ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠠᠵᠢᠯᠯᠠᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠢ ᠡᠷᠭᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/8/9
           ᠥᠪᠥᠷ ᠰᠤᠷᠭᠠᠨ ᠤᠯᠤᠰ ᠲᠥᠷᠥ ᠬᠠᠤᠯᠢ ᠴᠠᠭᠠᠵᠠ ᠪᠢᠴᠢᠭ ﹇2023﹈ 17 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠵᠠᠯᠠᠭᠤᠴᠤᠳ ᠪᠠᠭᠠᠴᠤᠳ ᠤᠨ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠰᠤᠷᠤᠭᠴᠢᠳ ᠤᠨ ︿ᠦᠨᠳᠦᠰᠦᠨ ᠬᠠᠤᠯᠢ ᠶᠢ ᠰᠤᠷᠤᠯᠴᠠᠵᠤ᠂ ᠦᠨᠳᠦᠰᠦᠨ ᠬᠠᠤᠯᠢ ᠶᠢ ᠡᠷᠬᠢᠮᠯᠡᠬᠦ﹀ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ︵ᠰᠤᠷᠭᠠᠨ ᠤᠯᠤᠰ ᠲᠥᠷᠥ ᠬᠠᠤᠯᠢ ᠴᠠᠭᠠᠵᠠ ᠲᠢᠩᠬᠢᠮ ᠪᠢᠴᠢᠭ ﹇2023﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 8 ᠳ᠋ᠤᠭᠠᠷ ᠰᠠᠷ᠎ᠠ ᠶᠢᠨ ᠰᠡᠭᠦᠯᠴᠢ ᠪᠠᠷ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ᠂ ᠦᠨᠳᠦᠰᠦᠨ ᠬᠠᠤᠯᠢ ᠶᠢ ᠡᠷᠬᠢᠮᠯᠡᠬᠦ︾ ᠠᠵᠢᠯᠯᠠᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠢ ᠡᠷᠭᠢᠯᠡᠬᠦ ᠪᠠᠷ ᠳᠣᠭᠲᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠭᠢᠯᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠪᠦᠬᠦᠯᠢ ᠴᠣᠭᠴᠠ ᠶᠢᠨ ᠲᠣᠬᠢᠷᠠᠭᠤᠯᠤᠯᠲᠠ      1 . ᠴᠠᠭ᠄ 2022 ᠣᠨ ᠤ 8 ᠳ᠋ᠤᠭᠠᠷ ᠰᠠᠷ᠎ᠠ ᠶᠢᠨ 21- 29 ᠤ ᠡᠳᠦᠷ ︵21 ᠤ ᠡᠳᠦᠷ ᠰᠦᠯᠵᠢᠶᠡᠨ ᠳᠤ ᠨᠡᠷ᠎ᠡ ᠮᠡᠳᠡᠭᠦᠯᠦᠨ᠎ᠡ︶      2 . ᠬᠡᠯᠪᠡᠷᠢ᠄ ᠤᠷᠤᠯᠳᠤᠭᠠᠨ ᠨᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠥᠬᠡᠬᠤᠲᠠ ᠳᠤ ᠭᠤᠤᠯ ᠤᠷᠤᠯᠳᠤᠭᠠᠨ ᠤ ᠲᠠᠯᠠᠪᠤᠷ ᠭᠠᠷᠭᠠᠵᠤ᠂ ᠡᠯ᠎ᠡ ᠠᠶᠢᠮᠠᠭ ᠬᠤᠲᠠ᠂ ᠳᠡᠭᠡᠳᠦ ᠰᠤᠷᠭᠠᠭᠤᠯᠢ ᠳᠤ ᠬᠤᠪᠢᠶᠠᠷᠢ ᠤᠷᠤᠯᠳᠤᠭᠠᠨ ᠤ ᠲᠠᠯᠠᠪᠤᠷ ᠭᠠᠷᠭᠠᠨ᠂ ᠬᠤᠪᠢᠶᠠᠷᠢ ᠤᠷᠤᠯᠳᠤᠭᠠᠨ ᠤ ᠲᠠᠯᠠᠪᠤᠷ ᠨᠢ ᠸᠢᠳᠢᠣ᠋ ᠬᠤᠷᠠᠯ ᠢᠶᠠᠷ ᠳᠠᠮᠵᠢᠭᠤᠯᠤᠨ ᠭᠤᠤᠯ ᠤᠷᠤᠯᠳᠤᠭᠠᠨ ᠤ ᠲᠠᠯᠠᠪᠤᠷ ᠲᠠᠢ ᠬᠤᠯᠪᠤᠯᠳᠤᠨ ᠣᠷᠣᠯᠴᠠᠨ᠎ᠠ᠃ ᠰᠦᠯᠵᠢᠶᠡᠨ ᠳᠠᠬᠢ ᠤᠷᠤᠯᠳᠤᠭᠠᠨ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ ᠳᠡᠰ ᠤᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠢ ᠰᠢᠯᠭᠠᠷᠠᠭᠤᠯᠤᠨ᠎ᠠ᠃ ᠨᠢᠭᠡᠳᠦᠭᠡᠷ ᠳᠡᠰ ᠤᠨ ᠱᠠᠩᠨᠠᠯ ᠣᠯᠤᠭᠰᠠᠳ ᠬᠥᠬᠡᠬᠤᠲᠠ ᠶᠢᠨ ᠭᠤᠣᠯ ᠤᠷᠤᠯᠳᠤᠭᠠᠨ ᠤ ᠲᠠᠯᠠᠪᠤᠷ ᠤᠨ ᠰᠦᠯᠵᠢᠶᠡᠨ ᠭᠠᠳᠠᠨᠠᠬᠢ ᠤᠷᠤᠯᠳᠤᠭᠠᠨ ᠤ ᠰᠢᠯᠢᠳᠡᠭ ᠣᠷᠣᠯᠴᠠᠭᠰᠠᠳ ᠢ ᠰᠢᠯᠭᠠᠷᠠᠭᠤᠯᠬᠤ ᠳᠤ ᠣᠷᠣᠯᠴᠠᠵᠤ᠂ ᠲᠥᠯᠦᠭᠡᠯᠡᠭᠴᠢ ᠶᠢᠨ ᠠᠩᠭᠢ ᠶᠢ ᠪᠥᠷᠢᠯᠳᠦᠭᠦᠯᠦᠨ᠂ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠯᠴᠠᠨ᠎ᠠ᠃ ᠪᠣᠳᠠᠲᠠᠶ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠶᠢ ᠠᠷᠤ ᠳᠤ ᠳᠠᠭᠠᠯᠳᠤᠭᠤᠯᠪᠠ ︵ᠳᠠᠭᠠᠯᠳᠤᠭᠤᠯᠤᠯ 1 ᠶᠢ ᠦᠵᠡᠭᠡᠷᠡᠢ︶᠃      3 . ᠤᠷᠤᠯᠳᠤᠭᠠᠨ ᠤ ᠲᠠᠯᠠᠪᠤᠷ ᠤᠨ ᠪᠡᠯᠡᠳᠬᠡᠯ᠄ ᠠᠶᠢᠮᠠᠭ ᠬᠤᠲᠠ᠂ ᠳᠡᠭᠡᠳᠦ ᠰᠤᠷᠭᠠᠭᠤᠯᠢ ᠶᠢ ᠤᠷᠢᠵᠤ ᠬᠤᠪᠢᠶᠠᠷᠢ ᠤᠷᠤᠯᠳᠤᠭᠠᠨ ᠤ ᠲᠠᠯᠠᠪᠤᠷ ᠤᠨ ᠪᠠᠶᠢᠷᠢ ᠲᠠᠯᠠᠪᠤᠷ᠂ ᠲᠥᠬᠦᠭᠡᠷᠦᠮᠵᠢ ᠵᠡᠷᠭᠡ ᠶᠢ ᠪᠠᠶᠢᠷᠢᠯᠠᠭᠤᠯᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ 8 ᠳ᠋ᠤᠭᠠᠷ ᠰᠠᠷ᠎ᠠ ᠶᠢᠨ 19 - 20 ᠤ ᠡᠳᠦᠷ ᠪᠣᠯᠲᠠᠯ᠎ᠠ ᠸᠢᠳᠢᠣ᠋ ᠬᠤᠷᠠᠯ ᠢᠶᠠᠷ ᠳᠠᠮᠵᠢᠭᠤᠯᠤᠨ ᠬᠥᠬᠡᠬᠤᠲᠠ ᠶᠢᠨ ᠭᠤᠤᠯ ᠤᠷᠤᠯᠳᠤᠭᠠᠨ ᠤ ᠲᠠᠯᠠᠪᠤᠷ ᠲᠠᠢ ᠬᠤᠯᠪᠤᠵᠤ᠂ ᠠᠯᠤᠰ ᠠᠴᠠ ᠡᠵᠡᠮᠰᠢᠨ ᠲᠣᠬᠢᠷᠠᠭᠤᠯᠤᠨ ᠲᠤᠷᠰᠢᠨ᠎ᠠ᠃      4 . ᠨᠡᠷ᠎ᠡ ᠮᠡᠳᠡᠭᠦᠯᠬᠦ᠄ 8 ᠳ᠋ᠤᠭᠠᠷ ᠰᠠᠷ᠎ᠠ ᠶᠢᠨ 21 ᠤ ᠡᠳᠦᠷ᠂ ᠰᠦᠯᠵᠢᠶᠡᠨ ᠳᠠᠬᠢ ᠳᠠᠭᠠᠭᠤᠯᠤᠭᠴᠢ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠤ ᠪᠣᠳᠠᠲᠠᠶ ᠵᠦᠢᠯ ᠢ ᠪᠠᠶᠢᠷᠢᠯᠠᠭᠤᠯᠤᠨ ᠲᠣᠬᠢᠷᠠᠭᠤᠯᠤᠨ᠎ᠠ᠃ ᠡᠯ᠎ᠡ ᠭᠠᠵᠠᠷ ᠤᠨ ᠬᠤᠪᠢᠶᠠᠷᠢ ᠤᠷᠤᠯᠳᠤᠭᠠᠨ ᠤ ᠲᠠᠯᠠᠪᠤᠷ ᠨᠢ ᠸᠢᠳᠢᠣ᠋ ᠬᠤᠷᠠᠯ ᠢᠶᠠᠷ ᠳᠡᠮᠵᠢᠨ ᠭᠤᠤᠯ ᠤᠷᠤᠯᠳᠤᠭᠠᠨ ᠤ ᠲᠠᠯᠠᠪᠤᠷ ᠲᠠᠢ ᠬᠤᠯᠪᠤᠯᠳᠤᠵᠤ᠂ ᠡᠯ᠎ᠡ ᠲᠥᠯᠦᠭᠡᠯᠡᠭᠴᠢ ᠶᠢᠨ ᠠᠩᠭᠢ ᠶᠢᠨ ᠤᠷᠤᠯᠳᠤᠭᠠᠨ ᠳᠤ ᠣᠷᠣᠯᠴᠠᠭᠰᠠᠳ ᠰᠦᠯᠵᠢᠶᠡᠨ ᠳᠤ ᠨᠡᠷ᠎ᠡ ᠮᠡᠳᠡᠭᠦᠯᠬᠦ ᠵᠢᠴᠢ ᠳᠠᠭᠤᠷᠢᠶᠠᠮᠠᠯ ᠰᠣᠷᠢᠯᠲᠠ ᠬᠢᠨ᠎ᠡ᠃ ᠨᠡᠷ᠎ᠡ ᠮᠡᠳᠡᠭᠦᠯᠦᠭᠰᠡᠨ ᠤ ᠳᠠᠷᠠᠭ᠎ᠠ᠂ ᠬᠥᠬᠡᠬᠤᠲᠠ ᠶᠢᠨ ᠭᠤᠤᠯ ᠤᠷᠤᠯᠳᠤᠭᠠᠨ ᠤ ᠲᠠᠯᠠᠪᠤᠷ ᠲᠤ ᠶᠠᠷᠢᠶ᠎ᠠ ᠢᠯᠡᠳᠬᠡᠯ ᠤᠨ ᠤᠷᠤᠯᠳᠤᠭᠠᠨ ᠳᠤ ᠣᠷᠣᠯᠴᠠᠭᠰᠠᠳ ᠤᠨ ᠰᠢᠪᠠᠭ᠎ᠠ ᠰᠤᠭᠤᠯᠬᠤ ᠠᠵᠢᠯ ᠢ ᠨᠢᠭᠡᠳᠦᠯᠲᠡᠶ  ᠶᠠᠪᠤᠭᠳᠠᠭᠤᠯᠤᠨ᠎ᠠ᠃ ᠡᠯ᠎ᠡ ᠭᠠᠵᠠᠷ ᠤᠨ ᠬᠤᠪᠢᠶᠠᠷᠢ ᠤᠷᠤᠯᠳᠤᠭᠠᠨ ᠤ ᠲᠠᠯᠠᠪᠤᠷ ᠤᠨ ᠮᠡᠷᠭᠡᠵᠢᠯᠲᠡᠨ ᠮᠡᠷᠭᠡᠵᠢᠯ ᠢ ᠪᠠᠲᠤᠯᠬᠠᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠢ᠃      5 . ᠰᠢᠯᠭᠠᠷᠠᠭᠤᠯᠬᠤ ᠺᠣᠮᠢᠰ᠄ ᠲᠤᠰ ᠬᠤᠭᠤᠴᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠪᠠ ᠮᠡᠳᠡᠯᠭᠡ ᠶᠢᠨ ᠤᠷᠤᠯᠳᠤᠭᠠᠨ ᠲᠤᠰ ᠲᠤᠰ ᠰᠢᠯᠭᠠᠷᠠᠭᠤᠯᠬᠤ ᠳᠤᠭᠤᠶᠢᠯᠠᠩ ᠪᠠᠶᠢᠭᠤᠯᠤᠨ᠎ᠠ᠃ ᠶᠠᠷᠢᠶ᠎ᠠ ᠢᠯᠡᠳᠬᠡᠯ ᠤᠨ ᠤᠷᠤᠯᠳᠤᠭᠠᠨ ᠳᠤ ᠦᠨᠳᠦᠰᠦᠨ ᠬᠠᠤᠯᠢ ᠪᠣᠯᠤᠨ ᠵᠠᠰᠠᠭ ᠵᠠᠬᠢᠷᠭᠠᠨ ᠤ ᠬᠠᠤᠯᠢ ᠶᠢᠨ ᠤᠬᠠᠭᠠᠨ᠂ ᠰᠤᠷᠭᠠᠨ ᠬᠥᠮᠦᠵᠢᠯ ᠤᠨ ᠤᠬᠠᠭᠠᠨ᠂ ᠳᠠᠮᠵᠢᠭᠤᠯᠭ᠎ᠠ ᠶᠢᠨ ᠤᠬᠠᠭᠠᠨ ᠵᠡᠷᠭᠡ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠢ ᠤᠷᠢᠵᠤ ᠬᠠᠮᠲᠤ ᠳᠤ ᠪᠠᠨ ᠰᠢᠯᠭᠠᠷᠠᠭᠤᠯᠬᠤ ᠳᠤᠭᠤᠶᠢᠯᠠᠩ ᠪᠠᠶᠢᠭᠤᠯᠵᠤ᠂ ᠰᠢᠯᠭᠠᠷᠠᠭᠤᠯᠬᠤ ᠺᠣᠮᠢᠰ ᠤᠨ ᠭᠡᠰᠢᠭᠦᠨ ᠭᠤᠤᠯᠳᠠᠭᠤ ᠶᠠᠷᠢᠶ᠎ᠠ ᠢᠯᠡᠳᠬᠡᠯ ᠤᠨ ᠠᠭᠤᠯᠭ᠎ᠠ᠂ ᠬᠡᠯᠡᠨ ᠤ ᠢᠯᠡᠳᠬᠡᠯᠲᠡ᠂ ᠪᠦᠬᠦᠯᠢ ᠴᠣᠭᠴᠠ ᠶᠢᠨ ᠦᠷ᠎ᠡ ᠪᠦᠲᠦᠮᠵᠢ ᠵᠡᠷᠭᠡ ᠲᠠᠯ᠎ᠠ ᠪᠠᠷ ᠰᠣᠷᠣᠭᠴᠢ ᠶᠢ ᠦᠨᠡᠯᠡᠵᠦ᠂ ᠰᠢᠯᠭᠠᠷᠠᠭᠤᠯᠬᠤ ᠺᠣᠮᠢᠰ ᠤᠨ ᠪᠥᠬᠦ ᠭᠡᠰᠢᠭᠦᠨ ᠤ ᠥᠭᠭᠦᠭᠰᠡᠨ ᠬᠤᠪᠢ ᠶᠢ ᠨᠡᠮᠡᠭᠰᠡᠨ ᠤ ᠳᠠᠷᠠᠭᠠᠬᠢ ᠬᠤᠪᠢ ᠶᠢᠨ ᠳᠤᠮᠳᠠᠴᠢ ᠬᠤᠪᠢ ᠪᠣᠯ ᠣᠷᠣᠯᠴᠠᠭᠰᠠᠳ ᠤᠨ ᠭᠤᠤᠯ ᠰᠡᠳᠦᠪᠲᠦ ᠶᠠᠷᠢᠶᠠᠨ ᠤ ᠡᠴᠦᠰ ᠤᠨ ᠬᠤᠪᠢ ᠪᠣᠯᠤᠨ᠎ᠠ᠃ ᠮᠡᠳᠡᠯᠭᠡ ᠶᠢᠨ ᠤᠷᠤᠯᠳᠤᠭᠠᠨ ᠤ ᠪᠡᠶᠡᠴᠢ ᠰᠡᠳᠦᠪ ᠤᠨ ᠬᠡᠰᠡᠭ ᠲᠤ ᠦᠨᠳᠦᠰᠦᠨ ᠬᠠᠤᠯᠢ ᠪᠠ ᠵᠠᠰᠠᠭ ᠵᠠᠬᠢᠷᠭᠠᠨ ᠤ ᠬᠠᠤᠯᠢ ᠶᠢᠨ ᠤᠬᠠᠭᠠᠨ ᠤ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠬᠤ ᠳᠤᠭᠤᠶᠢᠯᠠᠩ ᠢ ᠪᠦᠷᠢᠯᠳᠦᠭᠦᠯᠵᠦ᠂ ᠬᠢᠨᠠᠨ ᠲᠣᠭᠲᠠᠭᠠᠬᠤ ᠭᠡᠰᠢᠭᠦᠨ ᠭᠤᠤᠯᠳᠠᠭᠤ ᠲᠤᠰᠬᠠᠶ ᠮᠡᠷᠭᠡᠵᠢᠯ  ᠤᠨ ᠮᠡᠳᠡᠯᠭᠡ᠂ ᠬᠡᠯᠡᠨ ᠤ ᠢᠯᠡᠳᠬᠡᠯᠲᠡ ᠪᠠ ᠪᠦᠬᠦᠯᠢ ᠴᠣᠭᠴᠠ ᠶᠢᠨ ᠦᠷ᠎ᠡ ᠪᠦᠲᠦᠮᠵᠢ ᠵᠡᠷᠭᠡ ᠲᠠᠯ᠎ᠠ ᠠᠴᠠ ᠰᠤᠷᠤᠭᠴᠢᠳ ᠢ ᠦᠨᠡᠯᠡᠵᠦ᠂ ᠬᠢᠨᠠᠨ ᠲᠣᠭᠲᠠᠭᠠᠬᠤ ᠪᠥᠬᠦ ᠭᠡᠰᠢᠭᠦᠨ ᠤ ᠥᠭᠭᠦᠭᠰᠡᠨ ᠬᠤᠪᠢ ᠶᠢ ᠨᠡᠮᠡᠭᠰᠡᠨ ᠤ ᠳᠠᠷᠠᠭᠠᠬᠢ ᠬᠤᠪᠢ ᠶᠢᠨ ᠳᠤᠮᠳᠠᠴᠢ ᠬᠤᠪᠢ ᠪᠣᠯ ᠣᠷᠣᠯᠴᠠᠭᠰᠠᠳ ᠤᠨ ᠮᠡᠳᠡᠯᠭᠡ ᠶᠢᠨ ᠤᠷᠤᠯᠳᠤᠭᠠᠨ ᠤ ᠪᠡᠶᠡᠴᠢ ᠰᠡᠳᠦᠪ ᠤᠨ ᠡᠴᠦᠰ ᠤᠨ ᠬᠤᠪᠢ ᠪᠣᠯᠤᠨ᠎ᠠ᠃      ᠬᠤᠶᠠᠷ᠂ ᠤᠷᠤᠯᠳᠤᠭᠠᠨ ᠳᠤ ᠣᠷᠣᠯᠴᠠᠭᠰᠠᠳ      ᠤᠷᠤᠯᠳᠤᠭᠠᠨ ᠳᠤ ᠣᠷᠣᠯᠴᠠᠬᠤ ᠡᠲᠡᠭᠡᠳ ᠲᠤ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠰᠢᠯᠭᠠᠷᠠᠭᠤᠯᠤᠭᠰᠠᠨ ᠡᠯ᠎ᠡ ᠳᠤᠭᠤᠶᠢᠯᠠᠩ ᠢ ᠪᠠᠭᠲᠠᠭᠠᠨ᠎ᠠ᠃ ᠡᠯ᠎ᠡ ᠠᠶᠢᠮᠠᠭ ᠬᠤᠳᠠ᠂ ᠳᠡᠭᠡᠳᠦ ᠰᠤᠷᠭᠠᠭᠤᠯᠢ ᠶᠢᠨ  ᠬᠢᠨ ᠰᠢᠯᠢᠳᠡᠭ ᠢ ᠰᠣᠩᠭᠤᠵᠤ ᠲᠥᠯᠦᠭᠡᠯᠡᠭᠴᠢ ᠶᠢᠨ ᠪᠦᠯᠬᠦᠮ ᠪᠠᠶᠢᠭᠤᠯᠤᠨ᠂ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠤᠨ᠎ᠠ᠃ ᠲᠥᠯᠦᠭᠡᠯᠡᠭᠴᠢ ᠶᠢᠨ ᠠᠩᠭᠢ 10-15 ᠬᠥᠮᠦᠨ ᠢᠶᠠᠷ ᠪᠦᠷᠢᠯᠳᠦᠪᠡ᠃ ᠨᠢᠭᠡ ᠳᠤ᠂ 1 ᠳᠠᠭᠠᠭᠤᠯᠤᠭᠴᠢ᠂ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠲᠥᠯᠦᠭᠡᠯᠡᠭᠴᠢ ᠶᠢᠨ ᠠᠩᠭᠢ ᠶᠢᠨ ᠤᠷᠤᠯᠳᠤᠭᠠᠨ ᠳᠤ ᠣᠷᠣᠯᠴᠠᠬᠤ ᠪᠦᠬᠦᠯᠢ ᠴᠣᠭᠴᠠ ᠶᠢᠨ ᠵᠣᠬᠢᠶᠠᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳᠠᠭᠠᠭᠤᠯᠤᠭᠴᠢ ᠶᠢ ᠤᠯᠤᠰ ᠲᠥᠷᠥ ᠶᠢᠨ ᠵᠣᠭᠰᠣᠯᠲᠠ ᠪᠠᠲᠤ᠂ ᠦᠵᠡᠯ ᠰᠠᠨᠠᠭᠠᠨ ᠤ ᠬᠡᠪ ᠴᠢᠨᠠᠷ ᠴᠢᠩᠭ᠎ᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠺᠠᠳ᠋ᠷ ᠡᠭᠦᠷᠭᠡᠯᠡᠵᠦ᠂ ᠠᠵᠢᠯᠯᠠᠭᠠᠨ ᠤ ᠶᠠᠪᠤᠴᠠ ᠳᠤ ᠡᠷᠬᠡᠪᠰᠢ ᠬᠤᠯᠪᠣᠭᠳᠠᠯ ᠪᠦᠬᠦᠢ ᠠᠵᠢᠯ ᠢ ᠨᠠᠷᠢᠨ ᠬᠢᠨᠠᠮᠠᠭᠠᠶ ᠬᠠᠮᠵᠢᠨ ᠥᠷᠨᠢᠭᠦᠯᠬᠦ ᠬᠡᠷᠡᠭᠲᠡᠶ᠃ ᠬᠤᠶᠠᠷ ᠲᠤ᠂ ᠤᠷᠤᠯᠳᠤᠭᠠᠨ ᠳᠤ 4 - 8 ᠰᠣᠷᠣᠭᠴᠢ ᠣᠷᠣᠯᠴᠠᠨ᠎ᠠ᠃ ᠡᠭᠦᠨ ᠳᠤ ᠬᠤᠪᠢ ᠬᠥᠮᠦᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠪᠠ ᠪᠦᠯᠬᠦᠮ ᠨᠡᠶᠢᠲᠡ ᠶᠢᠨ ᠮᠡᠳᠡᠯᠭᠡ ᠶᠢᠨ ᠤᠷᠤᠯᠳᠤᠭᠠᠨ ᠳᠤ ᠣᠷᠣᠯᠴᠠᠬᠤ ᠰᠣᠷᠣᠭᠴᠢ ᠲᠤᠰ ᠪᠦᠷᠢ 4 ᠬᠥᠮᠦᠨ᠄ ᠪᠠᠭ᠎ᠠ ᠰᠤᠷᠭᠠᠭᠤᠯᠢ ᠶᠢᠨ ᠰᠣᠷᠣᠭᠴᠢ 1᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ 1᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ︵ᠳᠤᠮᠳᠠ ᠵᠡᠷᠭᠡ ᠶᠢᠨ ᠠᠵᠢᠯ ᠮᠡᠷᠭᠡᠵᠢᠯ ᠶᠢᠨ ᠰᠤᠷᠭᠠᠭᠤᠯᠢ ᠶᠢ ᠪᠠᠭᠲᠠᠭᠠᠨ᠎ᠠ︶ 1᠂ ᠣᠶᠤᠲᠠᠨ ︵ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠤᠶᠤ ᠲᠤᠰᠬᠠᠶ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢ ᠪᠠᠭᠲᠠᠭᠠᠨ᠎ᠠ︶ 1 ᠪᠠᠶᠢᠬᠤ ᠬᠡᠷᠡᠭᠲᠡᠢ᠃ ᠰᠤᠷᠤᠭᠴᠢ ᠬᠤᠶᠠᠷ ᠤᠷᠤᠯᠳᠤᠭᠠᠨ ᠳᠤ ᠵᠡᠷᠭᠡ ᠪᠠᠷ ᠨᠡᠷ᠎ᠡ ᠮᠡᠳᠡᠭᠦᠯᠵᠦ ᠪᠣᠯᠤᠨ᠎ᠠ᠃ ᠭᠤᠷᠪᠠ ᠳᠤ᠂ ᠶᠠᠷᠢᠶᠠᠨ ᠤ ᠤᠷᠤᠯᠳᠤᠭᠠᠨ ᠤ ᠵᠢᠯᠤᠭᠤᠳᠤᠭᠴᠢ ᠪᠠᠭᠰᠢ 4᠂ ᠮᠡᠳᠡᠯᠭᠡ ᠶᠢᠨ ᠤᠷᠤᠯᠳᠤᠭᠠᠨ ᠤ ᠵᠢᠯᠤᠭᠤᠳᠤᠭᠴᠢ ᠪᠠᠭᠰᠢ 1- 2᠃ ᠪᠠᠭᠰᠢ ᠶᠢ ᠤᠯᠤᠰ ᠲᠦᠷᠦ ᠶᠢᠨ ᠵᠣᠭᠰᠣᠯᠲᠠ ᠪᠠᠲᠤ ᠴᠢᠩᠭ᠎ᠠ᠂ ᠦᠵᠡᠯ ᠰᠠᠨᠠᠭᠠᠨ ᠤ ᠬᠡᠪ ᠴᠢᠨᠠᠷ ᠪᠠᠲᠤ ᠴᠢᠩᠭ᠎ᠠ᠂ ᠲᠤᠰᠬᠠᠢ ᠮᠡᠷᠭᠡᠵᠢᠯ ᠤᠨ ᠴᠢᠳᠠᠪᠤᠷᠢ ᠪᠠᠲᠤ ᠴᠢᠩᠭ᠎ᠠ ᠬᠥᠮᠦᠨ ᠡᠭᠦᠷᠭᠡᠯᠡᠵᠦ᠂ ᠰᠤᠷᠤᠭᠴᠢᠳ ᠢ ᠵᠢᠯᠣᠭᠤᠳᠤᠨ ᠤᠷᠤᠯᠳᠤᠭᠠᠨ ᠤ ᠵᠣᠷᠢᠯᠭ᠎ᠠ ᠪᠠ ᠦᠢᠯᠡᠳᠦᠯ ᠢ ᠵᠥᠪ ᠲᠠᠨᠢᠭᠤᠯᠵᠤ᠂ ᠤᠷᠤᠯᠳᠤᠭᠠᠨ ᠤ ᠦᠷ᠎ᠡ ᠳ᠋ᠦᠩ ᠳᠤ ᠣᠶᠤᠨᠴᠢ ᠪᠠᠷ ᠬᠠᠨᠳᠤᠭᠤᠯᠬᠤ ᠬᠡᠷᠡᠭᠲᠡᠢ᠃      ᠭᠤᠷᠪᠠ᠂ ᠮᠠᠲ᠋ᠧᠷᠢᠶᠠᠯ ᠢ ᠮᠡᠳᠡᠭᠦᠯᠬᠦ      ᠡᠯ᠎ᠡ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠬᠢᠨ ᠤᠷᠤᠯᠳᠤᠭᠠᠨ ᠳᠤ ᠣᠷᠣᠯᠴᠠᠭᠰᠠᠳ ᠤᠨ ᠶᠠᠷᠢᠶᠠᠨ ᠤ ᠡᠬᠡ ᠨᠤᠤᠷᠠᠭ ᠢ ᠴᠢᠩᠭ᠎ᠠ ᠬᠢᠨᠠᠨ ᠪᠠᠶᠢᠴᠠᠭᠠᠵᠤ᠂ ᠱᠠᠲᠤ ᠱᠠᠲᠤ ᠪᠠᠷ ᠴᠢᠩᠭ᠎ᠠ ᠠᠳᠬᠤᠨ᠂ 2023 ᠣᠨ ᠤ 8 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠮᠡᠳᠡᠭᠡ ᠵᠠᠩᠭᠢ ᠶᠢ ᠳᠣᠣᠷᠠᠬᠢ ᠢᠮᠧᠯ᠄ ndfxyhml@163.com ᠲᠤ ᠪᠣᠭᠤᠳᠠᠯᠯᠠᠵᠤ ᠢᠯᠡᠭᠡᠭᠡᠷᠡᠶ᠃ ︵ᠲᠤᠰᠠᠭᠠᠷ ᠢᠶᠠᠨ ᠮᠡᠳᠡᠭᠦᠯᠬᠦ ᠶᠢ ᠬᠦᠯᠢᠶᠡᠨ ᠠᠪᠬᠤ ᠦᠭᠡᠶ︶᠃      1 . ᠳᠠᠭᠠᠯᠳᠤᠭᠤᠯᠤᠯ 2᠄ ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠤ ᠲᠥᠯᠦᠭᠡᠯᠡᠭᠴᠢ ᠶᠢᠨ ᠠᠩᠭᠢ ᠶᠢᠨ ᠪᠦᠷᠢᠯᠳᠦᠬᠦᠨ ᠤ ᠮᠡᠳᠡᠭᠡ ᠵᠠᠩᠭᠢ ᠶᠢᠨ ᠬᠤᠷᠢᠶᠠᠩᠭᠤᠶ ᠬᠦᠰᠦᠨᠦᠭᠲᠦ ︵ᠠᠯᠪᠠᠨ ᠲᠠᠮᠠᠭ᠎ᠠ ᠳᠠᠷᠤᠭᠰᠠᠨ ᠤ ᠳᠠᠷᠠᠭᠠᠬᠢ ᠰᠢᠷᠪᠢᠯᠲᠡ ᠶᠢ ᠠᠰ ᠲᠤ ᠨᠢ ᠮᠡᠳᠡᠭᠦᠯᠬᠦ ᠬᠡᠷᠡᠭᠲᠡᠢ︶      2 . ᠳᠠᠭᠠᠯᠳᠤᠭᠤᠯᠤᠯ 3᠄ ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ ︵ᠠᠯᠪᠠᠨ ᠲᠠᠮᠠᠭ᠎ᠠ ᠳᠠᠷᠤᠭᠰᠠᠨ ᠤ ᠳᠠᠷᠠᠭᠠᠬᠢ ᠰᠢᠷᠪᠢᠯᠲᠡ ᠶᠢ ᠠᠰ ᠲᠤ ᠨᠢ ᠮᠡᠳᠡᠭᠦᠯᠬᠦ ᠬᠡᠷᠡᠭᠲᠡᠢ︶      3 . ᠶᠠᠷᠢᠶ᠎ᠠ ᠢᠯᠡᠳᠬᠡᠯ ᠤᠨ ᠤᠷᠤᠯᠳᠤᠭᠠᠨ ᠳᠤ ᠣᠷᠣᠯᠴᠠᠬᠤ 4 ᠣᠷᠣᠯᠴᠠᠭᠴᠢ ᠤᠷᠤᠯᠳᠤᠭᠠᠨ ᠤ ᠶᠠᠷᠢᠶ᠎ᠠ ᠢᠯᠡᠳᠬᠡᠯ ᠤᠨ ᠡᠬᠡ ᠪᠢᠴᠢᠭ ᠢ ︵word ᠪᠢᠴᠢᠭᠯᠡᠯ᠂ ᠪᠢᠴᠢᠭ ᠮᠠᠲ᠋ᠧᠷᠢᠶᠠᠯ ᠤᠨ ᠨᠡᠷᠡᠶᠢᠳᠦᠯ ᠤᠨ ᠬᠡᠯᠪᠡᠷᠢ ᠶᠢ ᠰᠣᠩᠭᠤᠨ ᠬᠦᠷᠭᠡᠬᠦ ᠨᠢᠭᠡᠴᠢ + ᠣᠷᠣᠯᠴᠠᠭᠰᠠᠳ ᠤᠨ ᠨᠡᠷ᠎ᠡ + ᠶᠠᠷᠢᠶ᠎ᠠ ᠢᠯᠡᠳᠬᠡᠯ ᠤᠨ ᠰᠡᠳᠦᠪ︶ ᠭᠡᠵᠦ ᠢᠯᠡᠭᠡᠨ᠎ᠡ᠃ ᠶᠠᠷᠢᠶᠠᠨ ᠤ ᠡᠬᠡ ᠨᠣᠣᠷᠠᠭ ᠲᠤ ᠬᠠᠭᠤᠯᠤᠭᠰᠠᠨ ᠪᠤᠶᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠵᠣᠬᠢᠶᠠᠨ ᠪᠠᠶᠢᠭᠤᠯᠬᠤ ᠺᠣᠮᠢᠰ ᠠᠴᠠ ᠲᠡᠭᠦᠨ ᠤ ᠤᠷᠤᠯᠳᠤᠭᠠᠨ ᠳᠤ ᠣᠷᠣᠯᠴᠠᠬᠤ᠂ ᠱᠠᠩᠨᠠᠯ ᠬᠦᠷᠲᠡᠬᠦ ᠬᠢᠷᠢ ᠬᠡᠮ ᠢ ᠬᠦᠴᠦᠨ ᠦᠭᠡᠶ ᠪᠣᠯᠭᠠᠵᠤ᠂ ᠱᠠᠩᠨᠠᠯ ᠤᠨ ᠦᠨᠡᠮᠯᠡᠯ ᠢ ᠬᠤᠷᠢᠶᠠᠨ ᠠᠪᠬᠤ ᠡᠷᠬᠡ ᠲᠠᠢ᠃ ᠵᠣᠬᠢᠶᠠᠨ ᠪᠠᠶᠢᠭᠤᠯᠬᠤ ᠺᠣᠮᠢᠰ ᠠᠴᠠ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠣᠷᠣᠯᠴᠠᠭᠰᠠᠳ ᠤᠨ ᠬᠢᠷᠢ ᠬᠡᠮ ᠢ ᠬᠢᠨᠠᠨ ᠪᠠᠶᠢᠴᠠᠭᠠᠯᠭᠠᠬᠤ ᠪᠠᠷ ᠮᠡᠳᠡᠭᠦᠯᠦᠭᠰᠡᠨ ᠤ ᠳᠠᠷᠠᠭ᠎ᠠ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠰᠦᠯᠵᠢᠶ᠎ᠡ ᠳᠤ ᠢᠯᠡ ᠨᠡᠶᠢᠲᠡᠯᠡᠨ᠎ᠡ᠃      ᠳᠥᠷᠪᠡ᠂ ᠰᠦᠯᠵᠢᠶᠡᠨ ᠳᠠᠬᠢ ᠤᠷᠤᠯᠳᠤᠭᠠᠨ ᠤ ᠠᠩᠬᠠᠷᠬᠤ ᠵᠦᠢᠯ      1 . ᠵᠣᠬᠢᠶᠠᠨ ᠪᠠᠶᠢᠭᠤᠯᠬᠤ ᠺᠣᠮᠢᠰ 2023 ᠣᠨ ᠤ 8 ᠳ᠋ᠤᠭᠠᠷ ᠰᠠᠷ᠎ᠠ ᠶᠢᠨ ᠡᠬᠢ ᠪᠠᠷ ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠤ ᠳᠠᠭᠠᠭᠤᠯᠤᠭᠴᠢ ᠶᠢᠨ ᠰᠣᠯᠢᠯᠴᠠᠭᠠᠨ ᠤ ᠴᠤᠭᠯᠠᠷᠠᠯ ᠢ ᠪᠠᠶᠢᠭᠤᠯᠵᠤ᠂ ᠬᠠᠮᠢᠶ᠎ᠠ ᠪᠥᠬᠦᠶ ᠮᠡᠳᠡᠭᠳᠡᠯ᠂ ᠤᠷᠤᠯᠳᠤᠭᠠᠨ ᠤ ᠲᠠᠯᠠᠪᠤᠷ ᠪᠣᠯᠤᠨ ᠲᠥᠬᠦᠭᠡᠷᠦᠮᠵᠢ ᠶᠢᠨ ᠱᠠᠭᠠᠷᠳᠠᠯᠭ᠎ᠠ᠂ ᠤᠷᠤᠯᠳᠤᠭᠠᠨ ᠤ ᠴᠠᠭ ᠪᠣᠯᠤᠨ ᠳᠡᠰ ᠳᠠᠷᠠᠭᠠᠯᠠᠯ ᠵᠡᠷᠭᠡ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠨ᠎ᠡ᠃ ᠬᠠᠮᠢᠶ᠎ᠠ ᠪᠦᠬᠦᠢ ᠮᠠᠲ᠋ᠧᠷᠢᠶᠠᠯ ᠤᠨ ᠨᠠᠷᠢᠨ ᠳᠠᠩᠰᠠ ᠶᠢ ᠳᠠᠭᠠᠯᠳᠤᠭᠤᠯᠤᠯ 5 ᠳᠤ ᠦᠵᠡᠭᠡᠷᠡᠢ᠃      2 . ᠡᠯ᠎ᠡ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠲᠥᠯᠦᠭᠡᠯᠡᠭᠴᠢ ᠶᠢᠨ ᠠᠩᠭᠢ ᠶᠢᠨ ᠪᠦᠷᠢᠯᠳᠦᠬᠦᠨ ᠰᠦᠯᠵᠢᠶᠡᠨ ᠳᠤ ᠨᠡᠷ᠎ᠡ ᠮᠡᠳᠡᠭᠦᠯᠬᠦ᠂ ᠪᠠᠶᠢᠴᠠᠭᠠᠵᠤ ᠲᠡᠮᠳᠡᠭᠯᠡᠬᠦ ᠵᠢᠴᠢ ᠤᠷᠤᠯᠳᠤᠭᠠᠨ ᠳᠤ ᠣᠷᠣᠯᠴᠠᠬᠤ ᠬᠤᠭᠤᠴᠠᠭᠠᠨ ᠳᠤ ᠡᠷᠬᠡᠪᠰᠢ ᠪᠡᠶ᠎ᠡ ᠶᠢᠨ ᠭᠡᠷᠡᠴᠢ ᠪᠠᠨ ᠪᠥᠬᠦ ᠶᠠᠪᠤᠴᠠ ᠳᠤ ᠠᠪᠴᠤ᠂ ᠠᠵᠢᠯᠲᠠᠨ ᠤ ᠪᠠᠶᠢᠴᠠᠭᠠᠨ ᠰᠢᠯᠭᠠᠬᠤ ᠳᠤ ᠪᠡᠯᠡᠳᠬᠡᠬᠦ ᠬᠡᠷᠡᠭᠲᠡᠶ᠃      3 . ᠤᠷᠤᠯᠳᠤᠭᠠᠨ ᠤ ᠬᠤᠭᠤᠴᠠᠭᠠᠨ ᠳᠤ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠳᠠᠭᠠᠭᠤᠯᠤᠭᠴᠢ ᠶᠢ ᠤᠷᠢᠵᠤ᠂ ᠬᠤᠷᠠᠯ ᠤᠨ ᠶᠠᠪᠤᠳᠠᠯ ᠤᠨ ᠳᠤᠭᠤᠶᠢᠯᠠᠩ ᠤᠨ ᠠᠵᠢᠯ ᠳᠤ ᠢᠳᠡᠪᠬᠢᠲᠡᠶ ᠬᠠᠮᠵᠢᠭᠤᠯᠤᠨ᠂ ᠲᠥᠯᠦᠭᠡᠯᠡᠭᠴᠢ ᠶᠢᠨ ᠠᠩᠭᠢ ᠶᠢᠨ ᠪᠦᠷᠢᠯᠳᠦᠬᠦᠨ ᠵᠢᠴᠢ ᠲᠠᠯᠠᠪᠤᠷ ᠲᠠᠬᠢ ᠮᠡᠷᠭᠡᠵᠢᠯ ᠤᠨ ᠠᠵᠢᠯᠲᠠᠨ ᠡᠷᠬᠡᠪᠰᠢ ᠤᠷᠤᠯᠳᠤᠭᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃      ᠡᠯ᠎ᠡ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠬᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠠᠪᠤᠴᠠ ᠳᠠᠬᠢ ᠬᠤᠯᠪᠣᠭᠳᠠᠯ ᠪᠦᠬᠦᠢ ᠠᠰᠠᠭᠤᠳᠠᠯ ᠪᠣᠯᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠳᠠᠷᠤᠢ ᠳᠤ ᠨᠢ ᠤᠷᠤᠯᠳᠤᠭᠠᠨ ᠢ ᠵᠣᠬᠢᠶᠠᠨ ᠪᠠᠶᠢᠭᠤᠯᠬᠤ ᠺᠣᠮᠢᠰ ᠯᠤᠭ᠎ᠠ ᠬᠠᠷᠢᠯᠴᠠᠵᠤ ᠨᠡᠪᠲᠡᠷᠡᠬᠦ ᠬᠡᠷᠡᠭᠲᠡᠢ᠃      ᠲᠠᠪᠤ᠂ ᠬᠠᠷᠢᠯᠴᠠᠬᠤ ᠠᠷᠭ᠎ᠠ ᠮᠠᠶ᠋ᠢᠭ      ᠵᠣᠬᠢᠶᠠᠨ ᠪᠠᠶᠢᠭᠤᠯᠬᠤ ᠺᠣᠮᠢᠰ ᠤᠨ ᠨᠢᠭᠡᠳᠦᠯᠲᠡᠶ ᠲᠥᠯᠥᠪᠯᠡᠨ ᠬᠠᠷᠢᠯᠴᠠᠬᠤ ᠬᠥᠮᠦᠨ᠄ ᠵᠧᠤ ᠾᠧᠩ      ᠬᠠᠷᠢᠯᠴᠠᠬᠤ ᠤᠲᠠᠰᠤ᠄ 13664744572      ᠵᠣᠬᠢᠶᠠᠨ ᠪᠠᠢᠭᠤᠯᠬᠤ ᠺᠣᠮᠢᠰ ᠤᠨ ᠤᠷᠤᠯᠳᠤᠭᠠᠨ ᠤ ᠬᠠᠷᠢᠯᠴᠠᠬᠤ ᠬᠥᠮᠦᠨ᠄ ᠭᠦᠸᠧ ᠢᠦᠶ      ᠬᠠᠷᠢᠯᠴᠠᠬᠤ ᠤᠲᠠᠰᠤ᠄ 14794744321      ᠵᠣᠬᠢᠶᠠᠨ ᠪᠠᠶᠢᠭᠤᠯᠬᠤ ᠺᠣᠮᠢᠰ ᠤᠨ ᠮᠠᠲ᠋ᠧᠷᠢᠶᠠᠯ ᠢ ᠮᠡᠳᠡᠭᠦᠯᠬᠦ ᠬᠠᠷᠢᠯᠴᠠᠬᠤ ᠬᠥᠮᠦᠨ᠄ ᠴᠠᠩ ᠶᠦᠩ ᠭᠠᠩ      ᠬᠠᠷᠢᠯᠴᠠᠬᠤ ᠤᠲᠠᠰᠤ᠄ 18548150851      ᠳᠠᠭᠠᠯᠳᠤᠭᠤᠯᠤᠯ᠄      1 . ᠪᠦᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠤ ᠡᠳᠦᠷ ᠤᠨ ᠳᠠᠷᠠᠭᠠᠯᠠᠯ      2 . ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠤ ᠲᠥᠯᠦᠭᠡᠯᠡᠭᠴᠢ ᠶᠢᠨ ᠠᠩᠭᠢ ᠶᠢᠨ ᠪᠦᠷᠢᠯᠳᠦᠬᠦᠨ ᠤ ᠮᠡᠳᠡᠭᠡ ᠵᠠᠩᠭᠢ ᠶᠢᠨ ᠬᠤᠷᠢᠶᠠᠩᠭᠤᠶ ᠬᠦᠰᠦᠨᠦᠭᠲᠦ      3 . ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                 2023 ᠣᠨ ᠤ 8 ᠳ᠋ᠤᠭᠠᠷ ᠰᠠᠷ᠎ᠠ ᠶᠢᠨ 8 ᠤ ᠡᠳᠦᠷᠳᠠᠭᠠᠯᠳᠤᠭᠤᠯᠤᠯ 1᠄ 1 . ᠪᠦᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠤ ᠡᠳᠦᠷ ᠤᠨ ᠳᠠᠷᠠᠭᠠᠯᠠᠯ .docxᠳᠠᠭᠠᠯᠳᠤᠭᠤᠯᠤᠯ 2᠄ 2 . ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠤ ᠲᠥᠯᠦᠭᠡᠯᠡᠭᠴᠢ ᠶᠢᠨ ᠠᠩᠭᠢ ᠶᠢᠨ ᠪᠦᠷᠢᠯᠳᠦᠬᠦᠨ ᠤ ᠮᠡᠳᠡᠭᠡ ᠵᠠᠩᠭᠢ ᠶᠢᠨ ᠬᠤᠷᠢᠶᠠᠩᠭᠤᠶ ᠬᠦᠰᠦᠨᠦᠭᠲᠦ .docx ᠳᠠᠭᠠᠯᠳᠤᠭᠤᠯᠤᠯ  3᠄ 3 . ᠪᠥᠬᠦ ᠣᠷᠣᠨ ᠤ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ  .docx
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map