ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠢ ᠳᠠᠩᠰᠠᠯᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/8/15
              ᠥᠪᠥᠷ ᠰᠤᠷᠭᠠᠨ ᠠᠵᠢᠯ ᠮᠡᠷᠭᠡᠵᠢᠯ ᠨᠠᠰᠤᠨ ᠳᠤ               ᠬᠦᠷᠦᠭᠰᠡᠳ ᠪᠢᠴᠢᠭ ﹇2023﹈ 95 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠥᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠳᠠᠷᠬᠠᠭᠠᠬᠤ ᠲᠤᠬᠠᠶ ᠮᠡᠳᠡᠭᠳᠡᠯ︾ ︵ᠥᠪᠥᠷ ᠰᠤᠷᠭᠠᠨ ᠲᠠᠷᠬᠠᠭᠠᠭᠰᠠᠨ ﹇2022﹈ 29 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠮᠠᠨ ᠤ ᠲᠢᠩᠬᠢᠮ 2023 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠢ ᠮᠡᠳᠡᠭᠦᠯᠵᠦ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠰᠤᠷᠭᠠᠨ ᠬᠥᠮᠦᠵᠢᠯ ᠤᠨ ᠶᠠᠮᠤᠨ ᠠᠴᠠ ᠵᠦᠪᠯᠡᠵᠦ ᠬᠢᠨᠠᠨ ᠳᠣᠭᠲᠠᠭᠠᠵᠤ᠂ ᠡᠳᠦᠭᠡ ᠳᠠᠩᠰᠠᠯᠠᠭᠰᠠᠨ ᠦᠷ᠎ᠡ ᠳ᠋ᠦᠩ ᠢ ︵ᠳᠠᠭᠠᠯᠳᠤᠭᠤᠯᠤᠯ ᠢ ᠦᠵᠡᠭᠡᠷᠡᠢ︶ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯ ᠳᠤ ᠳᠤᠤᠷᠠᠬᠢ ᠮᠡᠲᠦ ᠱᠠᠭᠠᠷᠳᠠᠯᠭ᠎ᠠ ᠳᠤᠷᠠᠳᠪᠠ᠃      ᠨᠢᠭᠡ᠂ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ      ᠡᠯ᠎ᠡ ᠳᠡᠭᠡᠳᠦ ᠰᠤᠷᠭᠠᠭᠤᠯᠢ ︽ᠰᠤᠷᠭᠠᠨ ᠬᠥᠮᠦᠵᠢᠯ ᠤᠨ ᠶᠠᠮᠤᠨ ᠤ 2023 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠥᠵᠢᠯ ᠤᠨ ᠡᠯᠰᠡᠬᠦ ᠪᠠᠷ ᠪᠠᠶᠢᠭ᠎ᠠ ᠰᠣᠷᠣᠭᠴᠢ ᠶᠢᠨ ᠲᠤᠰᠬᠠᠶ ᠮᠡᠷᠭᠡᠵᠢᠯ ᠢ ᠳᠠᠩᠰᠠᠯᠠᠭᠰᠠᠨ ᠦᠷ᠎ᠡ ᠳ᠋ᠦᠩ ᠪᠠ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠤᠨ ᠲᠣᠬᠢᠷᠠᠭᠤᠯᠤᠯᠲᠠ ᠶᠢ ᠳᠠᠩᠰᠠᠯᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ︾ ︵ᠰᠤᠷᠭᠠᠨ ᠠᠵᠢᠯ ᠮᠡᠷᠭᠡᠵᠢᠯ ᠨᠠᠰᠤᠨ ᠳᠤ ᠬᠦᠷᠦᠭᠰᠡᠳ ᠪᠢᠴᠢᠭ ﹇2023﹈ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠨ᠂ ᠨᠢᠭᠡᠨᠲᠡ ᠨᠡᠶᠢᠲᠡᠯᠡᠵᠦ ᠳᠠᠩᠰᠠᠯᠠᠭᠰᠠᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠲᠤ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠵᠢᠴᠢ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠤᠨ ᠰᠤᠷᠭᠠᠭᠤᠯᠢ ᠡᠷᠭᠢᠯᠡᠬᠦ ᠨᠥᠬᠦᠴᠡᠯ ᠢ ᠦᠨᠳᠦᠰᠦᠯᠡᠨ᠂ ᠰᠣᠷᠣᠭᠴᠢ ᠡᠯᠰᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠪᠠ᠃ ᠵᠢᠯ ᠤᠨ ᠳᠠᠩᠰᠠᠯᠠᠭᠤᠯᠤᠭᠰᠠᠨ ᠥᠬᠡᠶ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠲᠤ ᠴᠡᠭ ᠪᠠᠶᠢᠭᠤᠯᠤᠭᠰᠠᠨ ᠨᠢᠭᠡᠴᠢ ᠯᠦᠭᠡ ᠬᠠᠮᠵᠢᠯᠴᠠᠨ ᠤᠤᠯ ᠤᠨ ᠪᠠᠶᠢᠭ᠎ᠠ ᠰᠣᠷᠣᠭᠴᠢ ᠳᠤ ᠰᠤᠷᠤᠯᠭ᠎ᠠ ᠶᠢ ᠳᠡᠳᠬᠦᠬᠦ ᠦᠢᠯᠡᠴᠢᠯᠡᠭᠡ ᠬᠠᠩᠭᠠᠵᠤ᠂ ᠰᠤᠷᠭᠠᠭᠤᠯᠢ ᠶᠢᠨ ᠬᠠᠷᠢᠶᠠᠯᠠᠯ ᠲᠠᠢ ᠰᠣᠷᠣᠭᠴᠢ ᠶᠢ ᠬᠥᠮᠦᠵᠢᠭᠦᠯᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃      ᠬᠤᠶᠠᠷ᠂ ᠰᠤᠷᠤᠭᠴᠢ ᠡᠯᠰᠡᠬᠦ ᠤᠬᠠᠭᠤᠯᠭ᠎ᠠ ᠪᠠ ᠬᠠᠮᠢᠶᠠᠷᠤᠯᠲᠠ ᠶᠢ ᠴᠢᠩᠭᠠᠳᠬᠠᠪᠠ      ᠡᠨᠡ ᠤᠳᠠᠭ᠎ᠠ ᠨᠡᠶᠢᠲᠡᠯᠡᠵᠦ ᠳᠠᠩᠰᠠᠯᠠᠭᠰᠠᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ 2023 ᠣᠨ ᠳᠤ ᠬᠠᠮᠢᠶ᠎ᠠ ᠪᠥᠬᠦᠶ ᠲᠣᠭᠲᠠᠭᠠᠯ ᠶᠣᠰᠤ ᠪᠠᠷ ᠰᠣᠷᠣᠭᠴᠢ ᠡᠯᠰᠡᠵᠦ ᠪᠣᠯᠤᠨ᠎ᠠ᠃ ᠭᠤᠤᠯᠯᠠᠨ ᠡᠷᠭᠢᠯᠡᠭᠰᠡᠨ ᠳᠡᠭᠡᠳᠦ ᠰᠤᠷᠭᠠᠭᠤᠯᠢ ᠰᠣᠷᠣᠭᠴᠢ ᠡᠯᠰᠡᠬᠦ ᠵᠠᠷ ᠪᠠ ᠤᠬᠠᠭᠤᠯᠭ᠎ᠠ ᠶᠢ ᠨᠢᠭᠡᠳᠦᠯᠲᠡᠶ ᠰᠢᠰᠲ᠋ᠧᠮᠵᠢᠭᠦᠯᠦᠨ  ᠬᠠᠮᠢᠶᠠᠷᠴᠤ᠂ ᠰᠣᠷᠣᠭᠴᠢ ᠡᠯᠰᠡᠬᠦ ᠲᠣᠪᠴᠢ ᠲᠦᠷᠢᠮ ᠵᠡᠷᠭᠡ ᠮᠠᠲ᠋ᠧᠷᠢᠶᠠᠯ ᠢ ᠰᠤᠷᠭᠠᠭᠤᠯᠢ ᠠᠴᠠ ᠨᠢᠭᠡᠳᠦᠯᠲᠡᠶ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠠᠴᠠ ᠡᠷᠬᠡ ᠣᠯᠭᠤᠭᠰᠠᠨ ᠥᠬᠡᠶ ᠪᠣᠯ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠥᠪᠡᠰᠦᠪᠡᠨ ᠰᠣᠷᠣᠭᠴᠢ ᠡᠯᠰᠡᠬᠦ ᠶᠢ ᠤᠬᠠᠭᠤᠯᠵᠤ ᠪᠣᠯᠬᠤ ᠥᠬᠡᠶ᠂ ᠬᠤᠳᠠᠯ ᠬᠠᠭᠤᠷᠮᠠᠭ ᠢᠶᠠᠷ ᠠᠮᠠᠯᠠᠬᠤ᠂ ᠥᠰᠬᠡᠭᠡᠨ ᠲᠠᠢ ᠤᠬᠠᠭᠤᠯᠬᠤ ᠪᠤᠶᠤ ᠪᠤᠰᠤᠳ ᠵᠣᠬᠢᠶᠠᠨ ᠪᠠᠶᠢᠭᠤᠯᠤᠯᠲᠠ ︵ᠬᠤᠪᠢ ᠬᠥᠮᠦᠨ︶ ᠳᠤ ᠨᠠᠶᠢᠳᠠᠵᠤ ᠣᠷᠣᠯᠠᠨ ᠰᠣᠷᠣᠭᠴᠢ ᠡᠯᠰᠡᠬᠦ ᠤᠬᠠᠭᠤᠯᠭ᠎ᠠ ᠬᠢᠯᠭᠡᠵᠦ ᠪᠣᠯᠬᠤ ᠥᠬᠡᠶ︔ ︽ᠣᠷᠣᠯᠠᠨ ᠨᠡᠷ᠎ᠡ ᠮᠡᠳᠡᠭᠦᠯᠬᠦ︾᠂ ︽ᠣᠷᠣᠯᠠᠨ ᠰᠦᠢᠳᠭᠡᠯ ᠬᠤᠷᠢᠶᠠᠬᠤ︾᠂ ︽ᠣᠷᠣᠯᠠᠨ ᠰᠤᠷᠤᠯᠴᠠᠬᠤ︾᠂ ︽ᠣᠷᠣᠯᠠᠨ ᠰᠢᠯᠭᠠᠬᠤ︾ ᠵᠡᠷᠭᠡ ᠲᠣᠭᠲᠠᠭᠠᠯ ᠠᠴᠠ ᠵᠥᠷᠢᠴᠡᠭᠰᠡᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠵᠤ ᠪᠣᠯᠬᠤ ᠥᠬᠡᠶ︔ ᠮᠤᠵᠢ ᠠᠯᠤᠰᠯᠠᠨ ᠰᠤᠷᠤᠭᠴᠢ ᠡᠯᠰᠡᠬᠦ ᠪᠠ ᠤᠬᠠᠭᠤᠯᠭ᠎ᠠ ᠬᠢᠵᠦ ᠪᠣᠯᠬᠤ ᠦᠭᠡᠶ᠃ ᠡᠯ᠎ᠡ ᠳᠡᠭᠡᠳᠦ ᠰᠤᠷᠭᠠᠭᠤᠯᠢ ᠠᠯᠪᠠᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠪᠤᠰᠤᠳ ᠵᠠᠭᠤᠴᠢᠯᠠᠭᠤᠷ ᠢᠶᠠᠷ ᠳᠠᠮᠵᠢᠭᠤᠯᠤᠨ᠂ ᠲᠣᠰ ᠰᠤᠷᠭᠠᠭᠤᠯᠢ ᠶᠢᠨ ᠰᠣᠷᠣᠭᠴᠢ ᠡᠯᠰᠡᠬᠦ ᠲᠣᠪᠴᠢ ᠲᠦᠷᠢᠮ᠂ ᠵᠢᠭᠠᠨ ᠰᠤᠷᠭᠠᠬᠤ ᠴᠡᠭ ᠤᠨ ᠮᠡᠳᠡᠭᠡ ᠵᠠᠩᠭᠢ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠲᠤᠰᠢᠶᠠᠬᠤ ᠲᠦᠷᠢᠮ ᠵᠡᠷᠭᠡ ᠶᠢ ᠴᠠᠭ ᠲᠤᠬᠠᠶ ᠳᠤ ᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠥᠷᠭᠡᠨ ᠣᠯᠠᠨ ᠰᠢᠯᠭᠠᠭᠤᠯᠤᠭᠴᠢ ᠶᠢ ᠬᠥᠲᠥᠯᠥᠨ ᠵᠢᠯᠣᠭᠤᠳᠴᠤ ᠵᠢᠩᠬᠢᠨᠢ ᠠᠷᠭ᠎ᠠ ᠵᠠᠮ ᠢᠶᠠᠷ ᠳᠠᠮᠵᠢᠭᠤᠯᠤᠨ ᠨᠡᠷ᠎ᠡ ᠮᠡᠳᠡᠭᠦᠯᠦᠨ ᠰᠢᠯᠭᠠᠭᠤᠯᠬᠤ ᠪᠠ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠢ ᠭᠦᠷᠲᠡᠭᠡᠨ᠎ᠡ᠃ ᠲᠣᠰ ᠰᠤᠷᠭᠠᠭᠤᠯᠢ ᠳᠤ ᠬᠤᠯᠪᠣᠭᠳᠠᠬᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢ ᠣᠯᠵᠤ ᠮᠡᠳᠡᠪᠡᠯ᠂ ᠡᠯ᠎ᠡ ᠳᠡᠭᠡᠳᠦ ᠰᠤᠷᠭᠠᠭᠤᠯᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠲᠣᠳᠣᠷᠬᠠᠶᠢᠯᠠᠵᠤ᠂ ᠰᠢᠢᠳᠪᠦᠷᠢᠯᠡᠬᠦ ᠶᠢᠨ ᠬᠠᠮᠲᠤ ᠨᠥᠯᠥᠭᠡ ᠶᠢ ᠠᠷᠢᠯᠭᠠᠨ᠎ᠠ᠃ ᠰᠤᠷᠭᠠᠭᠤᠯᠢ ᠠᠴᠠ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠤᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠳᠤ ᠳᠠᠩᠰᠠᠯᠠᠬᠤ ᠶᠢ ᠨᠢᠭᠡᠳᠦᠯᠲᠡᠶ ᠵᠢᠷᠤᠮᠵᠢᠭᠤᠯᠤᠨ ᠡᠮᠬᠢᠯᠡᠵᠦ᠂ ᠪᠤᠶ ᠪᠦᠬᠦᠢ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠤᠨ ᠳᠠᠩᠰᠠ ᠡᠪᠬᠡᠮᠡᠯ ᠢ ᠡᠷᠬᠡᠪᠰᠢ ᠪᠠᠶᠢᠭ᠎ᠠ ᠰᠤᠷᠭᠠᠭᠤᠯᠢ ᠨᠢ ᠬᠠᠳᠠᠭᠠᠯᠠᠨ᠎ᠠ᠃      ᠭᠤᠷᠪᠠ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ      ᠡᠯ᠎ᠡ ᠭᠤᠣᠯᠯᠠᠨ ᠡᠷᠬᠢᠯᠡᠭᠰᠡᠨ ᠰᠤᠷᠭᠠᠭᠤᠯᠢ ᠵᠢᠯ ᠪᠦᠷᠢ ᠬᠥᠮᠦᠰ ᠢ ᠵᠣᠬᠢᠶᠠᠨ ᠪᠠᠶᠢᠭᠤᠯᠤᠨ ᠬᠠᠷᠢᠶᠠᠯᠠᠯ ᠪᠦᠬᠦᠢ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ  ᠴᠡᠭ ᠲᠤ ᠵᠢᠯ ᠤᠨ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠤᠨ ᠬᠢᠷᠢ ᠲᠡᠩᠴᠡᠬᠦ ᠡᠰᠡᠬᠦ ᠶᠢ ᠦᠨᠡᠯᠡᠨ ᠲᠣᠭᠲᠠᠭᠠᠬᠤ ᠶᠢᠨ ᠬᠠᠮᠲᠤ ᠵᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠡᠷᠭᠡ ᠬᠤᠯᠪᠣᠭᠳᠠᠯ ᠪᠦᠬᠦᠢ ᠪᠠᠶᠢᠳᠠᠯ ᠢ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠲᠢᠩᠬᠢᠮ ᠳᠤ ᠮᠡᠳᠡᠭᠦᠯᠦᠨ᠎ᠡ᠃ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠢ ᠳᠠᠩᠰᠠᠯᠠᠬᠤ ᠬᠦᠴᠦᠨ ᠲᠠᠢ ᠬᠤᠭᠤᠴᠠᠭ᠎ᠠ 3 ᠵᠢᠯ ᠪᠣᠯᠤᠨ᠎ᠠ᠂ ᠬᠦᠴᠦᠨ ᠲᠠᠢ ᠬᠤᠭᠤᠴᠠᠭ᠎ᠠ ᠳᠦᠭᠦᠷᠦᠭᠰᠡᠨ ᠪᠤᠶᠤ ᠬᠦᠴᠦᠨ ᠲᠠᠢ ᠬᠤᠭᠤᠴᠠᠭᠠᠨ ᠳᠤ ᠴᠡᠭ ᠳᠣᠭᠢᠷᠠᠭᠤᠯᠤᠭᠰᠠᠨ ᠨᠢᠭᠡᠴᠢ ᠶᠢᠨ ᠨᠡᠷᠡᠶᠢᠳᠦᠯ᠂ ᠬᠠᠤᠯᠢ ᠶᠢᠨ ᠡᠷᠬᠡᠲᠦ ᠬᠥᠮᠦᠨ᠂ ᠭᠠᠵᠠᠷ ᠣᠷᠣᠨ᠂ ᠰᠢᠨᠵᠢ ᠴᠢᠨᠠᠷ ᠵᠡᠷᠭᠡ ᠴᠢᠬᠤᠯᠠ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠪᠣᠯ ᠭᠤᠤᠯᠯᠠᠨ ᠡᠷᠭᠢᠯᠡᠭᠰᠡᠨ ᠰᠤᠷᠭᠠᠭᠤᠯᠢ ᠠᠴᠠ ᠲᠤᠬᠠᠶ ᠶᠢᠨ ᠵᠢᠯ ᠳᠤ ᠰᠢᠨ᠎ᠡ ᠪᠠᠷ ᠨᠡᠮᠡᠭᠳᠡᠭᠰᠡᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠤᠨ ᠱᠠᠭᠠᠷᠳᠠᠯᠭ᠎ᠠ ᠶᠣᠰᠤ ᠪᠠᠷ ᠳᠠᠭᠢᠵᠤ ᠳᠠᠩᠰᠠᠯᠠᠨ᠎ᠠ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ᠬᠤᠶᠠᠷ ᠢ ᠲᠠᠰᠢᠷᠠᠮ ᠢᠶᠠᠷ ᠰᠤᠭᠤᠴᠢᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠤᠰ ᠬᠠᠷᠢᠶ᠎ᠠ ᠣᠷᠣᠨ ᠤ ᠪᠠᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠪᠣᠯᠤᠨ ᠨᠡᠶᠢᠭᠡᠮ ᠳᠠᠬᠢ ᠨᠡᠷ᠎ᠡ ᠬᠦᠨᠳᠦ ᠶᠢ ᠦᠨᠡᠨ ᠬᠦ ᠪᠠᠲᠤᠯᠠᠪᠠ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ  ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠢ ᠳᠠᠩᠰᠠᠯᠠᠭᠰᠠᠨ ᠦᠷ᠎ᠡ ᠳ᠋ᠦᠩ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                  2023 ᠣᠨ ᠤ 8 ᠳ᠋ᠤᠭᠠᠷ ᠰᠠᠷ᠎ᠠ ᠶᠢᠨ 7 ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ  ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠬᠤ ᠴᠡᠭ ᠢ ᠳᠠᠩᠰᠠᠯᠠᠭᠰᠠᠨ ᠦᠷ᠎ᠡ ᠳ᠋ᠦᠩ . xls
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map