2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠲᠤᠰᠬᠠᠶ ᠪᠣᠯᠪᠠᠰᠤᠷᠠᠭᠤᠯᠤᠯ ᠵᠢᠴᠢ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/7/19
                     ᠥᠪᠥᠷ ᠰᠤᠷᠭᠠᠨ ᠲᠠᠮᠢᠷ ᠤᠷᠠᠯᠢᠭ ᠪᠢᠴᠢᠭ ﹇2023﹈ 81 ᠳ᠋ᠦ᠋ᠭᠡᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠳᠤ᠄       ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ᠂ ᠪᠥᠵᠢᠭ᠂ ᠤᠷᠠᠨ ᠪᠢᠴᠢᠯᠭᠡ ︵ᠤᠷᠠᠨ ᠵᠢᠷᠤᠭ︶ ᠵᠡᠷᠭᠡ ᠲᠤᠰᠬᠠᠶ ᠮᠡᠷᠭᠡᠵᠢᠯ ᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠦᠭᠡ᠂ ᠰᠤᠳᠤᠯᠬᠤ ᠪᠠᠷ ᠳᠡᠮᠵᠢᠨ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠲᠤᠰᠬᠠᠶ ᠪᠣᠯᠪᠠᠰᠤᠷᠠᠭᠤᠯᠤᠯ ᠵᠢᠴᠢ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ ᠡᠳᠦᠭᠡ ᠪᠣᠳᠠᠲᠠᠶ ᠵᠦᠢᠯ ᠢ ᠳᠤᠤᠷᠠᠬᠢ ᠮᠡᠲᠦ ᠮᠡᠳᠡᠭᠳᠡᠪᠡ᠄       ᠨᠢᠭᠡ᠂ ᠪᠣᠯᠪᠠᠰᠤᠷᠠᠭᠤᠯᠬᠤ ᠬᠠᠷᠠᠯᠲᠠ       ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠨᠣᠯ ᠤᠨ ᠰᠤᠷᠤᠯᠴᠠᠯᠭ᠎ᠠ ᠪᠣᠯᠤᠨ ᠠᠬᠤᠢ ᠲᠠᠯᠠᠪᠠᠶ ᠶᠢᠨ ᠵᠢᠭᠠᠨ ᠰᠤᠷᠭᠠᠯᠲᠠ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠰᠤᠷᠭᠠᠨ ᠬᠥᠮᠦᠵᠢᠯ ᠤᠨ ᠣᠨᠣᠯᠵᠢᠬᠤᠨ ᠢ ᠤᠯᠠᠮ ᠨᠢᠭᠡ ᠠᠯᠬᠤᠮ ᠰᠢᠨᠡᠳᠬᠡᠵᠦ᠂ ᠰᠤᠷᠭᠠᠨ ᠬᠥᠮᠦᠵᠢᠯ ᠤᠨ ᠬᠠᠷᠠᠭᠠᠰᠤ ᠶᠢ ᠥᠷᠭᠡᠳᠬᠡᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠬᠡᠪ ᠴᠢᠨᠠᠷ ᠤᠨ ᠬᠥᠮᠦᠵᠢᠯ ᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠤᠨ᠂ ᠬᠡᠪ ᠴᠢᠨᠠᠷ ᠡᠷᠡᠰ ᠴᠢᠩᠭ᠎ᠠ᠂ ᠵᠠᠩ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠵᠢᠭᠠᠬᠤ ᠠᠷᠭ᠎ᠠ ᠳᠡᠮ ᠲᠠᠢ ᠨᠢᠭᠡ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢ ᠬᠥᠮᠦᠵᠢᠭᠦᠯᠦᠨ᠎ᠡ᠃      ᠬᠤᠶᠠᠷ᠂ ᠪᠣᠯᠪᠠᠰᠤᠷᠠᠭᠤᠯᠤᠯ ᠳᠤ ᠣᠷᠣᠯᠴᠠᠬᠤ ᠡᠲᠡᠭᠡᠳ ᠪᠣᠯᠤᠨ ᠨᠥᠬᠦᠴᠡᠯ      ︵ᠨᠢᠭᠡ︶ ᠪᠣᠯᠪᠠᠰᠤᠷᠠᠭᠤᠯᠤᠯ ᠳᠤ ᠣᠷᠣᠯᠴᠠᠬᠤ ᠡᠲᠡᠭᠡᠳ᠄ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ᠂ 45 ᠪᠦᠬᠦᠯᠢ ᠨᠠᠰᠤᠨ ᠠᠴᠠ ᠳᠣᠷᠣᠭᠰᠢᠬᠢ ᠳᠠᠭᠤᠤ ᠬᠥᠭᠵᠢᠮ᠂ ᠪᠥᠵᠢᠭ᠂ ᠤᠷᠠᠨ ᠪᠢᠴᠢᠯᠭᠡ ︵ᠤᠷᠠᠨ ᠵᠢᠷᠤᠭ︶ ᠶᠢᠨ ᠬᠢᠴᠢᠶᠡᠯ ᠲᠥᠷᠥᠯ ᠤᠨ ᠭᠤᠣᠯᠯᠠᠭᠴᠢ ᠪᠠᠭᠰᠢ᠂ ᠵᠠᠷᠴᠢᠮ ᠳᠡᠭᠡᠷ᠎ᠡ ᠪᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠪᠣᠯᠤᠨ ᠵᠢᠭᠠᠬᠤ ᠶᠢ ᠰᠤᠳᠤᠯᠤᠭᠴᠢ ᠪᠠᠶᠢᠵᠤ᠂ ᠣᠷᠣᠨ ᠲᠤᠭ᠎ᠠ ᠶᠢ ᠳᠠᠭᠠᠯᠳᠤᠭᠤᠯᠤᠯ 1 ᠳᠤ ᠦᠵᠡᠭᠡᠷᠡᠢ᠃      ︵ᠬᠤᠶᠠᠷ︶ ᠰᠤᠷᠤᠯᠭᠠᠲᠠᠨ ᠢ ᠪᠠᠲᠤᠯᠠᠨ ᠲᠠᠨᠢᠯᠴᠠᠭᠤᠯᠬᠤ ᠨᠥᠬᠦᠴᠡᠯ᠄ ᠪᠠᠲᠤ ᠴᠢᠩᠭ᠎ᠠ ᠤᠯᠤᠰ ᠲᠥᠷᠥ ᠶᠢᠨ ᠵᠣᠭᠰᠣᠯᠲᠠ ᠪᠣᠯᠤᠨ ᠨᠡᠯᠢᠶᠡᠳ ᠥᠨᠳᠥᠷ ᠡᠷᠬᠢᠯᠡᠭᠰᠡᠨ ᠠᠵᠢᠯ ᠤᠨ ᠮᠣᠷᠠᠯ ᠤᠨ ᠬᠡᠪ ᠪᠣᠯᠪᠠᠰᠤᠷᠠᠯ ᠲᠠᠢ᠂ ᠰᠤᠷᠭᠠᠨ ᠬᠥᠮᠦᠵᠢᠯ ᠤᠨ ᠦᠢᠯᠡᠰ ᠲᠤ ᠬᠠᠶᠢᠷᠠᠲᠠᠶ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠶ᠃ ᠳᠠᠭᠤᠤ ᠬᠥᠭᠵᠢᠮ ᠤᠨ ᠪᠠᠭᠰᠢ ᠰᠠᠶᠢᠨ ᠰᠠᠶᠢᠬᠠᠨ ᠳᠠᠭᠤᠤ ᠬᠥᠭᠵᠢᠮ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠳᠠᠭᠤᠯᠠᠬᠤ ᠪᠤᠶᠤ ᠬᠥᠭᠵᠢᠮᠳᠡᠬᠦ ᠴᠢᠳᠠᠪᠤᠷᠢ ᠲᠠᠢ ᠪᠠᠶᠢᠬᠤ ᠬᠡᠷᠡᠭᠲᠡᠶ︔ ᠪᠥᠵᠢᠭ ᠤᠨ ᠪᠠᠭᠰᠢ ᠵᠣᠬᠢᠬᠤ ᠬᠡᠮᠵᠢᠶᠡᠨ ᠤ ᠪᠦᠵᠢᠭᠯᠡᠬᠦ ᠠᠪᠢᠶᠠᠰ ᠪᠠ ᠵᠣᠬᠢᠶᠠᠨ ᠪᠦᠲᠦᠭᠡᠬᠦ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ︔ ᠤᠷᠠᠨ ᠪᠢᠴᠢᠯᠭᠡ ︵ᠤᠷᠠᠨ ᠵᠢᠷᠤᠭ︶ ᠶᠢᠨ ᠪᠠᠭᠰᠢ ᠤᠷᠠᠨ ᠪᠢᠴᠢᠯᠭᠡ ᠶᠢᠨ ᠦᠨᠳᠦᠰᠦᠨ ᠴᠢᠳᠠᠪᠤᠷᠢ ᠶᠢ ᠪᠦᠷᠢᠯᠳᠦᠭᠦᠯᠵᠦ᠂ ᠤᠷᠠᠨ ᠪᠢᠴᠢᠯᠭᠡ ᠶᠢᠨ ᠵᠢᠭᠠᠨ ᠰᠤᠷᠭᠠᠯᠲᠠ ᠶᠢᠨ ᠦᠨᠳᠦᠰᠦᠨ ᠶᠡᠷᠦ ᠶᠢᠨ ᠮᠡᠳᠡᠯᠭᠡ ᠶᠢ ᠣᠶᠢᠯᠠᠭᠠᠵᠤ᠂ ᠤᠷᠠᠨ ᠪᠢᠴᠢᠯᠭᠡ ᠶᠢᠨ ᠳᠠᠭᠤᠷᠢᠶᠠᠨ ᠵᠢᠷᠤᠬᠤ ᠪᠠ ᠵᠣᠬᠢᠶᠠᠨ ᠪᠦᠲᠦᠭᠡᠬᠦ ᠦᠨᠳᠦᠰᠦᠨ ᠠᠷᠭ᠎ᠠ ᠶᠢ ᠣᠶᠢᠯᠠᠭᠠᠬᠤ ᠬᠡᠷᠡᠭᠲᠡᠶ︔ ᠤᠷᠠᠨ ᠵᠢᠷᠤᠭ ᠤᠨ ᠪᠠᠭᠰᠢ ᠰᠠᠶᠢᠨ ᠰᠠᠶᠢᠬᠠᠨ ᠤᠷᠠᠨ ᠵᠢᠷᠤᠭ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ ᠳᠦᠷᠰᠦ ᠪᠥᠲᠦᠭᠡᠬᠦ ᠦᠨᠳᠦᠰᠦᠨ ᠰᠠᠭᠤᠷᠢ ᠵᠢᠴᠢ ᠵᠢᠭᠠᠨ ᠰᠤᠷᠭᠠᠯᠲᠠ ᠶᠢᠨ ᠰᠤᠳᠤᠯᠭᠠᠨ ᠤ ᠴᠢᠳᠠᠪᠤᠷᠢ ᠶᠢ ᠪᠦᠷᠢᠯᠳᠦᠭᠦᠯᠬᠦ ᠶᠢᠨ ᠬᠠᠮᠲᠤ ᠨᠡᠯᠢᠶᠡᠳ ᠰᠠᠶᠢᠨ ᠤᠷᠠᠨ ᠵᠢᠷᠤᠭ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠷᠢᠯᠳᠦᠭᠦᠯᠬᠦ ᠬᠡᠷᠡᠭᠲᠡᠶ᠃        ︵ᠭᠤᠷᠪᠠ︶ ᠪᠠᠲᠤᠯᠠᠨ ᠲᠠᠨᠢᠯᠴᠠᠭᠤᠯᠤᠭᠰᠠᠨ ᠪᠣᠯᠪᠠᠰᠤᠷᠠᠭᠤᠯᠤᠯ ᠳᠤ ᠣᠷᠤᠯᠴᠠᠬᠤ ᠰᠤᠷᠤᠯᠭᠠᠲᠠᠨ ᠲᠤᠰ ᠰᠤᠷᠭᠠᠭᠤᠯᠢ᠂ ᠲᠤᠰ ᠭᠠᠵᠠᠷ ᠣᠷᠣᠨ ᠤ ᠪᠠᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠡᠭᠦᠷᠭᠡᠯᠡᠬᠦ ᠬᠡᠷᠡᠭᠲᠡᠶ ᠪᠥᠭᠡᠳ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠡᠯᠪᠡᠷᠢ ᠮᠠᠶ᠋ᠢᠭ ᠣᠯᠠᠨ ᠶᠠᠩᠵᠤ ᠶᠢᠨ᠂ ᠥᠷᠭᠡᠨ ᠳᠡᠯᠭᠡᠷ ᠣᠷᠣᠯᠴᠠᠳᠠᠭ ᠰᠤᠷᠤᠭᠴᠢᠳ ᠤᠨ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠵᠣᠬᠢᠶᠠᠨ ᠪᠠᠶᠢᠭᠤᠯᠤᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢᠨ ᠬᠠᠮᠲᠤ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠰᠢᠯᠢᠳᠡᠭ ᠦᠷ᠎ᠡ ᠪᠦᠲᠦᠭᠡᠯ ᠢ ᠳᠡᠯᠭᠡᠷᠡᠭᠦᠯᠦᠨ ᠤᠬᠠᠭᠤᠯᠤᠨ᠎ᠠ᠃      ᠭᠤᠷᠪᠠ᠂ ᠪᠣᠯᠪᠠᠰᠤᠷᠠᠭᠤᠯᠬᠤ ᠠᠭᠤᠯᠭ᠎ᠠ ᠪᠣᠯᠤᠨ ᠬᠡᠯᠪᠡᠷᠢ      ︵ᠨᠢᠭᠡ︶ ᠪᠣᠯᠪᠠᠰᠤᠷᠠᠭᠤᠯᠬᠤ ᠠᠭᠤᠯᠭ᠎ᠠ      1. ᠳᠠᠭᠤᠤ ᠬᠥᠭᠵᠢᠮ᠂ ᠪᠥᠵᠢᠭ      ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠷᠠᠯᠢᠭ ᠤᠨ ᠬᠢᠴᠢᠶᠡᠯ ᠤᠨ ᠪᠠᠷᠢᠮᠵᠢᠶ᠎ᠠ ︵2022︶︾  ᠲᠠᠢ ᠨᠢᠭᠲᠠ ᠤᠶᠠᠯᠳᠤᠭᠤᠯᠤᠨ᠂ ︽ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ︾ ᠪᠠ ︽ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠤᠨᠤᠯ ᠪᠣᠯᠤᠨ ᠦᠢᠯᠡᠳᠦᠯᠭᠡ︾ ᠭᠡᠬᠦ ᠬᠤᠶᠠᠷ ᠶᠡᠭᠡ ᠬᠡᠰᠡᠭ ᠲᠤ ᠬᠤᠪᠢᠶᠠᠨ᠎ᠠ᠂ ᠡᠭᠦᠨ ᠳᠤ ᠳᠠᠭᠤᠤ ᠬᠥᠭᠵᠢᠮ ᠤᠨ ᠬᠢᠴᠢᠶᠡᠯ ᠳᠤ ᠨᠠᠶᠢᠷᠠᠯ ᠳᠠᠭᠤᠤ ᠶᠢᠨ ᠤᠳᠤᠷᠢᠳᠤᠭᠠᠴᠢ᠂ ᠲᠡᠭᠦᠯᠳᠡᠷ ᠬᠤᠭᠤᠷ ᠢᠶᠠᠷ ᠪᠡᠯᠡᠨ ᠬᠠᠪᠰᠤᠷᠤᠨ ᠬᠥᠭᠵᠢᠮᠳᠡᠬᠦ᠂ ᠪᠠᠭ᠎ᠠ ᠬᠥᠭᠵᠢᠮ ᠤᠨ ᠠᠩᠬᠢ ᠶᠢ ᠪᠠᠶᠢᠭᠤᠯᠤᠨ ᠵᠣᠬᠢᠴᠠᠭᠤᠯᠬᠤ᠂ ᠲᠠᠶᠢᠰᠠᠨ ᠤ ᠤᠷᠠᠯᠢᠭ ᠤᠨ ᠦᠢᠯᠡᠳᠦᠯᠭᠡ᠂ ᠰᠢᠯᠢᠳᠡᠭ ᠬᠢᠴᠢᠶᠡᠯ ᠤᠨ ᠠᠬᠤᠢ ᠲᠠᠯᠠᠪᠠᠢ ᠶᠢᠨ  ᠦᠵᠡᠭᠦᠯᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ ᠵᠢᠭᠠᠬᠤ ᠠᠷᠭ᠎ᠠ ᠵᠡᠷᠭᠡ ᠶᠢ ᠪᠠᠭᠲᠠᠭᠠᠨ᠎ᠠ︔ ᠪᠥᠵᠢᠭ ᠤᠨ ᠬᠢᠴᠢᠶᠡᠯ ᠳᠤ ᠪᠥᠵᠢᠭ ᠤᠨ ᠦᠨᠳᠦᠰᠦᠨ ᠴᠢᠳᠠᠪᠤᠷᠢ ᠶᠢᠨ ᠪᠣᠯᠪᠠᠰᠤᠷᠠᠯ᠂ ᠪᠠᠭᠠᠴᠤᠳ ᠬᠡᠦᠬᠡᠳ ᠤᠨ ᠪᠥᠵᠢᠭ ᠢ ᠨᠠᠶᠢᠷᠠᠭᠤᠯᠤᠨ ᠵᠣᠬᠢᠶᠠᠬᠤ᠂ ᠦᠨᠳᠦᠰᠦᠲᠡᠨ ᠤ ᠪᠥᠵᠢᠭ ᠢ ᠰᠣᠨᠢᠷᠬᠠᠬᠤ ᠪᠠ ᠵᠢᠭᠠᠬᠤ ᠶᠢ ᠪᠠᠭᠲᠠᠭᠠᠵᠤ᠂ ᠪᠣᠳᠠᠲᠠᠢ ᠬᠢᠴᠢᠶᠡᠯ ᠤᠨ ᠪᠠᠶᠢᠷᠢᠯᠠᠭᠤᠯᠤᠯᠲᠠ ᠶᠢ ᠳᠠᠭᠠᠯᠳᠤᠭᠤᠯᠤᠯ 2 ᠲᠤ ᠦᠵᠡᠭᠡᠷᠡᠢ᠃      2 . ᠤᠷᠠᠨ ᠪᠢᠴᠢᠯᠭᠡ ︵ᠤᠷᠠᠨ ᠵᠢᠷᠤᠭ︶      ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠷᠠᠯᠢᠭ ᠤᠨ ᠬᠢᠴᠢᠶᠡᠯ ᠤᠨ ᠪᠠᠷᠢᠮᠵᠢᠶ᠎ᠠ ︵2022︶︾  ᠲᠠᠢ ᠨᠢᠭᠲᠠ ᠤᠶᠠᠯᠳᠤᠭᠤᠯᠤᠨ᠂ ︽ᠵᠢᠭᠠᠨ ᠰᠤᠷᠭᠠᠯᠲᠠ ᠶᠢᠨ ᠣᠨᠣᠯ︾ ᠪᠠ ︽ᠵᠢᠭᠠᠨ ᠰᠤᠷᠭᠠᠯᠲᠠ ᠶᠢᠨ ᠦᠢᠯᠡᠳᠦᠯᠭᠡ︾ ᠭᠡᠵᠦ ᠬᠤᠶᠠᠷ ᠶᠡᠭᠡ ᠬᠡᠰᠡᠭ ᠬᠤᠪᠢᠶᠠᠵᠤ᠂ ᠬᠢᠴᠢᠶᠡᠯᠯᠡᠬᠦ ᠠᠭᠤᠯᠭ᠎ᠠ ᠳᠤ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠣᠷᠣᠨ ᠨᠤᠲᠤᠭ ᠤᠨ ᠰᠣᠶᠣᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠭᠤᠸ᠎ᠠ ᠰᠠᠶᠢᠬᠠᠨ ᠤ ᠬᠥᠮᠦᠵᠢᠯ ᠤᠨ ᠲᠤᠷᠰᠢᠯᠲᠠ ᠶᠢᠨ ᠰᠤᠳᠤᠯᠭᠠᠨ ᠳᠤ ᠠᠭᠤᠰᠬᠠᠬᠤ᠂ ᠤᠷᠠᠨ ᠪᠢᠴᠢᠯᠭᠡ ᠶᠢᠨ ᠰᠠᠭᠤᠷᠢ ᠣᠨᠣᠯ ᠪᠠ ᠤᠷ᠎ᠠ ᠮᠡᠷᠭᠡᠵᠢᠯ᠂ ᠰᠢᠯᠢᠳᠡᠭ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠵᠡᠷᠭᠡ ᠶᠢ ᠪᠠᠭᠲᠠᠭᠠᠨ᠎ᠠ᠂ ᠪᠣᠳᠠᠲᠠᠶ ᠬᠢᠴᠢᠶᠡᠯ ᠤᠨ ᠲᠣᠬᠢᠷᠠᠭᠤᠯᠤᠯᠲᠠ ᠶᠢ ᠳᠠᠭᠠᠯᠳᠤᠭᠤᠯᠤᠯ 3 ᠳᠤ ᠦᠵᠡᠭᠡᠷᠡᠢ᠃ ᠪᠣᠯᠪᠠᠰᠤᠷᠠᠭᠤᠯᠤᠯ ᠤᠨ ᠬᠢᠴᠢᠶᠡᠯ ᠣᠷᠣᠬᠤ ᠬᠤᠭᠤᠴᠠᠭᠠᠨ ᠳᠤ ᠬᠡᠷᠡᠭᠰᠡᠬᠦ ᠪᠢᠴᠢᠬᠦ᠂ ᠵᠢᠷᠤᠬᠤ ᠬᠡᠷᠡᠭᠰᠡᠯ ᠢ ᠳᠠᠭᠠᠭᠠᠴᠢᠯᠠᠨ ᠡᠷᠬᠢᠯᠡᠬᠦ ᠲᠠᠯ᠎ᠠ ᠠᠴᠠ ᠨᠢᠭᠡᠳᠦᠯᠲᠡᠶ ᠬᠠᠩᠭᠠᠵᠤ᠂ ᠬᠢᠴᠢᠶᠡᠯ ᠤᠨ ᠭᠠᠳᠠᠨᠠᠬᠢ ᠬᠤᠭᠤᠴᠠᠭᠠᠨ ᠳᠤ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠨᠠᠷ ᠬᠡᠷᠪᠡ ᠵᠣᠬᠢᠶᠠᠨ ᠪᠦᠲᠦᠭᠡᠬᠦ ᠦᠢᠯᠡᠳᠦᠯᠭᠡ ᠬᠢᠬᠦ ᠴᠢᠬᠤᠯᠠᠲᠠᠶ ᠪᠣᠯ ᠬᠠᠮᠢᠶ᠎ᠠ ᠪᠥᠬᠦᠶ ᠬᠡᠷᠡᠭᠰᠡᠯ ᠢ ᠥᠪᠡᠰᠦᠪᠡᠨ ᠪᠡᠯᠡᠳᠭᠡᠨ᠎ᠡ᠃      ︵ᠬᠤᠶᠠᠷ︶ ᠪᠣᠯᠪᠠᠰᠤᠷᠠᠭᠤᠯᠬᠤ ᠬᠡᠯᠪᠡᠷᠢ ᠮᠠᠶ᠋ᠢᠭ      ᠲᠥᠪᠯᠡᠷᠡᠭᠦᠯᠦᠨ ᠪᠣᠯᠪᠠᠰᠤᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠮᠡᠷᠭᠡᠵᠢᠯᠲᠡᠨ ᠬᠢᠴᠢᠶᠡᠯ ᠣᠷᠣᠬᠤ᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠬᠦ᠂ ᠪᠠᠭᠰᠢ ᠰᠤᠷᠤᠭᠴᠢᠳ ᠦᠢᠯᠡᠳᠦᠯᠴᠡᠬᠦ ᠵᠢᠴᠢ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠦᠵᠡᠭᠦᠯᠭᠡ ᠬᠢᠬᠦ ᠵᠡᠷᠭᠡ ᠬᠡᠯᠪᠡᠷᠢ ᠪᠠᠷ ᠥᠷᠨᠢᠭᠦᠯᠵᠦ᠂ ᠠᠰᠠᠭᠤᠳᠠᠯ ᠢᠶᠠᠷ ᠭᠤᠤᠯ ᠪᠣᠯᠭᠠᠨ᠂ ᠬᠡᠷᠡᠭ ᠤᠨ ᠵᠢᠱᠢᠶ᠎ᠡ ᠪᠠᠷ ᠠᠴᠢᠶᠠᠯᠠᠪᠤᠷᠢ ᠪᠣᠯᠭᠠᠵᠤ᠂ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠶᠢᠨ ᠲᠤᠰᠬᠠᠶ ᠮᠡᠷᠭᠡᠵᠢᠯ ᠤᠨ ᠬᠢᠷᠢ  ᠲᠦᠪᠰᠢᠨ ᠪᠣᠯᠤᠨ ᠦᠢᠯᠡᠳᠦᠯᠭᠡ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃      ᠳᠥᠷᠪᠡ᠂ ᠪᠣᠯᠪᠠᠰᠤᠷᠠᠭᠤᠯᠬᠤ ᠴᠠᠭ ᠪᠣᠯᠤᠨ ᠭᠠᠵᠠᠷ       ︵ᠨᠢᠭᠡ︶ ᠪᠣᠯᠪᠠᠰᠤᠷᠠᠭᠤᠯᠬᠤ ᠴᠠᠭ       1 . ᠳᠠᠭᠤᠤ ᠬᠥᠭᠵᠢᠮ᠂ ᠪᠥᠵᠢᠭ ᠤᠨ ᠪᠣᠯᠪᠠᠰᠤᠷᠠᠭᠤᠯᠤᠯ᠄ 2023 ᠣᠨ ᠤ 7 ᠳ᠋ᠤᠭᠠᠷ ᠰᠠᠷ᠎ᠠ ᠶᠢᠨ 12-7 ᠳ᠋ᠤᠭᠠᠷ ᠰᠠᠷ᠎ᠠ ᠶᠢᠨ 20 ᠤ ᠡᠳᠦᠷ᠃ 7 ᠰᠠᠷ᠎ᠠ ᠶᠢᠨ 12 ᠤᠨ ᠡᠳᠦᠷ ᠪᠦᠬᠦᠯᠢ ᠡᠳᠦᠷ ᠨᠡᠷ᠎ᠡ ᠮᠡᠳᠡᠭᠦᠯᠵᠦ᠂ 7 ᠰᠠᠷ᠎ᠠ ᠶᠢᠨ 20 ᠤ ᠡᠳᠦᠷ ᠬᠤᠷᠠᠯ ᠤᠨ ᠲᠠᠯᠠᠪᠠᠢ ᠠᠴᠠ ᠰᠠᠯᠤᠨ᠎ᠠ᠃ ᠵᠠᠮ ᠬᠠᠷᠢᠯᠴᠠᠭ᠎ᠠ ᠵᠥᠪᠰᠢᠶᠡᠷᠡᠬᠦ ᠪᠠᠶᠢᠳᠠᠯ ᠳᠤ ᠥᠪᠡᠷ ᠤᠨ ᠬᠥᠭᠵᠢᠮ ︵ᠬᠢᠴᠢᠶᠡᠯ ᠤᠨ ᠲᠠᠩᠬᠢᠮ ᠤᠨ ᠵᠢᠵᠢᠭ ᠬᠦᠭᠵᠢᠮᠳᠡᠬᠦᠷ ᠢ ᠪᠠᠭᠲᠠᠭᠠᠨ᠎ᠠ︶ ᠢᠶᠠᠨ ᠠᠪᠴᠤ᠂ ᠵᠢᠵᠢᠭ ᠬᠥᠭᠵᠢᠮ ᠤᠨ ᠠᠩᠭᠢ ᠳᠤ ᠬᠢᠴᠢᠶᠡᠯ ᠲᠣᠬᠢᠷᠠᠭᠤᠯᠬᠤ ᠳᠤ ᠬᠡᠷᠡᠭᠯᠡᠨ᠎ᠡ᠃       2 . ᠤᠷᠠᠨ ᠪᠢᠴᠢᠯᠭᠡ ︵ᠤᠷᠠᠨ ᠵᠢᠷᠤᠭ︶ ᠶᠢᠨ ᠪᠣᠯᠪᠠᠰᠤᠷᠠᠭᠤᠯᠤᠯ᠄ 2023 ᠣᠨ ᠤ 7 ᠳ᠋ᠤᠭᠠᠷ ᠰᠠᠷ᠎ᠠ ᠶᠢᠨ 16-7 ᠳ᠋ᠤᠭᠠᠷ ᠰᠠᠷ᠎ᠠ ᠶᠢᠨ 24 ᠤ ᠡᠳᠦᠷ᠃ 7 ᠰᠠᠷ᠎ᠠ ᠶᠢᠨ 16 ᠤ ᠡᠳᠦᠷ ᠪᠦᠬᠦᠯᠢ ᠡᠳᠦᠷ ᠨᠡᠷ᠎ᠡ ᠮᠡᠳᠡᠭᠦᠯᠵᠦ᠂ 7 ᠰᠠᠷ᠎ᠠ ᠶᠢᠨ 24 ᠤ ᠡᠳᠦᠷ ᠬᠤᠷᠠᠯ ᠤᠨ ᠲᠠᠯᠠᠪᠠᠢ ᠠᠴᠠ ᠰᠠᠯᠤᠨ᠎ᠠ᠃      ︵ᠬᠤᠶᠠᠷ︶ ᠨᠡᠷ᠎ᠡ ᠮᠡᠳᠡᠭᠦᠯᠬᠦ ᠪᠠ ᠪᠣᠯᠪᠠᠰᠤᠷᠠᠭᠤᠯᠬᠤ ᠭᠠᠵᠠᠷ      1 . ᠳᠠᠭᠤᠤ ᠬᠥᠭᠵᠢᠮ᠂ ᠪᠥᠵᠢᠭ ᠤᠨ ᠪᠣᠯᠪᠠᠰᠤᠷᠠᠭᠤᠯᠤᠯ      ᠨᠡᠷ᠎ᠡ ᠮᠡᠳᠡᠭᠦᠯᠬᠦ ᠭᠠᠵᠠᠷ᠄ ᠤᠯᠠᠭᠠᠨᠴᠠᠪ ᠬᠤᠲᠠ ᠶᠢᠨ ᠶᠢᠨ ᠵᠢᠶᠠᠩ ᡁᠢ ᠰᠢᠩ ᠵᠢᠶᠠᠨ ᠴᠢᠶᠣᠤ ᠵᠡᠭᠡᠯᠢ ᠶᠢᠨ ᠳᠡᠯᠭᠡᠭᠦᠷ ︵ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠵᠢᠶᠠᠨ ᠴᠢᠶᠣᠤ ᠵᠡᠭᠡᠯᠢ ᠶᠢᠨ 18 ᠳ᠋ᠤᠭᠠᠷ ᠨᠣᠮᠧᠷ︶᠂ ᠪᠣᠯᠪᠠᠰᠤᠷᠠᠭᠤᠯᠬᠤ ᠭᠠᠵᠠᠷ᠄ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ ︵ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠰᠣᠶᠣᠯ ᠵᠠᠮ ᠤᠨ 1 ᠳ᠋ᠦ᠋ᠭᠡᠷ ᠨᠣᠮᠧᠷ︶᠃      2 . ᠤᠷᠠᠨ ᠪᠢᠴᠢᠯᠭᠡ ︵ᠤᠷᠠᠨ ᠵᠢᠷᠤᠭ︶ ᠶᠢᠨ ᠪᠣᠯᠪᠠᠰᠤᠷᠠᠭᠤᠯᠤᠯ      ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠬᠠᠶ ᠫᠥᠸᠧ ᠯᠢ ᠠᠩ ᠪᠠᠭᠤᠳᠠᠯ ︵ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠨᠠᠨ ᠱᠦᠨ ᠶᠡᠭᠡ ᠵᠡᠭᠡᠯᠢ ᠶᠢᠨ ᠲᠦᠩᠯᠢᠶᠣᠤ ᠬᠤᠲᠠ ᠶᠢᠨ ᠭᠠᠯᠲᠤ ᠲᠡᠷᠭᠡᠨ ᠥᠷᠲᠡᠭᠡᠨ ᠠᠴᠠ ᠪᠠᠷᠠᠭᠤᠨᠰᠢ 150 ᠮᠧᠲᠷ︶᠂ ᠪᠣᠯᠪᠠᠰᠤᠷᠠᠭᠤᠯᠬᠤ ᠭᠠᠵᠠᠷ᠄ ᠬᠠᠶ ᠫᠥᠸᠧ ᠯᠢ ᠠᠩ ᠪᠠᠭᠤᠳᠠᠯ ᠤᠨ ᠲᠣᠮᠤ ᠬᠤᠷᠠᠯ ᠤᠨ ᠬᠡᠷ᠃      3 . ᠨᠡᠷ᠎ᠡ ᠮᠡᠳᠡᠭᠦᠯᠬᠦ ᠦᠶ᠎ᠡ ᠳᠤ  ᠰᠤᠷᠤᠯᠭᠠᠲᠠᠳ ᠥᠪᠡᠷ ᠤᠨ ᠨᠢᠭᠡ ᠢᠮᠠᠬᠤ ᠶᠢᠨ ᠬᠡᠷᠡᠯ ᠵᠢᠷᠤᠭ ᠢᠶᠠᠨ 3 ᠬᠤᠪᠢ ᠠᠪᠬᠤ ᠬᠡᠷᠡᠭᠲᠡᠢ᠃      ᠲᠠᠪᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠬᠠᠮᠢᠶᠠᠷᠤᠯᠲᠠ ᠰᠢᠯᠭᠠᠨ ᠬᠢᠨᠠᠯᠲᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠪᠣᠯᠪᠠᠰᠤᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠪᠣᠯᠪᠠᠰᠤᠷᠠᠭᠤᠯᠤᠯ ᠢ ᠨᠢᠭᠡᠳᠦᠯᠲᠡᠶ ᠲᠥᠯᠦᠪᠯᠡᠨ ᠵᠣᠬᠢᠶᠠᠨ ᠪᠠᠶᠢᠭᠤᠯᠬᠤ ᠪᠠ ᠰᠤᠷᠤᠯᠭᠠᠲᠠᠨ ᠢ ᠰᠣᠩᠭᠤᠨ ᠲᠣᠬᠢᠷᠠᠭᠤᠯᠬᠤ ᠶᠢ ᠬᠠᠷᠢᠭᠤᠴᠠᠨ᠎ᠠ︔ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠪᠣᠯᠤᠨ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ  ᠳᠠᠭᠠᠭᠠᠴᠢᠯᠠᠨ ᠡᠷᠬᠢᠯᠡᠵᠦ᠂ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠂ ᠪᠣᠯᠪᠠᠰᠤᠷᠠᠭᠤᠯᠤᠯ ᠤᠨ ᠬᠤᠭᠤᠴᠠᠭᠠᠨ ᠳᠤ ᠵᠢᠭᠠᠬᠤ ᠲᠥᠯᠥᠪᠯᠡᠭᠡ ᠶᠢ ᠬᠡᠷᠡᠭᠵᠢᠭᠦᠯᠬᠦ᠂ ᠰᠤᠷᠤᠭᠴᠢᠳ ᠢ ᠬᠠᠮᠢᠶᠠᠷᠴᠤ ᠬᠢᠨᠠᠨ ᠰᠢᠯᠭᠠᠬᠤ ᠵᠡᠷᠭᠡ ᠠᠵᠢᠯ ᠢ ᠰᠠᠶᠢᠲᠤᠷ ᠬᠢᠨ᠎ᠡ᠃      ︵ᠬᠤᠶᠠᠷ︶ ᠬᠠᠮᠢᠶᠠᠷᠤᠯᠲᠠ ᠬᠢᠨᠠᠨ ᠰᠢᠯᠭᠠᠯᠲᠠ      ᠡᠨᠡ ᠤᠳᠠᠭᠠᠨ ᠤ ᠪᠣᠯᠪᠠᠰᠤᠷᠠᠭᠤᠯᠤᠯ ᠳ᠋ᠤ᠋‌‍ᠰᠤᠷᠤᠯᠭᠠᠲᠠᠳ ᠢ ᠪᠣᠯᠪᠠᠰᠤᠷᠠᠭᠤᠯᠤᠭᠰᠠᠨ ᠪᠦᠷᠢᠨ ᠭᠦᠢᠴᠡᠳ ᠲᠠᠩᠰᠠ ᠡᠪᠬᠡᠮᠡᠯ ᠢ ᠪᠠᠶᠢᠭᠤᠯᠤᠨ᠎ᠠ᠂ ᠡᠭᠦᠨ ᠳᠤ ᠰᠤᠷᠤᠯᠭᠠᠲᠠᠳ ᠢ ᠳᠠᠩᠰᠠᠯᠠᠬᠤ ᠬᠦᠰᠦᠨᠦᠭᠲᠦ᠂ ᠬᠢᠴᠢᠶᠡᠯ ᠤᠨ ᠬᠦᠰᠦᠨᠦᠭᠲᠦ᠂ ᠰᠤᠷᠤᠯᠭᠠᠲᠠᠳ ᠤᠨ ᠠᠵᠢᠯ ᠳᠤ ᠭᠠᠷᠤᠭᠰᠠᠨ ᠲᠡᠮᠳᠡᠭᠯᠡᠯ᠂ ᠦᠢᠯᠡᠳᠦᠯᠭᠡ ᠶᠢᠨ ᠠᠵᠢᠯᠯᠠᠭᠠᠨ ᠤ ᠲᠡᠮᠳᠡᠭᠯᠡᠯ ᠵᠡᠷᠭᠡ ᠶᠢ ᠪᠠᠭᠲᠠᠭᠠᠨ᠎ᠠ᠃ ᠰᠤᠷᠤᠯᠭᠠᠲᠠᠳ ᠤᠨ ᠰᠤᠷᠤᠯᠴᠠᠭᠰᠠᠨ ᠢ ᠰᠢᠯᠭᠠᠨ ᠬᠢᠨᠠᠬᠤ ᠳᠤ ᠣᠨᠣᠯ ᠤᠨ ᠰᠢᠯᠭᠠᠨ ᠬᠢᠨᠠᠬᠤ ᠪᠠ ᠦᠢᠯᠡᠳᠦᠯᠭᠡ ᠶᠢᠨ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠠᠪᠴᠤ᠂ ᠥᠪᠡᠰᠦᠪᠡᠨ ᠦᠨᠡᠯᠡᠬᠦ᠂ ᠬᠠᠷᠢᠯᠴᠠᠨ ᠦᠨᠡᠯᠡᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠂ ᠰᠢᠯᠢᠳᠡᠭ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ ᠭᠡᠵᠦ ᠭᠤᠷᠪᠠᠨ ᠳᠡᠰ ᠬᠤᠪᠢᠶᠠᠬᠤ ᠶᠢᠨ ᠬᠠᠮᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠨ᠎ᠠ᠃ ᠡᠭᠦᠨ ᠳᠤ᠂ ᠣᠨᠣᠯ ᠤᠨ ᠰᠢᠯᠭᠠᠨ ᠬᠢᠨᠠᠯᠲᠠ ᠶᠢ ᠰᠤᠷᠤᠯᠴᠠᠯᠭ᠎ᠠ ᠶᠢᠨ ᠣᠯᠤᠯᠲᠠ ᠶᠢ ᠳᠤᠰᠢᠶᠠᠬᠤ ᠬᠡᠯᠪᠡᠷᠢ ᠪᠠᠷ ᠶᠠᠪᠤᠭᠳᠠᠭᠤᠯᠵᠤ᠂ ᠦᠢᠯᠡᠳᠦᠯᠭᠡ ᠶᠢᠨ ᠬᠢᠨᠠᠨ ᠰᠢᠯᠭᠠᠯᠲᠠ ᠶᠢ ᠵᠢᠭᠠᠨ ᠰᠤᠷᠭᠠᠯᠲᠠ ᠶᠢᠨ ᠲᠥᠯᠥᠪᠯᠡᠭᠡ ᠪᠠ ᠤᠷ᠎ᠠ ᠴᠢᠳᠠᠪᠤᠷᠢ ᠶᠢᠨ ᠠᠵᠢᠯᠯᠠᠭ᠎ᠠ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠂ ᠪᠣᠳᠠᠲᠠᠶ ᠰᠤᠷᠤᠯᠴᠠᠯᠭ᠎ᠠ ᠶᠢᠨ ᠣᠯᠤᠯᠲᠠ᠂ ᠵᠢᠭᠠᠨ ᠰᠤᠷᠭᠠᠯᠲᠠ ᠶᠢᠨ ᠲᠥᠯᠥᠪᠯᠡᠭᠡ᠂ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢᠨ ᠵᠢᠱᠢᠶ᠎ᠡ ᠦᠵᠡᠭᠦᠯᠬᠦ ᠬᠢᠴᠢᠶᠡᠯ ᠤᠨ ᠦᠵᠡᠭᠦᠯᠭᠡ ᠶᠢ ᠪᠠᠭᠲᠠᠭᠠᠨ᠎ᠠ᠃      ᠵᠢᠷᠭᠤᠭ᠎ᠠ᠂ ᠵᠠᠷᠤᠳᠠᠯ ᠤᠨ ᠪᠠᠲᠤᠯᠠᠭ᠎ᠠ      ᠪᠣᠯᠪᠠᠰᠤᠷᠠᠭᠤᠯᠤᠯ ᠳᠤ ᠣᠷᠣᠯᠴᠠᠭᠰᠠᠨ ᠪᠠᠭᠰᠢ ᠶᠢᠨ ᠵᠠᠮ ᠬᠠᠷᠢᠯᠴᠠᠭᠠᠨ ᠤ ᠠᠯᠢᠪᠠ ᠰᠦᠢᠳᠭᠡᠯ ᠢ ᠪᠠᠶᠢᠭ᠎ᠠ ᠨᠢᠭᠡᠴᠢ ᠠᠴᠠ ᠡᠭᠦᠷᠭᠡᠯᠡᠵᠦ᠂ ᠪᠣᠯᠪᠠᠰᠤᠷᠠᠭᠤᠯᠤᠯ ᠤᠨ ᠬᠤᠭᠤᠴᠠᠭᠠᠨ ᠳᠠᠬᠢ ᠬᠤᠭᠤᠯᠠ ᠬᠤᠨᠤᠭ ᠤᠨ ᠵᠠᠷᠤᠳᠠᠯ ᠵᠡᠷᠭᠡ ᠬᠠᠮᠢᠶ᠎ᠠ ᠪᠥᠬᠦᠶ ᠵᠠᠷᠤᠳᠠᠯ ᠢ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠬᠦ ᠨᠢᠭᠡᠴᠢ ᠠᠴᠠ ᠬᠠᠷᠢᠭᠤᠴᠠᠨ᠎ᠠ᠃ ᠪᠣᠯᠪᠠᠰᠤᠷᠠᠭᠤᠯᠤᠯ ᠳᠤ ᠣᠷᠣᠯᠴᠠᠬᠤ ᠰᠤᠷᠤᠯᠭᠠᠲᠠᠨ ᠲᠣᠭᠲᠠᠭᠰᠠᠨ ᠴᠠᠭ ᠲᠤ ᠨᠡᠷ᠎ᠡ ᠮᠡᠳᠡᠭᠦᠯᠬᠦ ᠪᠠ ᠬᠤᠷᠠᠯ ᠤᠨ ᠲᠠᠯᠠᠪᠠᠢ ᠠᠴᠠ ᠰᠠᠯᠵᠤ᠂ ᠤᠷᠢᠳᠴᠢᠯᠠᠨ ᠬᠦᠷᠬᠦ ᠪᠤᠶᠤ ᠬᠤᠶᠢᠰᠢᠯᠠᠵᠤ ᠶᠠᠪᠤᠬᠤ ᠠᠴᠠ ᠪᠣᠯᠤᠭᠰᠠᠨ ᠵᠠᠷᠤᠳᠠᠯ ᠢᠶᠠᠨ ᠥᠪᠡᠰᠦᠪᠡᠨ ᠬᠠᠷᠢᠭᠤᠴᠠᠨ᠎ᠠ᠃      ᠳᠣᠯᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠰᠤᠷᠤᠭᠴᠢᠳ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠰᠤᠷᠤᠯᠴᠠᠬᠤ ᠰᠤᠷᠲᠠᠯ ᠪᠣᠯᠤᠨ ᠰᠠᠬᠢᠯᠭ᠎ᠠ ᠪᠠᠲᠤ ᠶᠢ ᠲᠥᠪ ᠴᠢᠩᠭ᠎ᠠ ᠪᠠᠶᠢᠯᠭᠠᠵᠤ᠂ ᠰᠤᠷᠤᠯᠴᠠᠬᠤ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠨ᠂ ᠠᠵᠢᠯ ᠳᠤ ᠭᠠᠷᠬᠤ ᠶᠢ ᠲᠡᠮᠳᠡᠭᠯᠡᠬᠦ ᠪᠠ ᠴᠢᠯᠥᠭᠡ ᠭᠤᠶᠤᠬᠤ ᠳᠦᠷᠢᠮ ᠢ ᠴᠢᠩᠭ᠎ᠠ ᠵᠢᠷᠤᠮᠯᠠᠨ᠂ ᠰᠤᠷᠤᠯᠴᠠᠯᠭ᠎ᠠ ᠪᠠ ᠪᠣᠯᠪᠠᠰᠤᠷᠠᠭᠤᠯᠤᠯ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠶ᠃ ᠣᠨᠴᠠᠭᠠᠢ ᠪᠠᠶᠢᠳᠠᠯ ᠪᠤᠶᠤ ᠠᠯᠪᠠᠨ ᠶᠠᠪᠤᠳᠠᠯ ᠢᠶᠠᠷ ᠴᠢᠯᠥᠭᠡ ᠭᠤᠶᠤᠬᠤ ᠴᠢᠬᠤᠯᠠ ᠲᠠᠢ ᠰᠤᠷᠤᠯᠭᠠᠲᠠᠨ ᠡᠷᠬᠡᠪᠰᠢ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠵᠥᠪᠰᠢᠶᠡᠷᠡᠭᠦᠯᠵᠦ᠂ ᠰᠤᠷᠭᠠᠨ ᠬᠥᠮᠦᠵᠢᠯ ᠤᠨ ᠲᠢᠩᠬᠢᠮ ᠤᠨ ᠡᠷᠡᠭᠦᠯ ᠬᠠᠮᠠᠭᠠᠯᠠ᠊ ᠪᠡᠶ᠎ᠡ ᠶᠢᠨ ᠲᠠᠮᠢᠷ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠳᠠᠩᠰᠠᠯᠠᠭᠤᠯᠵᠤ᠂ ᠴᠢᠯᠥᠭᠡ ᠭᠤᠶᠤᠬᠤ ᠴᠠᠭ ᠤᠨ ᠤᠷᠲᠤ ᠶᠢ ᠶᠡᠷᠦᠩᠬᠡᠶ ᠬᠢᠴᠢᠶᠡᠯ ᠤᠨ ᠴᠠᠭ ᠤᠨ 1 / 5 ᠠᠴᠠ ᠬᠡᠲᠦᠷᠡᠭᠦᠯᠵᠦ ᠪᠣᠯᠬᠤ ᠦᠭᠡᠶ᠃      ︵ᠬᠤᠶᠠᠷ︶ ᠡᠨᠡ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠨᠠᠷ ︽ᠭᠤᠸ᠎ᠠ ᠰᠠᠶᠢᠬᠠᠨ ᠢᠶᠠᠷ ᠬᠥᠮᠦᠨ ᠢ ᠬᠥᠮᠦᠵᠢᠭᠦᠯᠬᠦ᠂ ᠭᠤᠸ᠎ᠠ ᠰᠠᠶᠢᠬᠠᠨ ᠢᠶᠠᠷ ᠬᠥᠮᠦᠨ ᠢ ᠬᠤᠪᠢᠷᠠᠭᠤᠯᠬᠤ᠂ ᠭᠤᠸ᠎ᠠ ᠰᠠᠶᠢᠬᠠᠨ ᠢᠶᠠᠷ ᠦᠨᠳᠦᠰᠦ ᠶᠢ ᠪᠤᠶᠢᠵᠢᠭᠤᠯᠬᠤ︾ ᠪᠠᠷ ᠭᠤᠣᠯ ᠰᠡᠳᠦᠪ ᠪᠣᠯᠭᠠᠨ᠂ ᠥᠪᠡᠷ ᠢᠶᠠᠨ ᠨᠢᠭᠡ ᠪᠦᠲᠦᠭᠡᠯ ᠢ ᠵᠣᠬᠢᠶᠠᠨ ᠪᠦᠲᠦᠭᠡᠵᠦ ᠳᠠᠭᠤᠰᠬᠠᠨ᠎ᠠ᠂ ᠡᠭᠦᠨ ᠳᠤ ᠤᠷᠠᠨ ᠪᠢᠴᠢᠯᠭᠡ ︵ᠤᠷᠠᠨ ᠵᠢᠷᠤᠭ︶ ᠶᠢᠨ ᠪᠠᠭᠰᠢ ᠨᠠᠷ ᠪᠣᠯᠪᠠᠰᠤᠷᠠᠭᠤᠯᠤᠯ ᠲᠡᠭᠦᠰᠬᠦ ᠦᠶ᠎ᠡ ᠳᠤ ᠨᠢᠭᠡ ᠤᠷᠠᠨ ᠪᠢᠴᠢᠯᠭᠡ ᠪᠤᠶᠤ ᠤᠷᠠᠨ ᠵᠢᠷᠤᠭ ᠤᠨ ᠪᠦᠲᠦᠭᠡᠯ ᠢ ᠲᠤᠰᠢᠶᠠᠨ᠎ᠠ᠃      ︵ᠭᠤᠷᠪᠠ︶ ᠡᠯ᠎ᠡ ᠠᠶᠢᠮᠠᠭ ᠬᠤᠲᠠ 2023 ᠣᠨ ᠤ 7 ᠳ᠋ᠤᠭᠠᠷ ᠰᠠᠷ᠎ᠠ ᠶᠢᠨ 9 ᠤ ᠡᠳᠦᠷ ᠠᠴᠠ ᠡᠮᠦᠨ᠎ᠡ᠂ ᠲᠠᠨᠢᠯᠴᠠᠭᠤᠯᠬᠤ ᠠᠯᠪᠠᠨ ᠵᠠᠬᠢᠳᠠᠯ᠂ ᠪᠣᠯᠪᠠᠰᠤᠷᠠᠭᠤᠯᠤᠯ ᠳᠤ ᠣᠷᠣᠯᠴᠠᠬᠤ ᠪᠠᠭᠰᠢ ᠶᠢᠨ ᠮᠡᠳᠡᠭᠡ ᠵᠠᠩᠭᠢ ᠶᠢᠨ ᠬᠦᠰᠦᠨᠦᠭᠲᠦ ︵ᠳᠠᠭᠠᠯᠳᠤᠭᠤᠯᠤᠯ 4︶ ᠪᠠ ᠬᠤᠷᠢᠶᠠᠩᠭᠤᠶᠢᠯᠠᠭᠰᠠᠨ ᠬᠦᠰᠦᠨᠦᠭᠲᠦ ︵ᠳᠠᠭᠠᠯᠳᠤᠭᠤᠯᠤᠯ 5︶ ᠶᠢᠨ WORD ᠬᠡᠪᠯᠡᠯ ᠪᠠ ᠠᠯᠪᠠᠨ ᠲᠠᠮᠠᠭ᠎ᠠ ᠳᠠᠷᠤᠭᠰᠠᠨ ᠤ ᠳᠠᠷᠠᠭᠠᠬᠢ PDF ᠰᠢᠷᠪᠢᠯᠲᠡ ᠬᠡᠪᠯᠡᠯ ᠢ ᠰᠤᠷᠭᠠᠨ ᠬᠥᠮᠦᠵᠢᠯ ᠤᠨ ᠲᠢᠩᠬᠢᠮ ᠤᠨ ᠳᠣᠭᠲᠠᠭᠰᠠᠨ ᠢᠮᠧᠯ ᠳᠤ ᠮᠡᠳᠡᠭᠦᠯᠦᠨ ᠬᠦᠷᠭᠡᠬᠦ ᠬᠡᠷᠡᠭᠲᠡᠶ᠃      ᠨᠠᠢᠮᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ      ︵ᠨᠢᠭᠡ︶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠵᠢᠴᠢ ᠬᠥᠳᠡᠯᠮᠦᠷᠢ ᠶᠢᠨ ᠬᠥᠮᠥᠵᠢᠯ ᠤᠨ ᠭᠠᠵᠠᠷ      ᠬᠠᠷᠢᠯᠴᠠᠬᠤ ᠬᠥᠮᠦᠨ᠄ ᠵᠠᠩ ᠰᠢᠶᠤᠤ ᠶᠢᠩ᠂ 0471 - 2857025᠂ ᠾᠥᠩ ᠯᠢᠩ᠂ 0471 - 2857003      ᠢᠮᠧᠯ᠄ nmgmy1002@163.com      ︵ᠬᠤᠶᠠᠷ︶ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ      ᠬᠠᠷᠢᠯᠴᠠᠬᠤ ᠬᠥᠮᠦᠨ᠄ ᠰᠢᠤᠸᠠᠢ ᠯᠢ ᠬᠤᠸᠠ᠂ 15848856696      ︵ᠭᠤᠷᠪᠠ︶ ᠤᠯᠠᠭᠠᠨᠴᠠᠪ ᠬᠤᠲᠠ ᠶᠢᠨ ᠤᠷᠠᠯᠢᠭ ᠤᠨ ᠰᠤᠷᠭᠠᠭᠤᠯᠢ      ᠬᠠᠷᠢᠯᠴᠠᠬᠤ ᠬᠥᠮᠦᠨ᠄ ᠰᠢ ᠼᠦᠨ ᠳ᠋ᠧ᠂ 1584841110᠃      ᠳᠠᠭᠤᠤ ᠬᠥᠭᠵᠢᠮ ᠤᠨ ᠪᠣᠯᠪᠠᠰᠤᠷᠠᠭᠤᠯᠤᠯ ᠤᠨ ᠬᠠᠷᠢᠯᠴᠠᠬᠤ ᠬᠥᠮᠦᠨ᠄ ᠯᠢ ᠪᠦᠦ᠂ 13947470550      ᠪᠥᠵᠢᠭ ᠤᠨ ᠪᠣᠯᠪᠠᠰᠤᠷᠠᠭᠤᠯᠤᠯ ᠤᠨ ᠬᠠᠷᠢᠯᠴᠠᠬᠤ ᠬᠥᠮᠦᠨ᠄ ᠾᠧᠦ ᠴᠢᠶᠠᠨ᠂ 18748404555      ᠳᠠᠭᠠᠯᠳᠤᠭᠤᠯᠤᠯ᠄      1 . ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠤᠨ ᠣᠷᠣᠨ ᠲᠤᠭ᠎ᠠ ᠶᠢ ᠬᠤᠪᠢᠶᠠᠷᠢᠯᠠᠭᠰᠠᠨ ᠬᠦᠰᠦᠨᠦᠭᠲᠦ      2 . ᠳᠠᠭᠤᠤ ᠬᠥᠭᠵᠢᠮ᠂ ᠪᠥᠵᠢᠭ ᠤᠨ ᠬᠢᠴᠢᠶᠡᠯ ᠤᠨ ᠪᠠᠶᠢᠷᠢᠯᠠᠭᠤᠯᠤᠯᠲᠠ      3 . ᠤᠷᠠᠨ ᠪᠢᠴᠢᠯᠭᠡ ︵ᠤᠷᠠᠨ ᠵᠢᠷᠤᠭ︶ ᠶᠢᠨ ᠬᠢᠴᠢᠶᠡᠯ ᠤᠨ ᠪᠠᠶᠢᠷᠢᠯᠠᠭᠤᠯᠤᠯᠲᠠ      4 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠮᠡᠳᠡᠭᠡ ᠵᠠᠩᠭᠢ ᠶᠢᠨ ᠬᠦᠰᠦᠨᠦᠭᠲᠦ      5 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠤᠨ ᠬᠤᠷᠢᠶᠠᠩᠭᠤᠶᠢᠯᠠᠭᠰᠠᠨ ᠬᠦᠰᠦᠨᠦᠭᠲᠦ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                 2023 ᠣᠨ ᠤ 7 ᠳ᠋ᠤᠭᠠᠷ ᠰᠠᠷ᠎ᠠ ᠶᠢᠨ 5 ᠤ ᠡᠳᠦᠷᠳᠠᠭᠠᠯᠳᠤᠭᠤᠯᠤᠯ᠄ 1 . ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠤᠨ ᠣᠷᠣᠨ ᠲᠤᠭ᠎ᠠ ᠶᠢ ᠬᠤᠪᠢᠶᠠᠷᠢᠯᠠᠭᠰᠠᠨ ᠬᠦᠰᠦᠨᠦᠭᠲᠦ .docx2 . ᠳᠠᠭᠤᠤ ᠬᠥᠭᠵᠢᠮ᠂ ᠪᠥᠵᠢᠭ ᠤᠨ ᠬᠢᠴᠢᠶᠡᠯ ᠤᠨ ᠪᠠᠶᠢᠷᠢᠯᠠᠭᠤᠯᠤᠯᠲᠠ.docx3 . ᠤᠷᠠᠨ ᠪᠢᠴᠢᠯᠭᠡ ︵ᠤᠷᠠᠨ ᠵᠢᠷᠤᠭ︶ ᠶᠢᠨ ᠬᠢᠴᠢᠶᠡᠯ ᠤᠨ ᠪᠠᠶᠢᠷᠢᠯᠠᠭᠤᠯᠤᠯᠲᠠ.docx4 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠮᠡᠳᠡᠭᠡ ᠵᠠᠩᠭᠢ ᠶᠢᠨ ᠬᠦᠰᠦᠨᠦᠭᠲᠦ.docx5 . ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠤᠨ ᠬᠤᠷᠢᠶᠠᠩᠭᠤᠶᠢᠯᠠᠭᠰᠠᠨ ᠬᠦᠰᠦᠨᠦᠭᠲᠦ .docx
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map