ᠪᠠᠭᠰᠢ ᠶᠢᠨ ᠠᠵᠢᠯ ᠤᠨ ᠭᠠᠵᠠᠷ
ᠨᠡᠶᠢᠲᠡᠯᠡᠭᠰᠡᠨ ᠴᠠᠭ᠄
2023/6/29
      ᠪᠦᠬᠦ ᠣᠷᠣᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠬᠤᠷᠸ᠎ᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ᠂ ᠪᠠᠭᠰᠢ ᠶᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠪᠥᠲᠦᠭᠡᠨ ᠪᠠᠶᠢᠭᠤᠯᠤᠯᠲᠠ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠦᠷᠭᠦᠯᠵᠢᠯᠡᠯ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠭᠤᠯᠤᠯ᠂ ᠱᠠᠩᠨᠠᠯ ᠬᠥᠬᠢᠭᠦᠯᠦᠯ ᠤᠨ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠶᠢᠨ ᠮᠡᠷᠭᠡᠵᠢᠯ ᠤᠨ ᠴᠣᠯᠠ᠂ ᠬᠢᠴᠢᠶᠡᠯ ᠲᠥᠷᠦᠯ ᠤᠨ ᠳᠠᠭᠠᠭᠤᠯᠤᠭᠴᠢ᠂ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠣᠨᠴᠠ ᠲᠠᠰ ᠤᠨ ᠪᠠᠭᠰᠢ ᠵᠡᠷᠭᠡ ᠶᠢ ᠬᠢᠨᠠᠨ ᠲᠣᠭᠲᠠᠭᠠᠬᠤ ᠪᠠ ᠵᠢᠯᠣᠭᠤᠳᠬᠤ ᠠᠵᠢᠯ ᠢ ᠬᠠᠷᠢᠭᠤᠴᠠᠨ᠎ᠠ᠃ ᠪᠠᠭᠰᠢ ᠶᠢᠨ ᠠᠵᠢᠯ ᠤᠨ ᠪᠠᠶᠢᠷᠢ ᠳᠤ ᠤᠷᠢᠵᠤ ᠲᠣᠮᠢᠯᠠᠬᠤ ᠬᠠᠮᠢᠶᠠᠷᠤᠯᠲᠠ᠂ ᠤᠷᠢᠵᠤ ᠡᠯᠰᠡᠬᠦ ᠪᠠ ᠪᠠᠭᠰᠢ ᠶᠢᠨ ᠬᠢᠷᠢ ᠬᠡᠮ ᠤᠨ ᠲᠦᠷᠢᠮ ᠢ ᠬᠡᠷᠡᠭᠵᠢᠭᠦᠯᠬᠦ ᠶᠢ ᠵᠢᠭᠠᠨ ᠵᠢᠯᠣᠭᠤᠳᠴᠤ᠂ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠬᠠᠷᠢᠭᠤᠴᠠᠨ᠎ᠠ᠃ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠪᠠᠭᠰᠢ ᠠᠵᠢᠯᠳᠠᠨ ᠤ ᠣᠷᠣᠨ ᠲᠣᠭᠠᠨ ᠤ ᠪᠠᠷᠢᠮᠵᠢᠶ᠎ᠠ ᠶᠢ ᠲᠣᠭᠲᠠᠭᠠᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ᠬᠠᠷᠢᠯᠴᠠᠬᠤ ᠬᠥᠮᠦᠨ᠄ ᠯᠢ ᡁᠢ ᠢᠦᠢ      ᠬᠠᠷᠢᠯᠴᠠᠬᠤ ᠤᠲᠠᠰᠤ᠄ 0471 -  2856509      ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map