ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠬᠠᠮᠲᠤᠷᠠᠯᠴᠠᠬᠤ ᠰᠣᠯᠢᠯᠴᠠᠬᠤ ᠭᠠᠵᠠᠷ
ᠨᠡᠶᠢᠲᠡᠯᠡᠭᠰᠡᠨ ᠴᠠᠭ᠄
2023/6/29
      ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠲᠥᠯᠥᠪᠵᠢᠭᠦᠯᠦᠨ ᠵᠢᠯᠣᠭᠤᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠨ᠎ᠡ ᠶᠢ ᠡᠭᠦᠳᠬᠦ ᠲᠠᠪᠴᠠᠩ ᠢ ᠬᠥᠭᠵᠢᠭᠦᠯᠦᠨ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠪᠠ ᠮᠡᠳᠡᠯᠭᠡ  ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠳᠣᠭᠲᠠᠯᠴᠠᠭᠠᠨ ᠤ ᠪᠠᠶᠢᠭᠤᠯᠤᠯᠲᠠ ᠵᠢᠴᠢ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠳᠤ ᠣᠷᠣᠯᠴᠠᠬᠤ ᠶᠢ ᠵᠣᠬᠢᠴᠠᠭᠤᠯᠤᠨ ᠵᠢᠯᠣᠭᠤᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠲᠠᠪᠴᠠᠩ᠂ ᠲᠥᠷᠥᠯ ᠵᠦᠢᠯ᠂ ᠱᠠᠩᠨᠠᠯ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠷᠳᠡᠮ ᠰᠢᠨᠵᠢᠯᠡᠭᠡᠨ ᠤ ᠠᠵᠢᠯ ᠢ ᠨᠢᠭᠡᠳᠦᠯᠲᠡᠢ ᠲᠥᠯᠦᠪᠯᠡᠨ ᠵᠢᠯᠣᠭᠤᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠲᠠᠯ᠎ᠠ ᠪᠠᠷ ᠬᠢ ᠣᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠥᠷᠨᠢᠭᠦᠯᠬᠦ ᠶᠢ ᠬᠠᠷᠢᠭᠤᠴᠠᠨ᠎ᠠ᠃ ︽ᠨᠢᠭᠡ ᠪᠦᠰᠡ ᠨᠢᠭᠡ ᠵᠠᠮ︾ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠯᠪᠠᠨ ᠠᠴᠠ ᠲᠣᠮᠢᠯᠠᠨ ᠭᠠᠳᠠᠭᠠᠳᠤ ᠳᠤ ᠰᠤᠷᠤᠯᠴᠠᠭᠤᠯᠬᠤ᠂ ᠭᠠᠳᠠᠭᠠᠳᠤ ᠤᠯᠤᠰ ᠪᠣᠯᠤᠨ ᠰᠢᠶᠠᠩᠭᠠᠩ ᠣᠣᠮᠧᠨ ᠲᠠᠶᠢᠸᠠᠨ ᠤ ᠰᠤᠷᠤᠭᠴᠢᠳ ᠤᠨ ᠥᠪᠥᠷ ᠮᠣᠩᠭᠤᠯ ᠳᠤ ᠢᠷᠡᠵᠦ ᠰᠤᠷᠤᠯᠴᠠᠬᠤ ᠶᠠᠪᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ ᠭᠠᠳᠠᠭᠠᠳᠤ ᠶᠢᠨ ᠬᠠᠷᠢᠶᠠᠲᠤ ᠪᠠᠭᠰᠢ ᠶᠢᠨ ᠠᠵᠢᠯ ᠢ ᠵᠣᠬᠢᠴᠠᠭᠤᠯᠤᠨ ᠬᠠᠮᠢᠶᠠᠷᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠭᠠᠷᠬᠤ ᠠᠵᠢᠯ ᠢ ᠬᠠᠮᠢᠶᠠᠷᠤᠨ᠎ᠠ᠃ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠪᠣᠯᠤᠨ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠬᠢᠯᠡᠬᠦ ᠵᠡᠷᠭᠡ ᠭᠠᠳᠠᠭᠠᠳᠤ ᠳᠤ ᠬᠤᠯᠪᠣᠭᠳᠠᠬᠤ ᠰᠤᠷᠭᠠᠭᠤᠯᠢ ᠡᠷᠬᠢᠯᠡᠬᠦ ᠬᠠᠮᠢᠶᠠᠷᠤᠯᠲᠠ ᠶᠢᠨ ᠠᠵᠢᠯ ᠢ ᠲᠥᠯᠦᠪᠯᠡᠨ ᠵᠢᠯᠣᠭᠤᠳᠤᠨ᠎ᠠ᠃ ᠭᠠᠳᠠᠭᠠᠳᠤ ᠳᠤ ᠭᠠᠷᠭᠠᠵᠤ ᠰᠤᠷᠤᠯᠴᠠᠭᠤᠯᠬᠤ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳᠤᠮᠳᠠᠳᠤ ᠭᠠᠳᠠᠭᠠᠳᠤ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠨᠢᠭᠡᠳᠦᠯᠲᠡᠢ ᠲᠥᠯᠥᠪᠯᠡᠵᠦ᠂ ᠡᠯ᠎ᠡ ᠮᠤᠵᠢ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠵᠣᠬᠢᠴᠠᠭᠤᠯᠵᠤ᠂ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃      ᠬᠠᠷᠢᠯᠴᠠᠬᠤ ᠬᠥᠮᠦᠨ᠄ ᠰᠢᠦᠢ ᠽᠢ ᠵᠢᠶᠠᠨ      ᠬᠠᠷᠢᠯᠴᠠᠬᠤ ᠤᠲᠠᠰᠤ᠄ 0471 - 2857134      ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map