤᠯᠳᠤᠭᠠᠨ ᠵᠡᠷᠭᠡ ᠠᠵᠢᠯᠯᠠᠭ᠎ᠠ ᠶᠢ  ᠵᠢᠷᠤᠮᠵᠢᠭᠤᠯᠬᠤ ᠶᠢ ᠵᠢᠯᠣᠭᠤᠳᠤᠨ᠎ᠠ᠃ ᠰᠤᠷᠭᠠᠭᠤᠯᠢ ᠶᠢᠨ ᠭᠠᠳᠠᠨᠠᠬᠢ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠲᠤᠰᠬᠠᠬᠤ ᠪᠠ ᠰᠢᠢᠳᠪᠦᠷᠢᠯᠡᠨ᠎ᠡ᠃      ᠬᠠᠷᠢᠯᠴᠠᠬᠤ ᠬᠥᠮᠦᠨ᠄ ᠸᠠᠩ ᠢ ᠹᠧᠩ      ᠬᠠᠷᠢᠯᠴᠠᠬᠤ ᠠᠷᠭ᠎ᠠ᠄ 0471 - 2856616      ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30   
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map