ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠤᠨ ᠭᠠᠵᠠᠷ
ᠨᠡᠶᠢᠲᠡᠯᠡᠭᠰᠡᠨ ᠴᠠᠭ᠄
2023/6/29
      ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠬᠤᠯᠪᠤᠭᠳᠠᠬᠤ ᠵᠢᠭᠠᠨ ᠰᠤᠷᠭᠠᠯᠲᠠ ᠶᠢ ᠵᠢᠯᠣᠭᠤᠳᠬᠤ ᠪᠢᠴᠢᠭ ᠮᠠᠲ᠋ᠧᠷᠢᠶᠠᠯ᠂ ᠵᠢᠭᠠᠨ ᠰᠤᠷᠭᠠᠯᠲᠠ ᠶᠢ ᠦᠨᠡᠯᠡᠨ ᠵᠢᠱᠢᠬᠦ ᠱᠠᠭᠠᠷᠳᠠᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠭᠠᠷᠴᠠᠭ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠳᠠᠳᠤᠯᠭ᠎ᠠ ᠶᠢᠨ ᠪᠣᠯᠪᠠᠰᠤᠷᠠᠭᠤᠯᠤᠯ ᠢ ᠵᠢᠯᠣᠭᠤᠳᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠠᠵᠢᠯ ᠪᠣᠯᠤᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ ᠬᠦᠷᠦᠭᠰᠡᠳ ᠤᠨ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠮᠡᠷᠭᠡᠵᠢᠯ ᠲᠣᠨᠤᠭᠯᠠᠯ  ᠤᠨ ᠠᠵᠢᠯ  ᠢ ᠵᠢᠯᠣᠭᠤᠳᠤᠨ᠎ᠠ᠃ ᠡᠯ᠎ᠡ ᠲᠥᠷᠥᠯ ᠤᠨ ᠨᠠᠰᠤᠨ ᠳᠤ ᠬᠦᠷᠦᠭᠰᠡᠳ ᠤᠨ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠤᠨ ᠬᠤᠷᠸ᠎ᠠ ᠵᠢᠯᠣᠭᠤᠳᠤᠯᠭ᠎ᠠ ᠶᠢᠨ ᠠᠵᠢᠯ ᠢ ᠬᠠᠷᠢᠭᠤᠴᠠᠨ᠋᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠵᠢᠴᠢ ᠥᠷᠭᠦᠯᠵᠢᠯᠡᠯ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠰᠤᠷᠤᠭᠴᠢᠳ ᠤᠨ ᠡᠳᠦᠷ ᠲᠤᠲᠤᠮ ᠤᠨ ᠠᠮᠤᠷ ᠲᠣᠭᠲᠠᠭᠤᠨ ᠪᠠ ᠠᠮᠤᠷ ᠲᠦᠪᠰᠢᠨ ᠤ ᠬᠥᠮᠦᠵᠢᠯ ᠤᠨ ᠠᠵᠢᠯ ᠢ ᠬᠠᠷᠢᠭᠤᠴᠠᠨ᠎ᠠ᠃ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠤᠨ ᠥᠷᠭᠦᠯᠵᠢᠯᠡᠯ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃      ᠬᠠᠷᠢᠯᠴᠠᠬᠤ ᠬᠥᠮᠦᠨ᠄  ᠵᠣᠤ ᠮᠧᠢ ᠯᠢᠩ      ᠬᠠᠷᠢᠯᠴᠠᠬᠤ ᠤᠲᠠᠰᠤ᠄ 0471 - 2857040      ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map