ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠰᠠᠭᠤᠷᠢᠨ ᠭᠠᠵᠠᠷ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/8/28
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ  ᠢ ᠰᠢᠯᠵᠢᠭᠦᠯᠬᠦ ᠰᠠᠭᠤᠷᠢᠨ ᠭᠠᠵᠠᠷ ᠢ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠰᠠᠭᠤᠷᠢᠨ ᠭᠠᠵᠠᠷ ᠢ ᠬᠢᠨᠠᠨ ᠲᠣᠭᠲᠠᠭᠠᠵᠤ ᠬᠠᠮᠢᠶᠠᠷᠬᠤ ᠠᠷᠭ᠎ᠠ︾ ᠶᠣᠰᠤ ᠪᠠᠷ ᠰᠤᠷᠭᠠᠭᠤᠯᠢ ᠠᠴᠠ ᠪᠠᠲᠤᠯᠠᠨ ᠲᠠᠨᠢᠯᠴᠠᠭᠤᠯᠬᠤ᠂ ᠬᠡᠯᠪᠡᠷᠢ ᠶᠢ ᠬᠢᠨᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠬᠢᠨᠠᠨ ᠳᠣᠭᠲᠠᠭᠠᠬᠤ ᠪᠠ ᠠᠬᠤᠢ ᠲᠠᠯᠠᠪᠠᠶ  ᠳᠤ ᠨᠣᠲᠠᠯᠠᠬᠤ ᠵᠡᠷᠭᠡ ᠲᠠᠰ ᠳᠠᠷᠠᠭᠠᠯᠠᠯ ᠢ ᠳᠠᠮᠵᠢᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠵᠦ᠂ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2023 ᠣᠨ ᠤ 8 ᠳ᠋ᠤᠭᠠᠷ ᠰᠠᠷ᠎ᠠ ᠶᠢᠨ 16 - 8 ᠳ᠋ᠤᠭᠠᠷ ᠰᠠᠷ᠎ᠠ ᠶᠢᠨ 22 ᠤᠨ ᠡᠳᠦᠷ ᠪᠣᠯᠤᠨ᠎ᠠ᠂ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠰᠠᠨᠠᠯ ᠲᠠᠢ ᠪᠣᠯ ᠨᠢᠭᠡᠴᠢ ᠪᠠ ᠬᠤᠪᠢ ᠬᠥᠮᠦᠨ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠦᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠳᠠᠷᠤᠢ ᠳᠤ ᠨᠢ ᠬᠠᠷᠢᠭᠤ ᠪᠤᠴᠠᠭᠠᠨ᠎ᠠ᠃       ᠬᠠᠷᠢᠯᠴᠠᠬᠤ ᠬᠥᠮᠦᠨ᠄ ᠵᠣᠣ ᠮᠢᠨ᠂ ᠬᠠᠷᠢᠯᠴᠠᠬᠤ ᠤᠲᠠᠰᠤ᠄ 0471 - 2857132      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠰᠠᠭᠤᠷᠢᠨ ᠭᠠᠵᠠᠷ ᠤᠨ ᠲᠤᠬᠠᠢ ᠢᠯᠡ ᠨᠡᠶᠢᠲᠡᠯᠡᠯ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2023 ᠣᠨ ᠤ 8 ᠳ᠋ᠤᠭᠠᠷ ᠰᠠᠷ᠎ᠠ ᠶᠢᠨ 16 ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠰᠠᠭᠤᠷᠢᠨ ᠭᠠᠵᠠᠷ ᠤᠨ ᠲᠤᠬᠠᠢ ᠢᠯᠡ ᠨᠡᠶᠢᠲᠡᠯᠡᠯ.docx 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map