2023 ᠣᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠮᠡᠳᠡᠭᠦᠯᠦᠭᠰᠡᠳ ᠤᠨ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/7/27
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠲᠤᠰᠬᠠᠶ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠮᠡᠳᠡᠭᠦᠯᠵᠦ ᠤᠷᠢᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠭᠰᠢ ᠥᠪᠡᠰᠦᠪᠡᠨ ᠮᠡᠳᠡᠭᠦᠯᠬᠦ᠂ ᠰᠤᠷᠭᠠᠭᠤᠯᠢ ᠠᠴᠠ ᠵᠣᠬᠢᠶᠠᠨ ᠪᠠᠶᠢᠭᠤᠯᠵᠤ ᠬᠢᠷᠢ ᠬᠡᠮ ᠢ ᠬᠢᠨᠠᠨ ᠪᠠᠶᠢᠴᠠᠭᠠᠬᠤ᠂ ᠦᠨᠡᠯᠡᠨ ᠶᠠᠷᠢᠯᠴᠠᠬᠤ᠂ ᠢᠯᠡ ᠨᠡᠶᠢᠲᠡᠯᠡᠬᠦ ᠪᠠᠷ ᠳᠡᠮᠵᠢᠨ᠂ ᠰᠤᠷᠭᠠᠨ ᠬᠥᠮᠦᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠤᠨ ᠪᠠᠭᠰᠢ ᠶᠢᠨ ᠮᠣᠷᠠᠯ ᠢ ᠪᠠᠶᠢᠴᠠᠭᠠᠵᠤ᠂ 2023 ᠣᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠤᠶᠠᠳᠤᠭᠠᠷ ᠳᠡᠰ  ᠤᠨ ᠠᠵᠢᠯ ᠤᠨ ᠪᠠᠶᠢᠷᠢ ᠳᠤ ᠮᠡᠳᠡᠭᠦᠯᠬᠦ ᠪᠠᠷ ᠪᠠᠶᠢᠭ᠎ᠠ ᠬᠥᠮᠦᠰ ᠢ ᠲᠣᠭᠲᠠᠭᠠᠪᠠ ︵ᠳᠠᠭᠠᠯᠳᠤᠭᠤᠯᠤᠯ ᠳᠤ ᠦᠵᠡᠭᠡᠷᠡᠢ︶᠃ ᠡᠳᠦᠭᠡ ᠢᠯᠡ ᠨᠡᠶᠢᠲᠡᠯᠡᠪᠡ᠃      ᠢᠯᠡ ᠨᠡᠶᠢᠲᠡᠯᠡᠬᠦ ᠬᠤᠭᠤᠴᠠᠭ᠎ᠠ 2023 ᠣᠨ ᠤ 7 ᠳ᠋ᠤᠭᠠᠷ ᠰᠠᠷ᠎ᠠ ᠶᠢᠨ 26 - 8 ᠳ᠋ᠤᠭᠠᠷ ᠰᠠᠷ᠎ᠠ ᠶᠢᠨ 1 ᠤ ᠡᠳᠦᠷ ᠪᠣᠯᠤᠨ᠎ᠠ᠃ ᠨᠢᠭᠡᠴᠢ ᠪᠠ ᠬᠤᠪᠢ ᠬᠥᠮᠦᠨ ᠪᠡᠶ᠎ᠡ ᠪᠠᠷ ᠢᠶᠠᠨ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠢᠯᠡ ᠨᠡᠶᠢᠲᠡᠯᠡᠭᠰᠡᠨ ᠠᠭᠤᠯᠭ᠎ᠠ ᠳᠤ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠬᠤ ᠳᠤ ᠪᠠᠨ ᠴᠢᠬᠤᠯᠠ ᠪᠥᠬᠦᠶ ᠭᠡᠷᠡᠴᠢ ᠮᠠᠲ᠋ᠧᠷᠢᠶᠠᠯ ᠬᠠᠩᠭᠠᠬᠤ ᠶᠢᠨ ᠬᠠᠮᠲᠤ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠠ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠵᠤ᠂ ᠪᠠᠶᠢᠴᠠᠭᠠᠨ ᠬᠠᠷᠭᠤᠭᠤᠯᠬᠤ ᠪᠠ ᠪᠠᠶᠢᠳᠠᠯ ᠢ ᠬᠠᠷᠢᠭᠤ ᠪᠤᠴᠠᠭᠠᠬᠤ ᠳᠤ ᠲᠥᠬᠦᠮ ᠦᠵᠡᠭᠦᠯᠵᠦ᠂ ᠬᠤᠭᠤᠴᠠᠭ᠎ᠠ ᠬᠡᠲᠦᠷᠡᠭᠰᠡᠨ ᠵᠢᠴᠢ ᠨᠡᠷ᠎ᠡ ᠪᠤᠷᠤᠭᠤᠯᠠᠭᠰᠠᠨ ᠲᠤᠰᠬᠠᠯ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃      ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ ᠲᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠃ ᠬᠠᠷᠢᠯᠴᠠᠬᠤ ᠤᠲᠠᠰᠤ᠄ 0471 - 2856822᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                 2023 ᠣᠨ ᠤ 7 ᠳ᠋ᠤᠭᠠᠷ ᠰᠠᠷ᠎ᠠ ᠶᠢᠨ 26 ᠤ ᠡᠳᠦᠷ ᠳᠠᠭᠠᠯᠳᠤᠭᠤᠯᠤᠯ1᠄ 2023 ᠣᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠮᠡᠳᠡᠭᠦᠯᠦᠭᠰᠡᠳ ᠤᠨ ᠨᠡᠷᠡᠰ ᠤᠨ ᠪᠦᠷᠢᠳᠬᠡᠯ . docx
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map