ᠰᠠᠭᠤᠷᠢ ᠰᠤᠷᠭᠠᠨ ᠬᠥᠮᠥᠵᠢᠯ ᠤᠨ ᠨᠢᠭᠡᠳᠦᠭᠡᠷ ᠠᠵᠢᠯ ᠤᠨ ᠭᠠᠵᠠᠷ
ᠨᠡᠶᠢᠲᠡᠯᠡᠭᠰᠡᠨ ᠴᠠᠭ᠄
2023/6/29
      ᠠᠯᠪᠠᠨ ᠵᠢᠷᠤᠮ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠤᠷᠸ᠎ᠠ ᠬᠠᠮᠢᠶᠠᠷᠤᠯᠲᠠ ᠶᠢᠨ ᠠᠵᠢᠯ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠬᠥᠭᠵᠢᠭᠦᠯᠦᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠭᠠᠨ ᠰᠤᠷᠭᠠᠯᠲᠠ ᠶᠢᠨ ᠦᠨᠳᠦᠰᠦᠨ ᠪᠢᠴᠢᠭ ᠮᠠᠲ᠋ᠧᠷᠢᠶᠠᠯ ᠢ ᠲᠣᠭᠲᠠᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠤᠭᠴᠢᠳ ᠤᠨ ᠡᠳᠦᠷ ᠲᠤᠲᠤᠮ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠬᠠᠷᠢᠭᠤᠴᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠶᠢᠮᠠᠭ ᠬᠤᠲᠠ ᠶᠢ ᠵᠢᠯᠣᠭᠤᠳᠤᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠲᠣᠨᠣᠭᠯᠠᠯ ᠤᠨ ᠮᠡᠷᠭᠡᠵᠢᠯ᠂ ᠵᠢᠭᠠᠬᠤ ᠶᠢ ᠰᠣᠳᠤᠯᠬᠤ ᠪᠠ ᠰᠤᠷᠭᠠᠨ ᠬᠥᠮᠦᠵᠢᠯ ᠡᠷᠳᠡᠮ ᠰᠢᠨᠵᠢᠯᠡᠭᠡᠨ ᠤ ᠠᠵᠢᠯ ᠢ ᠵᠢᠯᠣᠭᠤᠳᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠵᠢᠯᠣᠭᠤᠳᠤᠨ ᠦᠨᠳᠦᠰᠦᠲᠡᠨ ᠤ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ᠬᠠᠷᠢᠯᠴᠠᠬᠤ ᠬᠥᠮᠦᠨ᠄ ᠦ᠋ ᠨᠠᠨ      ᠬᠠᠷᠢᠯᠴᠠᠬᠤ ᠠᠷᠭ᠎ᠠ᠄ 0471 - 2856523      ᠠᠵᠢᠯᠯᠠᠬᠤ ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠭᠤᠤᠯᠳᠤ ᠪᠣᠷᠣ ︵ᠳ᠋ᠢᠩ ᠰᠢᠶᠠᠩ︶ ᠵᠠᠮ ᠤᠨ 5 ᠳ᠋ᠤᠭᠠᠷ ᠨᠣᠮᠧᠷ      ᠰᠢᠤᠳᠠᠨ ᠨᠣᠮᠧᠷ᠄ 010011      ᠠᠵᠢᠯᠯᠠᠬᠤ ᠴᠠᠭ᠄ ᠠᠵᠢᠯ ᠤᠨ ᠡᠳᠦᠷ ᠤᠨ 9᠄ 00-12᠄ 00-14᠄ 00-17᠄ 30
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map